| | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠴᠢᠨᠠᠷᠯᠢᠭ | ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2021 — 2025 ᠣᠨ︶︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ 2021 ᠣᠨ ᠤ 21 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠲᠥᠰᠥᠯ︾ | ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ | ᠲᠠᠶᠢᠯᠤᠮᠵᠢ ᠬᠢᠪᠡ᠃ | ᠨᠢᠭᠡ᠂ ᠶᠠᠭᠤᠨ ᠤ ᠤᠴᠢᠷ ᠠᠴᠠ ︽ᠲᠥᠰᠥᠯ︾ ᠢ ᠲᠣᠭᠲᠠᠭᠠᠵᠤ ᠨᠡᠶᠢᠲᠡᠯᠡᠭᠰᠡᠨ ᠪᠤᠢ︖ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ | ᠪᠡᠶᠡᠯᠡᠭᠦᠯᠬᠦ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠣᠨ᠎ᠠ᠃ ᠬᠤᠶᠢᠰᠢᠳᠠ ᠶᠢᠨ ᠬᠡᠰᠡᠭ ᠬᠤᠭᠤᠴᠠᠭᠠᠨ ᠳᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠪᠠᠷ ᠭᠤᠣᠯ ᠪᠣᠯᠭᠠᠭᠰᠠᠨ | ᠰᠢᠨ᠎ᠡ ᠡᠨᠧᠷᠭᠢ ᠶᠢᠨ ᠰᠤᠷᠪᠤᠯᠵᠢ ᠨᠢ ᠲᠦᠷᠭᠡᠨ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠲᠤᠨᠤᠭ ᠲᠥᠬᠦᠭᠡᠷᠦᠮᠵ᠊ ᠳᠠᠬᠢ | ᠬᠡᠷᠡᠭᠴᠡᠭᠡ ᠯᠤᠲᠤ ᠶᠡᠭᠡ ᠪᠣᠯᠣᠨ᠎ᠠ᠃ ᠥᠪᠥᠷ ᠮᠣᠩᠭᠤᠯ ᠤᠨ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ | ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠤᠨ ᠦᠢᠯᠡᠳᠬᠡᠯ ᠤᠨ | ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠵᠠᠬ᠎ᠠ ᠳᠡᠯᠭᠡᠭᠦᠷ ᠤᠨ ᠠᠵᠠ ᠲᠣᠬᠢᠶᠠᠯ ᠬᠠᠩᠭᠠᠪᠠ᠃ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠯᠦᠭᠡ | ᠵᠣᠬᠢᠴᠠᠯᠳᠤᠭᠰᠠᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ︽ᠲᠥᠰᠥᠯ︾ ᠢ ᠲᠣᠭᠲᠠᠭᠠᠪᠠ᠃ | ᠬᠤᠶᠠᠷ᠂ ︽ᠲᠥᠰᠥᠯ︾ ᠤᠨ ᠶᠡᠷᠦᠩᠬᠡᠢ ᠱᠠᠭᠠᠷᠳᠠᠯᠭ᠎ᠠ ᠨᠢ ᠶᠠᠭᠤ ᠪᠤᠢ︖ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠵᠢᠯ ᠤᠨ ᠭᠠᠷᠤᠯᠲᠠ ᠨᠢ 800 ᠲᠦᠮᠡᠨ ᠺᠢᠯᠣᠸᠠᠲ ᠠᠴᠠ | ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠵᠢᠴᠢ ᠰᠡᠯᠪᠢᠭ ᠲᠤᠨᠤᠭ᠂ 400 ᠲᠦᠮᠡᠨ ᠺᠢᠯᠣᠸᠠᠲ ᠠᠴᠠ ᠳᠡᠭᠡᠭᠰᠢᠬᠢ ᠨᠡᠷᠡᠨ ᠡᠨᠧᠷᠭᠢ ᠶᠢᠨ | ᠳ᠋ᠢᠶᠠᠨ ᡂᠢ ᠵᠢᠴᠢ ᠲᠣᠨᠣᠭᠯᠠᠭᠠᠰᠤ᠂ 360 ᠲᠦᠮᠡᠨ ᠺᠢᠯᠣᠸᠠᠲ ᠠᠴᠠ ᠳᠡᠭᠡᠭᠰᠢᠬᠢ ᠡᠨᠧᠷᠭᠢ ᠬᠠᠳᠠᠭᠠᠯᠠᠬᠤ ᠲᠣᠨᠤᠭ ᠲᠦᠬᠦᠭᠡᠷᠦᠮᠵᠢ᠂ 5000 ᠢᠵᠢ ᠠᠴᠠ | ᠳᠡᠭᠡᠭᠰᠢᠬᠢ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠤ ᠴᠠᠬᠢᠯᠭᠠᠨ ᠵᠤᠤᠬ᠎ᠠ ᠶᠢᠨ ᠰᠢᠰᠲ᠋ᠧᠮ᠂ 800 ᠢᠵᠢ ᠠᠴᠠ ᠳᠡᠭᠡᠭᠰᠢᠬᠢ ᠤᠰᠤᠲᠥ᠋ᠷᠥᠭᠴᠢ ᠦᠢᠯᠡᠳᠬᠦ | ᠵᠢᠴᠢ ᠠᠵᠤ ᠦᠢᠯᠡᠳᠪᠦᠷᠢ ᠶᠢᠨ ᠳᠠᠭᠠᠯᠲᠠ ᠭᠠᠷᠤᠯᠲᠠ ᠶᠢᠨ ᠤᠰᠤᠲᠥ᠋ᠷᠥᠭᠴᠢ ᠶᠢ ᠴᠡᠪᠡᠷᠰᠢᠭᠦᠯᠬᠦ ᠲᠥᠬᠦᠭᠡᠷᠦᠮᠵᠢ᠂ 40 ᠲᠦᠮᠡᠨ ᠲᠣᠨ ᠠᠴᠠ ᠳᠡᠭᠡᠭᠰᠢᠬᠢ | ᠤᠰᠤᠲᠥ᠋ᠷᠥᠭᠴᠢ ᠬᠠᠳᠠᠭᠠᠯᠠᠬᠤ ᠲᠥᠬᠦᠭᠡᠷᠦᠮᠵᠢ ᠶᠢᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠬᠦ ᠪᠠᠷ ᠲᠥᠯᠥᠪᠵᠢᠭᠦᠯᠪᠡ᠃ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ | ᠭᠤᠷᠪᠠ᠂ ︽ᠲᠥᠰᠥᠯ︾ ᠳᠤ ᠲᠣᠳᠣᠷᠬᠠᠶᠢᠯᠠᠭᠰᠠᠨ ᠰᠢᠨ᠎ᠡ ᠡᠨᠧᠷᠭᠢ ᠶᠢᠨ ᠲᠣᠨᠤᠭ ᠲᠦᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠶᠢᠨ | ᠴᠢᠭᠯᠡᠯ ᠨᠢ ᠶᠠᠭᠤ ᠪᠤᠢ︖ | ᠰᠠᠯᠬᠢ᠂ ᠭᠡᠷᠡᠯ᠂ ᠤᠰᠤᠲᠥ᠋ᠷᠥᠭᠴᠢ᠂ ᠨᠥᠭᠡᠴᠡᠯᠡᠬᠦ ᠲᠣᠨᠣᠭᠯᠠᠯ ᠦᠢᠯᠡᠳᠬᠦ ᠳᠦᠷᠪᠡᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠴᠢᠭᠯᠡᠯ ᠪᠣᠯᠣᠨ | ᠮᠡᠷᠭᠡᠵᠢᠯ ᠤᠨ ᠭᠦᠢᠴᠡᠳᠬᠡᠯ ᠤᠨ ᠲᠤᠭ᠎ᠠ ᠶᠢ ᠳᠤᠷᠠᠳᠪᠠ᠃ ᠣᠲᠣ ᠶᠢᠨ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠳᠡᠯᠪᠢ᠂ | ᠴᠠᠬᠢᠯᠭᠠᠨ ᠭᠠᠷᠭᠠᠬᠤ ᠮᠠᠰᠢᠨ᠂ ᠬᠤᠷᠳᠤᠴᠠ ᠨᠡᠮᠡᠭᠳᠡᠯ ᠤᠨ ᠮᠠᠰᠢᠨ᠂ ᠪᠤᠯᠤ᠂ ᠭᠤᠣᠯ ᠲᠡᠩᠭᠡᠯᠢᠭ᠂ ᠲᠣᠭᠲᠠᠮᠠᠯ ᠡᠷᠭᠢᠭᠴᠢ᠂ ᠹᠠᠯᠠᠨ᠂ ᠬᠤᠯᠬᠤᠪᠴᠢ᠂ ᠡᠵᠡᠮᠰᠢᠯ ᠤᠨ | ᠰᠢᠰᠲ᠋ᠧᠮ ᠵᠡᠷᠭᠡ ᠭᠤᠣᠯ ᠪᠣᠯᠬᠤ ᠢᠵᠢ ᠪᠦᠷᠢᠳᠦᠭᠦᠯᠬᠦ ᠰᠡᠯᠪᠢᠭ ᠲᠣᠨᠤᠭ ᠢ ᠭᠤᠣᠯᠳᠠᠯᠭ᠎ᠠ ᠲᠠᠢ ᠬᠥᠭᠵᠢᠭᠦᠯᠵᠦ᠂ ᠰᠡᠯᠪᠢᠭ ᠲᠣᠨᠤᠭ ᠤᠨ ᠣᠷᠣᠨ ᠤ ᠳᠣᠲᠣᠷᠠᠬᠢ | ᠢᠵᠢ ᠪᠦᠷᠢᠳᠦᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷᠡᠯ ᠴᠡᠨᠡᠭ ᠤᠨ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠣᠯᠠᠨ | ᠲᠠᠯᠠᠰᠲᠤ ᠴᠠᠬᠢᠭᠤᠷ᠂ ᠲᠠᠩ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠵᠣᠷᠢᠭᠵᠢᠭᠤᠯᠵᠤ᠂ ᠳᠣᠣᠷᠠᠳᠤ | ᠤᠷᠤᠰᠬᠠᠯ ᠤᠨ ᠳ᠋ᠢᠶᠠᠨ ᡂᠢ ᠶᠢᠨ ᠢᠯᠲᠠᠰᠤ᠂ ᠳ᠋ᠢᠶᠠᠨ ᡂᠢ ᠶᠢᠨ ᠲᠣᠨᠣᠭᠯᠠᠭᠠᠰᠤ ᠶᠢ ᠬᠥᠭᠵᠢᠭᠦᠯᠦᠨ᠎ᠡ᠃ ᠬᠡᠷᠡᠯ ᠴᠡᠨᠡᠭ ᠤᠨ ᠰᠢᠯ᠂ ᠠᠷᠤ ᠬᠠᠪᠲᠠᠰᠤ᠂ EVA | ᠭᠤᠮ ᠪᠦᠷᠬᠦᠪᠴᠢ᠂ ᠰᠥᠷᠬᠦ ᠬᠤᠪᠢᠷᠠᠭᠠᠭᠤᠷ ᠵᠡᠷᠭᠡ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ | ᠦᠶ᠋ᠯᠡᠳᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ ᠡᠯᠪᠡᠭ ᠪᠠᠶᠠᠯᠢᠭ ᠡᠨᠧᠷᠭᠢ ᠶᠢᠨ ᠡᠬᠢ ᠪᠠᠶᠠᠯᠢᠭ ᠪᠠ ᠤᠰᠤᠲᠥ᠋ᠷᠥᠭᠴᠢ ᠡᠨᠧᠷᠭᠢ ᠶᠢᠨ | ᠬᠡᠷᠡᠭᠯᠡᠭᠡᠨ ᠤ ᠠᠬᠤᠢ ᠪᠠᠶᠢᠳᠠᠯ ᠳᠤ ᠲᠦᠰᠢᠭᠯᠡᠨ᠂ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠮᠡᠷᠭᠡᠵᠢᠯ ᠤᠨ ᠰᠢᠨᠡᠴᠢᠯᠡᠯᠲᠡ ᠶᠢ ᠴᠢᠩᠭᠠᠳᠬᠠᠵᠤ᠂ ᠴᠠᠬᠢᠯᠭᠠᠨ | ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠲᠣᠨᠣᠭᠯᠠᠯ᠂ ᠠᠵᠤ ᠦᠢᠯᠡᠳᠪᠦᠷᠢ ᠶᠢᠨ ᠳᠠᠭᠠᠯᠲᠠ ᠭᠠᠷᠤᠯᠲᠠ ᠶᠢᠨ ᠤᠰᠤᠲᠥ᠋ᠷᠥᠭᠴᠢ ᠶᠢ ᠴᠡᠪᠡᠷᠰᠢᠭᠦᠯᠬᠦ | ᠲᠣᠨᠣᠭᠯᠠᠯ᠂ ᠤᠰᠤᠲᠥ᠋ᠷᠥᠭᠴᠢ ᠡᠨᠧᠷᠭᠢ ᠶᠢ ᠬᠠᠳᠠᠭᠠᠯᠠᠵᠤ ᠵᠥᠭᠡᠭᠡᠪᠦᠷᠢᠯᠡᠬᠦ ᠲᠣᠨᠣᠭᠯᠠᠯ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠡᠷᠭᠡ ᠲᠣᠨᠤᠭ | ᠲᠦᠬᠦᠭᠡᠷᠦᠮᠵᠢ ᠶᠢᠨ ᠦᠢᠯᠡᠳᠬᠡᠯ ᠤᠨ ᠦᠢᠯᠡᠰ ᠢ ᠬᠥᠭᠵᠢᠭᠦᠯᠦᠨ᠎ᠡ᠃ | ᠳᠥᠷᠪᠡ᠂ ︽ᠲᠥᠰᠥᠯ︾ ᠤᠨ ᠭᠤᠣᠯ ᠡᠭᠦᠷᠭᠡ ᠳᠤ ᠠᠯᠢ ᠠᠯᠢ ᠲᠠᠯ᠎ᠠ ᠶᠢ ᠪᠠᠭᠲᠠᠭᠠᠬᠤ ᠪᠤᠢ︖ | ᠨᠢᠭᠡ ᠳᠤ᠂ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠷᠢᠰᠢᠯ ᠢ ᠠᠬᠢᠭᠤᠯᠤᠨ᠎ᠠ᠃ ᠠᠵᠤ ᠦᠢᠯᠡᠰ ᠤᠨ ᠰᠠᠭᠤᠷᠢ᠂ ᠣᠷᠣᠨ ᠪᠠᠶᠢᠷᠢ ᠶᠢᠨ ᠨᠥᠬᠦᠴᠡᠯ᠂ ᠡᠬᠢ | ᠪᠠᠶᠠᠯᠢᠭ ᠤᠨ ᠬᠦᠴᠦᠨ ᠵᠦᠢᠯ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ | ᠲᠥᠷᠥᠯ ᠵᠦᠢᠯ ᠵᠢᠴᠢ ᠦᠶ᠋ᠯᠡᠳᠬᠦ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠷᠢᠯᠠᠭᠤᠯᠤᠨ᠎ᠠ᠃ | ᠬᠤᠶᠠᠷ ᠲᠤ᠂ ᠠᠵᠤ ᠦᠢᠯᠡᠰ ᠢ ᠬᠡᠯᠬᠢᠶᠡᠵᠢᠭᠰᠡᠨ ᠬᠡᠯᠪᠡᠷᠢ ᠪᠠᠷ ᠤᠷᠲᠤᠳᠬᠠᠬᠤ ᠶᠢ ᠠᠬᠢᠭᠤᠯᠤᠨ᠎ᠠ᠃ ᠬᠡᠯᠬᠢᠶᠡᠵᠢᠯ ᠤᠨ ᠭᠤᠣᠯ ᠠᠵᠤ ᠠᠬᠤᠶᠢᠯᠠᠯ᠂ ᠬᠥᠲᠥᠴᠢ | ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠶᠡᠭᠡ ᠪᠠᠷ ᠪᠤᠶᠢᠵᠢᠭᠤᠯᠤᠨ᠎ᠠ᠃ ᠳᠤᠮᠳᠠ ᠵᠢᠵᠢᠭ ᠠᠵᠤ | ᠠᠬᠤᠶᠢᠯᠠᠯ ᠤᠨ ᠲᠣᠮᠣ ᠬᠡᠯᠪᠡᠷᠢ ᠶᠢᠨ ᠨᠢᠷᠤᠭᠤᠪᠴᠢ ᠠᠵᠤ ᠠᠬᠤᠶᠢᠯᠠᠯ ᠤᠨ ᠲᠣᠭᠤᠷᠢᠨ ᠳᠤ ᠬᠠᠮᠵᠢᠯᠴᠠᠨ ᠢᠵᠢ ᠪᠦᠷᠢᠳᠦᠭᠦᠯᠬᠦ ᠶᠢ ᠵᠣᠷᠢᠭᠵᠢᠭᠤᠯᠤᠨ᠎ᠠ᠃ | ᠭᠤᠷᠪᠠ ᠳᠤ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠥᠨ | ᠵᠢᠯᠤᠭᠤᠳᠴᠤ ᠪᠠᠶᠢᠭᠠᠳ ᠪᠡᠯᠡ ᠮᠥᠩᠭᠦ ᠣᠷᠣᠭᠤᠯᠬᠤ᠂ ᠮᠡᠷᠭᠡᠵᠢᠯ ᠣᠷᠣᠭᠤᠯᠬᠤ᠂ ᠴᠢᠳᠠᠪᠤᠷᠢᠲᠠᠨ ᠣᠷᠣᠭᠤᠯᠬᠤ ᠡᠷᠴᠢᠮ ᠢ ᠴᠢᠩᠭᠠᠷᠠᠭᠤᠯᠵᠤ᠂ ᠪᠡᠶ᠎ᠡ ᠪᠠᠨ | ᠳᠠᠭᠠᠭᠠᠵᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠂ ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠰᠢᠨᠡᠴᠢᠯᠡᠯᠲᠡ ᠬᠠᠮᠲᠤᠷᠠᠯᠴᠠᠭ᠎ᠠ ᠶᠢ | ᠥᠷᠭᠡᠳᠬᠡᠵᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠯᠦᠭᠡ ᠲᠣᠬᠢᠷᠠᠯᠴᠠᠭᠰᠠᠨ | ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠢ ᠥᠪᠥᠷ ᠮᠣᠩᠭᠤᠯ ᠳᠤ ᠠᠵᠤ ᠦᠢᠯᠡᠰᠵᠢᠭᠦᠯᠦᠨ ᠬᠡᠷᠡᠭᠯᠡᠬᠦ ᠶᠢ | ᠪᠡᠶᠡᠯᠡᠭᠦᠯᠦᠨ᠎ᠡ᠃ | ᠳᠥᠷᠪᠡ ᠳᠤ᠂ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠲᠣᠭᠠᠴᠢᠯᠠᠭᠰᠠᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ | ᠭᠠᠩᠨᠠᠨ ᠵᠠᠯᠭᠠᠬᠤ᠂ ᠰᠦᠷᠴᠢᠨ ᠰᠢᠷᠳᠡᠬᠦ ᠵᠡᠷᠭᠡ ᠵᠠᠩᠭᠢᠯᠠᠭ᠎ᠠ ᠶᠢᠨ ᠠᠵᠢᠯ ᠤᠨ ᠭᠤᠭᠴᠤᠭ᠎ᠠ ᠳᠤ ᠮᠠᠰᠢᠨ ᠢᠶᠠᠷ ᠬᠥᠮᠥᠨ ᠢ ᠣᠷᠣᠯᠠᠭᠤᠯᠬᠤ ᠠᠵᠢᠯ ᠢ ᠥᠷᠨᠢᠭᠦᠯᠦᠨ᠎ᠡ︔ | ᠠᠵᠤ ᠠᠬᠤᠶᠢᠯᠠᠯ ᠤᠨ ᠲᠣᠮᠣ ᠳ᠋ᠠᠶᠢᠲ᠋ᠠ᠂ ᠡᠭᠦᠯᠡᠨ ᠮᠡᠷᠭᠡᠵᠢᠯ᠂ 5G ᠶᠢᠨ ᠬᠡᠷᠡᠭᠯᠡᠭᠡ ᠶᠢ ᠠᠰᠢᠭᠯᠠᠨ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ᠂ ᠣᠶᠤᠨᠲᠤ | ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠲᠡᠭᠡᠭᠡᠪᠦᠷᠢ᠂ ᠪᠠᠶᠢᠴᠠᠭᠠᠯᠲᠠ᠂ | ᠵᠠᠰᠠᠯᠲᠠ ᠶᠢ ᠨᠢᠭᠡ ᠴᠣᠭᠴᠠᠵᠢᠭᠤᠯᠤᠭᠰᠠᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠎ᠠ᠃ | ᠲᠠᠪᠤ᠂ ︽ᠲᠥᠰᠥᠯ︾ ᠨᠢ ᠰᠢᠨ᠎ᠡ ᠡᠨᠧᠷᠭᠢ ᠶᠢᠨ ᠲᠣᠨᠤᠭ ᠲᠦᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠬᠥᠭᠵᠢᠯᠲᠡ ᠳᠤ ᠶᠠᠮᠠᠷ ᠶᠠᠮᠠᠷ ᠲᠦᠷᠦ ᠶᠢᠨ | ᠪᠣᠳᠣᠯᠭ᠎ᠠ ᠶᠢᠨ ᠲᠤᠯᠭᠠᠭᠤᠷᠢᠯᠠᠯ ᠬᠠᠩᠭᠠᠭᠰᠠᠨ ᠪᠤᠢ︖ | ᠨᠢᠭᠡ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ︽ᠡᠬᠢ ᠰᠤᠷᠪᠤᠯᠵᠢ ᠶᠢ ᠲᠣᠥᠷᠵᠢᠭᠤᠯᠤᠨ ᠨᠥᠭᠡᠴᠡᠯᠡᠬᠦ | ︾ ᠬᠠᠮᠵᠢᠯᠴᠠᠨ ᠦᠢᠯᠡᠳᠦᠯᠴᠡᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠶᠢ ᠵᠣᠷᠢᠭᠵᠢᠭᠤᠯᠵᠤ᠂ ᠬᠠᠷᠠᠭᠠᠯᠵᠠᠯᠲᠤ ᠴᠠᠬᠢᠯᠭᠠᠨ ᠤ ᠦᠨ᠎ᠡ ᠶᠢᠨ ᠳᠡᠮᠵᠢᠯᠭᠡ ᠦᠵᠡᠭᠦᠯᠦᠨ᠎ᠡ᠃ ᠭᠠᠵᠠᠷ ᠣᠷᠣᠨ ᠤ ᠬᠤᠭᠤᠷᠣᠨᠳᠤ ᠪᠠᠨ ᠰᠲ᠋ᠣᠺ ᠤᠨ | ᠡᠷᠬᠡ ᠶᠢᠨ ᠬᠤᠪᠢᠶᠠᠷᠢᠯᠠᠯᠲᠠ᠂ ᠭᠠᠶᠢᠯᠢ ᠲᠠᠲᠠᠪᠤᠷᠢ ᠶᠢᠨ ᠬᠤᠪᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ | ᠪᠠᠶᠢᠭᠤᠯᠬᠤ ᠶᠢ ᠵᠣᠷᠢᠭᠵᠢᠭᠤᠯᠤᠨ᠎ᠠ᠃ | ᠬᠤᠶᠠᠷ ᠲᠤ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠴᠢᠩᠭᠠᠳᠬᠠᠨ᠎ᠠ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠠᠶᠢᠯᠢ ᠲᠠᠲᠠᠪᠤᠷᠢ ᠶᠢ ᠬᠥᠩᠭᠡᠯᠡᠵᠦ ᠬᠡᠯᠲᠦᠷᠢᠭᠦᠯᠬᠦ ᠵᠣᠬᠢᠬᠤ ᠲᠦᠷᠦ ᠶᠢᠨ | ᠪᠣᠳᠣᠯᠭ᠎ᠠ ᠶᠢ ᠡᠳ᠋ᠯᠡᠭᠦᠯᠦᠨ᠎ᠡ᠃ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠠᠵᠤ ᠦᠢᠯᠡᠰ ᠤᠨ ᠰᠠᠭᠤᠷᠢ ᠮᠥᠩᠭᠦ | ᠪᠠᠶᠢᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠲᠥᠷᠥᠯ ᠵᠦᠢᠯ᠂ ᠢᠯᠠᠩᠭᠤᠶ᠎ᠠ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠦᠷᠢᠯᠡᠬᠦ᠂ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠬᠦ ᠵᠠᠩᠭᠢᠯᠠᠭ᠎ᠠ ᠶᠢᠨ ᠰᠡᠯᠪᠢᠭ ᠲᠣᠨᠤᠭ ᠤᠨ ᠢᠵᠢ ᠪᠦᠷᠢᠳᠦᠭᠦᠯᠬᠦ ᠲᠥᠷᠥᠯ ᠵᠦᠢᠯ ᠳᠤ | ᠪᠡᠯᠡ ᠣᠷᠣᠭᠤᠯᠤᠯᠲᠠ ᠶᠢᠨ ᠨᠥᠬᠦᠪᠦᠷᠢ ᠪᠤᠶᠤ ᠵᠢᠭᠡᠯᠡᠯᠭᠡ ᠶᠢᠨ ᠳᠠᠮ ᠬᠦᠦ ᠶᠢᠨ ᠳᠡᠮᠵᠢᠯᠭᠡ ᠦᠵᠡᠭᠦᠯᠦᠨ᠎ᠡ︔ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ | ᠵᠢᠵᠢᠭ ᠠᠵᠤ ᠠᠬᠤᠶᠢᠯᠠᠯ ᠢᠶᠠᠷ ᠲᠣᠭᠲᠠᠭᠠᠭᠳᠠᠭᠰᠠᠨ ᠪᠣᠯ ᠲᠥᠷᠥᠯ ᠬᠤᠪᠢᠶᠠᠨ ᠱᠠᠩᠨᠠᠵᠤ᠂ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠶᠢᠨ ᠦᠢᠯᠡᠳᠬᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠤᠭᠰᠠᠨ ᠢ ᠨᠢ ᠱᠠᠲᠤ ᠬᠤᠪᠢᠶᠠᠨ ᠱᠠᠩᠨᠠᠵᠤ ᠨᠥᠬᠦᠪᠦᠷᠢᠯᠡᠨ᠎ᠡ᠃ | ᠭᠤᠷᠪᠠ ᠳᠤ᠂ ᠰᠢᠨ᠎ᠡ ᠶᠢ ᠡᠭᠦᠳᠬᠦ ᠳᠡᠮᠵᠢᠯᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠮᠡᠷᠭᠡᠵᠢᠯ ᠤᠨ ᠲᠥᠪ ᠪᠠᠶᠢᠭᠤᠯᠬᠤ | ᠵᠢᠴᠢ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠦᠢᠯᠡᠳᠬᠡᠯ ᠤᠨ ᠦᠢᠯᠡᠰ ᠤᠨ ᠰᠢᠨ᠎ᠡ ᠶᠢ ᠡᠭᠦᠳᠬᠦ ᠲᠥᠪ ᠢ ᠰᠢᠨ᠎ᠡ ᠪᠠᠷ ᠡᠭᠦᠳᠦᠨ | ᠪᠠᠶᠢᠭᠤᠯᠬᠤ ᠶᠢ ᠵᠣᠷᠢᠭᠵᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠠᠩᠬᠠᠨ ᠤ ᠰᠠᠭᠤᠷᠢ ︵ᠢᠵᠢ︶᠂ | ᠵᠠᠩᠭᠢᠯᠠᠭ᠎ᠠ ᠶᠢᠨ ᠰᠡᠯᠪᠢᠭ ᠲᠣᠨᠤᠭ ᠤᠨ ᠠᠩᠬᠠᠨ ᠤ ᠪᠦᠯᠦᠭ ︵ᠤᠳᠠᠭ᠎ᠠ︶ ᠤᠨ ᠦᠢᠯᠡᠳᠬᠦᠨ ᠢᠶᠠᠷ ᠪᠠᠲᠤᠯᠠᠭᠳᠠᠭᠰᠠᠨ᠂ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠶᠢᠨ ᠠᠵᠢᠯ ᠲᠥᠷᠥᠯ ᠤᠨ ᠣᠯᠠᠨ ᠤᠯᠤᠰ ᠤᠨ ᠪᠠᠷᠢᠮᠵᠢᠶ᠎ᠠ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠪᠠᠷ | ᠭᠤᠣᠯᠯᠠᠭᠰᠠᠨ ᠪᠤᠶᠤ ᠣᠷᠣᠯᠴᠠᠭᠰᠠᠨ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠠᠵᠤ ᠠᠬᠤᠶᠢᠯᠠᠯ ᠳᠤ ᠤᠯᠤᠰ | ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠯ ᠪᠠ ᠨᠥᠬᠦᠪᠦᠷᠢ ᠣᠯᠭᠤᠨ᠎ᠠ᠃ | ᠳᠥᠷᠪᠡ ᠳᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠪᠠ ᠪᠠᠭᠤᠷᠠᠢ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠠᠷᠢᠯᠢᠭ | ᠣᠨᠣᠴᠠᠲᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ | ᠦᠭᠡᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ︽ᠬᠡᠯᠬᠢᠶᠡᠨ ᠤ ᠳᠠᠷᠤᠭ᠎ᠠ + ᠲᠤᠰᠬᠠᠢ ᠠᠩᠭᠢ︾ ᠶᠢᠨ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠲᠥᠷᠥᠯ | ᠵᠦᠢᠯ ᠳᠤ ᠪᠥᠬᠦ ᠶᠠᠪᠤᠴᠠ ᠶᠢᠨ᠂ ᠪᠥᠬᠦ ᠲᠠᠯ᠎ᠠ ᠶᠢᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ | ᠵᠢᠷᠭᠤᠭ᠎ᠠ᠂ ︽ᠲᠥᠰᠥᠯ︾ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠡᠷᠬᠢᠨ ᠪᠠᠲᠤᠯᠠᠬᠤ ᠪᠤᠢ︖ | ︽ᠥᠪᠡᠷᠲᠡᠭᠡᠨ ᠵᠠᠰᠠᠬᠤ ᠣᠷᠣᠨ ᠤ ᠨᠢᠭᠡ ᠤᠳᠤᠷᠢᠳᠤᠯᠭ᠎ᠠ᠂ ᠲᠢᠩᠬᠢᠮ ᠲᠣᠪᠴᠢᠶ᠎ᠠ ᠶᠢᠨ ᠨᠢᠭᠡ ᠬᠠᠷᠢᠭᠤᠴᠠᠯᠭᠠᠲᠠᠨ᠂ ᠨᠢᠭᠡ ᠠᠵᠢᠯ ᠤᠨ ᠲᠥᠰᠥᠯ᠂ ᠨᠢᠭᠡ ᠢᠵᠢ | ᠳᠡᠮᠵᠢᠯᠭᠡ ᠶᠢᠨ ᠲᠥᠷᠥ ᠶᠢᠨ ᠪᠣᠳᠣᠯᠭ᠎ᠠ︾ ᠭᠡᠬᠦ ︽ᠳᠥᠷᠪᠡᠨ ᠨᠢᠭᠡ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠤᠨ᠎ᠠ ᠭᠡᠵᠦ ᠳᠤᠷᠠᠳᠪᠠ᠃ | ᠡᠯ᠎ᠡ ᠠᠶᠢᠮᠠᠭ ᠬᠤᠲᠠ ᠲᠣᠰ ᠭᠠᠵᠠᠷ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠭᠤᠣᠯᠳᠠᠯᠭ᠎ᠠ ᠲᠠᠢ | ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠠᠶᠢᠲᠤᠷ ᠠᠳᠬᠤᠵᠤ᠂ ᠮᠥᠷᠳᠡᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠴᠢᠬᠤᠯᠠ ᠶᠡᠭᠡ | ᠲᠥᠷᠥᠯ ᠵᠦᠢᠯ ᠢ ᠰᠠᠷ᠎ᠠ ᠪᠠᠷ ᠲᠣᠬᠢᠷᠠᠭᠤᠯᠵᠤ᠂ ᠭᠤᠣᠯᠳᠠᠯᠭ᠎ᠠ ᠲᠠᠢ ᠠᠵᠢᠯ ᠢ ᠤᠯᠠᠷᠢᠯ ᠢᠶᠠᠷ ᠳ᠋ᠦᠩᠨᠡᠵᠦ᠂ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ | ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠬᠡᠷᠡᠭᠲᠡᠢ᠃ | | | |