ᠭᠠᠵᠠᠷ ᠰᠢᠷᠣᠢ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠬᠤ ᠳᠤ ︽ᠲᠡᠷᠢᠶᠠᠨ  ᠭᠠᠵᠠᠷ ᠲᠤ ᠠᠮᠤ  ᠪᠤᠳᠠᠭ᠎ᠠ ᠲᠠᠷᠢᠬᠤ ᠦᠭᠡᠢ︾ ᠪᠠᠶᠢᠵᠤ ᠪᠤᠯᠬᠤ ᠦᠭᠡᠢ
ᠨᠡᠶᠢᠲᠡᠯᠡᠭᠰᠡᠨ ᠴᠠᠭ᠄
2022/2/16
  ︽ᠬᠥᠳᠡᠭᠡ  ᠲᠣᠰᠬᠤᠨ ᠤ  ᠭᠠᠵᠠᠷ  ᠰᠢᠷᠣᠶ ᠶᠢᠨ  ᠡᠵᠡᠩᠨᠡᠯᠲᠡ ᠶᠢᠨ  ᠡᠷᠬᠡ ᠶᠢ  ᠡᠷᠭᠢᠯᠲᠡ ᠳᠤ  ᠣᠷᠣᠭᠤᠯᠬᠤ ᠬᠠᠮᠢᠶᠠᠷᠤᠯᠲᠠ ᠶᠢᠨ ᠠᠷᠭ᠎ᠠ︾ ᠶᠢ 3 ᠰᠠᠷ᠎ᠠ ᠶᠢᠨ 1 ᠤ ᠡᠳᠦᠷ ᠠᠴᠠ  ᠬᠡᠷᠡᠭᠵᠢᠭᠦᠯᠦᠨ᠎ᠡ᠃ ᠠᠷᠭ᠎ᠠ ᠨᠢ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠢ ᠴᠢᠩᠭᠠᠳᠬᠠᠬᠤ ᠶᠢᠨ  ᠲᠣᠭᠤᠷᠢᠨ ᠳᠤ᠂ ᠬᠥᠳᠡᠭᠡ ᠲᠣᠰᠬᠤᠨ ᠤ  ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ  ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃                 ᠠᠷᠭ᠎ᠠ ᠳᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠳᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠶ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ  ᠪᠣᠯᠤᠨ ᠲᠠᠷᠢᠶᠠᠯᠠᠩ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ  ᠪᠣᠯᠬᠤ ᠥᠬᠡᠶ᠂ ᠳᠠᠭᠠᠭᠠᠴᠢᠯᠠᠭᠰᠠᠨ ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢᠨ ᠰᠢᠨᠵᠢ ᠴᠢᠨᠠᠷ ᠵᠢᠴᠢ  ᠲᠡᠭᠦᠨ ᠤ ᠲᠠᠷᠢᠶᠠᠯᠠᠩ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠥᠬᠡᠶ᠂ ᠲᠠᠷᠢᠶᠠᠨ ᠭᠠᠵᠠᠷ ᠢ ᠲᠠᠷᠢᠶᠠᠯᠠᠩ ᠳᠤ  ᠬᠡᠷᠡᠭᠯᠡᠬᠦ ᠶᠢ ᠦᠨᠡᠨ ᠬᠦ ᠪᠠᠲᠤᠯᠠᠵᠤ᠂ ᠡᠩ ᠲᠡᠷᠢᠭᠦᠨ ᠳᠤ ᠠᠮᠤ  ᠪᠤᠳᠠᠭᠠᠨ ᠤ  ᠦᠢᠯᠡᠳᠪᠦᠷᠢᠯᠡᠯ ᠳᠤ ᠬᠡᠷᠡᠭᠯᠡᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ  ᠪᠣᠯᠭᠠᠬᠤ︾ ᠶᠢ  ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃                   ᠭᠦᠯᠢᠶᠠᠨ ᠠᠪᠤᠭᠴᠢ ᠨᠢ ᠬᠤᠯᠪᠣᠭᠳᠠᠯ ᠪᠦᠭᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠭᠠᠵᠠᠷ ᠰᠢᠷᠣᠢ ᠶᠢ ᠬᠠᠮᠠᠭᠠᠯᠠᠬᠤ ᠬᠡᠷᠡᠭᠲᠡᠢ᠂ ᠭᠠᠵᠠᠷ ᠰᠢᠷᠣᠢ ᠶᠢᠨ ᠲᠠᠷᠢᠶᠠᠯᠠᠩ ᠤᠨ  ᠬᠡᠷᠡᠭᠴᠡᠭᠡ ᠶᠢ ᠬᠤᠪᠢᠷᠠᠭᠤᠯᠬᠤ ᠶᠢ ᠴᠠᠭᠠᠵᠠᠯᠠᠨ᠎ᠠ᠃ ᠲᠠᠷᠢᠶᠠᠨ ᠭᠠᠵᠠᠷ ᠢ ᠰᠤᠯᠠ ᠲᠠᠯᠪᠢᠬᠤ᠂ ᠠᠲᠠᠷᠰᠢᠭᠤᠯᠬᠤ ᠶᠢ ᠴᠠᠭᠠᠵᠠᠯᠠᠨ᠎ᠠ᠂ ᠲᠠᠷᠢᠶᠠᠨ ᠭᠠᠵᠠᠷ ᠢ ᠡᠵᠡᠯᠡᠨ ᠸᠠᠭᠠᠷ ᠲᠤᠭᠤᠰᠬ᠎ᠠ  ᠰᠢᠳᠠᠭᠠᠬᠤ ᠭᠠᠵᠠᠷ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ ᠳᠡᠭᠡᠷ᠎ᠡ ᠳᠤᠷ᠎ᠠ ᠪᠠᠷ ᠢᠶᠠᠨ ᠭᠡᠷ ᠪᠠᠷᠢᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂ ᠰᠢᠷᠣᠢ ᠠᠪᠬᠤ ᠶᠢ ᠴᠠᠭᠠᠵᠠᠯᠠᠨ᠎ᠠ᠃ ᠡᠭᠦᠷᠢᠳᠡ ᠶᠢᠨ  ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠣᠢ  ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠮᠠᠯᠲᠠᠵᠤ  ᠵᠢᠭᠠᠰᠤ  ᠲᠡᠵᠢᠭᠡᠬᠦ ᠶᠢ ᠴᠠᠭᠠᠵᠠᠯᠠᠨ᠎ᠠ ᠬᠡᠵᠦ  ᠲᠤᠳᠤᠷᠬᠠᠢ ᠲᠤᠬᠳᠠᠭᠠᠪᠠ᠃ 
ᠢᠷᠡᠯᠲᠡ᠄ ᠠᠷᠠᠳ ᠤᠨ ᠰᠦᠯᠵᠢᠶ᠎ᠡ