ᠪᠡᠶ᠎ᠡ ᠶᠢᠨ ᠦᠨᠡᠮᠯᠡᠯ ᠢᠶᠠᠨ ᠭᠡᠭᠡᠪᠡᠯ ᠪᠤᠰᠤᠳ ᠬᠦᠮᠦᠨ ᠬᠠᠭᠤᠷᠮᠠᠭ ᠢᠶᠠᠷ ᠬᠡᠷᠡᠭᠯᠡᠬᠦ ᠠᠴᠠ ᠠᠶᠤᠨ᠎ᠠ᠂ ᠲᠡᠭᠡᠪᠡᠯ ᠶᠠᠭᠠᠬᠢᠬᠤ ᠪᠤᠢ︖ | ᠰᠠᠭᠤᠭᠠᠯᠢ ᠠᠷᠠᠳ ᠤᠨ ᠭᠡᠭᠡᠭᠰᠡᠨ᠂ ᠬᠤᠯᠠᠭᠠᠶᠢᠯᠠᠭᠳᠠᠭᠰᠠᠨ ᠪᠡᠶ᠎ᠡ ᠶᠢᠨ ᠦᠨᠡᠮᠯᠡᠯ ᠢ ᠪᠤᠰᠤᠳ ᠬᠥᠮᠦᠨ ᠬᠠᠭᠤᠷᠮᠠᠭ ᠢᠶᠠᠷ ᠬᠡᠷᠡᠭᠯᠡᠬᠦ ᠶᠢ ᠪᠦᠲᠦᠮᠵᠢᠲᠡᠶ | ᠰᠡᠷᠭᠡᠶᠢᠯᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ 2016 ᠣᠨ ᠤ 10 ᠰᠠᠷ᠎ᠠ ᠳᠤ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠣᠯᠠᠨ ᠲᠦᠮᠡᠨ ᠤ ᠭᠡᠭᠡᠭᠰᠡᠨ ᠬᠤᠯᠠᠭᠠᠶᠢᠯᠠᠭᠳᠠᠭᠰᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠤᠨ ᠮᠡᠳᠡᠭᠡ ᠵᠠᠩᠭᠢ ᠵᠢᠴᠢ ᠰᠢᠨ᠎ᠡ ᠦᠨᠡᠮᠯᠡᠯ ᠰᠣᠯᠢᠵᠤ ᠠᠪᠤᠭᠰᠠᠨ ᠤ ᠳᠠᠷᠠᠭᠠᠬᠢ ᠤᠤᠯ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ | ᠵᠠᠩᠭᠢ ᠶᠢ ᠴᠤᠭᠯᠠᠭᠤᠯᠤᠬᠰᠠᠨ ᠤ ᠬᠠᠮᠲᠤ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠦᠢᠯᠡᠴᠢᠯᠡᠭᠡᠨ ᠤ ᠲᠠᠪᠴᠠᠩ ᠢᠶᠠᠷ | ᠳᠠᠮᠵᠢᠭᠤᠯᠤᠨ ᠨᠡᠶᠢᠭᠡᠮ ᠤᠨ ᠬᠠᠮᠢᠶ᠎ᠠ ᠪᠥᠬᠦᠶ ᠦᠨᠡᠮᠯᠡᠯ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠡ ᠳᠤ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡ ᠬᠠᠩᠭᠠᠪᠠ᠃ | ᠤᠳᠤᠬᠠᠨ ᠪᠣᠯᠲᠠᠯ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠶᠢᠨ ᠬᠢᠨ ᠨᠢᠭᠡᠨᠲᠡ ᠳᠣᠲᠣᠭᠠᠳᠤ ᠶᠢ ᠬᠠᠮᠠᠭᠠᠯᠠᠬᠤ ᠶᠠᠮᠤᠨ ᠯᠤᠭ᠎ᠠ | ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ ᠬᠡᠷᠡᠭᠯᠡᠬᠦ ᠠᠵᠢᠯ ᠢ ᠥᠷᠨᠢᠭᠦᠯᠪᠡ᠃ | | ᠲᠠᠷᠠᠭᠠᠴᠢ ᠶᠢᠨ ᠠᠯᠬᠤᠮ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ | ᠵᠠᠩᠭᠢ ᠶᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠬᠠᠭᠤᠷᠮᠠᠭ ᠢᠶᠠᠷ ᠬᠡᠷᠡᠭᠯᠡᠬᠦ ᠠᠰᠠᠭᠤᠳᠠᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠᠷ ᠪᠤᠢ᠃ | ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠰᠦᠯᠵᠢᠶᠡᠨ ᠳᠡᠭᠡᠷ᠎ᠡ ᠮᠡᠳᠡᠭᠦᠯᠵᠦ ᠪᠣᠯᠤᠨ᠎ᠠ ᠦᠭᠡᠢ ᠦᠦ︖ | 2017 ᠣᠨ ᠤ 7 ᠰᠠᠷ᠎ᠠ ᠶᠢᠨ 1 ᠤ ᠡᠳᠦᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠤᠨᠳᠤᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ | ᠭᠡᠭᠡᠭᠰᠡᠨ ᠢᠶᠠᠨ ᠮᠡᠳᠡᠭᠦᠯᠬᠦ ᠪᠠ ᠭᠡᠭᠡᠭᠰᠡᠨ ᠡᠵᠡᠨ ᠢ ᠨᠢ ᠡᠷᠢᠬᠦ ︽ᠭᠤᠷᠪᠠᠨ ᠵᠦᠢᠯ ᠤᠨ ᠲᠦᠷᠢᠮ︾ ᠢ ᠪᠥᠬᠦ ᠤᠯᠤᠰ ᠲᠤ ᠪᠥᠬᠦ ᠲᠠᠯ᠎ᠠ ᠪᠠᠷ | ᠬᠡᠷᠡᠭᠵᠢᠭᠦᠯᠦᠭᠰᠡᠨ ᠠᠴᠠ ᠠᠷᠠᠳ ᠢᠷᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠤᠶᠤ ᠬᠤᠯᠠᠭᠠᠶᠢᠯᠠᠭᠳᠠᠭᠰᠠᠨ ᠳᠤ ᠬᠦᠷᠪᠡᠯ᠂ ᠣᠶᠢᠷ᠎ᠠ | ᠬᠠᠪᠢ ᠶᠢᠨ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨ ᠭᠠᠷᠳᠠᠮ ᠬᠦᠢᠴᠡᠳᠭᠡᠬᠦ ᠲᠢᠩᠬᠢᠮ ᠳᠤ ᠬᠦᠷᠴᠦ ᠭᠡᠭᠡᠭᠰᠡᠨ ᠢᠶᠠᠨ ᠮᠡᠳᠡᠭᠦᠯᠵᠦ ᠪᠣᠯᠬᠤ | ᠪᠤᠯᠪᠠ᠃ | ᠪᠡᠶ᠎ᠡ ᠶᠢᠨ ᠦᠨᠡᠮᠯᠡᠯ ᠢᠶᠠᠨ ᠬᠡᠬᠡᠭᠰᠡᠨ ᠢᠶᠠᠨ ᠰᠦᠯᠵᠢᠶᠡᠨ ᠳᠡᠭᠡᠷ᠎ᠡ ᠮᠡᠳᠡᠬᠦᠯᠬᠦ ᠳᠤ ᠪᠤᠰᠤᠳ ᠬᠦᠮᠦᠨ ᠨᠡᠷ᠎ᠡ ᠪᠠᠷ ᠨᠢ ᠭᠡᠭᠡᠭᠰᠡᠨ ᠭᠡᠵᠦ ᠳᠠᠩᠰᠠᠯᠠᠭᠤᠯᠬᠤ | ᠲᠦᠭᠰᠢᠭᠦᠷᠢ ᠣᠷᠣᠰᠢᠵᠤ ᠪᠠᠶᠢᠬᠤ ᠶᠢ ᠪᠣᠳᠣᠯᠬᠢᠯᠠᠭᠠᠳ᠂ ᠣᠳᠣᠬᠠᠨ ᠳᠤ ᠪᠣᠳᠠᠲᠠᠶ ᠠᠵᠢᠯ ᠤᠨ ᠳᠤᠮᠳᠠ᠂ ᠪᠡᠶ᠎ᠡ ᠶᠢᠨ ᠦᠨᠡᠮᠯᠡᠯ ᠢᠶᠠᠨ ᠬᠡᠬᠡᠭᠰᠡᠨ ᠢᠶᠠᠨ ᠮᠡᠳᠡᠬᠦᠯᠬᠦ ᠳᠤ | ᠠᠷᠠᠳ ᠢᠷᠭᠡᠳ ᠢ ᠴᠥᠮ ᠥᠪᠡᠷ ᠤᠨ ᠪᠡᠶ᠎ᠡ ᠪᠠᠷ ᠨᠢ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨᠭᠠᠷᠳᠠᠮ ᠬᠦᠢᠴᠡᠳᠭᠡᠬᠦ | ᠲᠢᠩᠬᠢᠮ ᠤᠨᠴᠣᠩᠬᠤᠪᠴᠢ ᠳᠤ ᠤᠴᠢᠭᠤᠯᠤᠨ ᠬᠦᠢᠴᠡᠳᠭᠡᠯᠭᠡᠵᠦ ᠪᠠᠶᠢᠨ᠎ᠠ᠃ | ᠪᠡᠶ᠎ᠡ ᠶᠢᠨ ᠦᠨᠡᠮᠯᠡᠯ ᠢᠶᠠᠨ ᠭᠡᠭᠡᠪᠡᠯ ᠶᠠᠭᠠᠬᠢᠵᠤ ᠨᠦᠬᠦᠵᠦ ᠬᠢᠯᠭᠡᠬᠦ ᠪᠤᠢ︖ | ᠠᠷᠠᠳ ᠢᠷᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠪᠡᠯ᠂ ᠲᠡᠷᠡ ᠲᠤᠤᠷ᠎ᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ | ᠮᠡᠳᠡᠭᠦᠯᠬᠦ ᠬᠡᠷᠡᠭᠲᠡᠢ᠃ ᠮᠡᠳᠡᠭᠦᠯᠦᠭᠰᠡᠨᠡᠳᠦᠷ ᠠᠴᠠ ᠡᠬᠢᠯᠡᠨ 3 ᠰᠠᠷ᠎ᠠ ᠶᠢᠨ ᠲᠤᠳᠤᠷ᠎ᠠ ᠮᠥᠨ ᠬᠦ ᠡᠷᠢᠵᠦ ᠣᠯᠤᠬᠰᠠᠨ ᠦᠭᠡᠢ ᠳᠤ ᠬᠦᠷᠪᠡᠯ ᠰᠢᠨᠡᠦᠨᠡᠮᠯᠡᠯ ᠬᠢᠯᠭᠡᠵᠦ | ᠠᠪᠬᠤ ᠪᠠᠷ ᠮᠡᠳᠡᠭᠦᠯᠬᠦ ᠬᠡᠷᠡᠭᠲᠡᠶ᠃ | ᠪᠡᠶ᠎ᠡ ᠶᠢᠨ ᠦᠨᠡᠮᠯᠡᠯ ᠢᠶᠠᠨ ᠡᠷᠦᠬᠡ ᠠᠮᠠ ᠪᠠᠶᠢᠭ᠎ᠠ ᠭᠠᠵᠠᠷ ᠲᠠᠭᠠᠨ ᠨᠦᠬᠦᠨ ᠬᠢᠯᠬᠡᠵᠦ ᠠᠪᠬᠤ ᠳᠤ ᠰᠠᠭᠤᠭᠠᠯᠢ ᠠᠷᠠᠳ ᠤᠨ ᠡᠷᠦᠬᠡ ᠠᠮᠠ ᠶᠢᠨ | ᠳᠡᠪᠲᠡᠷ ᠢᠶᠠᠨ ᠦᠭᠴᠦ ᠰᠢᠯᠭᠠᠭᠤᠯᠤᠨ᠂ ᠬᠡᠷᠡᠯ ᠵᠢᠷᠤᠭ ᠠᠪᠤᠭᠤᠯᠵᠤ᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠳᠠᠩᠰᠠᠯᠠᠯ ᠤᠨ | ᠬᠦᠰᠦᠨᠦᠭᠲᠦ︾ ᠶᠢ ᠲᠠᠭᠯᠠᠵᠤ᠂ ᠪᠡᠶ᠎ᠡ ᠶᠢᠨ ᠦᠨᠡᠮᠯᠡᠯ ᠬᠢᠯᠭᠡᠬᠦ ᠵᠠᠷᠤᠲᠠᠯ ᠲᠤᠰᠢᠶᠠᠬᠤ ᠬᠡᠷᠡᠭᠲᠡᠶ᠃ | ᠭᠠᠷ ᠬᠦᠢᠴᠡᠳᠭᠡᠯ ᠬᠢᠵᠦ ᠪᠠᠷᠠᠭᠰᠠᠨ ᠤ ᠳᠠᠷᠠᠭ᠎ᠠ ᠵᠢᠷᠠᠨ ᠡᠳᠦᠷ ᠤᠨ ᠳᠣᠲᠣᠷ᠎ᠠ ᠪᠡᠶ᠎ᠡ ᠶᠢᠨ ᠦᠨᠡᠮᠯᠡᠯ ᠢᠶᠠᠨ ᠠᠪᠤᠨ᠎ᠠ︔ ᠵᠠᠮ ᠬᠠᠷᠢᠯᠴᠠᠭ᠎ᠠ ᠳᠥᠭᠦᠮ ᠦᠭᠡᠢ | ᠭᠠᠵᠠᠷ ᠣᠷᠣᠨ ᠤ ᠴᠠᠬ ᠬᠤᠭᠤᠴᠠᠭ᠎ᠠ ᠶᠢ ᠤᠷᠳᠤᠳᠬᠠᠬᠤ ᠳᠤ ᠭᠤᠴᠢᠨ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠨᠥᠬᠦᠴᠡᠯ ᠲᠠᠢ ᠭᠠᠵᠠᠷ ᠣᠷᠣᠨ ᠨᠢ | ᠪᠣᠳᠠᠲᠤ ᠪᠠᠶᠢᠳᠠᠯ ᠢᠶᠠᠨ ᠦᠨᠳᠦᠰᠦᠯᠡᠨ ᠦᠨᠡᠮᠯᠡᠯ ᠦᠢᠯᠡᠳᠦᠨ ᠬᠢᠬᠦ ᠪᠡ ᠣᠯᠭᠤᠬᠤ ᠦᠶᠡᠯᠡᠯ ᠤᠨ ᠴᠠᠬ ᠬᠤᠭᠤᠴᠠᠭ᠎ᠠ ᠶᠢ ᠪᠣᠭᠤᠨᠢᠰᠬᠠᠵᠤ ᠪᠣᠯᠤᠨ᠎ᠠ᠃ | | ᠤᠨᠳᠤᠤ ᠭᠠᠵᠠᠷ ᠲᠤ ᠪᠡᠶ᠎ᠡ ᠶᠢᠨ ᠦᠨᠡᠮᠯᠡᠯ ᠨᠥᠬᠦᠨ ᠬᠢᠯᠭᠡᠵᠦ ᠪᠣᠯᠤᠨ᠎ᠠ ᠦᠦ︖ | ᠡᠷᠦᠬᠡ ᠠᠮᠠ ᠶᠢᠨ ᠪᠠᠶᠢᠭ᠎ᠠ ᠪᠠᠶᠢᠩᠭᠤ ᠰᠠᠭᠤᠭ᠎ᠠ ᠭᠠᠵᠠᠷ ᠠᠴᠠ ᠪᠠᠨ ᠰᠠᠯᠵᠤ ᠪᠤᠰᠤᠳ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ | ᠬᠦᠷᠴᠦ ᠬᠠᠤᠯᠢ ᠶᠣᠰᠣᠨ ᠤ ᠲᠣᠭᠲᠠᠪᠤᠷᠢᠲᠠᠶ ᠠᠵᠢᠯ ᠤᠯᠬᠤ᠂ ᠰᠤᠷᠭᠠᠭᠤᠯᠢ ᠳᠤ ᠣᠷᠣᠬᠤ᠂ ᠣᠷᠣᠰᠢᠨ ᠰᠠᠭᠤᠬᠤ ᠠᠷᠠᠳ ᠢᠷᠭᠡᠳ ᠨᠢ ᠣᠲᠣ ᠶᠢᠨ ᠰᠠᠭᠤᠭ᠎ᠠ | ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ ᠠᠪᠬᠤ᠂ ᠨᠥᠬᠦᠵᠦ ᠠᠪᠬᠤ ᠪᠠᠷ | ᠭᠤᠶᠤᠴᠢᠯᠠᠵᠤ ᠪᠣᠯᠤᠨ᠎ᠠ᠃ | ᠤᠨᠳᠤᠤ ᠭᠠᠵᠠᠷ ᠲᠤ ᠲᠦᠷ ᠴᠠᠭ ᠤᠨ ᠪᠡᠶ᠎ᠡ ᠶᠢᠨ ᠦᠨᠡᠮᠯᠡᠯ ᠬᠢᠯᠭᠡᠵᠦ ᠠᠪᠴᠤ ᠪᠣᠯᠤᠨ᠎ᠠ ᠦᠦ︖ | ᠣᠳᠣᠬᠠᠨ ᠳᠤ ᠣᠨᠳᠣᠣ ᠭᠠᠵᠠᠷ ᠲᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠳᠤ ᠵᠦᠪᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ | ᠠᠪᠬᠤ᠂ ᠨᠥᠬᠦᠨ ᠬᠢᠯᠭᠡᠵᠦ ᠠᠪᠬᠤ ᠪᠠᠷ ᠭᠤᠶᠤᠴᠢᠯᠠᠬᠤ ᠶᠠᠪᠤᠳᠠᠯ ᠯᠡ ᠪᠠᠭᠳᠠᠬᠤ ᠠᠴᠠ ᠪᠢᠰᠢ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠬᠢᠯᠭᠡᠬᠦ ᠶᠠᠪᠤᠳᠠᠯ ᠪᠠᠭᠲᠠᠬᠤ ᠦᠭᠡᠢ᠃ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ᠂ ᠬᠤᠯᠠᠭᠠᠶᠢᠯᠠᠭᠳᠠᠭᠰᠠᠨ ᠪᠤᠶᠤ ᠠᠪᠴᠤ ᠶᠠᠪᠤᠬᠤ ᠪᠠᠨ ᠮᠠᠷᠲᠠᠭᠰᠠᠨ ᠬᠦᠮᠦᠰ ᠨᠢ ᠨᠢᠰᠬᠡᠯ ᠳᠤ | ᠰᠠᠭᠤᠬᠤ᠂ ᠭᠠᠯᠲᠤ ᠲᠡᠷᠭᠡᠨ ᠳᠤ ᠰᠠᠭᠤᠬᠤ᠂ ᠪᠠᠭᠤᠳᠠᠯ ᠳᠤ ᠰᠠᠭᠤᠬᠤ ᠪᠠᠴᠢᠮ ᠬᠡᠷᠡᠭᠴᠡᠭᠡ ᠲᠠᠢ ᠪᠤᠯᠬᠤ ᠲᠤᠬᠠᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ | ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡᠨ ᠤ ᠲᠣᠮᠢᠯᠠᠭᠰᠠᠨ ᠰᠠᠯᠪᠤᠷᠢ ᠪᠠ ᠪᠠᠭᠤᠳᠠᠯ ᠤᠨ ᠬᠠᠷᠢᠶ᠎ᠠ ᠲᠣᠭᠤᠷᠢᠭ ᠤᠨ ᠲᠣᠮᠢᠯᠠᠭᠰᠠᠨ ᠰᠠᠯᠪᠤᠷᠢ ᠶᠢ | ᠣᠯᠠᠨ ᠲᠦᠮᠡᠨ ᠳᠤ ᠲᠦᠷ ᠴᠠᠭ ᠤᠨ ᠪᠡᠶ᠎ᠡ ᠶᠢᠨ ᠦᠨᠡᠮᠯᠡᠯ ᠢ ᠴᠠᠭ ᠲᠤᠬᠠᠶ ᠳᠤᠨᠢ ᠬᠢᠵᠦ ᠥᠭᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | ᠪᠡᠶ᠎ᠡ ᠶᠢᠨ ᠦᠨᠡᠮᠯᠡᠯ ᠤᠨ ︽ᠰᠦᠯᠵᠢᠶᠡᠨ ᠤ ᠦᠨᠡᠮᠯᠡᠯ︾ ᠢ ᠳᠡᠯᠭᠡᠷᠡᠭᠦᠯᠦᠨ᠎ᠡ ᠤᠤ ᠦᠭᠡᠢ ᠦᠦ︖ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ︽ᠰᠦᠯᠵᠢᠶᠡᠨ ᠤ ᠦᠨᠡᠮᠯᠡᠯ︾ ᠪᠣᠯ ᠮᠥᠨ ᠴᠢᠨᠠᠷ ᠳᠡᠭᠡᠷ᠎ᠡ ᠪᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠤᠨ ᠡᠯᠧᠺᠲᠷᠣᠨ ᠦᠨᠡᠮᠯᠡᠯ ᠮᠥᠨ ᠳᠣᠲᠣᠭᠠᠳᠤ ᠶᠢ ᠬᠠᠮᠠᠭᠠᠯᠠᠬᠤ ᠶᠠᠮᠤᠨ ᠬᠤᠶᠢᠰᠢᠳᠠ ᠶᠢᠨ ᠠᠵᠢᠯ ᠤᠨ ᠳᠤᠮᠳᠠ ᠪᠠᠨ ᠡᠭᠦᠨ ᠢ ᠭᠦᠨᠵᠡᠭᠡᠶ | ᠰᠤᠳᠤᠯᠤᠨ ᠨᠤᠲᠠᠯᠠᠬᠤ ᠪᠣᠯᠤᠨ᠎ᠠ᠃ | |