ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠶᠡᠭᠡ ᠵᠠᠰᠠᠯᠲᠠ ᠣᠷᠣᠭᠤᠯᠪᠠ
ᠨᠡᠶᠢᠲᠡᠯᠡᠭᠰᠡᠨ ᠴᠠᠭ᠄
2022/2/16
      ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠶᠡᠭᠡ ᠵᠠᠰᠠᠯᠲᠠ ᠣᠷᠣᠭᠤᠯᠪᠠ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠂ ᠡᠨᠡ ᠪᠣᠯ ᠲᠣᠰ ᠬᠠᠤᠯᠢ ᠶᠢ ᠬᠡᠷᠡᠭᠵᠢᠭᠦᠯᠦᠭᠰᠡᠨ 30 ᠰᠢᠬᠠᠮ ᠵᠢᠯ ᠤᠨ ᠳᠣᠷᠰᠢᠬᠢ ᠪᠠᠰᠠ ᠨᠢᠭᠡ ᠣᠳᠠᠭᠠᠨ ᠤ ᠴᠢᠬᠤᠯᠠ ᠶᠡᠭᠡ ᠲᠣᠬᠢᠷᠠᠭᠤᠯᠤᠯᠲᠠ ᠬᠢᠵᠦ ᠪᠠᠶᠢᠭ᠎ᠠ ᠶᠠᠪᠤᠳᠠᠯ ᠮᠥᠨ᠃ ᠤᠯᠤᠰ ᠠᠴᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠡᠯ᠎ᠡ ᠵᠦᠢᠯ ᠤᠨ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠡᠮᠡᠭᠲᠡᠶᠢᠴᠦᠳ ᠢ ᠭᠠᠳᠠᠭᠤᠷᠴᠢᠯᠠᠬᠤ ᠶᠠᠪᠤᠳᠠᠯ ᠢ ᠠᠷᠢᠯᠭᠠᠵᠤ᠂ ᠡᠮᠡᠭᠲᠡᠶᠢᠴᠦᠳ ᠤᠨ ᠬᠠᠤᠯᠢ ᠶᠣᠰᠣᠭᠠᠷ ᠡᠯ᠎ᠡ ᠵᠦᠢᠯ ᠤᠨ ᠡᠷᠬᠡ ᠠᠰᠢᠭ ᠢᠶᠠᠨ ᠡᠳ᠋ᠯᠡᠬᠦ ᠪᠠ ᠬᠡᠷᠡᠭᠵᠢᠭᠦᠯᠬᠦ ᠶᠢ ᠭᠠᠲᠠᠭᠤᠷᠴᠢᠯᠠᠬᠤ᠂ ᠬᠢᠵᠠᠭᠠᠷᠯᠠᠬᠤ ᠶᠢ ᠡᠷᠡᠰ ᠬᠤᠷᠢᠭᠯᠠᠨ᠎ᠠ᠃ ᠲᠥᠰᠦᠯ ᠳᠤ ᠰᠤᠷᠭᠠᠨ ᠬᠥᠮᠦᠵᠢᠯ ᠠᠵᠢᠯ ᠣᠯᠭᠤᠯᠲᠠ ᠶᠢᠨ ᠬᠦᠷᠢᠶᠡᠨ ᠳᠠᠬᠢ ᠬᠦᠢᠰᠦ ᠶᠢᠨ ᠢᠯᠭᠠᠯ ᠤᠨ ᠭᠠᠳᠠᠭᠤᠷᠴᠢᠯᠠᠯ ᠳᠤ ᠴᠢᠭᠯᠡᠭᠦᠯᠦᠨ ᠲᠣᠭᠲᠠᠭᠠᠯ ᠭᠠᠷᠭᠠᠵᠤ᠂ ᠣᠷᠤᠭ ᠰᠠᠯᠬᠤ ᠦᠶ᠎ᠡ ᠳᠤ ᠨᠥᠬᠦᠪᠥᠷᠢ ᠶᠢᠨ ᠲᠤᠬᠠᠶ ᠲᠣᠭᠲᠠᠭᠠᠯ ᠨᠡᠮᠡᠪᠡ᠃     
ᠢᠷᠡᠯᠲᠡ᠄ ᠰᠢᠯᠢ ᠶᠢᠨ ᠭᠤᠣᠯ ᠠᠢᠮᠠᠭ ᠤᠨ ᠵᠠᠬᠢᠷᠭ᠎ᠠ ᠶᠢᠨ ᠠᠯᠪᠠᠨ ᠰᠦᠯᠵᠢᠶ᠎ᠡ