ᠭᠠᠯ ᠰᠡᠷᠭᠡᠶᠢᠯᠡᠯᠲᠡ ᠶᠢᠨ ᠤᠯᠠᠷᠢᠯ ᠬᠦᠷᠴᠦ ᠢᠷᠡᠬᠦ ᠳᠤ᠂ ᠦᠷᠭᠡᠨ ᠤᠯᠠᠨ ᠺᠠᠳ᠋ᠷ᠂ ᠮᠠᠯᠴᠢᠨ ᠲᠦᠮᠡᠨ ᠳᠤ ᠪᠠᠨ ᠲᠤᠤᠷᠠᠬᠢ ᠬᠡᠲᠤᠨ ᠲᠠᠯ᠎ᠠ ᠶᠢᠨ ᠰᠠᠨᠠᠭᠤᠯᠤᠮᠵᠢ ᠶᠢ | ᠠᠩᠬᠠᠷᠤᠭᠤᠯᠵᠤ᠂ ᠭᠠᠯ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠳᠤ ᠲᠤᠰᠠ ᠲᠡᠮᠵᠢᠯᠭᠡ ᠪᠤᠯᠭᠠᠶ᠎ᠠ᠃ | ᠤᠢ ᠰᠢᠭᠤᠢ ᠨᠤᠳᠤᠭ ᠪᠡᠯᠴᠢᠬᠡᠷ ᠤᠨ ᠭᠠᠯ ᠲᠦᠢᠮᠡᠷ ᠢ ᠰᠡᠷᠬᠡᠶᠢᠯᠡᠬᠦ ᠬᠤᠭᠤᠴᠠᠭ᠎ᠠ ᠶᠢ ︽ᠤᠢ ᠰᠢᠭᠤᠢ ᠨᠤᠳᠤᠭ ᠪᠡᠯᠴᠢᠬᠡᠷ ᠤᠨ ᠭᠠᠯ ᠲᠦᠢᠮᠡᠷ ᠢ ᠰᠡᠷᠬᠡᠶᠢᠯᠡᠬᠦ | ᠲᠦᠷᠢᠮ︾ ᠳᠤ 3 ᠳ᠋ᠤᠭᠠᠷ ᠰᠠᠷ᠎ᠡ ᠶᠢᠨ 15 ᠤ ᠡᠳᠤᠷ ᠠᠴᠠ 6 ᠳ᠋ᠤᠭᠠᠷ ᠰᠠᠷ᠎ᠡ ᠶᠢᠨ 15 ᠤ ᠡᠳᠤᠷ ᠪᠤᠯ ᠬᠠᠪᠤᠷ ᠤᠨ ᠤᠯᠠᠷᠢᠯ ᠤᠨ ᠭᠠᠯ ᠰᠡᠷᠬᠡᠶᠢᠯᠡᠬᠦ ᠬᠤᠭᠤᠴᠠᠭ᠎ᠠ | ᠮᠦᠨ᠂ 9 ᠳ᠋ᠤᠭᠡᠷ ᠰᠠᠷ᠎ᠡ ᠶᠢᠨ 15 ᠤ ᠡᠳᠤᠷ ᠠᠴᠠ 11 ᠳ᠋ᠤᠭᠡᠷ ᠰᠠᠷ᠎ᠡ ᠶᠢᠨ 15 ᠤ ᠡᠳᠤᠷ ᠪᠤᠯ ᠨᠠᠮᠤᠷ ᠤᠨ ᠤᠯᠠᠷᠢᠯ ᠤᠨ ᠭᠠᠯ ᠰᠡᠷᠬᠡᠶᠢᠯᠡᠬᠦ ᠬᠤᠭᠤᠴᠠᠭ᠎ᠠ | ᠪᠤᠯᠤᠨ᠎ᠠ ᠭᠡᠵᠥ ᠲᠤᠬᠳᠠᠭᠠᠵᠠᠢ᠃ | ᠭᠠᠯ ᠰᠡᠷᠬᠡᠶᠢᠯᠡᠬᠦ ᠬᠤᠭᠤᠴᠠᠭᠠᠨ ᠳᠤ᠂ ᠭᠡᠭᠡᠷ᠎ᠡ ᠭᠠᠳᠠᠨ᠎ᠠ ᠳᠠᠮᠠᠬᠢᠨ ᠭᠠᠯ ᠢ ᠬᠠᠶᠠᠵᠦ ᠪᠤᠯᠬᠤ ᠦᠭᠡᠢ᠂ ᠫᠤᠤᠵᠢᠩ ᠳᠠᠯᠪᠢᠬᠤ ᠪᠤᠶᠤ ᠤᠴᠢ ᠤᠯᠠᠯᠵᠠᠭᠤᠯᠵᠦ | ᠪᠤᠯᠬᠤ ᠦᠭᠡᠢ᠂ ᠭᠠᠯ ᠢᠶᠠᠷ ᠠᠷᠢᠶᠠᠳᠠᠨ ᠢ ᠤᠳᠤᠵᠦ ᠪᠤᠯᠬᠤ ᠦᠭᠡᠢ᠂ ᠭᠠᠯ ᠨᠤᠴᠤᠭᠠᠵᠦ ᠳᠤᠯᠠᠭᠠᠴᠠᠬᠤ ᠪᠤᠶᠤ ᠰᠢᠷᠠᠮᠠᠯ ᠰᠢᠷᠠᠵᠦ ᠪᠤᠯᠬᠤ ᠦᠭᠡᠢ᠂ ᠭᠡᠤᠭᠡᠳ | ᠭᠠᠯ ᠢᠶᠠᠷ ᠨᠠᠭᠠᠳᠴᠦ ᠪᠤᠯᠬᠤ ᠦᠭᠡᠢ᠃ ᠬᠡᠷᠪᠡ ᠭᠠᠯ ᠲᠦᠢᠮᠡᠷ ᠤᠨ ᠠᠳᠡᠯ ᠭᠠᠷᠪᠡᠯ 12119 ᠪᠤᠶᠤ 3221814 ᠤᠳᠠᠰᠤ ᠪᠠᠷ ᠮᠡᠳᠡᠭᠳᠡᠬᠦ ᠬᠡᠷᠭᠳᠠᠢ᠃ ᠤᠢ | ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠷᠭ᠎ᠠ ᠭᠡᠪᠡᠯ ᠬᠤᠯᠠᠩ ᠳᠠᠭᠠᠨ ᠲᠤᠤᠷ ᠬᠢᠵᠤ᠂ 5 ᠲᠡᠰ ᠠᠴᠠ ᠲᠡᠭᠡᠭᠰᠢ ᠰᠠᠯᠬᠢᠨ ᠳᠤ ᠭᠠᠯᠯᠠᠬᠤ | ᠦᠭᠡᠢ᠂ ᠭᠠᠯ ᠲᠠᠢ ᠦᠨᠡᠰᠤ ᠬᠠᠶᠠᠬᠤ ᠦᠭᠡᠢ᠂ ᠡᠷᠤᠬᠡ ᠪᠦᠷᠢ ᠦᠨᠡᠰᠤᠨ ᠨᠦᠬᠡ ᠲᠠᠢ ᠪᠠᠶᠢᠵᠤ᠂ ᠬᠡᠬᠡᠷ᠎ᠡ ᠭᠠᠳᠠᠨ᠎ᠠ ᠲᠠᠮᠠᠬᠢ ᠲᠠᠳᠠᠬᠤ ᠦᠭᠡᠢ᠂ ᠲᠠᠮᠠᠬᠢᠨ | ᠶᠤᠵᠤᠭᠤᠷ ᠢᠶᠠᠨ ᠬᠠᠮᠢᠶ᠎ᠠ ᠦᠭᠡᠢ ᠬᠠᠶᠠᠵᠤ ᠪᠤᠯᠬᠤ ᠦᠭᠡᠢ᠂ ᠨᠤᠳᠤᠭ ᠪᠡᠯᠴᠢᠭᠡᠷ ᠤᠢ ᠰᠢᠭᠤᠶᠢᠳᠤ ᠤᠷᠤᠨ ᠳᠤ ᠬᠡᠭᠦᠷ ᠤᠡᠭᠭᠤᠨ ᠳᠤ ᠴᠠᠭᠠᠰᠤ ᠰᠢᠳᠠᠭᠠᠵᠤ ᠪᠤᠯᠬᠤ | ᠦᠭᠡᠢ᠃ ᠡᠪᠡᠰᠤᠨ ᠤᠪᠤᠭ᠎ᠠ᠂ ᠫᠸᠡᠭ ᠰᠠᠷᠠᠪᠴᠢ᠂ ᠲᠦᠯᠡᠰᠢ ᠶᠢᠨ ᠤᠪᠤᠭᠠᠨ ᠤ ᠲᠡᠷᠭᠡᠳᠡ ᠫᠤᠤᠵᠢᠩ ᠲᠠᠯᠪᠢᠵᠤ ᠪᠤᠯᠬᠤ ᠦᠭᠡᠢ᠃ ᠬᠡᠬᠡᠷ᠎ᠡ ᠭᠠᠳᠠᠨ᠎ᠠ ᠪᠡᠯᠴᠢᠭᠡᠷ᠂ | ᠲᠠᠷᠢᠶᠠᠨ ᠭᠤᠤᠷᠰᠤ ᠵᠡᠷᠭᠡ ᠶᠢ ᠰᠢᠳᠠᠭᠠᠵᠤ ᠪᠤᠯᠬᠤ ᠦᠭᠡᠢ᠂ ᠠᠡᠭ ᠠᠩᠨᠠᠬᠤ ᠪᠠ ᠲᠠᠯᠪᠡᠴᠢᠵᠤ ᠪᠤᠯᠬᠤ ᠦᠭᠡᠢ᠂ ᠲᠤᠭᠤᠭᠠᠯᠠᠬᠤ ᠪᠤᠶᠤ ᠰᠢᠷᠠᠮᠠᠯ ᠰᠢᠷᠠᠵᠤ ᠪᠤᠯᠬᠤ | ᠦᠭᠡᠢ᠃ ᠡᠪᠡᠰᠤ᠂ ᠨᠡᠬᠦᠷᠡᠰᠤ ᠵᠡᠷᠭᠡ ᠶᠢ ᠲᠡᠭᠡᠭᠡᠪᠤᠷᠢᠯᠡᠬᠦ ᠲᠡᠷᠭᠡ ᠡᠷᠬᠡᠪᠰᠢ ᠭᠠᠯ ᠰᠡᠷᠭᠡᠶᠢᠯᠡᠬᠦ ᠪᠦᠷᠬᠦᠪᠴᠢ ᠲᠠᠢ ᠪᠠᠶᠢᠬᠤ ᠬᠡᠷᠡᠭᠳᠠᠢ᠂ ᠡᠰᠡᠪᠡᠯ ᠨᠡᠪᠳᠡᠷᠡᠬᠦ ᠶᠢ | ᠴᠠᠭᠠᠵᠠᠯᠠᠨ᠎ᠠ᠃ ᠡᠪᠡᠰᠤ ᠬᠠᠳᠤᠵᠤ᠂ ᠲᠡᠬᠡᠬᠡᠪᠤᠷᠢᠯᠡᠵᠤ ᠨᠦᠬᠡᠴᠡᠯᠡᠬᠦ ᠳᠡᠭᠡᠨ ᠭᠠᠯ ᠢ ᠤᠨᠴᠡ ᠬᠢᠴᠢᠶᠡᠬᠦ ᠬᠡᠷᠡᠭᠳᠠᠢ᠃ ᠦᠨᠳᠤᠷ ᠲᠠᠷᠤᠯᠳᠡ ᠲᠠᠢ ᠴᠠᠬᠢᠯᠭᠠᠨ ᠤᠳᠠᠰᠤᠨ | ᠲᠡᠭᠡᠷ᠎ᠡ ᠰᠢᠪᠠᠭᠤ ᠡᠬᠦᠷᠯᠡᠵᠤ ᠭᠠᠯ ᠭᠠᠷᠬᠤ ᠠᠴᠠ ᠰᠡᠷᠡᠮᠵᠢᠯᠡᠬᠦ ᠬᠡᠷᠡᠭᠳᠠᠢ᠃ ᠠᠶᠤᠩᠭ᠎ᠠ ᠨᠢᠷᠭᠡᠵᠤ ᠭᠠᠯ ᠭᠠᠷᠬᠤ ᠠᠴᠠ ᠰᠡᠷᠡᠮᠵᠢᠯᠡᠬᠦ ᠬᠡᠷᠡᠭᠳᠠᠢ᠃ ᠭᠠᠯᠳᠤ ᠲᠡᠷᠭᠡ ᠶᠢᠨ | ᠦᠷᠤᠯᠲᠡ ᠠᠴᠠ ᠭᠠᠯ ᠡᠬᠦᠰᠬᠦ ᠶᠢ ᠬᠢᠴᠢᠶᠡᠬᠦ ᠬᠡᠷᠡᠭᠳᠠᠢ᠃ ᠭᠠᠳᠠᠭᠰᠢ ᠭᠠᠷᠪᠡᠯ ᠰᠠᠯᠬᠢᠨ ᠬᠦᠴᠤᠨ ᠤ ᠴᠠᠬᠢᠯᠭᠠᠨ ᠭᠠᠷᠭᠠᠬᠤ ᠮᠠᠰᠢᠨ ᠢ ᠠᠷᠭᠠᠮᠵᠢᠵᠤ ᠲᠠᠯᠪᠢᠬᠤ | ᠬᠡᠷᠡᠭᠳᠠᠢ᠂ ᠡᠰᠡᠪᠡᠯ ᠭᠠᠯ ᠠᠯᠳᠠᠬᠤ ᠠᠶᠤᠯ ᠲᠠᠢ᠃ ᠠᠶᠢᠯ ᠡᠷᠤᠬᠡ ᠨᠢ ᠭᠠᠴᠠᠭ᠎ᠠ᠂ ᠬᠤᠰᠢᠭᠤ ︵ᠰᠢᠶᠠᠨ︶᠂ ᠰᠤᠮᠤ᠂ ᠪᠠᠯᠭᠠᠰᠤ᠂ ᠲᠠᠯᠠᠪᠡᠢ᠂ ᠭᠠᠳᠠᠨ᠎ᠠ ᠠᠴᠠ | ᠢᠷᠡᠭᠰᠡᠨ ᠠᠵᠤ ᠠᠬᠤᠶᠢᠯᠡᠯ ᠲᠠᠢ ᠭᠠᠯ ᠰᠡᠷᠭᠡᠶᠢᠯᠡᠬᠦ ᠭᠡᠷ᠎ᠡ ᠲᠤᠭᠳᠠᠬᠤ ᠬᠡᠷᠡᠭᠳᠠᠢ᠃ | ᠭᠠᠯ ᠰᠡᠷᠭᠡᠶᠢᠯᠡᠬᠦ ᠰᠠᠯᠠᠭ᠎ᠠ ᠮᠦᠴᠢᠷ ᠨᠢ ᠭᠠᠯ ᠤᠨ ᠶᠡᠭᠡ ᠪᠠᠭ᠎ᠠ᠂ ᠭᠠᠵᠡᠷ ᠤᠨ ᠪᠠᠶᠢᠴᠡ ᠵᠡᠷᠭᠡ ᠪᠤᠲᠠᠲᠠᠢ ᠪᠠᠶᠢᠳᠠᠯ ᠢ ᠦᠨᠳᠤᠰᠤᠯᠠᠵᠤ ᠭᠠᠯ ᠤᠨᠳᠠᠷᠠᠭᠠᠬᠤ | ᠠᠵᠢᠯ ᠢ ᠪᠠᠶᠢᠷᠢᠯᠠᠭᠤᠯᠤᠨ᠎ᠠ᠃ ᠡᠩ ᠤᠨ ᠭᠠᠯ ᠢ ᠰᠤᠮᠤ᠂ ᠭᠠᠴᠠᠭᠠᠨ ᠠᠴᠠ ᠠᠷᠭᠠᠴᠠᠭᠠᠵᠤ᠂ ᠨᠡᠯᠢᠶᠡᠳ ᠶᠡᠭᠡ ᠭᠠᠯ ᠢ ᠬᠤᠰᠢᠭᠤ ᠰᠢᠶᠠᠨ ᠤ ᠤᠢ ᠰᠢᠭᠤᠢ ᠶᠢᠨ | ᠴᠠᠭᠳᠠᠭ᠎ᠠ ᠪᠤᠯᠤᠨ ᠲᠤᠰᠬᠠᠢ ᠭᠠᠯ ᠤᠨᠳᠠᠷᠠᠭᠠᠬᠤ ᠠᠩᠭᠢ ᠤᠨᠳᠠᠷᠠᠭᠠᠨ᠎ᠠ᠃ ᠭᠠᠯ ᠴᠤᠬᠢᠬᠤ ᠳᠠᠭᠠᠨ ᠰᠠᠯᠬᠢᠨ ᠤᠷᠤᠭᠤ ᠴᠤᠬᠢᠨ᠎ᠠ᠂ ᠬᠠᠷᠢᠨ ᠲᠦᠢᠮᠡᠷ ᠤᠨ | ᠦᠭᠡᠳᠡ ᠠᠴᠠ ᠴᠤᠬᠢᠵᠤ ᠪᠤᠯᠬᠤ ᠦᠭᠡᠢ᠃ ᠴᠤᠬᠢᠵᠤ ᠪᠤᠯᠬᠤ ᠭᠠᠯ ᠲᠦᠢᠮᠡᠷ ᠲᠤᠬᠢᠶᠠᠯᠳᠤᠪᠡᠯ ᠬᠦᠷᠵᠡ᠂ ᠰᠢᠬᠦᠷ ᠡᠰᠡᠬᠦᠯ᠎ᠡ ᠭᠠᠯ ᠤᠨᠳᠠᠷᠠᠭᠠᠬᠤ ᠮᠠᠰᠢᠨ ᠢᠶᠠᠷ | ᠤᠨᠳᠠᠷᠠᠭᠠᠬᠤ ᠬᠡᠷᠡᠭᠳᠠᠢ᠃ ᠶᠡᠭᠡ ᠲᠦᠢᠮᠡᠷ ᠲᠤᠬᠢᠶᠠᠯᠳᠤᠪᠡᠯ ᠤᠳᠤᠷᠢᠳᠤᠯᠭ᠎ᠠ ᠲᠠᠢ᠂ ᠵᠤᠬᠢᠶᠠᠨ ᠪᠠᠶᠢᠭᠤᠯᠤᠯᠳᠡ ᠲᠠᠢ᠂ ᠭᠠᠯ ᠤᠨᠳᠠᠷᠠᠭᠠᠬᠤ ᠠᠩᠭᠢ ᠶᠢᠨ ᠬᠠᠮᠳᠤ ᠭᠠᠯ | ᠤᠨᠳᠠᠷᠠᠭᠠᠬᠤ ᠬᠡᠷᠡᠭᠲᠡᠢ᠃ ᠵᠠᠪᠳᠤᠭ᠎ᠠ ᠲᠠᠢ ᠦᠶ᠎ᠡ ᠳᠤ ᠫᠸᠡᠭ ᠬᠤᠷᠤᠭ᠎ᠠ ᠭᠡᠷ ᠰᠠᠷᠡᠪᠴᠢ ᠪᠠᠨ ᠬᠠᠮᠠᠭᠠᠯᠠᠬᠤ ᠴᠠᠷᠠᠭ᠎ᠠ ᠲᠠᠯᠪᠢᠵᠤ ᠪᠤᠯᠤᠨ᠎ᠠ᠂ ᠶᠡᠭᠡ ᠲᠦᠢᠮᠡᠷ ᠢ | ᠭᠠᠭᠴᠡ ᠬᠤᠶᠠᠷ ᠬᠦᠮᠤᠨ ᠴᠤᠬᠢᠵᠤ ᠪᠤᠯᠬᠤ ᠦᠬᠡᠢ᠃ | | |