ᠡᠳᠡᠭᠡᠷ ᠡᠮ ᠠᠷᠢᠬᠢᠨ ᠳᠤ ᠶᠡᠭᠡ ᠬᠠᠷᠰᠢ︕
ᠨᠡᠶᠢᠲᠡᠯᠡᠭᠰᠡᠨ ᠴᠠᠭ᠄
2022/2/22
   ᠠᠷᠢᠬᠢ ᠤᠤᠭᠤᠳᠠᠭ ᠬᠦᠮᠤᠰ ᠠᠩᠬᠠᠷ᠄ ᠡᠮ ᠠᠷᠢᠬᠢ ᠬᠤᠶᠠᠷ ᠬᠠᠷᠰᠢ ᠶᠤᠮ᠂ ᠠᠷᠢᠬᠢ ᠤᠤᠭᠤᠭᠰᠠᠨ ᠦᠶ᠎ᠡ ᠳᠤ ᠲᠸᠥ ᠪᠣᠤ ᠠᠴᠠ ᠭᠠᠳᠠᠨ᠎ᠠ ᠪᠠᠰᠠ ᠡᠳᠡᠭᠡᠷ ᠡᠮ ᠢ ᠤᠤᠭᠤᠵᠤ ᠤᠭᠳᠤ ᠪᠤᠯᠬᠤ ᠦᠭᠡᠢ︕      1᠂ ᠲᠸᠥ ᠪᠣᠤ  ︵头孢︶ ᠶᠢᠨ ᠲᠥᠷᠥᠯ ᠤᠨ ᠡᠮ᠃ ᠠᠷᠢᠬᠢ ᠤᠤᠭᠤᠭᠰᠠᠨ ᠤ ᠳᠠᠷᠠᠭᠠᠬᠢ 3 ᠡᠳᠦᠷ ᠤᠨ ᠳᠣᠲᠣᠷ᠎ᠠ ᠲᠸᠥ ᠪᠣᠤ ᠶᠢᠨ ᠲᠥᠷᠥᠯ ᠤᠨ ᠡᠮ ᠬᠡᠷᠡᠭᠯᠡᠵᠦ ᠪᠣᠯᠬᠤ ᠦᠭᠡᠢ᠃ ᠲᠸᠥ ᠪᠣᠤ ᠬᠡᠷᠡᠭᠯᠡᠭᠰᠡᠨ ᠪᠤᠯ 7 ᠡᠳᠦᠷ ᠤᠨ ᠳᠣᠲᠣᠷ᠎ᠠ ᠠᠷᠢᠬᠢ ᠤᠤᠭᠤᠵᠤ ᠪᠣᠯᠬᠤ ᠥᠬᠡᠶ᠂ ᠬᠠᠮᠲᠤ ᠳᠤᠨᠢ ᠰᠫᠢᠷᠲ ᠠᠭᠤᠯᠤᠭᠰᠠᠨ ᠡᠮ ᠪᠠ  ᠢᠳᠡᠭᠡᠨ ᠢ  ᠪᠠᠰᠠ  ᠴᠡᠭᠡᠷᠯᠡᠬᠦ ᠬᠡᠷᠡᠭᠲᠡᠢ᠃      2᠂ ᠬᠤᠯᠢᠮᠠᠭ ᠠᠼᠤᠲ᠋ᠢᠯ ᠠᠮᠢᠨᠣ᠋ ᠹᠤᠨᠤᠯ ᠬᠠᠪᠲᠠᠭᠠᠶ ᠦᠷᠢᠯ(对乙酰氨基酚片)᠃ ᠰᠤᠳᠤᠯᠭᠠᠨ ᠠᠴᠠ ᠦᠵᠡᠪᠡᠯ᠂ ᠠᠷᠢᠬᠢ ᠤᠤᠭᠤᠬᠤ ᠨᠢ ᠬᠤᠯᠢᠮᠠᠭ ᠠᠼᠤᠲ᠋ᠢᠯ ᠠᠮᠢᠨᠣ᠋ ᠹᠤᠨᠤᠯ ᠠᠴᠠ ᠡᠯᠢᠭᠡᠨ ᠳᠤ ᠦᠵᠡᠭᠦᠯᠬᠦ ᠬᠤᠣᠷᠳᠠᠯ ᠢ ᠨᠡᠮᠡᠭᠳᠡᠭᠦᠯᠬᠦ ᠪᠣᠯᠤᠯᠴᠠᠭ᠎ᠠ ᠲᠠᠢ᠃     3᠂ ᠴᠢᠰᠤᠨ ᠳᠠᠷᠤᠯᠲᠠ ᠶᠢ ᠪᠠᠭᠤᠷᠠᠭᠤᠯᠬᠤ ᠡᠮ(降压药 )᠃ ᠬᠡᠷᠪᠡ ᠠᠷᠢᠬᠢᠨ ᠤ ᠳᠠᠷᠠᠭ᠎ᠠ ᠴᠢᠰᠤᠨ ᠳᠠᠷᠤᠯᠲᠠ ᠶᠢ ᠪᠠᠭᠤᠷᠠᠭᠤᠯᠬᠤ ᠡᠮ ᠤᠤᠭᠤᠪᠠᠯ᠂ ᠨᠠᠷᠢᠨ ᠰᠤᠳᠠᠯ ᠢ ᠨᠡᠩ ᠲᠡᠯᠡᠭᠳᠡᠭᠦᠯᠵᠦ᠂ ᠴᠢᠰᠤᠨ ᠳᠠᠷᠤᠯᠲᠠ ᠶᠢ ᠴᠣᠴᠢᠮᠠᠭ ᠪᠠᠭᠤᠷᠠᠭᠤᠯᠵᠤ᠂ ᠪᠡᠶ᠎ᠡ ᠶᠢᠨ ᠪᠠᠶᠢᠷᠢ ᠶᠢᠨ ᠬᠤᠪᠢᠷᠠᠯᠲᠠ ᠶᠢᠨ ᠴᠢᠨᠠᠷᠲᠠᠢ ᠴᠢᠰᠤᠨ ᠳᠠᠷᠤᠯᠲᠠ ᠳᠣᠣᠷ᠎ᠠ ᠪᠤᠶᠤ ᠤᠬᠠᠭᠠᠨ  ᠠᠯᠳᠠᠬᠤ ᠪᠠᠶᠢᠳᠠᠯ ᠠᠮᠠᠷᠬᠠᠨ ᠭᠠᠷᠳᠠᠭ᠃      4᠂ ᠠᠰᠫᠢᠷᠢᠨ(阿司匹林)᠃ ᠠᠰᠫᠢᠷᠢᠨ ᠠᠷᠢᠭᠢ ᠨᠡᠶᠢᠯᠡᠪᠡᠯ ᠰᠢᠩᠭᠡᠭᠡᠯᠲᠡ ᠶᠢᠨ ᠵᠠᠮ ᠳᠤ  ᠰᠡᠳᠦᠯᠲᠡ ᠥᠭᠴᠦ᠂ ᠬᠤᠳᠣᠭᠤᠳᠣᠨ ᠤ ᠰᠠᠯᠢᠰᠤᠲᠤ ᠪᠦᠷᠬᠦᠪᠴᠢ ᠶᠢᠨ ᠡᠪᠡᠳᠴᠢᠨ ᠤ ᠬᠤᠪᠢᠷᠠᠯᠲᠠ ᠶᠢ ᠡᠭᠦᠰᠭᠡᠬᠦ ᠪᠤᠶᠤ ᠰᠢᠷᠬᠠᠯᠠᠭ᠎ᠠ ᠶᠢ ᠳᠠᠬᠢᠨ ᠡᠭᠦᠰᠭᠡᠵᠦ᠂ ᠠᠰᠫᠢᠷᠢᠨ ᠳᠤ ᠬᠤᠯᠪᠤᠭᠳᠠᠭᠰᠠᠨ ᠳᠡᠭᠡᠳᠦ ᠰᠢᠩᠭᠡᠭᠡᠯᠲᠡ ᠶᠢᠨ ᠵᠠᠮ ᠠᠴᠠ ᠴᠢᠰᠤ  ᠭᠠᠷᠬᠤ  ᠲᠦᠭᠰᠢᠭᠦᠷᠢ ᠶᠢ ᠨᠡᠮᠡᠭᠳᠡᠭᠦᠯᠦᠨ᠎ᠡ᠃       5 . ᠲᠠᠶᠢᠳᠬᠬᠷᠠᠭᠤᠯᠤᠨ ᠤᠨᠲᠠᠭᠤᠯᠬᠤ ᠡᠮ(镇静催眠药)᠃ ᠲᠠᠶᠢᠳᠬᠤᠷᠠᠭᠤᠯᠤᠨ ᠤᠨᠲᠠᠭᠤᠯᠬᠤ ᠡᠮᠲᠦ ᠪᠣᠳᠠᠰ ᠪᠣᠯᠤᠨ ᠡᠲ᠋ᠠᠨᠤᠯ ᠢ ᠬᠠᠮᠲᠤᠷᠠᠭᠤᠯᠤᠨ ᠬᠡᠷᠡᠭᠯᠡᠭᠰᠡᠨ ᠤ ᠳᠠᠷᠠᠭ᠎ᠠ᠂ ᠲᠥᠪ ᠮᠡᠳᠡᠷᠡᠯ ᠢ ᠰᠠᠭᠠᠳᠠᠭᠤᠯᠬᠤ ᠬᠡᠮᠵᠢᠶ᠎ᠡ ᠨᠢ ᠡᠮᠲᠦ ᠪᠣᠳᠠᠰ ᠤᠨ ᠲᠥᠷᠥᠯ ᠵᠦᠢᠯ᠂ ᠡᠮ ᠬᠡᠷᠡᠭᠯᠡᠬᠦ ᠬᠡᠮᠵᠢᠶ᠎ᠡ᠂ ᠠᠷᠢᠬᠢ ᠤᠤᠭᠤᠬᠤ ᠬᠡᠮᠵᠢᠶ᠎ᠡ ᠲᠠᠢ ᠬᠠᠷᠢᠴᠠᠭ᠎ᠠ ᠲᠠᠢ ᠪᠠᠶᠢᠳᠠᠭ᠂ ᠲᠡᠭᠦᠨ ᠤ ᠢᠯᠡᠷᠡᠯ ᠭᠡᠪᠡᠯ ᠮᠠᠩᠰᠢᠭᠤᠷᠠᠭᠤᠯᠤᠨ ᠤᠨᠳᠠᠭᠤᠯᠬᠤ᠂ ᠲᠤᠰᠬᠠᠯ ᠤᠨ ᠴᠢᠳᠠᠪᠤᠷᠢ ᠶᠢ ᠪᠠᠭᠤᠷᠠᠭᠤᠯᠬᠤ ᠂ ᠠᠩᠬᠠᠷᠤᠯ ᠰᠠᠷᠨᠢᠭᠤᠯᠬᠤ᠂ ᠵᠣᠬᠢᠴᠠᠭᠤᠯᠬᠤ ᠴᠢᠳᠠᠪᠤᠷᠢ  ᠶᠢ ᠮᠠᠭᠤᠲᠠᠭᠤᠯᠵᠤ᠂ ᠬᠦᠨᠳᠤ ᠨᠣᠴᠢᠲᠠᠶ ᠨᠢ ᠦᠬᠦᠭᠦᠯᠵᠦ ᠮᠡᠳᠡᠨ᠎ᠡ᠃       6᠂ ᠤᠨᠠᠳᠠᠭ ᠡᠪᠡᠳᠴᠢᠨ ᠢ ᠳᠠᠷᠤᠬᠤ ᠡᠮ(抗癫痫药)᠃ ᠡᠲ᠋ᠠᠨᠤᠯ ᠨᠢ ᠵᠠᠷᠢᠮ ᠤᠨᠠᠳᠠᠭ ᠡᠪᠡᠳᠴᠢᠨ ᠢ ᠳᠠᠷᠤᠬᠤ ᠡᠮ ᠤᠨ ᠰᠣᠯᠢᠯᠴᠠᠭ᠎ᠠ ᠶᠢ ᠨᠥᠯᠥᠭᠡᠯᠡᠵᠦ᠂ ᠡᠮᠴᠢᠯᠡᠭᠡᠨ ᠤ ᠦᠢᠯᠡᠳᠦᠯ ᠢ ᠨᠥᠯᠥᠭᠡᠯᠡᠳᠡᠭ᠃ ᠡᠭᠦᠨ ᠠᠴᠠ ᠭᠠᠳᠠᠨ᠎ᠠ᠂ ᠠᠷᠢᠬᠢ ᠤᠤᠭᠤᠬᠤ ᠨᠢ ᠪᠠᠰᠠ ᠤᠨᠠᠳᠠᠭ ᠡᠪᠡᠳᠴᠢᠨ ᠢ ᠡᠭᠦᠰᠭᠡᠵᠦ ᠮᠡᠳᠡᠨ᠎ᠡ᠃ ᠡᠶᠢᠮᠦ ᠠᠴᠠ ᠤᠨᠠᠳᠠᠭ  ᠡᠪᠡᠳᠴᠢᠲᠡᠨ ᠠᠷᠢᠬᠢ ᠤᠤᠭᠤᠵᠦ ᠪᠤᠯᠬᠤ ᠦᠭᠡᠢ᠃       7᠂ ᠴᠢᠰᠤᠨ ᠰᠢᠬᠢᠷ ᠢ ᠪᠠᠭᠤᠷᠠᠭᠤᠯᠬᠤ ᠡᠮ(降糖药)᠃  ᠴᠢᠰᠤᠨ ᠰᠢᠬᠢᠷ ᠢ ᠪᠠᠭᠤᠷᠠᠭᠤᠯᠬᠤ ᠡᠮ ᠢ ᠤᠤᠭᠤᠵᠤ ᠪᠠᠶᠢᠬᠤ ᠬᠤᠭᠤᠴᠠᠭᠠᠨ ᠳᠤ ᠠᠷᠢᠬᠢ ᠤᠤᠭᠤᠪᠠᠯ᠂ ᠴᠢᠰᠤᠨ ᠰᠢᠬᠢᠷ ᠬᠦᠨᠳᠦ ᠨᠣᠴᠢᠲᠠᠶ ᠲᠤᠤᠷᠠᠳᠠᠬᠤ ᠪᠤᠶᠤ ᠰᠥᠷᠴᠦ ᠪᠣᠯᠤᠰᠢ ᠥᠬᠡᠶ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠬᠤᠪᠢᠷᠠᠯᠲᠠ ᠭᠠᠷᠴᠤ ᠮᠡᠳᠡᠨ᠎ᠡ᠃         
ᠢᠷᠡᠯᠲᠡ᠄ ᠠᠷᠠᠳ ᠤᠨ ᠰᠦᠯᠵᠢᠶ᠎ᠡ