| ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠠᠭᠤᠷᠢ ᠮᠥᠩᠭᠦ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠵᠢᠵᠢᠭ | ᠪᠢᠴᠢᠯ ᠠᠵᠤ ᠠᠬᠤᠶᠢᠯᠠᠯ ᠪᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢ ᠦᠨᠡᠨ ᠬᠦ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2019︺ 6 ᠳ᠋ᠤᠭᠠᠷ ᠲᠣᠭᠠᠲᠤ︶᠂ ︽ᠵᠠᠰᠠᠭ ᠤᠨ | ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ | ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠲᠤᠯᠤᠭᠠᠨ ᠰᠠᠯᠠᠭ᠎ᠠ ᠮᠥᠴᠢᠷ ᠤᠨ ᠮᠡᠳᠡᠭᠳᠡᠯ︾ ︵ᠪᠠᠩᠬᠢ ᠳᠠᠭᠠᠳᠬᠠᠯ ᠤᠨ | ᠬᠢᠨᠠᠯᠲᠠ ᠲᠠᠷᠬᠠᠭᠠᠭᠰᠠᠨ ︹2020︺ 39 ᠳ᠋ᠦ᠋ᠭᠡᠷ ᠲᠣᠭᠠᠲᠤ︶᠂ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠭᠤᠣᠯ ᠴᠣᠭᠴᠠ ᠶᠢᠨ ᠪᠡᠯᠡ ᠲᠣᠬᠢᠷᠠᠭᠤᠯᠬᠤ | ᠢᠲᠡᠭᠡᠮᠵᠢ ᠶᠢ ᠨᠡᠮᠡᠭᠳᠡᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠮᠥᠩᠭᠦᠨ ︹2020︺ 19 ᠳ᠋ᠦ᠋ᠭᠡᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ | ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ | ᠮᠡᠲᠦ ᠲᠠᠶᠢᠯᠤᠮᠵᠢ ᠬᠢᠪᠡ᠃ | ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ | ᠣᠶᠢᠷ᠎ᠠ ᠶᠢᠨ ᠵᠢᠯ ᠤᠳ ᠲᠤ᠂ ᠤᠯᠤᠰ ᠠᠴᠠ ᠪᠡᠯᠡ ᠲᠣᠬᠢᠷᠠᠭᠤᠯᠬᠤ ᠳᠠᠭᠠᠭᠠᠯᠲᠠ ᠶᠢᠨ ᠠᠵᠢᠯ ᠲᠥᠷᠥᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ | ᠲᠠᠷᠢᠶᠠᠯᠠᠩ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠭᠤᠣᠯ ᠴᠣᠭᠴᠠ ᠪᠠ ᠠᠵᠢᠯ ᠲᠥᠷᠥᠯ ᠤᠨ ᠬᠥᠭᠵᠢᠯᠲᠡ ᠶᠢ | ᠲᠤᠯᠭᠠᠭᠤᠷᠢᠯᠠᠬᠤ ᠭᠤᠣᠯ ᠬᠦᠴᠦᠨ ᠪᠣᠯᠭᠠᠪᠠ᠃ 2020 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ | ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠬᠠᠮᠤᠷᠬᠤ ᠬᠡᠪᠴᠢᠶ᠎ᠡ ᠶᠢ ᠶᠡᠭᠡ ᠪᠠᠷ ᠥᠷᠭᠡᠳᠬᠡᠬᠦ ᠶᠢᠨ ᠬᠠᠮᠲᠤ ᠵᠠᠷᠤᠳᠠᠯ ᠤᠨ ᠨᠤᠷᠮ᠎ᠠ ᠶᠢ | ᠮᠡᠳᠡᠭᠳᠡᠮ᠎ᠡ ᠪᠠᠭᠤᠷᠠᠭᠤᠯᠤᠨ᠎ᠠ︾ ᠭᠡᠵᠦ ᠳᠤᠷᠠᠳᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠡᠯᠡ ᠲᠣᠬᠢᠷᠠᠭᠤᠯᠬᠤ ᠳᠠᠭᠠᠭᠠᠯᠲᠠ ᠶᠢᠨ ᠠᠵᠢᠯ ᠲᠥᠷᠥᠯ ᠳᠤ | ᠳᠠᠭᠠᠭᠤᠯᠤᠭᠴᠢ ᠪᠠᠶᠢᠭᠤᠯᠤᠮᠵᠢ ᠦᠭᠡᠢ᠂ ᠤᠯᠤᠰ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠠᠭᠤᠷᠢ ᠮᠥᠩᠭᠦ ᠶᠢᠨ ᠬᠠᠮᠲᠤᠷᠠᠯᠴᠠᠭᠠᠨ ᠤ ᠬᠡᠪᠴᠢᠶᠡᠨ ᠳᠤ | ᠣᠷᠣᠭᠤᠯᠬᠤ ᠶᠢᠨ ᠠᠷᠭ᠎ᠠ ᠦᠭᠡᠢ᠂ ᠭᠤᠣᠯ ᠠᠵᠢᠯ ᠨᠢ ᠲᠣᠪᠤᠶᠢᠮ᠎ᠠ ᠪᠤᠰᠤ᠂ ᠳᠠᠭᠠᠭᠠᠯᠲᠠ ᠶᠢᠨ ᠴᠢᠳᠠᠪᠤᠷᠢ ᠨᠢ ᠴᠢᠩᠭ᠎ᠠ ᠪᠤᠰᠤ᠂ ᠪᠠᠩᠬᠢ ᠪᠠ ᠳᠠᠭᠠᠭᠠᠯᠲᠠ ᠶᠢᠨ | ᠪᠠᠶᠢᠭᠤᠯᠤᠮᠵᠢ ᠶᠢᠨ ᠬᠠᠮᠲᠤᠷᠠᠯᠴᠠᠭ᠎ᠠ ᠨᠢ ᠰᠢᠯᠤᠭᠤᠨ ᠪᠤᠰᠤ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠥᠯᠥ ᠨᠠᠶᠢᠳᠠᠪᠤᠷᠢᠵᠢᠭᠤᠯᠬᠤ ᠵᠡᠷᠭᠡ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ᠰᠠᠨᠠᠯ︾ ᠢ ᠰᠤᠳᠤᠯᠤᠨ ᠲᠣᠭᠲᠠᠭᠠᠵᠤ ᠵᠢᠯᠤᠭᠤᠳᠬᠤ ᠪᠢᠴᠢᠭ ᠮᠠᠲ᠋ᠧᠷᠢᠶᠠᠯ | ᠪᠣᠯᠭᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠵᠠᠰᠠᠭ ᠪᠠᠩᠬᠢ | ᠬᠠᠮᠲᠤᠷᠠᠨ ᠠᠵᠢᠯᠯᠠᠬᠤ ᠰᠢᠨ᠎ᠡ ᠮᠠᠶ᠋ᠢᠭ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠵᠢᠷᠤᠮᠵᠢᠭᠤᠯᠤᠨ | ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ᠬᠤᠶᠠᠷ᠂ ︽ᠰᠠᠨᠠᠯ︾ ᠤᠨ ᠭᠤᠣᠯ ᠠᠭᠤᠯᠭ᠎ᠠ | ︽ᠰᠠᠨᠠᠯ︾ ᠢ ᠶᠡᠷᠦᠩᠬᠡᠢ ᠱᠠᠭᠠᠷᠳᠠᠯᠭ᠎ᠠ᠂ ᠭᠤᠣᠯ ᠠᠷᠭ᠎ᠠ ᠬᠡᠮᠵᠢᠶ᠎ᠡ᠂ ᠠᠵᠢᠯ ᠤᠨ ᠪᠠᠲᠤᠯᠠᠭ᠎ᠠ ᠭᠡᠵᠦ ᠭᠤᠷᠪᠠᠨ ᠬᠡᠰᠡᠭ ᠲᠤ ᠬᠤᠪᠢᠶᠠᠪᠠ᠂ ᠪᠣᠳᠠᠲᠠᠢ ᠠᠭᠤᠯᠭ᠎ᠠ | ᠨᠢ ᠳᠣᠣᠷᠠᠬᠢ ᠮᠡᠲᠦ᠄ | ︵ᠨᠢᠭᠡ︶ ᠶᠡᠷᠦᠩᠬᠡᠢ ᠱᠠᠭᠠᠷᠳᠠᠯᠭ᠎ᠠ ᠶᠢᠨ ᠬᠡᠰᠡᠭ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠨᠢ ᠳᠡᠰᠯᠡᠬᠦ | ᠣᠯᠠᠨ ᠨᠡᠶᠢᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠵᠢᠵᠢᠭ ᠠᠵᠤ ᠠᠬᠤᠶᠢᠯᠠᠯ ᠪᠠ ᠲᠠᠷᠢᠶᠠᠯᠠᠩ ᠢ ᠳᠡᠮᠵᠢᠬᠦ︾ ᠪᠡᠯᠡ ᠲᠣᠬᠢᠷᠠᠭᠤᠯᠬᠤ | ᠳᠠᠭᠠᠭᠠᠯᠲᠠ ᠶᠢᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠨ᠎ᠠ ᠭᠡᠵᠦ ᠲᠣᠳᠣᠷᠬᠠᠢ ᠲᠣᠭᠲᠠᠭᠠᠪᠠ᠃ ᠵᠠᠰᠠᠭ ᠤᠨ ᠣᠷᠳᠣᠨ ᠤ ᠴᠢᠨᠠᠷᠲᠠᠢ | ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠪᠠ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠲᠤ ᠪᠠᠷ | ᠣᠷᠣᠯᠴᠠᠭᠰᠠᠨ᠂ ᠵᠦᠢ ᠵᠣᠬᠢᠰᠲᠠᠢ ᠲᠦᠭᠰᠢᠭᠦᠷᠢ ᠪᠦᠬᠦᠢ ᠪᠠᠩᠬᠢ ᠪᠠ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ | ᠨᠠᠶᠢᠳᠠᠪᠤᠷᠢᠵᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ | ︵ᠬᠤᠶᠠᠷ︶ ᠭᠤᠣᠯ ᠠᠷᠭ᠎ᠠ ᠬᠡᠮᠵᠢᠶ᠎ᠡ ᠶᠢᠨ ᠬᠡᠰᠡᠭ᠃ ᠡᠭᠦᠨ ᠳᠤ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ᠂ ᠬᠥᠷᠥᠩᠭᠡ ᠮᠥᠩᠭᠦ ᠶᠢ ᠦᠷᠭᠦᠯᠵᠢᠯᠡᠨ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ᠂ ᠠᠶᠢᠮᠠᠭ ᠬᠤᠲᠠ ᠶᠢᠨ ᠵᠠᠰᠠᠭ ᠤᠨ | ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠪᠤᠶᠢᠵᠢᠭᠤᠯᠬᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢᠨ ᠨᠡᠷᠡᠰ ᠤᠨ ᠬᠥᠳᠡᠯᠦᠩᠭᠦᠢ ᠬᠠᠮᠢᠶᠠᠷᠤᠯᠲᠠ ᠶᠢ ᠰᠠᠶᠢᠲᠤᠷ ᠬᠢᠬᠦ᠂ ᠵᠠᠰᠠᠭ ᠪᠠᠩᠬᠢ ᠳᠠᠭᠠᠭᠠᠯᠲᠠ ᠶᠢᠨ ᠪᠠᠶᠢᠭᠤᠯᠤᠮᠵᠢ ᠶᠢᠨ | ᠬᠠᠮᠲᠤᠷᠠᠯᠴᠠᠭᠠᠨ ᠤ ᠰᠢᠨ᠎ᠡ ᠬᠡᠯᠪᠡᠷᠢ ᠶᠢᠨ ᠵᠠᠭᠪᠤᠷ ᠢ ᠳᠡᠯᠭᠡᠷᠡᠭᠦᠯᠬᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ | ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠶᠢ ᠪᠠᠭᠲᠠᠭᠠᠨ᠎ᠠ᠃ | ︵ᠭᠤᠷᠪᠠ︶ ᠠᠵᠢᠯ ᠤᠨ ᠪᠠᠲᠤᠯᠠᠭ᠎ᠠ ᠶᠢᠨ ᠬᠡᠰᠡᠭ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠰᠠᠶᠢᠲᠤᠷ ᠬᠢᠬᠦ ᠳᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠤ ᠪᠠᠶᠢᠭᠤᠯᠤᠯᠲᠠ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ ᠭᠡᠵᠦ | ᠲᠣᠳᠣᠷᠬᠠᠢ ᠲᠣᠭᠲᠠᠭᠠᠪᠠ᠃ | ᠭᠤᠷᠪᠠ᠂ ︽ᠰᠠᠨᠠᠯ︾ ᠤᠨ ᠣᠨᠴᠠᠯᠢᠭᠲᠤ ᠭᠢᠯᠠᠰ ᠴᠡᠭ | ︵ᠨᠢᠭᠡ︶ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ | ᠬᠠᠮᠲᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠪᠠ ᠳᠠᠬᠢᠨ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠢᠶᠠᠷ ᠬᠤᠯᠪᠣᠭᠠᠰᠤ ᠪᠣᠯᠭᠠᠵᠤ᠂ ᠳᠠᠭᠠᠭᠤᠯᠤᠭᠴᠢ ᠪᠠᠷ | ᠳᠠᠶᠢᠴᠢᠯᠠᠬᠤ᠂ ᠴᠤᠭᠯᠠᠷᠠᠭᠤᠯᠤᠨ ᠢᠲᠡᠭᠡᠮᠵᠢ ᠶᠢ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠳᠠᠶᠢᠴᠢᠯᠠᠨ ᠪᠣᠳᠠᠲᠤ ᠴᠣᠭᠴᠠᠲᠤ ᠠᠵᠤ ᠠᠬᠤᠢ ᠳᠤ ᠨᠠᠩ ᠰᠠᠶᠢᠨ | ᠦᠢᠯᠡᠴᠢᠯᠡᠭᠦᠯᠦᠨ᠎ᠡ᠃ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠪᠤᠶᠢᠵᠢᠭᠤᠯᠵᠤ᠂ | ᠣᠷᠣᠨ ᠪᠦᠰᠡ ᠶᠢᠨ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠤᠨ᠂ ᠬᠠᠷᠢᠶ᠎ᠠ ᠣᠷᠣᠨ ᠤ ᠳᠣᠲᠣᠷᠠᠬᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ | ᠲᠠᠷᠢᠶᠠᠯᠠᠩ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ︵ᠬᠤᠶᠠᠷ︶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠴᠠ ᠶᠢ ᠪᠦᠷᠢᠨᠰᠢᠭᠦᠯᠦᠨ᠎ᠡ᠃ ᠪᠠᠩᠬᠢ ᠪᠠ | ᠳᠠᠭᠠᠭᠠᠯᠲᠠ ᠶᠢᠨ ᠪᠠᠶᠢᠭᠤᠯᠤᠮᠵᠢ ᠬᠤᠶᠠᠷ ᠲᠠᠯ᠎ᠠ ᠶᠢᠨ ︽ᠶᠡᠷᠦᠩᠬᠡᠢ ᠺᠣᠮᠫᠠᠨᠢ ᠨᠢ ᠺᠣᠮᠫᠠᠨᠢ ᠲᠠᠢ ᠬᠡᠯᠡᠯᠴᠡᠭᠡᠷ ᠲᠣᠭᠲᠠᠬᠤ︾ ᠬᠠᠮᠲᠤᠷᠠᠯᠴᠠᠭ᠎ᠠ ᠶᠢ ᠠᠬᠢᠭᠤᠯᠵᠤ᠂ ︽ | ᠬᠤᠳᠠᠯᠳᠤᠭᠠᠨ ᠤ ᠦᠢᠯᠡᠰ ᠢ ᠦᠷᠭᠦᠯᠵᠢᠯᠡᠭᠦᠯᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠣᠯᠬᠤ︾ ᠬᠠᠮᠲᠤᠷᠠᠯᠴᠠᠭᠠᠨ ᠤ ᠵᠠᠭᠪᠤᠷ ᠢ ᠨᠢᠭᠡᠳᠦᠯᠲᠡᠢ ᠲᠥᠯᠥᠪᠯᠡᠨ | ᠲᠣᠭᠲᠠᠭᠠᠨ᠎ᠠ᠃ ᠰᠢᠨ᠎ᠡ ᠬᠡᠯᠪᠡᠷᠢ ᠶᠢᠨ ᠵᠠᠰᠠᠭ ᠪᠠᠩᠬᠢ ᠳᠠᠭᠠᠭᠠᠯᠲᠠ ᠶᠢᠨ ᠪᠠᠶᠢᠭᠤᠯᠤᠮᠵᠢ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠪᠠᠷ ᠪᠠᠶᠢᠭᠤᠯᠵᠤ᠂ | ᠳᠠᠭᠠᠭᠠᠯᠲᠠ ᠶᠢᠨ ᠵᠣᠭᠤᠰ ᠤᠨ ᠲᠤᠭ᠎ᠠ ᠨᠢ 1000 ᠲᠦᠮᠡᠨ ᠲᠥᠭᠦᠷᠢᠭ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠳᠤ ᠤᠤᠯ ᠤᠨ | ᠳᠠᠭᠠᠭᠠᠯᠲᠠ ᠶᠢᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ᠂ ᠬᠠᠮᠲᠤᠷᠠᠯᠴᠠᠭᠠᠨ ᠤ ᠪᠠᠩᠬᠢ ᠠᠴᠠ 4᠄ 3᠄ 3 ᠶᠢᠨ | ᠬᠠᠷᠢᠴᠠᠯ ᠢᠶᠠᠷ ᠣᠷᠣᠯᠠᠨ ᠳᠥᠯᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠤ ᠬᠠᠮᠲᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢᠨ ᠺᠣᠮᠫᠠᠨᠢ ᠳᠤ ᠵᠠᠰᠠᠯᠲᠠ ᠶᠢ ᠲᠡᠭᠦᠯᠳᠡᠷᠵᠢᠭᠦᠯᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠠᠯ᠎ᠠ ᠪᠠᠷ ᠪᠠᠰᠠ | ᠪᠣᠳᠠᠲᠠᠢ ᠱᠠᠭᠠᠷᠳᠠᠯᠭ᠎ᠠ ᠳᠤᠷᠠᠳᠪᠠ᠃ | ︵ᠭᠤᠷᠪᠠ︶ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ | ᠪᠦᠷᠢᠨᠰᠢᠭᠦᠯᠦᠨ᠎ᠡ᠃ ᠬᠥᠷᠥᠩᠭᠡ ᠮᠥᠩᠭᠦ ᠶᠢ ᠦᠷᠭᠦᠯᠵᠢᠯᠡᠨ ᠨᠥᠬᠦᠪᠦᠷᠢᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠲᠣᠰ | ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠳᠤ ᠬᠥᠷᠥᠩᠭᠡ ᠮᠥᠩᠭᠦ ᠶᠢᠨ ᠣᠷᠣᠭᠤᠯᠤᠯᠲᠠ ᠬᠢᠬᠦ | ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠶᠢ ᠳᠡᠮᠵᠢᠨ᠎ᠡ᠃ ᠳᠠᠭᠠᠳᠬᠠᠯ ᠤᠨ ᠰᠦᠢᠳᠬᠡᠯ ᠤᠨ ᠨᠥᠬᠦᠪᠦᠷᠢ᠂ ᠲᠦᠭᠰᠢᠭᠦᠷᠢ ᠶᠢᠨ ᠨᠥᠬᠦᠪᠦᠷᠢ ᠵᠡᠷᠭᠡ | ᠡᠳ᠋ ᠤᠨ ᠵᠠᠰᠠᠭ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ︽ᠵᠢᠵᠢᠭ ᠠᠵᠤ ᠠᠬᠤᠶᠢᠯᠠᠯ ᠪᠠ ᠲᠠᠷᠢᠶᠠᠯᠠᠩ ᠢ ᠳᠡᠮᠵᠢᠬᠦ︾ ᠲᠤᠬᠠᠶᠢᠯᠠᠭᠰᠠᠨ | ᠠᠵᠢᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠷᠮᠠᠰᠢᠭᠤᠯᠵᠤ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ | | | |