ᠨᠠᠶᠢᠵᠠ ᠶᠢᠨ ᠲᠣᠭᠤᠷᠢᠭ ᠲᠤ ᠪᠠᠨ ᠰᠡᠭᠦᠳᠡᠷ ᠢᠶᠠᠨ ᠨᠡᠶᠢᠳᠡᠯᠡᠬᠦ ᠳᠤ ᠶᠠᠮᠠᠷ ᠴᠡᠭᠡᠷ ᠪᠠᠶᠢᠬᠤ ᠪᠣᠶ︖ ᠦᠵᠡᠬᠦ ᠳᠤ ᠰᠠᠨᠠᠭᠠᠨ ᠳᠤ ᠦᠭᠡᠢ ᠵᠠᠷᠢᠮ ᠦᠢᠯᠡ | ᠠᠵᠢᠯᠯᠠᠭ᠎ᠠ ᠨᠢ ᠬᠤᠪᠢ ᠬᠥᠮᠦᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠳᠠᠷᠠᠭᠤᠯᠬᠤ ᠮᠠᠭᠠᠳ᠃ | ᠭᠠᠯᠲᠤ ᠲᠡᠷᠭᠡᠨ ᠤ ᠪᠢᠯᠧᠲ᠂ ᠨᠢᠰᠬᠡᠯ ᠤᠨ ᠪᠢᠯᠧᠲ᠂ ᠨᠢᠰᠬᠡᠯ ᠳᠤ ᠭᠠᠷᠬᠤ ᠫᠠᠶᠢᠰᠠ ᠪᠠᠨ ᠨᠠᠶᠢᠵᠠ ᠵᠢᠨᠲ᠋ᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ | | ᠨᠢᠰᠬᠡᠯ ᠤᠨ ᠪᠢᠯᠧᠲ ᠪᠣᠯᠤᠨ ᠭᠠᠯᠲᠤ ᠲᠡᠷᠭᠡᠨ ᠤ ᠪᠢᠯᠧᠲ ᠤᠨ ᠵᠢᠷᠤᠭᠠᠰᠤᠨ ᠺᠣᠳ᠋ ᠪᠤᠶᠤ ᠬᠤᠶᠠᠷ ᠬᠡᠮᠵᠢᠯᠳᠦ ᠺᠣᠳ᠋ ᠲᠤ ᠠᠶᠠᠨᠴᠢᠳ ᠤᠨ ᠬᠤᠪᠢ | ᠬᠥᠮᠦᠨ ᠤ ᠮᠡᠳᠡᠭᠡ ᠵᠠᠩᠭᠢ ᠪᠠᠶᠢᠳᠠᠭ᠂ ᠡᠭᠦᠨ ᠳᠤ ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠪᠠᠭᠲᠠᠨ᠎ᠠ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ | ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠴᠤ ᠮᠡᠳᠡᠬᠦ ᠪᠣᠯᠤᠯᠴᠠᠭ᠎ᠠ ᠲᠠᠢ᠃ | ᠫᠠᠰᠫᠣᠷᠲ᠂ ᠭᠡᠷ ᠤᠨ ᠲᠦᠯᠬᠢᠭᠦᠷ᠂ ᠲᠡᠷᠭᠡᠨ ᠫᠠᠶᠢᠰᠠ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ | ᠡᠳᠡᠭᠡᠷ ᠨᠢ ᠴᠢᠨᠦ ᠲᠤᠲᠤᠷᠬᠠᠢ ᠴᠠᠭ᠂ ᠲᠤᠲᠤᠷᠬᠠᠢ ᠤᠷᠤᠨ ᠪᠠᠶᠢᠷᠢ ᠶᠢ ᠵᠠᠳᠠᠷᠠᠭᠤᠯᠤᠨ᠎ᠠ᠂ ᠪᠠᠰᠠᠴᠤ ᠴᠢᠨᠦ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ | ᠵᠠᠳᠠᠷᠠᠭᠤᠯᠤᠨ᠎ᠠ᠃ | ᠣᠷᠣᠨ ᠪᠠᠶᠢᠷᠢ ᠪᠠᠨ ᠨᠠᠶᠢᠵᠠ ᠶᠢᠨ ᠲᠣᠭᠤᠷᠢᠭ ᠲᠤ ᠪᠠᠨ ᠪᠢᠲᠡᠭᠡᠶ ᠨᠡᠶᠢᠳᠡᠯᠡᠬᠡᠷᠠᠢ | ᠬᠡᠷᠪᠡ ᠨᠠᠶᠢᠵᠠ ᠶᠢᠨ ᠲᠣᠭᠤᠷᠢᠭ ᠲᠤ ᠪᠠᠨ ᠣᠷᠣᠨ ᠪᠠᠶᠢᠷᠢ ᠶᠢᠨ ᠰᠤᠷᠠᠭ ᠵᠠᠩᠭᠢ ᠲᠠᠢ ᠵᠢᠷᠤᠭ ᠨᠡᠢᠲᠡᠯᠡᠪᠡᠯ᠂ ᠮᠠᠰᠢ ᠦᠨᠡᠨ ᠪᠣᠳᠠᠲᠠᠶ ᠬᠤᠪᠢ ᠬᠥᠮᠦᠨ ᠤ ᠰᠤᠷᠠᠭ | ᠵᠠᠩᠭᠢ ᠶᠢ ᠢᠯᠡᠷᠡᠭᠦᠯᠵᠦ᠂ ᠮᠠᠭᠤ ᠬᠥᠮᠦᠨ ᠤ ᠬᠡᠷᠡᠭ ᠬᠢᠬᠦ ᠳᠤ ᠲᠦᠭᠦᠮ ᠪᠣᠯᠭᠠᠨ᠎ᠠ᠃ ᠬᠡᠦᠬᠡᠳ ᠤᠨ ᠰᠡᠭᠦᠳᠡᠷ ᠵᠢᠴᠢ ᠨᠡᠷ᠎ᠡ ᠪᠠᠨ ᠪᠢᠲᠡᠭᠡᠶ ᠨᠠᠶᠢᠳᠡᠯᠠ᠃ ᠪᠣᠳᠠᠲᠤ | ᠠᠮᠢᠳᠤᠷᠠᠯ ᠳᠤᠮᠳᠠ ᠮᠠᠰᠢ ᠣᠯᠠᠨ ᠮᠡᠬᠡᠯᠡᠭᠴᠢ ᠸᠢᠴᠠᠲ ᠤᠨ ︽ᠬᠠᠵᠠᠭᠤ ᠬᠠᠪᠢ ᠶᠢᠨ ᠬᠥᠮᠦᠨ ︵附近的人︶︾ ᠢ ᠠᠰᠢᠭᠯᠠᠵᠤ᠂ ᠬᠡᠦᠬᠡᠳ ᠪᠣᠯᠤᠨ | ᠡᠵᠢ ᠶᠢᠨ ᠬᠢᠨᠢ ᠰᠡᠭᠦᠳᠡᠷ ᠪᠤᠯᠤᠨ ᠨᠡᠷ᠎ᠡ ᠶᠢ ᠬᠤᠯᠠᠭᠠᠶᠢᠯᠠᠨ ᠬᠡᠷᠡᠭᠯᠡᠳᠡᠭ᠃ | ᠨᠠᠰᠤᠲᠠᠨ ᠤ ᠪᠠᠨ ᠰᠡᠭᠦᠳᠡᠷ ᠢ ᠪᠢᠲᠡᠭᠡᠶ ᠨᠡᠶᠢᠳᠡᠯᠡᠬᠡᠷᠠᠢ | ᠨᠠᠰᠤᠲᠠᠨ ᠤ ᠪᠠᠨ ᠰᠡᠭᠦᠳᠡᠷ ᠢ ᠳᠡᠯᠭᠡᠪᠡᠯ᠂ ᠮᠠᠭᠤ ᠬᠥᠮᠦᠨ ᠳᠤ ᠲᠠᠨᠢᠭᠳᠠᠬᠤ ᠨᠤᠷᠮ᠎ᠠ ᠨᠢ ᠨᠠᠩ ᠥᠨᠳᠥᠷ ᠪᠠᠶᠢᠳᠠᠭ᠃ ᠬᠡᠷᠪᠡ ᠵᠠᠷᠢᠮ ᠬᠥᠮᠦᠨ ᠭᠡᠨᠡᠳᠲᠡ | ᠣᠮᠪᠣᠯᠣ ᠶᠢᠨ ᠨᠡᠷ᠎ᠡ ᠶᠢ ᠬᠡᠯᠡᠵᠦ᠂ ᠳᠠᠬᠢᠨ ᠶᠠᠮᠠᠷ ᠨᠢᠭᠡ ᠬᠤᠳᠠᠯ ᠦᠭᠡ ᠨᠡᠮᠡᠪᠡᠯ᠂ ᠨᠠᠰᠤᠲᠠᠨ ᠢᠶᠠᠷ ᠬᠠᠭᠠᠰ ᠨᠠᠰᠤᠨ ᠤ ᠬᠠᠳᠠᠭᠠᠯᠠᠮᠵᠢ ᠶᠢ ᠭᠠᠷᠭᠠᠭᠤᠯᠵᠤ | ᠮᠡᠳᠡᠨ᠎ᠡ᠃ | | | | |