︽ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ ᠲᠣᠭᠠᠲᠤ︶ ᠪᠠ ︽ᠥᠪᠡᠷᠲᠡᠭᠡᠨ | ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ | ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠡᠳᠦᠭᠡ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄ | ᠨᠢᠭᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠣᠪᠴᠢᠯᠠᠯ | ︵ᠨᠢᠭᠡ︶ ᠨᠡᠶᠢᠲᠡᠯᠡᠭᠰᠡᠨ ᠠᠬᠤᠢ ᠪᠠᠶᠢᠳᠠᠯ | 2020 ᠣᠨ ᠤ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ | ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠮᠤᠵᠢ ᠶᠢᠨ ᠱᠠᠲᠤᠨ ᠠᠴᠠ ᠳᠣᠷᠣᠭᠰᠢᠬᠢ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ | ᠤᠯᠤᠰ ᠤᠨ ᠥᠭᠡᠷᠡᠴᠢᠯᠡᠯᠲᠡ ᠶᠢᠨ ᠲᠥᠰᠥᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ | ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠪᠠ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠮᠤᠵᠢ ᠶᠢᠨ ᠱᠠᠲᠤᠨ ᠠᠴᠠ ᠳᠣᠷᠣᠭᠰᠢᠬᠢ | ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ | ᠥᠭᠡᠷᠡᠴᠢᠯᠡᠯᠲᠡ ᠶᠢᠨ ᠲᠥᠰᠥᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ ᠯᠤᠭ᠎ᠠ ᠬᠠᠮᠲᠤᠷᠠᠨ ᠲᠤᠰ ᠲᠥᠰᠥᠯ ᠢ ᠰᠤᠳᠤᠯᠤᠨ ᠲᠤᠭᠤᠷᠪᠢᠪᠠ᠃ | ︵ᠬᠤᠶᠠᠷ︶ ᠦᠨᠳᠦᠰᠦᠨ ᠵᠠᠷᠴᠢᠮ | ᠨᠢᠭᠡ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠥᠷᠭᠡᠨ ᠢᠶᠠᠷ ᠣᠷᠣᠯᠴᠠᠭᠤᠯᠬᠤ ᠶᠢ ᠪᠠᠷᠢᠮᠲᠠᠯᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠪᠠᠷ ᠡᠬᠢᠯᠡᠯᠲᠡ ᠵᠣᠭᠰᠣᠯᠲᠠ ᠪᠣᠯᠭᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠪᠠᠷᠢᠮᠲᠠᠯᠠᠵᠤ᠂ ᠭᠤᠣᠯ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠤ ᠵᠡᠷᠭᠡ ᠳᠤ᠂ ᠨᠡᠶᠢᠭᠡᠮ ᠤᠨ ᠬᠦᠴᠦᠨ ᠢ ᠲᠡᠳᠡᠨ ᠳᠠᠶᠢᠴᠢᠯᠠᠵᠤ ᠪᠠᠶᠢᠭᠠᠳ ᠥᠷᠭᠡᠨ ᠢᠶᠠᠷ ᠣᠷᠣᠯᠴᠠᠭᠤᠯᠵᠤ᠂ ᠵᠠᠰᠠᠭ ᠤᠨ | ᠣᠷᠳᠣᠨ ᠪᠣᠯᠣᠨ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠮᠵᠢᠯᠴᠠᠭᠰᠠᠨ᠂ ᠠᠰᠢᠭᠲᠠᠢ ᠬᠠᠷᠢᠯᠴᠠᠨ ᠦᠢᠯᠡᠳᠦᠯᠴᠡᠭᠰᠡᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠪᠤᠶ ᠪᠣᠯᠭᠠᠬᠤ ᠶᠢ ᠠᠬᠢᠭᠤᠯᠤᠨ᠎ᠠ᠃ | ᠬᠤᠶᠠᠷ ᠲᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠲᠥᠪ | ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠶᠢᠨ ᠥᠭᠡᠷᠡᠴᠢᠯᠡᠯᠲᠡ ᠶᠢᠨ ᠲᠥᠰᠥᠯ ᠤᠨ ᠶᠡᠷᠦᠩᠬᠡᠢ ᠪᠣᠷᠣ ᠲᠥᠰᠥᠪ ᠤᠨ | ᠳᠣᠣᠷ᠎ᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠪᠥᠬᠦ ᠣᠷᠣᠨ ᠤ ᠴᠢᠨᠠᠷᠲᠠᠢ ᠪᠤᠶᠤ ᠣᠷᠣᠨ | ᠪᠦᠰᠡ ᠠᠯᠤᠰᠯᠠᠭᠰᠠᠨ᠂ ᠭᠤᠣᠯᠳᠠᠯᠭ᠎ᠠ ᠲᠠᠢ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳᠤ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠬᠤ ᠬᠡᠮᠵᠢᠶ᠎ᠡ ᠪᠠᠷ ᠴᠢᠩᠭᠠᠳᠬᠠᠨ᠎ᠠ︔ ᠣᠷᠣᠨ | ᠪᠦᠰᠡ ᠶᠢᠨ ᠴᠢᠨᠠᠷ ᠢᠶᠠᠷ ᠴᠢᠩᠭ᠎ᠠ᠂ ᠦᠨᠳᠦᠰᠦᠨ ᠱᠠᠲᠤᠨ ᠳᠤ ᠰᠢᠭᠤᠳ ᠬᠠᠨᠳᠤᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳᠤ | ᠠᠶᠢᠮᠠᠭ ᠬᠤᠲᠠ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠳᠠᠪᠠᠭᠤᠯᠢᠭ ᠪᠠ ᠢᠳᠡᠪᠬᠢᠵᠢᠯ ᠢ ᠭᠦᠢᠴᠡᠳ ᠪᠠᠳᠠᠷᠠᠭᠤᠯᠤᠨ᠎ᠠ︔ ᠪᠦᠬᠦᠯᠢ ᠴᠣᠭᠴᠠ ᠶᠢᠨ | ᠲᠥᠯᠦᠪᠵᠢᠭᠦᠯᠭᠡ ᠶᠢ ᠬᠠᠷᠠᠭᠤᠯᠤᠭᠰᠠᠨ᠂ ᠨᠢᠭᠡᠳᠦᠯᠲᠡᠢ ᠪᠠᠶᠢᠷᠢᠯᠠᠭᠤᠯᠤᠭᠰᠠᠨ᠂ ᠱᠠᠲᠤ ᠬᠤᠪᠢᠶᠠᠨ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠬᠡᠷᠡᠭ ᠶᠠᠪᠤᠳᠠᠯ ᠳᠤ ᠠᠰᠢᠭ ᠭᠥᠷᠳᠡᠬᠦ ᠬᠡᠪᠴᠢᠶ᠎ᠡ᠂ ᠵᠠᠰᠠᠭ ᠵᠠᠬᠢᠷᠭᠠᠨ ᠤ ᠦᠷ᠎ᠡ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠵᠤ᠂ | ᠪᠥᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠨᠡᠶᠢᠯᠡᠮᠡᠯ ᠬᠦᠴᠦᠨ ᠢ | ᠴᠢᠷᠮᠠᠶᠢᠨ ᠪᠣᠶ ᠪᠣᠯᠭᠠᠨ᠎ᠠ᠃ | ᠭᠤᠷᠪᠠ ᠳᠤ᠂ ᠯᠠᠪᠳᠠᠭᠤᠨ ᠪᠥᠭᠡᠳ ᠡᠮᠬᠢ ᠵᠢᠷᠤᠮ ᠲᠠᠢ᠂ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ | ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠶᠡᠷᠦᠩᠬᠡᠢ ᠳᠤ ᠪᠠᠨ ᠲᠣᠭᠲᠠᠭᠤᠨ ᠪᠠᠶᠢᠯᠭᠠᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠲᠣ ᠶᠢᠨ | ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠢᠶᠠᠷ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠮᠥᠷᠲᠡᠭᠡᠨ ᠪᠦᠲᠦᠮᠵᠢᠲᠡᠶ ᠵᠦᠢᠯᠡᠰ ᠢ ᠨᠤᠲᠠᠯᠠᠨ | ᠲᠣᠭᠲᠠᠭᠠᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠭᠠᠳᠤᠢ ᠵᠦᠢᠯᠡᠰ ᠢ ᠨᠥᠬᠦᠪᠦᠷᠢᠯᠡᠨ ᠲᠡᠭᠦᠯᠳᠡᠷᠵᠢᠭᠦᠯᠵᠦ᠂ ᠲᠣᠳᠣᠷᠬᠠᠶᠢᠯᠠᠨ᠎ᠠ︔ | ᠥᠭᠡᠷᠡᠴᠢᠯᠡᠯᠲᠡ ᠶᠢᠨ ᠨᠥᠬᠦᠴᠡᠯ ᠬᠠᠷᠠᠬᠠᠨ ᠪᠦᠷᠢᠯᠳᠦᠭᠡᠳᠦᠢ ᠵᠦᠢᠯᠡᠰ ᠲᠤ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠢ ᠪᠣᠯᠭᠠᠵᠤ᠂ ᠬᠤᠯᠪᠣᠭᠳᠠᠯ ᠪᠦᠬᠦᠢ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ︵ᠭᠤᠷᠪᠠ︶ ᠭᠤᠣᠯ ᠠᠭᠤᠯᠭ᠎ᠠ | ᠭᠤᠣᠯ ᠠᠭᠤᠯᠭ᠎ᠠ ᠳᠤ᠄ ᠶᠡᠷᠦᠩᠬᠡᠢ ᠱᠠᠭᠠᠷᠳᠠᠯᠭ᠎ᠠ᠂ ᠭᠤᠣᠯ ᠠᠭᠤᠯᠭ᠎ᠠ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠᠭᠲᠠᠨ᠎ᠠ᠂ ᠪᠣᠳᠠᠲᠠᠢ ᠪᠠᠷ ᠬᠡᠯᠡᠪᠡᠯ | ᠳᠣᠣᠷᠠᠬᠢ ᠮᠡᠲᠦ᠄ | 1. ᠶᠡᠷᠦᠩᠬᠡᠢ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠥᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠡᠳ᠋ ᠤᠨ ᠵᠠᠰᠠᠭ ᠤᠨ | ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠠᠵᠢᠯ | ᠶᠠᠪᠤᠳᠠᠯ ᠢ ᠬᠠᠮᠢᠶᠠᠷᠬᠤ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠪᠤᠷᠢᠲᠠᠢ ᠳᠦᠷᠢᠮ ᠢ ᠪᠣᠶ ᠪᠣᠯᠭᠠᠵᠤ᠂ | ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ | ᠪᠦᠲᠦᠮᠵᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠪᠠ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ | 2. ᠭᠤᠣᠯ ᠠᠭᠤᠯᠭ᠎ᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ | ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠪᠣᠷᠣ ᠲᠥᠰᠥᠪ ᠶᠣᠰᠣᠭᠠᠷ ᠮᠠᠨ ᠤ ᠣᠷᠣᠨ ᠤ ᠪᠣᠳᠠᠲᠠᠢ ᠲᠠᠢ ᠪᠠᠨ | ᠤᠶᠠᠯᠳᠤᠭᠤᠯᠤᠨ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠭᠠᠢ ᠭᠠᠮᠰᠢᠭ ᠠᠳᠡᠯ ᠤᠨ ᠲᠦᠭᠰᠢᠭᠦᠷᠢ ᠶᠢᠨ ᠳᠠᠯᠳᠠ ᠬᠡᠮ ᠢ | ᠪᠠᠶᠢᠴᠠᠭᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠭᠤᠷᠪᠠᠨ | ᠲᠠᠯ᠎ᠠ ᠶᠢᠨ 8 ᠵᠦᠢᠯ ᠤᠨ ᠪᠣᠳᠠᠲᠠᠢ ᠠᠭᠤᠯᠭ᠎ᠠ ᠳᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ | ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠤᠨ ᠲᠠᠯ᠎ᠠ ᠶᠢᠨ ᠪᠣᠳᠠᠲᠠᠢ ᠠᠭᠤᠯᠭ᠎ᠠ ᠳᠤ ᠪᠠᠭᠲᠠᠬᠤ ᠨᠢ᠄ ︵1︶ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ︔ ︵2︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠴᠢᠳᠠᠪᠤᠷᠢ ᠶᠢᠨ ᠪᠠᠶᠢᠭᠤᠯᠤᠯᠲᠠ︔ ︵3︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ︔ ︵4︶ | ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ︔ ︵5︶ ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ᠃ | ᠬᠤᠶᠠᠷ ᠲᠤ᠂ ᠭᠠᠢ ᠭᠠᠮᠰᠢᠭ ᠪᠠ ᠠᠳᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ | ᠪᠣᠳᠠᠲᠠᠢ ᠠᠭᠤᠯᠭ᠎ᠠ ᠳᠤ ᠪᠠᠭᠲᠠᠬᠤ ᠨᠢ᠄ ︵1︶ ᠭᠠᠢ ᠭᠠᠮᠰᠢᠭ ᠪᠠ ᠠᠳᠡᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠬᠤ︔ ︵2︶ ᠭᠠᠢ ᠭᠠᠮᠰᠢᠭ | ᠪᠠ ᠠᠳᠡᠯ ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠃ | ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ᠃ | 3. ᠢᠵᠢ ᠪᠦᠷᠢᠳᠦᠭᠦᠯᠬᠦ ᠠᠷᠭ᠎ᠠ ᠬᠡᠮᠵᠢᠶ᠎ᠡ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ | ᠬᠤᠶᠠᠷ ᠲᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ︔ ᠭᠤᠷᠪᠠ ᠳᠤ᠂ ᠢᠵᠢ | ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ | ᠬᠡᠷᠪᠡ ᠲᠣᠰ ᠲᠥᠰᠥᠯ᠂ ᠰᠠᠨᠠᠯ ᠢ ᠣᠶᠢᠯᠠᠭᠠᠬᠤ ᠦᠭᠡᠢ ᠭᠠᠵᠠᠷ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠬᠢᠭᠡᠳ ᠠᠮᠢ ᠠᠬᠤᠢ ᠣᠷᠴᠢᠨ ᠲᠣᠭᠤᠷᠢᠨ ᠤ ᠭᠠᠵᠠᠷ ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠲᠥᠷᠥ ᠶᠢᠨ | ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ 0471-4192195᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ ᠸᠠᠩ ᠳ᠋ᠦᠩ ᠱᠧᠩ︔ ᠪᠠᠰᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠠᠯᠪᠠᠨ ᠭᠡᠷ ᠠᠴᠠ ᠠᠰᠠᠭᠤᠨ | ᠯᠠᠪᠯᠠᠵᠤ ᠪᠣᠯᠣᠨ᠎ᠠ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ 0471-4820211᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ | ᠼᠦᠢ ᠶᠢᠩ ᠵᠢᠶᠧ ︵ᠠᠵᠢᠯᠯᠠᠬᠤ ᠡᠳᠦᠷ ᠤᠨ 9᠄ 00 - 12᠄ 00᠂ 13᠄ 30 - 17᠄ 00︶᠃ | ᠬᠤᠶᠠᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠯᠪᠡᠷᠢ | ᠲᠣᠰ ᠲᠠᠶᠢᠯᠤᠮᠵᠢ ᠶᠢᠨ ᠲᠥᠰᠥᠯ ᠢ ᠪᠢᠴᠢᠭ ᠤᠨ ᠬᠡᠯᠪᠡᠷᠢ ᠪᠠᠷ ᠲᠠᠶᠢᠯᠪᠤᠷᠢᠯᠠᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ | ᠲᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠦᠯᠵᠢᠶ᠎ᠡ ᠪᠣᠯᠣᠨ᠎ᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠠᠭ | ᠲᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠠᠭ ᠨᠢ ᠲᠣᠰ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ᠎ᠡ᠃ | |