ᠳ᠋ᠦ᠋ ᠬᠤᠢ ᠯᠢᠶᠠᠩ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠳᠤ ᠲᠣᠬᠢᠷᠠᠭᠤᠯᠤᠯᠲᠠ ᠬᠢᠪᠡ  ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/12/6
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠰᠦᠨ ᠴᠦᠨ ᠯᠠᠨ ᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠦ᠂ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦ᠋ᠯᠲᠡ ᠶᠢ ᠰᠣᠨᠣᠰᠴᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠵᠠᠢ᠃     ᠳ᠋ᠦ᠋ ᠬᠤᠢ ᠯᠢᠶᠠᠩ᠂ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠦᠵᠡᠯ ᠰᠠᠨᠠᠭ᠎ᠠ ᠲᠠᠨᠢᠯᠲᠠ ᠪᠠᠨ ᠥᠴᠦᠬᠡᠨ ᠴᠦ ᠰᠤᠯᠠᠷᠠᠭᠤᠯᠬᠤ ᠦᠭᠡᠢ ᠪᠠᠶᠢᠬᠤ ᠶᠢ ᠪᠡᠶᠡᠯᠡᠭᠦᠯᠤᠨ᠂ ᠲᠥᠪ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠭᠤᠭᠤᠯᠤᠨ᠂ ᠵᠢᠦᠳᠦᠭᠡᠷ ᠬᠡᠪᠯᠡᠯ ᠢ ᠪᠠᠷᠢᠮᠲᠠᠯᠠᠵᠤ᠂ ᠬᠤᠷᠢᠨ ᠵᠤᠷᠪᠤᠰ ᠢ ᠨᠠᠶᠢᠳᠠᠪᠤᠷᠢᠵᠢᠭᠤᠯᠤᠨ᠂ ᠡᠪᠡᠳᠴᠢᠨ ᠤ ᠵᠢᠱᠢᠶ᠎ᠠ ᠶᠢ ᠦᠭᠡᠢ ᠪᠣᠯᠭᠠᠬᠤ ᠰᠡᠳᠭᠢᠴᠡ ᠪᠠᠨ ᠴᠢᠩᠭᠠᠳᠬᠠᠵᠤ᠂ ᠰᠢᠨᠳᠠᠷᠠᠰᠢ ᠦᠭᠡᠢ ᠬᠠᠳᠠᠨ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠰᠥᠨᠥᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠪᠡ     ᠳ᠋ᠦ᠋ ᠬᠤᠢ ᠯᠢᠶᠠᠩ᠂ ᠭᠠᠳᠠᠨ᠎ᠠ ᠠᠴᠠ ᠬᠠᠯᠳᠠᠪᠤᠷᠢᠯᠠᠭᠳᠠᠬᠤ ᠶᠢ ᠰᠡᠷᠭᠡᠶᠢᠯᠡᠬᠦ ᠶᠢ ᠥᠴᠦᠬᠡᠨ ᠴᠦ ᠰᠤᠯᠠᠷᠠᠭᠤᠯᠬᠤ ᠥᠬᠡᠶ ᠪᠠᠶᠢᠵᠤ᠂ ︽ᠶᠡᠭᠡ ᠡᠭᠦᠳᠡ︾ ᠶᠢ ᠰᠠᠶᠢᠲᠤᠷ ᠰᠠᠬᠢᠨ᠂ ︽ᠪᠠᠭ᠎ᠠ ᠡᠭᠦᠳᠡ︾ ᠶᠢ ᠰᠠᠶᠢᠲᠤᠷ ᠬᠠᠷᠠᠵᠦ᠂ ︽ᠲᠡᠷᠭᠡᠨ ᠡᠭᠦᠳᠡ︾ ᠶᠢ ᠪᠠᠲᠤ ᠰᠠᠬᠢᠨ᠂ ᠬᠦᠯᠳᠡᠬᠦᠦ ᠢᠳᠡᠭᠡᠨ᠂ ᠲᠦᠷᠭᠡᠨ ᠬᠦᠷᠭᠡᠯᠲᠡ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ︽ᠬᠥᠮᠦᠨ ᠪᠠ ᠪᠤᠲᠠᠰ︾ ᠢ ᠬᠠᠮᠲᠤ ᠳᠤᠨᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠢᠵᠢᠭ ᠬᠠᠯᠳᠠᠪᠤᠷᠢᠯᠠᠭᠳᠠᠬᠤ ᠬᠡᠯᠬᠢᠶ᠎ᠡ ᠶᠢ ᠦᠨᠡᠨ ᠬᠦ ᠲᠠᠰᠤᠯᠬᠤ ᠬᠡᠷᠡᠭᠲᠡᠶ᠃ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠶᠢ ᠥᠴᠦᠬᠡᠨ ᠴᠦ ᠰᠤᠯᠠᠷᠠᠭᠤᠯᠬᠤ ᠦᠭᠡᠢ ᠪᠠᠶᠢᠵᠦ᠂ ᠭᠤᠣᠯᠳᠠᠯᠭ᠎ᠠ ᠲᠠᠢ ᠲᠠᠯᠠᠪᠤᠷ ᠪᠣᠯᠤᠨ ᠭᠤᠣᠯᠳᠠᠯᠭ᠎ᠠ ᠲᠠᠢ ᠬᠥᠮᠦᠰ ᠢ ᠰᠠᠶᠢᠲᠤᠷ ᠬᠠᠮᠢᠶᠠᠷᠤᠨ ᠡᠵᠡᠮᠳᠡᠵᠦ᠂ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠴᠢᠳᠠᠪᠤᠷᠢ ᠶᠢᠨ ᠳᠡᠭᠡᠭᠰᠢᠯᠡᠯᠲᠡ ᠶᠢ ᠥᠴᠦᠬᠡᠨ ᠴᠦ ᠰᠤᠯᠠᠷᠠᠭᠤᠯᠤᠯ ᠥᠬᠡᠶ ᠪᠡᠶᠡᠯᠡᠭᠦᠯᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦ᠋ᠨ᠂ ᠲᠤᠰᠠᠭᠠᠷᠯᠠᠬᠤ ᠴᠡᠭ᠂ ᠴᠢᠩᠭᠡᠯᠢᠭ ᠡᠮᠨᠡᠯᠭᠡ ᠶᠢᠨ ᠬᠤᠷᠢᠶ᠎ᠠ ᠪᠠ ᠴᠢᠬᠤᠯᠠ ᠪᠥᠬᠦᠶ ᠡᠮ ᠤᠨ ᠵᠦᠶ᠋ᠯ ᠤᠨ ᠨᠥᠭᠡᠴᠡᠯᠡᠯᠲᠡ ᠶᠢ ᠴᠢᠩᠭᠠᠳᠬᠠᠬᠤ ᠬᠡᠷᠡᠭᠲᠡᠶ᠃ ᠸᠠᠺᠼᠢᠨ ᠤ ᠲᠠᠷᠢᠯᠭ᠎ᠠ ᠶᠢ ᠥᠴᠦᠬᠡᠨ ᠴᠦ ᠰᠤᠯᠠᠷᠠᠭᠤᠯᠬᠤ ᠥᠬᠡᠶ ᠪᠠᠶᠢᠵᠦ᠂ ᠨᠠᠰᠤᠲᠠᠶᠢᠴᠤᠳ ᠤᠨ ᠲᠠᠷᠢᠯᠭ᠎ᠠ ᠶᠢᠨ ᠠᠵᠢᠯ ᠢ ᠲᠣᠪᠤᠶᠢᠮ᠎ᠠ ᠰᠠᠶᠢᠲᠤᠷ ᠠᠳᠬᠤᠨ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠡᠬᠡ ᠲᠠᠩᠰᠠ ᠶᠢ ᠪᠠᠶᠢᠭᠤᠯᠤᠨ᠂ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠵᠤ ᠬᠥᠲᠥᠯᠥ᠋ᠨ ᠵᠢᠯᠣᠭᠤᠳᠬᠤ ᠶᠢ ᠥᠴᠦᠬᠡᠨ ᠴᠦ ᠰᠤᠯᠠᠷᠠᠭᠤᠯᠬᠤ ᠦᠭᠡᠢ ᠪᠠᠶᠢᠵᠦ᠂ ᠬᠢᠵᠢᠭ ᠤᠨ ᠪᠠᠶᠢᠳᠠᠯ᠂ ᠶᠠᠷᠢᠶ᠎ᠠ ᠬᠡᠯᠡᠯᠴᠡᠭᠡᠨ ᠤ ᠪᠠᠶᠢᠳᠠᠯ᠂ ᠨᠡᠶᠢᠭᠡᠮ ᠤᠨ ᠪᠠᠶᠢᠳᠠᠯ ᠤᠨ ︽ᠭᠤᠷᠪᠠᠨ ᠪᠠᠶᠢᠳᠠᠯ︾ ᠤᠨ ᠬᠤᠯᠪᠤᠭᠠᠯᠠᠨ ᠬᠦᠳᠡᠯᠦ᠋ᠯᠴᠡᠬᠦ ᠶᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢ ᠨᠠᠷᠢᠯᠢᠭ ᠣᠨᠣᠴᠠᠲᠠᠶ ᠪᠠᠷ ᠲᠣᠳᠣᠷᠬᠠᠶᠢᠯᠠᠨ ᠲᠠᠶᠢᠯᠪᠤᠷᠢᠯᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠥᠭᠴᠤ ᠰᠠᠶᠢᠳᠤᠷ ᠰᠢᠶ᠋ᠳᠪᠦᠷᠢᠯᠡᠬᠦ ᠬᠡᠷᠡᠭᠲᠡᠶ᠃ ᠵᠢᠯᠤᠭᠤᠳᠤᠯᠭ᠎ᠠ ᠶᠢ ᠥᠨᠳᠥᠷ ᠪᠦᠲᠦᠮᠵᠢᠲᠡᠢ ᠪᠠᠶᠢᠯᠭᠠᠬᠤ ᠶᠢ ᠥᠴᠦᠬᠡᠨ ᠴᠦ ᠰᠤᠯᠠᠷᠠᠭᠤᠯᠤᠯ ᠦᠭᠡᠢ ᠪᠡᠶᠡᠯᠡᠭᠦᠯᠦ᠋ᠨ᠂ ᠠᠶᠤᠯ ᠲᠦᠭᠰᠢᠭᠦᠷᠢ ᠶᠢ ᠵᠠᠳᠠᠯᠵᠤ ᠰᠤᠳᠤᠯᠤᠨ ᠮᠠᠭᠠᠳᠯᠠᠬᠤ ᠶᠢ ᠲᠠᠬᠢᠨ ᠨᠠᠷᠢᠯᠢᠭ ᠣᠨᠣᠪᠴᠢᠲᠠᠢ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠵᠦ ᠴᠤᠤᠷᠢᠶᠠᠲᠤᠨ ᠰᠢᠢᠳᠪᠦᠷᠢᠯᠡᠬᠦ ᠬᠤᠷᠳᠤᠴᠠ ᠶᠢ ᠲᠠᠬᠢᠨ ᠲᠦᠷᠭᠡᠳᠭᠡᠵᠦ᠂ ᠵᠣᠬᠢᠴᠠᠭᠤᠯᠤᠨ ᠬᠠᠷᠢᠯᠴᠠᠬᠤ ᠲᠣᠭᠲᠠᠴᠠ ᠶᠢ ᠲᠠᠬᠢᠨ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠨᠢᠭᠡᠳᠦᠯᠲᠡᠢ ᠲᠥᠯᠥ᠋ᠪᠵᠢᠭᠦᠯᠦ᠋ᠨ ᠬᠥᠭᠵᠢᠭᠦᠯᠬᠦ ᠶᠢ ᠥᠴᠦᠬᠡᠨ ᠴᠦ ᠰᠤᠯᠠᠷᠠᠭᠤᠯᠤᠯ ᠦᠭᠡᠢ ᠪᠡᠶᠡᠯᠡᠭᠦᠯᠦ᠋ᠨ᠂ ᠠᠵᠢᠯ ᠢᠶᠠᠨ ᠲᠡᠭᠦᠰᠭᠡᠬᠦ ᠪᠠ ᠠᠷᠭ᠎ᠠ ᠤᠬᠠᠭᠠᠨ ᠰᠦᠪᠡᠭᠴᠢᠯᠡᠬᠦ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠪᠠ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠨᠡᠩ ᠴᠢᠬᠤᠯᠠᠴᠢᠯᠠᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ ᠭᠡᠪᠡ᠃       ᠬᠤᠲᠠ ᠶᠢᠨ ᠤᠳᠤᠷᠢᠳᠤᠯᠭ᠎ᠠ ᠵᠢᠶᠠᠩ ᠪᠥᠸᠧ᠂ ᠺᠦᠩ ᠹᠠᠨ ᠹᠸᠢ᠂ ᠯᠢᠦ ᠫᠧᠩ ᠶᠦᠨ ᠬᠤᠷᠠᠯ ᠳᠤ ᠣᠷᠣᠯᠴᠠᠵᠠᠢ᠃        ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠬᠦ᠋ᠷᠳᠡᠯ᠎ᠠ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠰᠢᠶᠤᠤ ᠫᠢᠩ ᠂ ᠸᠠᠨ ᠰᠢᠦᠸᠧ ᠵᠢᠶᠦ᠋ᠨ᠂ ᠠᠮᠤᠷᠪᠤᠯᠠᠭ ᠵᠢᠴᠢ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠮᠡᠳᠡᠬᠦ ᠵᠢᠯᠤᠭᠤᠳᠬᠤ ᠳᠦᠪ ᠤᠨ ᠡᠯ᠎ᠡ ᠠᠵᠢᠯᠯᠠᠬᠤ ᠳᠤᠭᠤᠶᠢᠯᠠᠩ ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃   
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ