ᠰᠢ ᠶᠢᠨ ᠫᠢᠩ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠭᠤᠴᠢᠨ ᠲᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠲᠡᠭᠡᠷ᠎ᠠ ᠴᠢᠬᠤᠯᠠᠴᠢᠯᠠᠬᠰᠠᠨ ᠨᠢ ᠲᠤᠮᠳᠠᠳᠤ ᠤᠯᠤᠰ ᠤᠨ ᠬᠦᠮᠦᠨ ᠤ ᠡᠷᠬᠡ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/3/1
     ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 25 ᠤ ᠦᠳᠡ ᠶᠢᠨ ᠬᠤᠶᠢᠨ᠎ᠠ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠤᠨ ᠲᠤᠬᠠᠢ ᠭᠤᠴᠢᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠴᠥᠬᠦᠷᠡᠰᠢ ᠦᠭᠡᠢ ᠬᠥᠭᠡᠭᠡᠴᠡᠯᠳᠦᠯ ᠮᠥᠨ᠃ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠳᠤ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠥᠮᠦᠨ ᠤ ᠡᠷᠬᠡ ᠶᠢ ᠲᠡᠮᠡᠴᠡᠨ ᠤᠯᠬᠤ᠂ ᠬᠥᠮᠦᠨ ᠤ ᠡᠷᠬᠡ ᠶᠢ ᠬᠦᠨᠳᠦᠳᠭᠡᠬᠦ᠂ ᠬᠥᠮᠦᠨ ᠤ ᠡᠷᠬᠡ ᠶᠢ ᠪᠠᠲᠤᠯᠠᠬᠤ᠂ ᠬᠥᠮᠦᠨ ᠤ ᠡᠷᠬᠡ ᠶᠢ ᠬᠥᠭᠵᠢᠭᠦᠯᠬᠦ ᠶᠢᠨ ᠲᠥᠯᠥᠭᠡ ᠬᠢᠭᠰᠡᠨ ᠴᠥᠬᠦᠷᠡᠰᠢ ᠦᠭᠡᠢ ᠴᠢᠷᠮᠠᠶᠢᠯᠭ᠎ᠠ ᠲᠤᠭᠤᠰᠢᠯᠠᠬᠳᠠᠵᠤ ᠪᠤᠢ᠃ ᠮᠠᠨ ᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢ ᠡᠬᠢᠯᠡᠭᠦᠯᠪᠡ᠂ ᠪᠢᠳᠡ ᠬᠥᠮᠦᠨ ᠤ ᠡᠷᠬᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠶᠢ ᠨᠡᠩ ᠴᠢᠬᠤᠯᠠᠴᠢᠯᠠᠵᠤ᠂ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃   ᠳᠤᠮᠳᠠᠳᠤ ᠤᠯᠤᠰ ᠤᠨ ᠬᠥᠮᠦᠨ ᠤ ᠡᠷᠬᠡ ᠶᠢᠨ ᠰᠤᠳᠤᠯᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠯᠦ ᠭᠤᠸᠠᠩ ᠶᠢᠨ ᠨᠥᠬᠦᠷ ᠲᠤᠰ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠤᠮᠵᠢ ᠶᠢ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃   ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠴᠥᠬᠦᠷᠡᠰᠢ ᠦᠭᠡᠢ ᠬᠥᠭᠡᠭᠡᠴᠡᠯᠳᠦᠯ ᠮᠥᠨ᠃ ᠮᠠᠨ ᠤ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠠᠪᠤᠭᠠᠳ ︽ᠠᠷᠠᠳᠴᠢᠯᠠᠯ ᠢ ᠲᠡᠮᠡᠴᠡᠨ ᠤᠯᠬᠤ᠂ ᠬᠥᠮᠦᠨ ᠤ ᠡᠷᠬᠡ ᠶᠢ ᠲᠡᠮᠡᠴᠡᠨ ᠤᠯᠬᠤ︾ ᠲᠤᠭ ᠢ ᠥᠨᠳᠥᠷ ᠮᠠᠨᠳᠤᠭᠤᠯᠵᠤ᠂ ᠤᠯᠤᠰ ᠢᠶᠠᠨ ᠠᠪᠤᠷᠠᠵᠤ ᠠᠷᠠᠳ ᠢᠶᠠᠨ ᠠᠪᠤᠷᠠᠬᠤ ᠂ ᠬᠥᠮᠦᠨ ᠤ ᠡᠷᠬᠡ ᠶᠢ ᠲᠡᠮᠡᠴᠡᠨ ᠤᠯᠬᠤ ᠵᠣᠷᠢᠯᠲᠠ ᠪᠠᠨ ᠲᠣᠳᠣᠷᠬᠠᠢ ᠢᠯᠡᠷᠬᠡᠶᠢᠯᠡᠭᠰᠡᠨ ᠶᠤᠮ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠳᠤ᠂ ᠨᠡᠶᠢᠭᠡᠮ ᠵᠢᠷᠤᠮ ᠤᠨ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠥᠭᠡᠷᠡᠴᠢᠯᠡᠯᠲᠡ ᠨᠡᠭᠡᠭᠡᠯᠳᠠ ᠪᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ᠂ ᠮᠠᠨ ᠤ ᠨᠠᠮ ᠴᠥᠮ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠢᠯᠠᠯᠲᠠ ᠶᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠤᠯᠤᠰ ᠬᠡᠷ᠂ ᠨᠡᠶᠢᠭᠡᠮ ᠨᠠᠶᠢᠳᠠ ᠪᠠ ᠥᠪᠡᠷ ᠤᠨ ᠬᠤᠪᠢ ᠵᠠᠶᠠᠭ᠎ᠠ ᠪᠠᠨ ᠡᠵᠡᠨ ᠮᠡᠳᠡᠵᠤ᠂ ᠳᠤᠮᠳᠠᠳᠤ ᠤᠯᠤᠰ ᠤᠨ ᠠᠷᠠᠳ ᠲᠦᠮᠡᠨ ᠤ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ ᠪᠠ ᠪᠤᠰᠤᠳ ᠡᠯ᠎ᠡ ᠵᠦᠢᠯ ᠤᠨ ᠦᠨᠳᠦᠰᠦᠨ ᠡᠷᠬᠡ ᠶᠢᠨ ᠪᠠᠲᠤᠯᠠᠭ᠎ᠠ ᠲᠠᠰᠤᠷᠠᠯᠳᠠ ᠦᠭᠡᠢ ᠤᠷᠤᠭᠰᠢ ᠠᠬᠢᠪᠠ ᠭᠡᠵᠤ ᠴᠢᠬᠤᠯᠠᠴᠢᠯᠠᠵᠠᠢ᠃   ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠶᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠴᠢᠬᠤᠯᠠ ᠠᠵᠢᠯ ᠪᠣᠯᠭᠠᠬᠤ ᠶᠢ ᠪᠠᠷᠢᠮᠲᠠᠯᠠᠵᠤ᠂ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠬᠤ ᠶᠢ ᠠᠬᠢᠭᠤᠯᠪᠠ᠃ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠳᠤ ᠨᠡᠩ ᠪᠠᠲᠤ ᠪᠠᠬᠢ ᠪᠣᠳᠠᠰ ᠤᠨ ᠰᠠᠭᠤᠷᠢ ᠶᠢ ᠲᠠᠯᠪᠢᠵᠤ ᠥᠭᠴᠡᠢ᠃ ᠪᠢᠳᠡ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ᠬᠥᠮᠦᠨ ᠤ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠠᠬᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠠᠷᠠᠳ ᠲᠦᠮᠡᠨ ᠨᠡᠩ ᠥᠷᠭᠡᠨ ᠳᠡᠯᠭᠡᠷ᠂ ᠨᠡᠩ ᠪᠦᠷᠢᠨ ᠭᠦᠢᠴᠡᠳ᠂ ᠨᠡᠩ ᠪᠦᠬᠦ ᠲᠠᠯ᠎ᠠ ᠶᠢᠨ ᠠᠷᠠᠳᠴᠢᠯᠠᠯ ᠤᠨ ᠡᠷᠬᠡ ᠶᠢ ᠡᠳ᠋ᠯᠡᠪᠡ᠃ ᠪᠢᠳᠡ ᠨᠡᠩ ᠭᠦᠢᠴᠡᠳ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠤᠨ ᠴᠢᠨᠠᠷ ᠴᠢᠨᠰᠠᠭ᠎ᠠ ᠶᠢ ᠶᠡᠭᠡ ᠪᠠᠷ ᠰᠠᠶᠢᠵᠢᠷᠠᠭᠤᠯᠪᠠ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠦᠴᠦᠲᠡᠶ ᠠᠷᠭᠠᠴᠡᠭᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠪᠢᠳᠠ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠨ᠂ ᠤᠯᠠᠨ ᠲᠦᠮᠡᠨ ᠤ ᠱᠠᠰᠢᠨ ᠰᠢᠲᠦᠯᠭᠡ ᠶᠢ ᠬᠦᠨᠳᠦᠳᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ ᠪᠢᠳᠡ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠠᠮᠤᠭᠤᠯᠠᠩᠳᠤ ᠳᠤᠮᠳᠠᠳᠤ ᠤᠯᠤᠰ᠂ ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠣᠷᠳᠣ ᠬᠤᠭᠤᠴᠠᠭᠠᠨ ᠤ ᠲᠣᠭᠲᠠᠭᠤᠨ ᠢ ᠪᠠᠲᠤᠯᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃ ᠮᠠᠨ ᠤ ᠤᠯᠤᠰ ᠪᠣᠯ ᠳᠡᠯᠡᠬᠡᠢ ᠳᠡᠭᠡᠷᠡᠬᠢ ᠴᠤᠷ ᠤᠨ ᠭᠠᠭᠴᠠ ᠲᠦᠷᠪᠡᠨ ᠬᠤᠭᠤᠴᠠᠭ᠎ᠠ ᠤᠯᠤᠰ ᠤᠨ ᠬᠥᠮᠦᠨ ᠤ ᠡᠷᠬᠡ ᠶᠢᠨ ᠠᠵᠢᠯᠯᠠᠭᠠᠨ ᠤ ᠲᠥᠯᠥᠪᠯᠡᠭᠡ ᠶᠢ ᠦᠷᠬᠦᠯᠵᠢᠯᠡᠨ ᠲᠣᠭᠲᠠᠭᠠᠵᠤ ᠬᠡᠷᠡᠭᠵᠢᠭᠦᠯᠦᠭᠰᠡᠨ ᠭᠤᠣᠯ ᠪᠤᠯᠬᠤ ᠲᠤᠮᠤ ᠤᠯᠤᠰ ᠪᠣᠯᠤᠨ᠎ᠠ᠃ ᠪᠢᠳᠡ ᠪᠦᠬᠦ ᠪᠥᠮᠪᠥᠷᠴᠡᠭ ᠤᠨ ᠬᠥᠮᠦᠨ ᠤ ᠡᠷᠬᠡ ᠶᠢᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠳᠡᠯᠡᠬᠡᠢ ᠶᠢᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠵᠦ᠂ ᠳᠤᠮᠳᠠᠳᠤ ᠤᠯᠤᠰ ᠤᠨ ᠲᠥᠰᠦᠯ ᠢ ᠬᠠᠩᠭᠠᠪᠠ ᠭᠡᠵᠤ ᠵᠢᠭᠠᠵᠤ ᠭᠠᠷᠭᠠᠵᠠᠢ᠃   ᠰᠢ ᠶᠢᠨ ᠫᠢᠩ᠂ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠦᠢᠯᠡᠳᠦᠯᠭᠡ ᠳᠤᠮᠳᠠ᠂ ᠪᠢᠳᠡ ᠮᠠᠷᠺᠰ ᠤᠨ ᠦᠵᠡᠯ ᠤᠨ ᠬᠥᠮᠦᠨ ᠤ ᠡᠷᠬᠡ ᠶᠢᠨ ᠦᠵᠡᠯᠲᠡ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠮᠠᠨ ᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠥᠮᠦᠨ ᠤ ᠡᠷᠬᠡ ᠶᠢ ᠬᠦᠨᠳᠦᠳᠭᠡᠬᠦ ᠪᠠ ᠪᠠᠲᠤᠯᠠᠬᠤ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠬᠥᠮᠦᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢᠶᠠᠷ ᠲᠤᠯᠢ ᠪᠣᠯᠭᠠᠵᠤ᠂ ᠴᠠᠭ ᠦᠶ᠎ᠡ ᠶᠢᠨ ᠤᠷᠤᠰᠬᠠᠯ ᠢ ᠲᠠᠭᠠᠭᠰᠠᠠ᠂ ᠲᠤᠰ ᠤᠯᠤᠰ ᠤᠨ ᠢᠶᠠᠨ ᠪᠠᠶᠢᠳᠠᠯ ᠳᠤ ᠲᠤᠬᠢᠷᠠᠭᠰᠠᠠ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠢ ᠨᠡᠭᠡᠭᠡᠵᠡᠢ᠃ ᠨᠢᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠳᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠨᠢ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠨᠡᠶᠢᠭᠡᠮ ᠵᠢᠷᠤᠮ ᠤᠨ ᠰᠢᠨᠵᠢ ᠴᠢᠨᠠᠷ ᠢ ᠲᠣᠭᠲᠠᠭᠠᠵᠤ᠂ ᠪᠢᠳᠡᠨ ᠤ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ ᠡᠷᠬᠡ ᠲᠡᠭᠰᠢ ᠬᠠᠮᠲᠤ ᠪᠠᠷ ᠡᠳ᠋ᠯᠡᠬᠦ ᠬᠦᠮᠦᠨ ᠤ ᠡᠷᠬᠡ ᠶᠢ ᠪᠠᠷᠢᠮᠲᠠᠯᠠᠵᠤ᠂ ᠡᠯ᠎ᠡ ᠲᠦᠷᠦᠯ ᠤᠨ ᠬᠥᠮᠦᠨ ᠤ ᠡᠷᠬᠡ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠦᠭᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ ᠴᠢᠳᠠᠬᠤ ᠶᠢ ᠲᠣᠭᠲᠠᠭᠠᠭᠰᠠᠨ ᠶᠤᠮ᠃ ᠬᠤᠶᠠᠷ ᠲᠤ᠂ ᠠᠷᠠᠳ ᠲᠦᠮᠡᠨ ᠤ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠭᠡᠬᠦ ᠶᠢ ᠪᠠᠷᠢᠮᠲᠠᠯᠠᠬᠤ ᠬᠡᠷᠡᠭᠳᠠᠢ᠃ ᠠᠷᠠᠳᠴᠢ ᠴᠢᠨᠠᠷ ᠪᠣᠯ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠤᠨ ᠬᠠᠮᠤᠭ ᠤᠨ ᠢᠯᠡᠷᠬᠡᠶ ᠣᠨᠴᠠᠯᠢᠭ ᠰᠢᠨᠵᠢ ᠮᠥᠨ᠃ ᠪᠢᠳᠡ ᠠᠷᠠᠳ ᠤᠨ ᠠᠷᠠᠳᠴᠢᠯᠠᠯ ᠤᠨ ᠡᠷᠬᠡ ᠶᠢ ᠪᠠᠲᠤᠯᠠᠵᠤ᠂ ᠥᠷᠭᠡᠨ ᠤᠯᠠᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠠᠷᠠᠳ ᠲᠦᠮᠡᠨ ᠢ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢᠨ ᠭᠤᠣᠯ ᠣᠷᠣᠯᠴᠠᠭᠴᠢ᠂ ᠠᠬᠢᠭᠤᠯᠤᠭᠴᠢ᠂ ᠠᠰᠢᠭ ᠬᠦᠷᠳᠡᠭᠴᠢ ᠪᠣᠯᠭᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠬᠤ ᠶᠢ ᠦᠨᠡᠨ ᠬᠦ ᠠᠬᠢᠭᠤᠯᠬᠤ ᠬᠡᠷᠡᠭᠳᠠᠢ᠃ ᠭᠤᠷᠪᠠ ᠳᠤ᠂ ᠮᠠᠨ ᠤ ᠤᠯᠤᠰ ᠤᠨ ᠪᠣᠳᠠᠲᠤ ᠪᠠᠶᠢᠳᠠᠯ ᠠᠴᠠ ᠡᠭᠦᠰᠭᠦ ᠶᠢ ᠪᠠᠷᠢᠮᠲᠠᠯᠠᠬᠤ ᠬᠡᠷᠡᠭᠳᠠᠢ᠃ ᠪᠢᠳᠡ ᠬᠥᠮᠦᠨ ᠤ ᠡᠷᠬᠡ ᠶᠢᠨ ᠲᠦᠭᠡᠮᠡᠯ ᠴᠢᠨᠠᠷ ᠤᠨ ᠵᠠᠷᠴᠢᠮ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠨ ᠤ ᠤᠯᠤᠰ ᠤᠨ ᠤᠯᠤᠰ ᠤᠨ ᠪᠠᠶᠢᠳᠠᠯ ᠪᠠ ᠠᠷᠠᠳ ᠲᠦᠮᠡᠨ ᠤ ᠱᠠᠭᠠᠷᠳᠠᠯᠭ᠎ᠠ ᠠᠴᠠ ᠡᠭᠦᠰᠦᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠥᠷᠭᠡᠨ ᠳᠡᠯᠭᠡᠷ ᠪᠥᠭᠡᠳ ᠪᠦᠷᠢᠨ ᠭᠦᠢᠴᠡᠳ᠂ ᠦᠨᠡᠨ ᠪᠣᠳᠠᠲᠠᠢ᠂ ᠪᠦᠲᠦᠮᠵᠢᠲᠡᠢ ᠪᠥᠭᠡᠳ ᠬᠡᠷᠡᠭᠴᠡᠭᠡ ᠲᠠᠢ ᠬᠥᠮᠦᠨ ᠤ ᠡᠷᠬᠡ ᠶᠢ ᠬᠠᠤᠯᠢ ᠶᠣᠰᠣᠭᠠᠷ ᠡᠳ᠋ᠯᠡᠬᠦ ᠶᠢ ᠪᠠᠲᠤᠯᠠᠬᠤ ᠬᠡᠷᠡᠭᠳᠠᠢ᠃ ᠳᠥᠷᠪᠡ ᠳᠤ ᠂ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ ᠪᠠᠷ ᠲᠡᠷᠢᠭᠦᠨ ᠴᠢᠬᠤᠯᠠ ᠦᠨᠳᠦᠰᠦᠨ ᠬᠥᠮᠦᠨ ᠤ ᠡᠷᠬᠡ ᠪᠣᠯᠭᠠᠬᠤ ᠶᠢ ᠪᠠᠷᠢᠮᠲᠠᠯᠠᠬᠤ ᠬᠡᠷᠡᠭᠳᠠᠢ᠃ ᠣᠷᠣᠰᠢᠨ ᠲᠣᠭᠲᠠᠨᠢᠬᠤ ᠪᠣᠯ ᠠᠯᠢᠪᠠ ᠬᠥᠮᠦᠨ ᠤ ᠡᠷᠬᠡ ᠶᠢ ᠡᠳ᠋ᠯᠡᠬᠦ ᠶᠢᠨ ᠰᠠᠭᠤᠷᠢ ᠮᠥᠨ᠂ ᠠᠷᠠᠳ ᠲᠦᠮᠡᠨ ᠵᠣᠯ ᠵᠢᠷᠭᠠᠯ ᠲᠠᠢ ᠠᠮᠢᠳᠤᠷᠠᠬᠤ ᠪᠣᠯ ᠬᠠᠮᠤᠭ ᠤᠨ ᠶᠡᠭᠡ ᠬᠥᠮᠦᠨ ᠤ ᠡᠷᠬᠡ ᠮᠥᠨ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠬᠠᠮᠳᠦ ᠪᠠᠷ ᠡᠳ᠋ᠯᠡᠬᠦ ᠶᠢ ᠪᠠᠷᠢᠮᠲᠠᠯᠠᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠬᠥᠭᠵᠢᠯᠲᠡ ᠶᠢᠨ ᠳᠤᠮᠳᠠ ᠥᠷᠭᠡᠨ ᠤᠯᠠᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠳᠠᠢ᠃ ᠲᠠᠪᠤ ᠳᠤ᠂ ᠬᠥᠮᠦᠨ ᠤ ᠡᠷᠬᠡ ᠶᠢ ᠬᠠᠤᠯᠢ ᠪᠠᠷ ᠪᠠᠲᠤᠯᠠᠬᠤ ᠶᠢ ᠪᠠᠷᠢᠮᠲᠠᠯᠠᠬᠤ ᠬᠡᠷᠡᠭᠳᠠᠢ᠃ ᠪᠢᠳᠡ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠶᠢ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠡᠷᠬᠡ ᠶᠢᠨ ᠲᠥᠪ ᠭᠤᠣᠯᠴᠢ᠂ ᠠᠵᠠ ᠲᠣᠬᠢᠶᠠᠯ ᠤᠨ ᠲᠥᠪ ᠭᠤᠣᠯᠴᠢ᠂ ᠲᠦᠷᠢᠮ ᠤᠨ ᠲᠥᠪ ᠭᠤᠣᠯᠴᠢ ᠪᠠᠶᠢᠬᠤ ᠬᠠᠤᠯᠢ ᠴᠠᠭᠠᠵᠠ ᠶᠢᠨ ᠪᠠᠶᠢᠭᠤᠯᠤᠯ ᠢ ᠲᠦᠷᠭᠡᠳᠭᠡᠨ ᠲᠡᠭᠦᠯᠳᠡᠷᠵᠢᠭᠦᠯᠵᠦ᠂ ᠠᠷᠠᠳ ᠢᠷᠭᠡᠨ ᠤ ᠪᠡᠶ᠎ᠡ ᠶᠢᠨ ᠡᠷᠬᠡ᠂ ᠡᠳ᠋ ᠬᠥᠷᠤᠩᠭᠡ ᠶᠢᠨ ᠡᠷᠬᠡ᠂ ᠨᠡᠷ᠎ᠡ ᠬᠦᠨᠳᠦ ᠶᠢᠨ ᠡᠷᠬᠡ ᠶᠢ ᠪᠠᠲᠤᠯᠠᠵᠤ᠂ ᠠᠷᠠᠳ ᠢᠷᠭᠡᠨ ᠤ ᠠᠷᠠᠳᠴᠢᠯᠠᠭᠰᠠᠨ ᠰᠣᠩᠭᠤᠭᠤᠯᠢ ᠳᠤ ᠤᠷᠤᠯᠴᠠᠬᠤ᠂ ᠠᠷᠠᠳᠴᠢᠯᠠᠯ ᠢᠶᠠᠷ ᠵᠥᠪᠯᠡᠬᠦ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠦᠨᠳᠦᠰᠦᠨ ᠤᠯᠤᠰ ᠲᠦᠷᠤ ᠶᠢᠨ ᠡᠷᠬᠡ ᠶᠢ ᠪᠠᠲᠤᠯᠠᠵᠤ᠂ ᠠᠷᠠᠳ ᠢᠷᠭᠡᠨ ᠤ ᠠᠵᠤ ᠠᠬᠤᠢ᠂ ᠰᠣᠶᠣᠯ᠂ ᠨᠡᠶᠢᠭᠡᠮ᠂ ᠣᠷᠴᠢᠨ ᠲᠤᠭᠤᠷᠢᠨ ᠵᠡᠷᠭᠡ ᠡᠯ᠎ᠡ ᠲᠠᠯ᠎ᠠ ᠶᠢᠨ ᠡᠷᠬᠡ ᠶᠢ ᠪᠠᠲᠤᠯᠠᠵᠤ᠂ ᠬᠥᠮᠦᠨ ᠤ ᠡᠷᠬᠡ ᠶᠢᠨ ᠬᠠᠤᠯᠢᠵᠢᠭᠰᠠᠨ ᠪᠠᠲᠤᠯᠠᠭ᠎ᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ᠃ ᠵᠢᠷᠭᠤᠭ᠎ᠠ ᠳᠤ᠂ ᠪᠦᠬᠦ ᠪᠥᠮᠪᠥᠷᠴᠡᠭ ᠤᠨ ᠬᠥᠮᠦᠨ ᠤ ᠡᠷᠬᠡ ᠶᠢᠨ ᠵᠠᠰᠠᠯᠲᠠ ᠳᠤ ᠢᠳᠡᠪᠬᠢᠲᠡᠢ ᠣᠷᠣᠯᠴᠠᠬᠤ ᠶᠢ ᠪᠠᠷᠢᠮᠲᠠᠯᠠᠬᠤ ᠬᠡᠷᠡᠭᠳᠠᠢ᠃ ᠪᠢᠳᠡ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠥᠮᠦᠨ ᠤ ᠡᠷᠬᠡ ᠶᠢ ᠪᠠᠭᠲᠠᠭᠠᠭᠰᠠᠨ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠠᠢ᠃ ᠳᠡᠭᠡᠷᠡᠬᠢ 6 ᠵᠦᠢᠯ ᠪᠣᠯ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠭᠤᠣᠯ ᠣᠨᠴᠠᠯᠢᠭ ᠪᠤᠯᠬᠤ ᠪᠦᠭᠡᠳ ᠪᠠᠰᠠ ᠴᠤ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠢ ᠠᠬᠢᠭᠤᠯᠬᠤ ᠦᠢᠯᠡᠳᠦᠯᠭᠡ ᠶᠢᠨ ᠳᠤᠮᠳᠠ ᠣᠯᠤᠭᠰᠠᠨ ᠡᠷᠬᠢᠮ ᠨᠠᠨᠳᠢᠨ ᠲᠤᠷᠰᠢᠯᠭ᠎ᠠ ᠮᠥᠨ᠂ ᠰᠢᠨ᠎ᠡ ᠦᠢᠯᠡᠳᠦᠯᠭᠡ ᠲᠠᠢ ᠤᠶᠠᠯᠳᠤᠭᠤᠯᠤᠨ ᠲᠠᠰᠤᠷᠠᠯᠳᠠ ᠦᠭᠡᠢ ᠰᠠᠶᠢᠲᠤᠷ ᠪᠠᠷᠢᠮᠲᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠬᠥᠮᠦᠨ ᠤ ᠡᠷᠬᠡ ᠶᠢᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠠᠷᠠᠳ ᠲᠦᠮᠡᠨ ᠤ ᠴᠢᠨᠠᠷᠯᠢᠭ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠵᠣᠬᠢᠴᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠲᠠᠯ᠎ᠠ ᠶᠢᠨ ᠡᠷᠬᠡ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠠᠵᠤ ᠠᠬᠤᠢ ᠶᠢᠨ ᠬᠥᠭᠵᠢᠯᠲᠡ᠂ ᠠᠷᠠᠳᠴᠢᠯᠠᠯ ᠬᠠᠤᠯᠢᠵᠢᠯ᠂ ᠦᠵᠡᠯ ᠰᠠᠨᠠᠭ᠎ᠠ ᠰᠣᠶᠣᠯ᠂ ᠲᠥᠪ ᠭᠤᠣᠯᠴᠢ ᠰᠢᠳᠤᠷᠭᠤ ᠶᠣᠰᠣ᠂ ᠨᠡᠶᠢᠭᠡᠮ ᠤᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠭᠤᠯᠤᠯᠲᠠ ᠶᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠲᠠ᠂ ᠰᠤᠷᠭᠠᠨ ᠬᠦᠮᠦᠵᠢᠯ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠤᠷᠤᠨ ᠰᠠᠭᠤᠴᠠ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠲᠡᠳᠬᠦᠬᠦ ᠵᠡᠷᠭᠡ ᠡᠯ᠎ᠡ ᠲᠠᠯ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠪᠣᠳᠠᠰ ᠤᠨ ᠪᠣᠯᠪᠠᠰᠤᠨ᠂ ᠤᠯᠤᠰ ᠲᠦᠷᠦ ᠶᠢᠨ ᠪᠣᠯᠪᠠᠰᠤᠨ᠂ ᠤᠶᠦᠠ ᠤ ᠪᠣᠯᠪᠠᠰᠤᠨ᠂ ᠨᠡᠶᠢᠭᠡᠮ ᠤᠨ ᠪᠣᠯᠪᠠᠰᠤᠨ᠂ ᠠᠮᠢ ᠠᠬᠤᠢ ᠶᠢᠨ ᠪᠣᠯᠪᠠᠰᠤᠨ ᠢ ᠵᠣᠬᠢᠴᠠᠩᠭᠤᠢ ᠬᠥᠭᠵᠢᠭᠦᠯᠬᠦ ᠳᠤᠮᠳᠠ ᠡᠯ᠎ᠡ ᠵᠦᠢᠯ ᠤᠨ ᠬᠥᠮᠦᠨ ᠤ ᠡᠷᠬᠡ ᠶᠢ ᠪᠠᠲᠤᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠬᠥᠮᠦᠨ ᠤ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠬᠤ ᠳᠤ᠂ ᠬᠠᠤᠯᠢᠵᠢᠯ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠦᠨ ᠤ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠤ᠂ ᠬᠦᠮᠦᠨ ᠤ ᠡᠷᠭᠡ ᠶᠢ ᠬᠦᠨᠳᠤᠳᠭᠡᠨ ᠪᠠᠳᠤᠯᠠᠬᠤ ᠶᠢ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠪᠦᠬᠦ ᠬᠡᠯᠬᠢᠶ᠎ᠡ᠂ ᠪᠦᠬᠦ ᠶᠠᠪᠤᠴᠠ᠂ ᠪᠦᠬᠦ ᠲᠠᠯ᠎ᠠ ᠳᠤ ᠪᠦᠷᠬᠦᠬᠦᠯᠬᠦ ᠶᠢ ᠪᠠᠶᠠᠯᠡᠬᠦᠯᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠲᠦᠷᠢᠮ᠂ ᠬᠠᠤᠯᠢ ᠬᠡᠷᠡᠭᠵᠢᠭᠦᠯᠬᠦ ᠲᠣᠭᠲᠠᠭᠠᠯ᠂ ᠬᠠᠤᠯᠢ ᠴᠠᠭᠠᠵᠠ ᠶᠢᠨ ᠬᠡᠷᠡᠭ ᠨᠢᠬᠡᠪᠦᠷᠢ ᠲᠡᠭᠡᠷ᠎ᠡ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠬᠡᠷᠡᠭᠲᠡᠢ᠃ ᠬᠠᠤᠯᠢᠵᠢᠯ ᠤᠨ ᠬᠦᠷᠢᠶᠡᠨ ᠳᠠᠬᠢ ᠠᠷᠠᠳ ᠤᠯᠠᠨ ᠤ ᠲᠤᠰᠬᠠᠯ ᠶᠡᠬᠡᠲᠡᠢ ᠲᠤᠪᠤᠶᠢᠮ᠎ᠠ ᠠᠰᠠᠭᠤᠳᠠᠯ ᠢ ᠰᠢᠰᠲ᠋ᠧᠮ ᠲᠠᠢ ᠰᠤᠳᠤᠯᠤᠨ ᠰᠦᠪᠡᠭᠴᠢᠯᠡᠬᠦ ᠪᠠ ᠰᠢᠢᠳᠪᠦᠷᠢᠯᠡᠵᠦ᠂ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠬᠠᠤᠯᠢ ᠶᠣᠰᠣᠭᠠᠷ ᠲᠥᠪ ᠭᠤᠣᠯᠴᠢ ᠪᠠᠷ ᠬᠠᠨᠳᠤᠵᠤ᠂ ᠬᠠᠤᠯᠢ ᠪᠠᠷᠢᠬᠤ ᠨᠢ ᠭᠤᠣᠯᠴᠢ ᠪᠤᠰᠤ ᠠᠴᠠ ᠪᠤᠯᠵᠤ ᠠᠷᠠᠳ ᠤᠯᠠᠨ ᠤ ᠰᠡᠳᠭᠢᠯ ᠢ ᠭᠤᠮᠤᠳᠠᠭᠠᠬᠤ᠂ ᠠᠷᠠᠳ ᠤᠯᠠᠨ ᠤ ᠡᠷᠬᠡ ᠠᠰᠢᠭ ᠢ ᠬᠤᠬᠢᠷᠠᠭᠤᠯᠬᠤ ᠶᠠᠪᠤᠳᠠᠯ ᠡᠭᠦᠰᠭᠦ ᠶᠢ ᠡᠷᠡᠰ ᠬᠤᠷᠢᠭᠯᠠᠬᠤ ᠬᠡᠷᠡᠭᠲᠡᠢ᠃ ᠤᠯᠠᠨ ᠲᠦᠮᠡᠨ ᠤ ᠬᠠᠤᠯᠢ ᠶᠤᠰᠤᠨ ᠤ ᠡᠷᠬᠡ ᠳᠤ ᠬᠠᠯᠳᠠᠬᠰᠡᠨ ᠠᠯᠢᠪᠠ ᠦᠢᠯᠡ ᠠᠵᠢᠯᠯᠠᠭ᠎ᠠ᠂ ᠤᠯᠨᠨ ᠲᠦᠮᠡᠨ ᠤ ᠡᠷᠭᠡ ᠠᠰᠢᠭ ᠲᠤ ᠬᠠᠯᠳᠠᠬᠰᠡᠨ ᠦᠢᠯᠡ ᠠᠵᠢᠯᠯᠠᠭ᠎ᠠ ᠶᠢ ᠦᠯᠦ ᠤᠶᠢᠰᠢᠶᠠᠬᠤ᠂ ᠦᠯᠦ ᠬᠠᠶᠢᠬᠤᠷᠬᠤ ᠠᠯᠢᠪᠠ ᠦᠵᠡᠭᠳᠡᠯ ᠢ ᠴᠥᠮ ᠡᠷᠬᠡᠪᠰᠢ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠷᠡᠰ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠬᠥᠮᠦᠨ ᠤ ᠡᠷᠬᠡ ᠶᠢᠨ ᠲᠤᠬᠠᠢ ᠵᠥᠪ ᠦᠵᠡᠯᠲᠡ ᠶᠢ ᠪᠠᠳᠠᠷᠠᠭᠤᠯᠬᠤ ᠳᠤ᠂ ᠬᠥᠮᠦᠨ ᠤ ᠡᠷᠬᠡ ᠶᠢᠨ ᠲᠤᠬᠠᠢ ᠤᠬᠠᠭᠤᠯᠭ᠎ᠠ ᠪᠠ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠥᠮᠦᠨ ᠤ ᠡᠷᠬᠡ ᠶᠢ ᠬᠦᠨᠳᠦᠳᠭᠡᠬᠦ ᠪᠠ ᠪᠠᠲᠤᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠪᠦᠬᠦ ᠠᠷᠠᠳ ᠲᠦᠮᠡᠨ ᠢᠯᠠᠩᠭᠤᠶ᠎ᠠ ᠥᠷᠭᠡᠨ ᠤᠯᠠᠨ ᠵᠠᠯᠠᠭᠤᠴᠤᠳ ᠪᠠᠭᠠᠴᠤᠳ ᠤᠨ ᠳᠤᠮᠳᠠ ᠬᠥᠮᠦᠨ ᠤ ᠡᠷᠬᠡ ᠶᠢᠨ ᠮᠡᠳᠡᠯᠭᠡ ᠶᠢᠨ ᠬᠥᠮᠦᠵᠢᠯ ᠢ ᠥᠷᠨᠢᠭᠦᠯᠵᠦ᠂ ᠮᠠᠷᠺᠰ ᠤᠨ ᠦᠵᠡᠯ ᠤᠨ ᠬᠥᠮᠦᠨ ᠤ ᠡᠷᠬᠡ ᠶᠢᠨ ᠦᠵᠡᠯᠲᠡ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠵᠡᠯᠲᠡ ᠶᠢᠨ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠣᠷᠣᠭᠤᠯᠬᠤ ᠬᠡᠷᠡᠭᠲᠡᠢ᠃ ᠠᠯᠪᠠᠨ ᠲᠤᠰᠢᠶᠠᠯᠲᠠᠨ ᠢᠯᠠᠩᠭᠤᠶ᠎ᠠ ᠦᠨᠳᠦᠰᠦᠨ ᠱᠠᠲᠤᠨ ᠤ ᠠᠯᠪᠠᠲᠠᠨ ᠳᠤ ᠬᠠᠨᠳᠤᠭᠤᠯᠤᠨ ᠬᠥᠮᠦᠨ ᠤ ᠡᠷᠬᠡ ᠶᠢᠨ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠶ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠬᠥᠮᠦᠰ ᠤᠨ ᠡᠷᠬᠡ ᠠᠰᠢᠭ ᠢ ᠨᠡᠩ ᠪᠠᠲᠤᠯᠠᠭ᠎ᠠ ᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠲᠦᠰᠢᠭᠯᠡᠵᠤ᠂ ᠡᠭᠦᠳᠦᠯᠲᠡ ᠶᠢᠨ ᠴᠢᠨᠠᠷᠲᠠᠢ ᠤᠬᠠᠭᠳᠠᠬᠤᠨ ᠢ ᠰᠢᠷᠭᠠᠭᠠᠨ ᠪᠣᠯᠪᠠᠰᠤᠷᠠᠭᠤᠯᠵᠤ᠂ ᠮᠠᠨ ᠤ ᠤᠯᠤᠰ ᠤᠨ ᠬᠥᠮᠦᠨ ᠤ ᠡᠷᠬᠡ ᠶᠢᠨ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶ᠎ᠠ ᠶᠢᠨ ᠰᠢᠰᠲ᠋ᠧᠮ ᠢ ᠬᠥᠭᠵᠢᠭᠦᠯᠬᠦ ᠬᠡᠷᠡᠭᠲᠡᠢ᠃ ᠬᠥᠮᠦᠨ ᠤ ᠡᠷᠬᠡ ᠶᠢᠨ ᠤᠶᠤᠨ ᠤ ᠬᠥᠮᠥᠷᠭᠡ ᠪᠠ ᠬᠥᠮᠦᠨ ᠤ ᠡᠷᠬᠡ ᠶᠢᠨ ᠰᠤᠳᠤᠯᠭᠠᠨ ᠤ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠤᠨᠤᠯ ᠨᠢ ᠯᠠᠪᠳᠠᠭᠤᠨ ᠪᠠᠲᠤᠲᠠᠢ᠂ ᠡᠷᠳᠡᠮ ᠰᠢᠨᠵᠢᠯᠡᠭᠡᠨ ᠨᠢ ᠨᠠᠷᠢᠨ ᠨᠢᠭᠲᠠ᠂ ᠤᠯᠠᠨ ᠤᠯᠤᠰ ᠤᠨ ᠲᠦᠷᠢᠮ ᠢ ᠰᠠᠶᠢᠨ ᠮᠡᠳᠡᠳᠡᠭ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠯᠢᠭᠡᠷ ᠢ ᠶᠠᠷᠢᠵᠤ ᠴᠢᠳᠠᠳᠠᠭ ᠳᠡᠭᠡᠳᠦ ᠲᠡᠰ ᠤᠨ ᠬᠥᠮᠦᠨ ᠤ ᠡᠷᠬᠡ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢ ᠬᠦᠴᠦᠯᠡᠨ ᠬᠥᠮᠦᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠪᠦᠬᠦ ᠪᠥᠮᠪᠥᠷᠴᠡᠭ ᠤᠨ ᠬᠥᠮᠦᠨ ᠤ ᠡᠷᠬᠡ ᠶᠢᠨ ᠵᠠᠰᠠᠯᠲᠠ ᠶᠢ ᠢᠳᠡᠪᠬᠢᠲᠡᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠡᠷᠬᠡ ᠲᠡᠭᠰᠢ ᠬᠠᠷᠢᠯᠴᠠᠨ ᠢᠲᠡᠭᠡᠯᠴᠡᠬᠦ᠂ ᠪᠠᠭᠲᠠᠭᠠᠮᠵᠢᠲᠠᠢ ᠬᠠᠷᠢᠯᠴᠠᠨ ᠲᠤᠯᠢ ᠪᠤᠯᠭᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ ᠤᠢᠢᠯᠠᠭᠠᠭᠳᠠᠬᠤᠨ ᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠬᠥᠮᠦᠨ ᠤ ᠡᠷᠬᠡ ᠶᠢᠨ ᠵᠠᠰᠠᠯᠲᠠ ᠨᠡᠩ ᠡᠷᠬᠡ ᠲᠡᠭᠰᠢ ᠲᠥᠪ ᠭᠤᠣᠯᠴᠢ ᠵᠦᠢ ᠵᠣᠬᠢᠰᠲᠠᠢ ᠪᠠᠭᠲᠠᠭᠠᠮᠵᠢᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠥᠮᠦᠨ ᠤ ᠡᠷᠬᠡ ᠶᠢᠨ ᠬᠡᠷᠡᠭ ᠶᠠᠪᠤᠳᠠᠯ ᠳᠤ ᠢᠳᠡᠪᠬᠢᠲᠡᠢ ᠣᠷᠣᠯᠴᠠᠵᠤ᠂ ᠡᠯ᠎ᠡ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠲᠠᠢ ᠤᠯᠠᠨ ᠤᠯᠤᠰ ᠤᠨ ᠬᠥᠮᠦᠨ ᠤ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠲᠦᠭᠡᠯᠴᠢ ᠴᠢᠨᠠᠷᠲᠠᠢ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠰᠢ ᠶᠢᠨ ᠫᠢᠩ᠂ ᠬᠥᠮᠦᠨ ᠤ ᠡᠷᠬᠡ ᠪᠣᠯ ᠲᠡᠦᠬᠡ ᠶᠢᠨ᠂ ᠪᠣᠳᠠᠲᠠᠢ᠂ ᠠᠬᠤᠶᠢᠴᠢ ᠶᠤᠮ᠂ ᠠᠳᠠᠯᠢ ᠪᠤᠰᠤ ᠤᠯᠤᠰ ᠤᠨ ᠨᠡᠶᠢᠭᠡᠮ ᠤᠯᠤᠰ ᠲᠦᠷᠦ ᠶᠢᠨ ᠨᠥᠬᠦᠴᠡᠯ ᠪᠣᠯᠤᠨ ᠲᠡᠦᠬᠡ ᠰᠣᠶᠣᠯ ᠤᠨ ᠤᠯᠠᠮᠵᠢᠯᠠᠯ ᠠᠴᠠ ᠰᠠᠯᠵᠤ ᠬᠥᠮᠦᠨ ᠤ ᠡᠷᠬᠡ ᠶᠢ ᠬᠡᠢ ᠬᠤᠭᠤᠰᠣᠨ ᠢᠶᠠᠷ ᠶᠠᠷᠢᠵᠤ ᠪᠣᠯᠬᠤ ᠦᠭᠡᠢ᠃ ᠨᠢᠭᠡ ᠤᠯᠤᠰ ᠤᠨ ᠬᠥᠮᠦᠨ ᠤ ᠡᠷᠬᠡ ᠲᠠᠢ ᠪᠠᠶᠢᠬᠤ ᠡᠰᠡᠬᠦ ᠶᠢ ᠦᠨᠡᠯᠡᠬᠦ ᠳᠤ ᠪᠤᠰᠤᠳ ᠤᠯᠤᠰ ᠤᠨ ᠪᠠᠷᠢᠮᠵᠢᠶ᠎ᠠ ᠪᠠᠷ ᠬᠡᠮᠵᠢᠵᠦ ᠪᠣᠯᠬᠤ ᠦᠭᠡᠢ᠂ ᠨᠡᠩ ᠴᠤ ᠬᠤᠶᠠᠷ ᠵᠦᠢᠯ ᠤᠨ ᠤᠨᠳᠤᠤ ᠪᠠᠷᠢᠮᠵᠢᠶ᠎ᠠ ᠲᠣᠭᠲᠠᠭᠠᠵᠤ ᠪᠣᠯᠬᠤ ᠦᠭᠡᠢ᠂ ᠴᠢᠨᠠᠭᠰᠢᠯᠠᠪᠠᠯ ᠬᠥᠮᠦᠨ ᠤ ᠡᠷᠬᠡ ᠶᠢ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠤᠯᠤᠰ ᠲᠦᠷᠦ ᠶᠢᠨ ᠪᠠᠭᠠᠵᠢ ᠪᠣᠯᠭᠠᠵᠤ ᠪᠤᠯᠬᠤ ᠦᠭᠡᠢ᠃ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠯᠢᠭᠡᠷ ᠢ ᠬᠦᠴᠦᠯᠡᠨ ᠰᠠᠶᠢᠲᠤᠷ ᠶᠠᠷᠢᠵᠤ᠂ ᠳᠦᠷᠰᠦᠯᠢᠭ᠂ ᠦᠨᠡᠨ ᠪᠣᠳᠠᠲᠠᠢ ᠢᠯᠡᠳᠭᠡᠬᠦ ᠬᠡᠯᠪᠡᠷᠢ ᠶᠢ ᠬᠡᠷᠡᠭᠯᠡᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠵᠡᠯᠲᠡ ᠶᠢᠨ ᠲᠠᠲᠠᠬᠤ ᠬᠦᠴᠦᠨ᠂ ᠪᠠᠭ᠋ᠠᠷᠠᠭᠤᠯᠬᠤ ᠬᠦᠴᠤᠨ᠂ ᠨᠥᠯᠥᠭᠡᠯᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠡᠦᠬᠡᠲᠦ ᠬᠠᠷᠢᠭᠤᠴᠠᠯᠭ᠎ᠠ ᠶᠢ ᠡᠭᠦᠷᠭᠡᠯᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠬᠥᠮᠦᠨ ᠤ ᠡᠷᠬᠡ ᠶᠢᠨ ᠠᠵᠢᠯᠯᠠᠭᠠᠨ ᠤ ᠲᠥᠯᠥᠪᠯᠡᠭᠡ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠮᠠᠷᠺᠰ ᠤᠨ ᠦᠵᠡᠯ ᠤᠨ ᠬᠥᠮᠦᠨ ᠤ ᠡᠷᠬᠡ ᠶᠢᠨ ᠦᠵᠡᠯᠲᠡ ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠵᠡᠯᠲᠡ ᠶᠢ ᠤᠬᠠᠮᠰᠠᠷ ᠠᠴᠠ ᠪᠠᠨ ᠰᠤᠷᠤᠯᠴᠠᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠢᠲᠡᠭᠡᠯ ᠢᠶᠠᠨ ᠨᠡᠮᠡᠭᠳᠡᠭᠦᠯᠵᠦ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠡᠯ᠎ᠡ ᠵᠦᠢᠯ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠬᠢᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠤᠬᠠᠮᠰᠠᠷ ᠢᠶᠠᠨ ᠴᠢᠩᠭᠠᠳᠬᠠᠵᠤ᠂ ᠮᠠᠨ ᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ