ᠬᠤᠳᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠬᠤᠷᠠᠯᠳᠤᠭᠤᠯᠵᠦ    ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤᠬᠢᠷᠠᠭᠤᠯᠪᠠ
ᠨᠡᠶᠢᠲᠡᠯᠡᠭᠰᠡᠨ ᠴᠠᠭ᠄
2022/2/9
  ᠦᠢᠷ᠎ᠠ ᠶᠢᠨ ᠡᠳᠤᠷ᠂  ᠬᠤᠳᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠬᠤᠷᠠᠯᠳᠤᠵᠤ᠂  ᠶᠡᠷᠤᠩᠭᠡᠢ ᠱᠦᠵᠢ ᠰᠢ  ᠶᠢᠨ ᠫᠢᠡᠭ ᠤᠨ ︿ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ﹀ ᠤ ᠠᠵᠢᠯ ᠤᠨ ᠲᠤᠬᠠᠢ ᠴᠢᠬᠤᠯᠨ ᠦᠭᠦᠯᠡᠯᠳᠡ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠪᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠪᠦᠬᠦ ᠬᠤᠳᠠ ᠶᠢᠨ ︿ᠮᠠᠯ ᠲᠠᠷᠢᠶᠠᠯᠠᠩ ᠮᠠᠯᠵᠢᠬᠤ ᠲᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀ ᠪᠡ ᠬᠦᠳᠡᠭᠡ ᠲᠤᠰᠬᠤᠨ ᠢ ᠬᠦᠭᠵᠢᠭᠦᠯᠬᠦ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠠᠳᠠᠯᠵᠤ᠂ 2022 ᠤᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠡ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠮᠠᠨ ᠤ ᠬᠤᠳᠠ  ᠶᠢᠨ ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀ ᠤ ᠠᠵᠢᠯ ᠢ ᠰᠠᠶᠢᠳᠤᠷ ᠬᠢᠬᠦ ᠳᠤ ᠴᠤᠬᠤᠯᠠᠪᠤᠷᠢ ᠦᠭᠴᠤ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂  ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠬᠤᠷᠠᠯ ᠳᠤ ᠤᠷᠤᠯᠴᠠᠬᠰᠡᠨ ᠤ ᠬᠠᠮᠳᠤ ᠶᠠᠷᠢᠶ᠎ᠠ ᠲᠠᠯᠪᠢᠪᠠ᠃        ᠯᠢ ᠯᠢ ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠠᠷ ᠪᠤᠢ᠂  ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀ ᠤ ᠠᠵᠢᠯ ᠢ ᠰᠠᠶᠢᠳᠤᠷ ᠬᠢᠵᠤ᠂  ︿ᠮᠠᠯ ᠲᠠᠷᠢᠶᠠᠯᠠᠩ ᠮᠠᠯᠵᠢᠬᠤ  ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ﹀ ᠤ ᠦᠨᠳᠤᠰᠤᠨ ᠪᠠᠶᠢᠳᠠᠯ ᠢ ᠲᠤᠬᠳᠠᠪᠤᠷᠢᠵᠢᠭᠤᠯᠬᠤ ᠨᠢ ᠤᠨᠴᠠᠭᠠᠢ ᠴᠢᠬᠤᠯᠨ ᠠᠴᠢ ᠬᠤᠯᠪᠤᠬᠳᠠᠯ ᠲᠠᠢ ᠶᠤᠮ᠃  ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠶᠡᠷᠤᠩᠭᠡᠢ ᠱᠦᠵᠢ ᠰᠢ ᠶᠢᠨ ᠫᠢᠡᠭ ᠤᠨ ︿ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ﹀ ᠤ ᠠᠵᠢᠯ ᠤᠨ ᠲᠤᠬᠠᠢ ᠴᠢᠬᠤᠯᠨ ᠶᠠᠷᠢᠶ᠎ᠠ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠪ  ᠤᠨ ᠬᠦᠳᠡᠭᠡ ᠲᠤᠰᠬᠤᠨ ᠤ ᠠᠵᠢᠯ ᠤᠨ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠳᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂  ᠲᠠᠷᠢᠶᠠᠯᠠᠩ ᠤᠨ ᠤᠨᠠᠯᠳᠡ ᠶᠢ ᠲᠤᠬᠳᠠᠪᠤᠷᠢᠵᠢᠭᠤᠯᠤᠨ᠂  ᠤᠨᠠᠯᠳᠡ ᠶᠢ ᠨᠡᠮᠡᠭᠳᠡᠭᠦᠯᠬᠦ᠂  ᠮᠠᠯᠴᠢᠨ ᠲᠠᠷᠢᠶᠠᠴᠢᠨ ᠤ ᠤᠷᠤᠯᠭ᠎ᠠ ᠶᠢ ᠲᠤᠬᠳᠠᠭᠤᠨ ᠢᠶᠠᠷ ᠨᠡᠮᠡᠭᠳᠡᠭᠦᠯᠬᠦ᠂  ᠮᠠᠯᠵᠢᠬᠤ ᠲᠠᠷᠢᠶᠠᠯᠠᠬᠤ ᠤᠷᠤᠨ ᠢ ᠠᠮᠤᠷ ᠲᠤᠬᠳᠠᠭᠤᠨ ᠪᠠᠶᠢᠯᠭᠠᠬᠤ ᠳᠤ ᠠᠩᠬᠠᠷᠤᠯ ᠢᠶᠠᠨ ᠲᠦᠪᠯᠡᠷᠡᠭᠦᠯᠵᠤ ᠬᠦᠳᠡᠭᠡ ᠲᠤᠰᠬᠤᠨ ᠤ ᠬᠦᠭᠵᠢᠯᠳᠡ᠂  ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠡ᠂  ᠬᠦᠳᠡᠭᠡ ᠲᠤᠰᠬᠤᠨ ᠤ ᠵᠠᠰᠠᠯᠳᠡ ᠵᠡᠷᠭᠡ ᠭᠤᠤᠯᠳᠠᠯᠭ᠎ᠠ  ᠲᠠᠢ ᠠᠵᠢᠯ ᠢ ᠯᠠᠪᠳᠠᠭᠤᠨ ᠪᠠᠳᠤᠳᠠᠢ ᠡᠮᠬᠢ ᠵᠢᠷᠤᠮ ᠲᠠᠢ ᠠᠬᠢᠭᠤᠯᠵᠤ᠂  ᠶᠠᠳᠠᠭᠤ ᠠᠴᠠ ᠠᠩᠬᠢᠵᠢᠷᠠᠭᠤᠯᠤᠨ ᠪᠤᠭᠤᠮᠳᠡ ᠰᠢᠪᠳᠤᠯᠤᠬᠰᠡᠨ ᠦᠷ᠎ᠡ ᠪᠦᠳᠦᠭᠡᠯ ᠢ ᠪᠠᠬᠢᠵᠢᠭᠦᠯᠤᠨ ᠦᠷᠭᠡᠳᠭᠡᠬᠦ ᠪᠡ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠤᠷᠭᠠᠨᠢᠭ ᠢᠶᠠᠷ ᠵᠤᠯᠭᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂  ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠬᠦ ᠳᠤ ᠰᠢᠨ᠎ᠡ ᠠᠬᠢᠴᠨ ᠰᠢᠨ᠎ᠡ ᠦᠷ᠎ᠡ ᠪᠦᠳᠦᠮᠵᠢ ᠤᠯᠬᠤ ᠬᠡᠷᠡᠭᠳᠠᠢ᠃  ᠨᠢᠭᠡᠳᠦᠭᠡᠷ ᠠᠵᠤ ᠦᠢᠯᠡᠰ ᠢ ᠲᠠᠬᠢᠨ ᠴᠤᠬᠴᠠᠯᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠤᠨ᠂  ᠲᠠᠷᠢᠶᠠᠯᠠᠩ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠨ ᠶᠢᠨ ᠴᠢᠨᠠᠷᠳᠠᠢ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠤ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠤᠷᠢᠯᠡᠯ ᠤᠨ ᠰᠠᠭᠤᠷᠢᠨ ᠭᠠᠵᠠᠷ  ᠤᠨ ᠴᠢᠨᠠᠷ ᠰᠠᠶᠢᠳᠠᠢ ᠦᠨᠳᠤᠷ ᠦᠷ᠎ᠡ ᠪᠦᠳᠦᠮᠵᠢᠳᠠᠢ ᠬᠡᠯᠪᠡᠷᠢ ᠪᠠᠨ ᠬᠤᠪᠢᠷᠠᠭᠤᠯᠬᠤ ᠶᠢ ᠶᠡᠭᠡ ᠪᠠᠷ ᠠᠬᠢᠭᠤᠯᠤᠨ᠂  ᠲᠦᠷᠦᠯ ᠵᠦᠢᠯ ᠢ ᠪᠤᠶᠢᠵᠢᠭᠤᠯᠬᠤ᠂  ᠴᠢᠨᠠᠷᠵᠢᠯ ᠢ ᠲᠡᠭᠡᠭᠰᠢᠯᠡᠭᠦᠯᠬᠦ᠂  ᠲᠦᠷᠦᠯ ᠲᠡᠮᠳᠡᠭᠳᠤ ᠶᠢ ᠡᠭᠦᠳᠬᠦ ᠶᠢ ᠨᠡᠩ ᠴᠢᠬᠤᠯᠠᠴᠢᠯᠠᠵᠤ᠂  ᠲᠠᠪᠠᠭᠤᠯᠢᠭ ᠮᠠᠯ ‍ᠤᠨ‌ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠠᠵᠤ ᠦᠢᠯᠡᠰ ᠤᠨ ᠪᠦᠰᠨ ᠪᠤᠯᠤᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠲᠠᠪᠠᠭᠤᠯᠢᠭ ᠤᠷᠤᠨ ᠢ ᠬᠦᠴᠦᠯᠡᠨ ᠴᠤᠬᠴᠠᠯᠠᠵᠤ᠂  ᠲᠠᠷᠢᠶᠠᠯᠠᠩ ᠮᠠᠯ ᠠᠬᠤᠢ  ᠶᠢᠨ ᠬᠦᠭᠵᠢᠯᠳᠡ ᠶᠢᠨ ᠴᠢᠨᠠᠷᠵᠢᠯ ᠪᠤᠯᠤᠨ ᠦᠷ᠎ᠡ ᠠᠰᠢᠭ ᠢ ᠲᠠᠰᠤᠷᠠᠯᠳᠡ ᠦᠭᠡᠢ ᠲᠡᠭᠡᠭᠰᠢᠯᠡᠭᠦᠯᠤᠨ᠂  ᠲᠠᠷᠢᠶᠠᠯᠠᠩ ᠮᠠᠯ ᠠᠵᠤ ᠠᠬᠤᠢ ᠶᠢᠨ ᠪᠤᠬᠢᠷᠳᠦᠯ ᠦᠭᠡᠢ᠂ ᠡᠷᠴᠢᠮᠵᠢᠭᠰᠡᠨ᠂  ᠬᠡᠪᠴᠢᠶᠡᠵᠢᠭᠰᠡᠨ᠂  ᠦᠵᠦᠭᠦᠷᠰᠢᠭᠰᠡᠨ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠠᠢ᠃  ᠠᠩᠬᠠᠨ ᠤ ᠪᠦᠳᠦᠭᠡᠭᠳᠡᠭᠦᠨ ᠤ ᠬᠠᠨᠭ᠍ᠭᠠᠯᠭ᠎ᠠ ᠶᠢ ᠪᠠᠳᠤᠯᠬᠠᠤ ᠴᠢᠬᠤᠯᠨ ᠶᠡᠭᠡ ᠪᠠᠶᠢᠷᠢᠯᠠᠭᠤᠯᠤᠯᠳᠡ ᠶᠢ ᠴᠢᠩᠭ᠎ᠠ ᠨᠠᠶᠢᠳᠠᠪᠤᠷᠢᠵᠢᠭᠤᠯᠵᠤ᠂  ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠴᠢᠬᠤᠯᠨ ᠶᠡᠭᠡ ᠪᠠᠶᠢᠷᠢᠯᠠᠭᠤᠯᠤᠯᠳᠡ ᠶᠢ ᠴᠢᠩᠭ᠎ᠠ ᠨᠠᠶᠢᠳᠠᠪᠤᠷᠢᠵᠢᠭᠤᠯᠵᠤ᠂  ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠴᠢᠬᠤᠯᠨ ᠶᠡᠭᠡ ᠤᠯᠤᠰ ᠲᠦᠷᠦ ᠶᠢᠨ ᠬᠠᠷᠢᠭᠤᠴᠠᠯᠠᠭ᠎ᠠ ᠶᠢ ᠡᠷᠡᠰ ᠡᠭᠦᠷᠭᠡᠯᠡᠨ᠂ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠡ ᠶᠢ ᠰᠠᠶᠢᠳᠤᠷ ᠠᠳᠬᠤᠵᠤ᠂  ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠤᠯᠭᠠᠬᠤ﹀᠂  ︿ᠲᠠᠷᠢᠶᠠᠯᠠᠩ ᠤᠨ ᠪᠤᠰᠤ ᠪᠤᠯᠭᠠᠬᠤ﹀ ᠶᠢ ᠡᠷᠡᠰ ᠰᠡᠷᠭᠡᠶᠢᠯᠡᠨ᠂  ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠳᠤ ᠤᠷᠳᠤᠰ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠳᠠᠢ᠃  ᠨᠠᠮ ᠤᠨ ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ‌ᠮᠠᠯᠴᠢᠨ ᠲᠠᠷᠢᠶᠠᠴᠢᠨ﹀ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠲᠠᠪᠤᠨ ᠱᠠᠳᠤᠨ ᠤ ᠱᠦᠵᠢ ᠶᠢᠨ ᠬᠦᠳᠡᠭᠡ ᠲᠤᠰᠬᠤᠨ ᠢ ᠬᠦᠭᠵᠢᠭᠦᠯᠬᠦ ᠶᠢ ᠠᠳᠬᠤᠬᠤ ᠬᠠᠷᠢᠭᠤᠴᠠᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀ ᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠡᠨ᠂  ᠮᠠᠨ ᠤ ᠬᠤᠳᠠ ᠶᠢᠨ ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠠᠢ ᠭᠡᠵᠤ ᠵᠢᠭᠠᠵᠤ ᠭᠠᠷᠭᠠᠪᠠ᠃        ᠳ᠋ᠦ᠋ ᠬᠤᠢ ᠯᠢᠶᠠᠩ ᠶᠡᠷᠤᠩᠭᠡᠢ ᠱᠦᠵᠢ ᠰᠢ ᠶᠢᠨ ᠫᠢᠡᠭ ᠦᠪᠤᠷ ᠮᠤᠩᠭᠤᠯ ᠤᠨ ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀ ᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠡᠨ ᠦᠵᠡᠵᠤ᠂  ᠤᠯᠡᠨ ᠤᠳᠠᠭ᠎ᠠ ᠭᠤᠤᠯᠳᠠᠯᠭ᠎ᠠ ᠲᠠᠢ ᠴᠢᠬᠤᠯᠠᠴᠢᠯᠡᠨ᠂  ᠭᠤᠤᠯᠳᠠᠯᠭ᠎ᠠ ᠲᠠᠢ ᠪᠠᠶᠢᠷᠢᠯᠠᠭᠤᠯᠤᠯᠳᠡ ᠬᠢᠵᠤ᠂  ᠦᠪᠤᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠡ ᠮᠠᠯᠵᠢᠬᠤ ᠲᠠᠷᠢᠶᠠᠯᠠᠬᠤ ᠤᠷᠤᠨ ᠤ ᠴᠢᠨᠠᠷ ᠰᠠᠶᠢᠳᠠᠢ ᠬᠦᠭᠵᠢᠯᠳᠡ ᠶᠢᠨ ᠠᠯᠢ ᠤᠯᠡᠨ ᠪᠦᠬᠦ ᠲᠠᠯ᠎ᠠ ᠶᠢᠨ ᠴᠢᠨᠠᠷᠳᠠᠢ᠂  ᠦᠨᠳᠤᠰᠤᠨ ᠴᠢᠨᠠᠷᠳᠠᠢ᠂  ᠴᠢᠭᠯᠡᠯ ᠤᠨ ᠴᠢᠨᠡᠷᠳᠠᠢ ᠴᠢᠬᠤᠯᠨ ᠶᠡᠭᠡ ᠠᠰᠠᠭᠤᠳᠠᠯ ᠢ ᠬᠦᠨᠵᠡᠭᠡᠢ ᠲᠤᠳᠤᠷᠬᠠᠶᠢᠯᠡᠨ ᠦᠭᠦᠯᠡᠭᠰᠡᠨ ᠪᠠᠶᠢᠨ᠎ᠠ᠃  ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠬᠢᠨ ᠶᠡᠷᠤᠩᠭᠡᠢ ᠱᠦᠵᠢ ᠰᠢ ᠶᠢᠨ ᠫᠢᠡᠭ ᠤᠨ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠦᠢᠯᠠᠭᠠᠵᠤ᠂ ᠤᠯᠤᠰ ᠲᠦᠷᠦ ᠶᠢᠨ ᠤᠬᠠᠮᠰᠡᠷ᠂  ᠬᠠᠤᠯᠢᠵᠢᠯ ᠤᠨ ᠤᠬᠠᠮᠰᠡᠷ ᠢ ᠪᠠᠳᠤ ᠪᠤᠢ ᠪᠤᠯᠭᠠᠨ᠂  ᠰᠢᠨ᠎ᠡ ᠶᠢ ᠡᠭᠦᠳᠬᠦ ᠰᠡᠳᠬᠢᠭᠦᠢ᠂  ᠬᠤᠷᠢᠭ᠎ᠠ ᠱᠤᠭᠤᠮ  ᠤᠨ ᠰᠡᠳᠬᠢᠭᠦᠢ  ᠪᠠᠨ ᠴᠢᠩᠭᠠᠳᠬᠠᠵᠤ᠂  ᠪᠠᠶᠢᠯᠳᠤᠬᠤ ᠪᠤᠳᠤᠯᠭ᠎ᠠ ᠶᠢᠨ ᠠᠵᠨ ᠲᠤᠬᠢᠶᠠᠯ ᠢ ᠤᠨᠤᠪᠴᠢᠳᠠᠢ ᠡᠵᠡᠮᠳᠡᠨ᠂  ᠤᠷᠤᠰᠢᠵᠤ ᠪᠠᠶᠢᠭ᠎ᠠ ᠠᠰᠠᠭᠤᠳᠠᠯ ᠢ ᠰᠡᠷᠭᠡᠭ ᠢᠶᠠᠷ ᠲᠠᠨᠢᠵᠤ᠂  ᠡᠭᠦᠷᠭᠡ ᠬᠠᠷᠢᠭᠤᠴᠠᠯᠠᠭ᠎ᠠ ᠪᠠᠨ ᠰᠠᠶᠢᠳᠤᠷ ᠡᠭᠦᠷᠭᠡᠯᠡᠨ᠂  ᠬᠡᠷᠡᠭᠵᠢᠭᠦᠯᠤᠯᠳᠡ ᠶᠢᠨ ᠨᠠᠶᠢᠳᠠᠪᠤᠷᠢᠵᠢᠭᠤᠯᠤᠯᠳᠡ ᠶᠢ ᠴᠢᠩᠭᠠᠳᠬᠠᠨ᠂  ᠪᠦᠬᠦ ᠬᠤᠳᠠ ᠶᠢᠨ ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀  ᠤ ᠠᠵᠢᠯ ᠤᠨ ᠲᠠᠰᠤᠷᠠᠯᠳᠡ ᠦᠭᠡᠢ ᠰᠢᠨ᠎ᠡ ᠠᠬᠢᠴᠨ ᠲᠠᠢ ᠪᠤᠯᠬᠤ ᠶᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃         ᠳ᠋ᠦ᠋ ᠬᠤᠢ ᠯᠢᠶᠠᠩ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠬᠦ ᠶᠢ ᠲᠦᠷᠭᠡᠳᠭᠡᠨ ᠠᠬᠢᠭᠤᠯᠵᠤ᠂  ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠪᠠᠷ ᠲᠡᠷᠢᠭᠦᠨ ᠴᠢᠬᠤᠯᠨ ᠡᠭᠦᠷᠭᠡ ᠪᠤᠯᠭᠠᠵᠤ᠂  ᠠᠵᠤ ᠦᠢᠯᠡᠰ ᠢ ᠬᠦᠭᠵᠢᠭᠦᠯᠬᠦ ᠪᠠᠷ ᠦᠨᠳᠤᠰᠤ ᠶᠢ ᠪᠠᠬᠢᠵᠢᠭᠦᠯᠬᠦ ᠪᠠᠷ ᠬᠤᠷᠢᠭ᠎ᠠ ᠱᠤᠭᠤᠮ ᠤᠨ ᠱᠠᠭᠠᠷᠳᠠᠯᠭ᠎ᠠ ᠪᠤᠯᠭᠠᠵᠤ᠂  ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠡ ᠶᠢ ᠴᠢᠩᠭᠠᠳᠬᠠᠬᠤ ᠪᠠᠷ ᠰᠠᠭᠤᠷᠢ ᠢᠨᠵᠧᠨᠧᠷᠢᠩ ᠪᠤᠯᠭᠠᠨ᠂  ᠦᠨᠳᠤᠰᠤᠨ ᠱᠠᠳᠤᠨ  ᠤ ᠵᠠᠰᠠᠯᠳᠡ ᠶᠢ ᠬᠦᠨᠵᠡᠭᠡᠶᠢᠷᠡᠭᠦᠯᠬᠦ ᠪᠠᠷ ᠲᠤᠬᠳᠠᠭᠤᠨ ᠤ ᠰᠠᠭᠤᠷᠢ ᠪᠤᠯᠭᠠᠵᠤ᠂  ᠭᠤᠤᠯᠳᠠᠯᠭ᠎ᠠ ᠶᠢ ᠡᠵᠡᠮᠳᠡᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠤ᠂  ᠡᠯ᠎ᠡ ᠲᠦᠷᠦᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠠᠢ᠃  ᠵᠤᠬᠢᠶᠠᠨ ᠪᠠᠶᠢᠭᠤᠯᠵᠤ ᠤᠳᠤᠷᠢᠳᠬᠤ  ᠪᠠᠨ ᠴᠢᠩᠭᠠᠳᠬᠠᠵᠤ᠂ ᠬᠠᠷᠢᠭᠤᠴᠠᠯᠠᠭ᠎ᠠ ᠶᠢ ᠪᠦᠬᠦ ᠲᠠᠯ᠎ᠠ ᠪᠠᠷ ᠪᠤᠳᠠᠳᠠᠶᠢᠵᠢᠭᠤᠯᠤᠨ᠂ ᠨᠠᠮ ᠵᠠᠰᠠᠭ ᠤᠨ ᠠᠳᠠᠯᠢ ᠬᠠᠷᠢᠭᠤᠴᠠᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂  ᠠᠵᠢᠯ ᠢ ᠠᠬᠢᠭᠤᠯᠬᠤ ᠲᠤᠬᠳᠠᠴᠨ ᠶᠢ ᠪᠦᠷᠢᠨᠰᠢᠭᠦᠯᠤᠨ᠂  ᠪᠡᠯᠨ ᠤᠷᠤᠭᠤᠯᠤᠯᠳᠡ ᠶᠢᠨ ᠪᠠᠳᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ  ᠤ ᠠᠵᠢᠯ ᠢ ᠰᠠᠶᠢᠳᠤᠷ ᠬᠢᠬᠦ ᠳᠤ ᠪᠠᠳᠤ ᠴᠢᠩᠭ᠎ᠠ ᠪᠠᠳᠤᠯᠠᠭ᠎ᠠ ᠬᠠᠨᠭ᠍ᠭᠠᠬᠤ ᠬᠡᠷᠡᠭᠳᠠᠢ᠃ ᠲᠠᠷᠢᠶᠠᠯᠠᠬᠤ ᠴᠠᠭ ᠢ ᠡᠵᠡᠮᠳᠡᠵᠤ᠂ ᠲᠠᠷᠢᠶᠠᠯᠠᠩ ᠤᠨ ᠪᠠᠶᠢᠳᠠᠯ ᠳᠤ ᠵᠤᠬᠢᠴᠠᠭᠤᠯᠤᠨ᠂  ᠡᠷᠳᠡ ᠠᠴᠠ ᠪᠡᠯᠡᠳᠭᠡᠵᠤ᠂ ᠡᠷᠳᠡᠭᠡᠨ ᠠᠴᠠ ᠪᠠᠶᠢᠷᠢᠯᠠᠭᠤᠯᠤᠨ᠂ ᠡᠷᠳᠡᠭᠡᠨ ᠠᠴᠠ ᠬᠦᠳᠡᠯᠤᠯᠴᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ᠂ ᠲᠠᠷᠢᠶᠠᠯᠠᠩ ᠤᠨ ᠦᠢᠯᠡᠳᠪᠤᠷᠢᠯᠡᠯ ᠤᠨ ᠭᠡᠷᠡᠭᠰᠡᠯ ᠤᠨ ᠬᠠᠨᠭ᠍ᠭᠠᠯᠭ᠎ᠠ᠂ ᠲᠠᠷᠢᠶᠠᠯᠠᠩ ᠤᠨ ᠤᠰᠤᠨ ᠠᠰᠢᠬᠠᠯᠡᠯᠳᠡ ᠶᠢᠨ ᠪᠦᠳᠦᠭᠡᠨ ᠪᠠᠶᠢᠭᠤᠯᠤᠯᠳᠡ ᠵᠡᠷᠭᠡ ᠭᠤᠤᠯᠳᠠᠯᠭ᠎ᠠ  ᠲᠠᠢ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂  ᠪᠦᠬᠦ ᠵᠢᠯ ᠤᠨ ︿ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ﹀ ᠤ ᠠᠵᠢᠯ ᠢ ᠰᠠᠶᠢᠳᠤᠷ ᠡᠬᠢᠯᠡᠭᠦᠯᠵᠤ᠂ ᠰᠠᠶᠢᠨ ᠡᠬᠢᠯᠡᠯᠳᠡ ᠲᠠᠢ ᠪᠤᠯᠭᠠᠬᠤ ᠶᠢ ᠦᠨᠡᠨ ᠬᠦ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃       ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠬᠳᠠᠭᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠰᠢᠶᠤᠤ ᠫᠢᠩ᠂ ᠳ᠋ᠦ᠋ ᠰᠢᠶᠤᠤ ᠶᠠᠨ᠂ ᠱᠠᠩ ᠵᠧᠨ ᠹᠸᠢ ᠂ ᠶᠠᠩ ᠯᠢ ᠫᠧᠩ᠂ ᠶᠠᠩ ᠳ᠋ᠦᠩ᠂ ᠪᠠᠢ ᠭᠦᠸᠧ ᠳ᠋ᠦᠩ᠂ ᠵᠠᠩ ᠸᠧᠢ ᠰᠢᠶᠦ᠋ᠩ᠂ ᠯᠢ ᡁᠢ ᠡᠦ᠂ ᠠᠮᠤᠷᠪᠤᠯᠠᠭ ᠵᠢᠴᠢ ᠡᠯ᠎ᠡ ᠰᠤᠮᠤ ᠪᠠᠯᠭᠠᠰᠤ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ᠂ ᠲᠠᠷᠢᠶᠠᠯᠠᠬᠤ ᠮᠠᠯᠵᠢᠬᠤ ᠳᠤᠪᠴᠢᠶ᠎ᠠ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠢ ᠨᠢᠭᠡᠳᠦᠯᠳᠡᠢ ᠲᠦᠯᠦᠪᠵᠢᠭᠦᠯᠦᠨ ᠬᠦᠭᠵᠢᠬᠦᠯᠬᠦ ᠳᠦᠪ ᠤᠨ ᠬᠠᠷᠢᠭᠤᠴᠠᠯᠭᠠᠳᠠᠳ ᠮᠠᠨ ᠤ ᠬᠤᠰᠢᠭᠤᠨ ᠤ  ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃ ᠸᠠᠩ ᠰᠢᠶᠤᠤ ᠫᠢᠩ ᠬᠤᠷᠠᠯ ᠳᠡᠭᠡᠷ᠎ᠡ ᠨᠡᠶᠢᠳᠡᠯᠢᠭ ᠵᠢᠱᠢᠶ᠎ᠡ ᠶᠢᠨ ᠶᠠᠷᠢᠶ᠎ᠠ ᠲᠠᠯᠪᠢᠵᠠᠢ᠃   
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ