ᠳ᠋ᠦ᠋ ᠬᠤᠶ ᠯᠢᠶᠠᠩ ᠭᠤᠤᠯᠳᠠᠯᠭ᠎ᠠ ᠲᠠᠢ ᠬᠤᠰᠢᠭᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2022/12/6
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠸᠢᠳᠢᠤ᠋ ᠪᠠᠷ ᠭᠤᠤᠯᠳᠠᠯᠭ᠎ᠠ ᠲᠠᠢ ᠬᠤᠰᠢᠭᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠵᠤ᠂ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠪᠠᠶᠢᠷᠢᠯᠠᠭᠤᠯᠪᠠ᠃       ᠳ᠋ᠦ᠋ ᠬᠤᠢ ᠯᠢᠶᠠᠩ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ᠂ ᠲᠥᠪ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠭᠤᠶᠢᠪᠢᠰᠢ ᠥᠬᠡᠶ ᠪᠠᠶᠢᠬᠤ︾ ᠶᠢ ᠲᠤᠭᠤᠰᠢᠯᠠᠭᠤᠯᠤᠨ᠂ ᠵᠢᠷᠤᠳᠤᠬᠡᠷ ᠬᠡᠪᠯᠡᠯ ᠢ ᠪᠠᠷᠢᠮᠲᠠᠯᠠᠵᠤ᠂ ᠬᠤᠷᠢᠨ ᠵᠤᠷᠪᠤᠰ ᠢ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠥᠴᠦᠬᠡᠨ ᠴᠦ ᠭᠤᠶᠢᠪᠢᠰᠢ ᠥᠬᠡᠶ᠂ ᠦᠢᠯᠡ ᠠᠵᠢᠯᠯᠠᠭᠠᠨ ᠤ ᠲᠠᠯ᠎ᠠ ᠪᠠᠷ ᠪᠥᠬᠦ ᠲᠠᠯ᠎ᠠ ᠪᠠᠷ ᠪᠠᠷᠢᠮᠵᠢᠶ᠎ᠠ ᠳᠤ  ᠨᠡᠶᠢᠴᠡᠭᠦᠯᠬᠦ ᠶᠢ ᠦᠨᠡᠨ ᠬᠦ ᠪᠡᠶᠡᠯᠡᠭᠦᠯᠵᠦ᠂ ᠨᠢᠭᠡ ᠰᠡᠳᠬᠢᠯ ᠨᠢᠭᠡ ᠵᠤᠷᠢᠭ ᠢᠶᠠᠷ ᠬᠢᠵᠢᠭ ᠤᠨ ᠪᠠᠶᠢᠳᠠᠯ ᠤᠨ ᠰᠦᠨᠦᠭᠡᠯᠲᠡ ᠶᠢᠨ ᠳᠠᠶᠢᠯᠠᠯᠳᠤᠭᠠᠨ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ ᠭᠡᠪᠡ᠃         ᠳ᠋ᠦ᠋ ᠬᠤᠢ ᠯᠢᠶᠠᠩ᠂ ᠨᠠᠩ ᠡᠷᠡᠰ ᠰᠢᠭᠤᠷᠬᠠᠶ ᠪᠥᠭᠡᠳ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠳᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠡᠬᠢ ᠡᠬᠦᠰᠦᠯ ᠢ ᠡᠷᠢᠵᠤ᠂ ᠨᠢᠭᠲᠠ ᠤᠶᠢᠷᠠᠲᠤᠭᠰᠠᠳ ᠢ ᠲᠦᠷᠭᠡᠨ ᠢᠶᠠᠷ ᠰᠢᠯᠵᠢᠭᠦᠯᠵᠦ᠂ ᠠᠶᠤᠯ ᠲᠦᠭᠰᠢᠭᠦᠷᠢᠲᠡᠶ ᠣᠷᠣᠨ ᠪᠦᠰᠡ ᠶᠢ ᠣᠨᠣᠪᠴᠢᠲᠠᠶ ᠪᠥᠭᠡᠳ ᠲᠦᠷᠭᠡᠨ ᠢᠶᠠᠷ ᠵᠠᠭᠠᠭᠯᠠᠨ ᠲᠣᠭᠲᠠᠭᠠᠵᠤ᠂ ᠠᠶᠤᠯ ᠲᠦᠭᠰᠢᠭᠦᠷᠢᠲᠡᠶ ᠬᠥᠮᠦᠰ ᠢ ᠬᠠᠮᠤᠭ ᠤᠨ ᠲᠡᠷᠢᠭᠦᠨ ᠳᠤ ᠡᠷᠢᠵᠦ᠂ ᠬᠠᠮᠢᠶᠠᠷᠴᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠯᠬᠢᠶ᠎ᠡ ᠶᠢ ᠲᠦᠷᠭᠡᠨ ᠢᠶᠠᠷ ᠲᠠᠰᠤᠯᠬᠤ ᠬᠡᠷᠡᠭᠲᠡᠶ᠃ ᠨᠡᠶᠢᠭᠡᠮ ᠤᠨ ᠲᠠᠯ᠎ᠠ ᠶᠢ ᠴᠢᠩᠭ᠎ᠠ ᠠᠩᠬᠠᠷᠴᠤ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠣᠵᠤ ᠭᠠᠷᠬᠤ ᠪᠣᠭᠤᠮᠲᠠ᠂ ᠠᠶᠤᠯ ᠲᠦᠭᠰᠢᠭᠦᠷᠢ ᠶᠡᠬᠡᠲᠡᠢ ᠣᠷᠣᠨ ᠪᠦᠰᠡ ᠪᠣᠯᠤᠨ ᠭᠤᠣᠯᠳᠠᠯᠭ᠎ᠠ ᠲᠠᠢ ᠲᠠᠯᠠᠪᠤᠷ ᠢ ᠴᠢᠩᠭ᠎ᠠ ᠡᠵᠡᠮᠳᠡᠨ ᠴᠢᠩᠭ᠎ᠠ ᠬᠠᠮᠢᠶᠠᠷᠴᠤ᠂ ᠭᠠᠳᠠᠭᠰᠢ ᠳᠡᠯᠭᠡᠷᠡᠬᠦ ᠪᠠ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠯᠠᠨ ᠲᠦᠮᠡᠨ ᠤ ᠣᠶᠢᠯᠠᠭᠠᠯᠲᠠ ᠳᠡᠮᠵᠢᠯᠭᠡ ᠶᠢ ᠲᠡᠮᠡᠴᠡᠨ ᠤᠯᠬᠤ ᠶᠠᠪᠤᠳᠠᠯ ᠢ ᠲᠤᠪᠦ᠋ᠮ᠎ᠠ ᠪᠠᠶᠢᠷᠢᠨ ᠳᠤ ᠲᠠᠯᠪᠢᠵᠤ᠂ ᠬᠢᠵᠢᠭ ᠢ ᠰᠡᠷᠭᠡᠶᠢᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠵᠢᠷᠤᠮᠵᠢᠭᠤᠯᠤᠨ ᠨᠡᠶᠢᠲᠡᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠰᠢᠢᠳᠪᠦᠷᠢᠯᠡᠨ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠠᠲᠤᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠨ᠂ ᠤᠳᠤᠷᠢᠳᠬᠤ ᠺᠠᠳ᠋ᠷ ᠡᠮᠦᠨ᠎ᠡ ᠹᠷᠣᠨᠲ ᠲᠤ ᠠᠵᠢᠯᠯᠠᠵᠤ᠂ ᠡᠷᠡᠰ ᠰᠢᠭᠤᠷᠬᠠᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠨ᠂ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠬᠡᠷᠡᠭᠲᠡᠢ︔ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠱᠠᠯᠠᠪᠳᠠᠭᠤᠯᠤᠨ ᠵᠢᠯᠣᠭᠤᠳᠴᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠱᠠᠯᠠᠪᠳᠠᠭᠤᠯᠬᠤ ᠶᠢᠨ ᠬᠠᠮᠲᠤ ᠠᠵᠢᠯ ᠢ ᠱᠠᠯᠠᠪᠳᠠᠭᠤᠯᠵᠤ᠂ ᠶᠠᠪᠤᠴᠠ ᠶᠢ ᠱᠠᠯᠠᠪᠳᠠᠭᠤᠯᠬᠤ ᠶᠢᠨ ᠬᠠᠮᠲᠤ ᠦᠷ᠎ᠡ ᠳ᠋ᠦᠩ ᠢ ᠱᠠᠯᠠᠪᠳᠠᠭᠤᠯᠵᠤ᠂ ᠨᠢᠭᠡ ᠰᠡᠳᠭᠢᠯ ᠢᠶᠠᠷ ᠬᠢᠵᠢᠭ ᠢ ᠡᠰᠡᠷᠭᠦᠴᠡᠬᠦ ᠪᠠᠲᠤ ᠴᠢᠩᠭ᠎ᠠ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃      ᠬᠤᠲᠠ ᠶᠢᠨ ᠳᠡᠳ᠋ ᠳᠠᠷᠤᠭ᠎ᠠ ᠭᠤᠣ ᠸᠠᠨ ᠾᠧ᠂ ᠺᠦᠩ ᠹᠠᠨ ᠹᠸᠢ ᠬᠤᠷᠠᠯ ᠳᠤ ᠣᠷᠣᠯᠴᠠᠪᠠ᠃ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ