ᠦᠳᠡ ᠳᠤ ᠠᠯᠬᠤᠬᠤ ᠬᠢᠭᠡᠳ ᠠᠵᠢᠯ ᠤᠨ ᠪᠦᠳᠦᠮᠵᠢ
ᠨᠡᠶᠢᠲᠡᠯᠡᠭᠰᠡᠨ ᠴᠠᠭ᠄
2022/3/10
     ᠲᠠᠶᠢᠸᠠᠨ ᠤ ︽ᠡᠷᠡᠭᠦᠯ ᠮᠡᠨᠳᠦ︾ ᠶᠢᠨ ᠰᠡᠳᠬᠦᠯ ᠤᠢᠢᠷ᠎ᠠ ᠳᠤ ᠬᠠᠮᠤᠬ ᠤᠨ ᠰᠢᠨ᠎ᠠ ᠰᠤᠳᠤᠯᠭᠠᠨ ᠤ ᠮᠡᠳᠡᠬᠦᠯᠦᠯᠳᠡ ᠨᠡᠶᠢᠳᠡᠯᠡᠵᠤ ᠭᠡᠯᠡᠭᠰᠡᠨ ᠢᠶᠠᠷ᠂ ᠦᠳᠡ ᠶᠢᠨ ᠬᠤᠭᠤᠯᠠᠨ ᠤ ᠲᠠᠷᠠᠭ᠎ᠠ ᠬᠠᠭᠠᠰ ᠴᠠᠬ ᠠᠯᠬᠤᠪᠠᠯ ᠠᠵᠢᠯ ᠤᠨ ᠦᠷ᠎ᠠ ᠪᠦᠳᠦᠮᠵᠢ ᠨᠡᠩ ᠦᠨᠳᠦᠷ ᠪᠤᠯᠤᠨ᠎ᠠ᠃ ᠰᠤᠳᠤᠯᠭᠠᠳᠠᠳ ᠤᠳᠠᠭᠠᠨ ᠰᠠᠭᠤᠭᠠᠳ ᠠᠵᠢᠯᠯᠠᠳᠠᠬ 300 ᠭᠠᠷᠤᠢ ᠰᠠᠶᠢᠨ ᠲᠤᠷᠠᠴᠤᠤᠯ ᠢ ᠡᠯᠰᠡᠨ᠂ ᠵᠠᠯᠭᠠᠪᠠᠷ 10 ᠭᠠᠷᠠᠬ ᠦᠳᠡ ᠶᠢᠨ ᠬᠤᠭᠤᠯᠠᠠ ᠤ ᠲᠠᠷᠠᠭ᠎ᠠ ᠬᠠᠭᠠᠰ ᠴᠠᠬ ᠠᠯᠬᠤᠨ᠂ ᠭᠠᠷᠠᠬ ᠪᠦᠷᠢ ᠨᠠᠭᠠᠳᠤ ᠵᠠᠬ᠎ᠠ ᠳᠠᠭᠠᠨ 3 ᠤᠳᠠᠭ᠎ᠠ ᠠᠯᠬᠤᠬᠤ ᠭᠡᠷᠡᠭᠳᠡᠢ ᠭᠡᠵᠤ ᠲᠤᠬᠳᠠᠭᠠᠵᠠᠢ᠃ ᠰᠤᠳᠤᠯᠭᠠᠳᠠᠳ ᠰᠠᠶᠢᠨ ᠲᠤᠷᠠᠴᠤᠤᠯ ᠤᠨ ᠭᠠᠷ ᠤᠳᠠᠰᠤᠨ ᠳᠤ ᠨᠢᠭᠡ ᠭᠡᠷᠡᠭᠯᠡᠭᠡᠨ ᠤ ᠫᠷᠦᠭᠷᠠᠮ ᠤᠬᠰᠠᠷᠠᠨ᠂ ᠲᠡᠳᠡᠨ ᠤ ᠠᠯᠬᠤᠬᠤ ᠶᠢᠨ ᠡᠮᠦᠨ᠎ᠠ ᠬᠤᠶᠢᠨᠠᠬᠢ ᠲᠠᠷᠤᠯᠳᠠ᠂ ᠠᠮᠢᠵᠢᠷᠠᠯ ᠤᠨ ᠬᠦᠴᠦᠨ᠂ ᠪᠠᠴᠢᠮ ᠪᠠᠶᠢᠳᠠᠯ᠂ ᠠᠵᠢᠯ ᠤᠨ ᠨᠤᠷᠮ᠎ᠠ ᠶᠢᠨ ᠶᠡᠭᠡ ᠪᠠᠭ᠎ᠠ᠂ ᠪᠡᠶ᠎ᠠ ᠮᠠᠬᠠᠪᠤᠳ ᠤᠨ ᠪᠠᠶᠢᠳᠠᠯ ᠵᠢᠴᠢ ᠠᠵᠢᠯ ᠤᠨ ᠡᠬᠦᠷᠭᠡ ᠶᠢᠨ ᠭᠡᠮᠵᠢᠶᠡᠨ ᠤ ᠲᠤᠬᠠᠢ ᠦᠵᠡᠯᠳᠡ ᠵᠠᠷᠭᠡ ᠰᠤᠷᠠᠬ ᠵᠠᠩᠬᠢ ᠶᠢ ᠨᠢ ᠴᠠᠬ ᠲᠠᠷᠤᠢ ᠳᠤᠨᠢ ᠡᠵᠡᠮᠰᠢᠭᠡᠳ ᠦᠳᠡ ᠶᠢᠨ ᠬᠤᠭᠤᠯᠠᠠ ᠤ ᠲᠠᠷᠠᠭ᠎ᠠ ᠬᠠᠭᠠᠰ ᠴᠠᠬ ᠠᠯᠬᠤᠬᠰᠠᠨ ᠬᠦᠮᠦᠨ ᠦᠳᠡ ᠶᠢᠨ ᠬᠤᠶᠢᠨ᠎ᠠ ᠠᠵᠢᠯ ᠳᠠᠭᠠᠨ ᠨᠡᠩ ᠬᠠᠯᠠᠭᠤᠮᠰᠤᠬ᠂ ᠤᠪᠤᠷ ᠪᠠᠶᠢᠳᠠᠯ ᠨᠢ ᠴᠤ ᠨᠡᠩ ᠲᠠᠯᠪᠢᠭᠤᠬᠠᠨ᠂ ᠠᠰᠠᠭᠤᠳᠠᠯ ᠰᠢᠢᠳᠪᠦᠷᠢᠯᠡᠬᠦ ᠴᠢᠳᠠᠪᠤᠷᠢ ᠨᠢ ᠨᠡᠩ ᠴᠢᠩᠭ᠎ᠠ ᠪᠠᠶᠢᠳᠠᠬ ᠢ ᠤᠯᠵᠤ ᠮᠡᠳᠡᠵᠡᠢ᠃ ᠦᠷᠬᠦᠯᠵᠢ ᠰᠤᠯᠠ ᠠᠯᠬᠤᠪᠠᠯ ᠶᠡᠭᠡ ᠲᠠᠷᠢᠬᠢᠨ ᠤ ᠪᠤᠷᠤ ᠲᠠᠪᠬᠤᠷᠭ᠎ᠠ ᠶᠢᠨ ᠬᠦᠭᠰᠡᠬᠦ᠂ ᠬᠤᠷᠢᠬᠯᠠᠬᠤ᠂ ᠵᠤᠬᠢᠴᠠᠭᠤᠯᠬᠤ ᠶᠠᠪᠤᠴᠠ ᠶᠢ ᠰᠠᠶᠢᠵᠢᠷᠠᠭᠤᠯᠵᠤ᠂ ᠡᠬᠦᠨ ᠤ ᠤᠯᠠᠮ ᠠᠴᠠ ᠶᠠᠳᠠᠷᠠᠭ᠎ᠠ ᠶᠢ ᠲᠠᠶᠢᠯᠤᠨ᠂ ᠪᠡᠶ᠎ᠠ ᠰᠡᠳᠬᠢᠯ ᠢ ᠲᠠᠯᠪᠢᠭᠤᠷᠠᠭᠤᠯᠤᠨ᠂ ᠲᠠᠷᠢᠬᠢ ᠲᠤᠯᠤᠭᠠᠢ ᠶᠢ ᠨᠡᠩ ᠰᠡᠷᠭᠡᠭ ᠪᠤᠯᠭᠠᠳᠠᠬ᠃ ᠡᠶᠢᠮᠦ ᠠᠴᠠ ᠰᠤᠯᠠ ᠠᠯᠬᠤᠯᠠᠳᠠᠬ ᠬᠦᠮᠦᠰ ᠲᠠᠮᠢᠷ ᠤᠨ ᠬᠦᠳᠡᠯᠭᠡᠭᠡᠨ ᠬᠢᠳᠡᠭ ᠦᠭᠡᠢ ᠬᠦᠮᠦᠰ ᠠᠴᠠ ᠨᠡᠩ ᠲᠠᠯᠪᠢᠭᠤᠨ᠂ ᠨᠡᠩ ᠰᠡᠷᠬᠦᠯᠡᠩ᠂ ᠨᠡᠩ ᠪᠠᠶᠠᠷᠳᠠᠢ ᠪᠠᠶᠢᠳᠠᠬ᠃    
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ