​ᠳᠠᠯᠠᠳ ᠬᠤᠰᠢᠭᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/14
    2 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠰᠢᠶᠣᠣ ᠫᠢᠩ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠳᠠᠯ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠠᠯᠠᠳ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠤ᠋ ᡁᠢ ᠰᠢᠶᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠳ᠋ᠦ᠋ ᠰᠢᠶᠣᠣ ᠶᠠᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠢ ᠭᠦᠸᠧ ᠳ᠋ᠦᠩ᠂ ᠵᠠᠩ ᠸᠧᠢ ᠰᠢᠶᠦ᠋ᠩ᠂ ᠯᠢ ᡁᠢ ᠦ᠋᠂ ᠠᠮᠤᠷᠪᠤᠯᠠᠭ ᠬᠤᠷᠠᠯ ᠳᠤ ᠣᠷᠣᠯᠴᠠᠵᠠᠢ᠃   ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠠᠵᠢᠯ ᠳᠤᠮᠳᠠᠬᠢ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠩ ᠡᠷᠡᠰ ᠪᠠᠲᠤ ᠢᠲᠡᠭᠡᠯ ᠵᠣᠷᠢᠭ᠂ ᠨᠠᠩ ᠬᠦᠴᠦᠲᠡᠢ ᠠᠷᠭ᠎ᠠ ᠬᠡᠮᠵᠢᠶ᠎ᠡ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠤᠬᠢ ᠰᠠᠶᠢᠨ ᠦᠷ᠎ᠡ ᠪᠦᠳᠦᠮᠵᠢ ᠪᠠᠷ ᠠᠵᠤ ᠠᠬᠤᠢ ᠶᠢᠨ ᠬᠦᠭᠵᠢᠯᠳᠡ ᠶᠢᠨ ᠰᠠᠶᠢᠨ ᠡᠬᠢᠯᠡᠯᠳᠡ ᠲᠠᠢ ᠪᠤᠯᠵᠤ᠂ ᠤᠯᠠᠷᠢᠯ ᠪᠤᠯᠭᠠᠨ ᠰᠠᠶᠢᠨ ᠡᠷᠬᠢᠯᠳᠡ ᠲᠠᠢ᠂  ᠪᠦᠬᠦ ᠵᠢᠯ ᠳᠤ ᠰᠠᠶᠢᠨ ᠡᠷᠬᠢᠯᠳᠡ ᠲᠠᠢ ᠪᠤᠯᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠳᠠᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠵᠡᠷᠭᠡ ᠠᠵᠢᠯ ᠳᠡᠭᠡᠷ᠎ᠡ ᠬᠦᠴᠦ ᠪᠠᠨ ᠲᠠᠯᠪᠢᠵᠤ᠂ ᠴᠢᠬᠤᠯᠠ ᠶᠡᠭᠡ ᠲᠦᠷᠦᠯ ᠵᠦᠢᠯ ᠤᠨ ᠠᠵᠢᠯ ᠡᠬᠢᠯᠡᠭᠦᠯᠬᠦ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠠᠭᠤᠯᠭᠠᠭᠰᠠᠨ ᠡᠭᠦᠷᠭᠡ ᠬᠠᠷᠠᠯᠲᠠ ᠲᠠᠢ ᠬᠠᠷᠢᠴᠠᠭᠤᠯᠵᠤ᠂ ᠨᠢᠭᠡᠳᠦᠭᠡᠷ ᠤᠯᠠᠷᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠴᠢᠩᠭ᠎ᠠ ᠠᠩᠬᠠᠷᠴᠤ᠂ ᠲᠦᠷᠦᠯ ᠵᠦᠢᠯ ᠢ ᠤᠨᠢᠨ ᠳᠡᠭᠡᠷ᠎ᠡ ᠨᠢ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠤᠳ ᠪᠠᠷᠢᠮᠵᠢᠶ᠎ᠠ ᠪᠤᠯᠤᠨ ᠱᠠᠭᠠᠷᠳᠠᠯᠭ᠎ᠠ ᠯᠤᠭ᠎ᠠ ᠬᠠᠷᠢᠴᠠᠭᠤᠯᠤᠨ᠂ ᠲᠥᠷᠥᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠲᠥᠷᠥᠯ ᠵᠦᠢᠯ ᠬᠤᠪᠢᠶᠠᠨ ᠲᠣᠳᠣᠷᠬᠠᠢ ᠳᠠᠩᠰᠠ ᠭᠠᠷᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠶᠢᠨ ᠬᠠᠮᠲᠤ ᠲᠥᠷᠥᠯ ᠵᠦᠢᠯ ᠢ ᠲᠦᠯᠬᠢᠨ ᠠᠬᠢᠭᠤᠯᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠲᠥᠪᠯᠡᠷᠡᠭᠦᠯᠦᠨ ᠠᠵᠢᠯᠯᠠᠬᠤ᠂ ᠰᠠᠨᠠᠭᠠᠴᠢᠯᠠᠭ᠎ᠠ ᠠᠴᠠ ᠪᠠᠨ ᠤᠷᠢᠳ ᠢᠶᠠᠷ ᠦᠢᠯᠡᠴᠢᠯᠡᠬᠦ ᠶᠢ ᠬᠡᠷᠡᠭᠵᠢᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠳᠠᠭᠠᠭᠤᠯᠤᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠷᠤᠯᠲᠠ ᠪᠠ ᠬᠦᠴᠦᠨ ᠢᠶᠠᠨ ᠨᠡᠮᠡᠭᠳᠡᠭᠦᠯᠦᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠᠷ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ 
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ