| | 3 ᠰᠠᠷ᠎ᠠ ᠶᠢᠨ 6 ᠤ ᠡᠳᠦᠷ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ | ᠲᠠᠪᠤᠳᠤᠭᠠᠷ ᠬᠤᠷᠠᠯ ᠳᠤ ᠣᠷᠣᠯᠴᠠᠵᠤ ᠪᠠᠶᠢᠭ᠎ᠠ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ | ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠤᠨᠤᠰᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ | ᠲᠡᠷᠢᠭᠦᠯᠡᠭᠴᠢ ᠸᠠᠩ ᠶᠠᠩ ᠡᠷᠭᠢᠨ ᠦᠵᠡᠬᠦ ᠪᠠ ᠶᠠᠷᠢᠯᠴᠠᠬᠤ ᠳᠤ ᠤᠷᠤᠯᠴᠠᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 3 ᠰᠠᠷ᠎ᠠ ᠶᠢᠨ 6 ᠤ ᠦᠳᠡ ᠶᠢᠨ ᠬᠤᠶᠢᠨ᠎ᠠ ᠪᠦᠬᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ ᠪᠠᠶᠢᠭ᠎ᠠ ᠬᠥᠳᠡᠭᠡ ᠠᠵᠤ | ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠥᠭᠡᠳ ᠳᠤᠭᠤᠶᠢᠯᠠᠩ | ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠳᠤ᠂ ᠡᠷᠬᠡᠪᠰᠢ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢᠯᠠᠩᠭᠤᠶ᠎ᠠ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠪᠠᠷ ᠲᠡᠷᠢᠭᠦᠨ | ᠴᠢᠬᠤᠯᠠ ᠡᠭᠦᠷᠭᠡ ᠪᠣᠯᠭᠠᠵᠤ᠂ ᠬᠦᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠠᠩ ᠲᠣᠪᠣᠶᠢᠮ᠎ᠠ | ᠪᠠᠶᠢᠷᠢᠨ ᠳᠤ ᠲᠠᠯᠪᠢᠵᠤ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ | ᠤᠨᠠᠯᠲᠠ ᠶᠢ ᠨᠡᠮᠡᠭᠳᠡᠭᠦᠯᠬᠦ︾ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠨᠢᠭᠲᠠ ᠰᠦᠯᠵᠢᠵᠦ᠂ ᠠᠷᠠᠳ | ᠲᠦᠮᠡᠨ ᠤ ᠠᠮᠤᠷ ᠲᠠᠶᠢᠪᠤᠩ ᠠᠵᠤ ᠲᠦᠷᠦᠬᠦ ᠳᠤ ᠦᠨᠳᠦᠰᠦᠨ ᠵᠦᠢᠯ ᠢ ᠪᠠᠲᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃ | ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠵᠥ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ | ᠠᠵᠢᠯᠳᠠᠨ᠂ ᠪᠦᠬᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠤᠨ ᠲᠠᠶᠢᠸᠠᠨ ᠤ ᠡᠮᠡᠭᠲᠡᠢ ᠡᠬᠡᠴᠢ ᠳᠡᠭᠦᠦ ᠨᠡᠷ᠂ ᠤᠯᠤᠰ ᠤᠨ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠡᠬᠡᠴᠢ | ᠳᠡᠭᠦᠦ ᠨᠡᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠶᠠᠩ ᠡᠷᠬᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠶᠠᠩ ᠹᠧᠩ ᠵᠢᠶ᠂ ᠸᠠᠩ ᠵᠢᠩ᠂ ᠲᠠᠩ ᠵᠢᠶᠦ᠋ᠨ ᠵᠢᠶᠧ᠂ ᠮᠦᠸᠧ ᠷᠦᠩ᠂ ᠢᠰᠢᠳᠠᠸᠠ᠂ ᠸᠠᠨ ᠵᠢᠶᠠᠨ | ᠮᠢᠨ᠂ ᠸᠠᠩ ᠬᠠᠶ ᠵᠢᠩ ᠵᠡᠷᠭᠡ 7 ᠭᠡᠰᠢᠭᠦᠨ ᠬᠥᠳᠡᠭᠡ ᠲᠣᠰᠬᠤᠨ ᠤ ᠠᠵᠤ ᠦᠶᠯᠡᠰ ᠢ ᠶᠡᠭᠡ ᠪᠠᠷ ᠬᠥᠭᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠲᠠᠷᠢᠮᠠᠯ ᠤᠨ ᠦᠶᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠤᠨ ᠳᠤᠲᠠᠭᠤᠳᠠᠯ ᠢ ᠨᠥᠬᠦᠪᠥᠷᠢᠯᠡᠬᠦ᠂ ᠨᠡᠶᠢᠭᠡᠮ ᠤᠨ ᠠᠰᠠᠷᠠᠮᠵᠢ ᠶᠢᠨ ᠦᠶᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ᠂ | ᠬᠦᠳᠡᠭᠡ ᠠᠵᠥ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ᠂ ᠨᠡᠶᠢᠭᠡᠮ ᠤᠨ ᠬᠦᠴᠦᠨ ᠢ ᠳᠠᠶᠢᠴᠢᠯᠠᠵᠤ ᠪᠠᠶᠢᠭᠠᠳ | ᠬᠠᠮᠲᠤ ᠪᠠᠷ ᠪᠠᠶᠠᠵᠢᠬᠤ ᠶᠢ ᠠᠬᠢᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃ | ᠰᠢ ᠶᠢᠨ ᠫᠢᠩ ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠬᠥᠳᠡᠭᠡ ᠠᠵᠤ ᠠᠬᠤᠢ ᠶᠢᠨ ᠡᠲᠡᠭᠡᠳ᠂ ᠨᠡᠶᠢᠭᠡᠮ ᠤᠨ ᠠᠰᠠᠷᠠᠮᠵᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠢ ᠡᠷᠬᠢᠨ | ᠦᠵᠡᠵᠦ᠂ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ ᠬᠡᠵᠥ ᠢᠯᠡᠳᠬᠡᠪᠡ᠃ ᠲᠡᠷᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠬᠤᠷᠠᠯ ᠳᠤ ᠣᠷᠣᠯᠴᠠᠭᠰᠠᠨ ᠭᠡᠰᠢᠭᠦᠳ᠂ ᠪᠦᠬᠦ ᠤᠯᠤᠰ ᠤᠨ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠪᠦᠬᠦ ᠤᠯᠤᠰ ᠤᠨ ᠥᠷᠭᠡᠨ ᠤᠯᠠᠨ ᠬᠦᠳᠡᠭᠡ ᠠᠵᠥ ᠠᠬᠤᠢ ᠪᠠ ᠨᠡᠶᠢᠭᠡᠮ ᠤᠨ | ᠪᠠᠲᠤᠯᠠᠭ᠎ᠠ᠂ ᠨᠡᠶᠢᠭᠡᠮ ᠤᠨ ᠠᠰᠠᠷᠠᠮᠵᠢ ᠶᠢᠨ ᠠᠵᠢᠯᠲᠠᠳ ᠢ ᠴᠢᠩ ᠰᠡᠳᠭᠢᠯ ᠠᠴᠠ ᠪᠠᠨ ᠲᠣᠬᠤᠨᠢᠭᠤᠯᠪᠠ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ᠂ ᠨᠠᠷᠢᠨ ᠪᠤᠳᠤᠯᠢᠶᠠᠨᠲᠠᠶ ᠬᠠᠳᠠᠭᠤ ᠪᠡᠷᠭᠡ ᠳᠡᠯᠡᠬᠡᠶ ᠶᠢᠨ ᠪᠠᠶᠢᠳᠠᠯ᠂ ᠪᠡᠷᠬᠡ ᠬᠠᠳᠠᠭᠤᠵᠢᠯᠳᠠᠢ ᠨᠦᠰᠡᠷ ᠬᠦᠨᠳᠦ | ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠤᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠷᠭᠠᠭᠤ ᠬᠠᠲᠠᠭᠤᠵᠢᠯᠲᠠᠶ ᠲᠡᠮᠡᠴᠡᠵᠥ᠂ ᠬᠦᠴᠢᠷ ᠢ ᠰᠦᠷᠦᠨ ᠤᠷᠤᠭᠰᠢᠯᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠥ᠂ ᠲᠣᠭᠲᠠᠭᠰᠠᠨ ᠬᠤᠭᠤᠴᠠᠭᠠᠨ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠥ᠂ ᠳᠤᠬᠳᠠᠬᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠵᠥ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠢᠶᠠᠨ ᠡᠬᠢᠯᠡᠬᠦᠯᠵᠥ᠂ ᠨᠠᠮ ᠪᠠ ᠤᠯᠤᠰ ᠤᠨ | ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠤᠯᠵᠥ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ | ᠪᠡᠶᠡᠯᠡᠭᠦᠯᠪᠡ᠃ ᠡᠳᠡᠭᠡᠷ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠡᠨᠡ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠪᠠᠶᠢᠳᠠᠯ ᠳᠤ ᠦᠷᠭᠦᠯᠵᠢᠯᠡᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠭᠠᠷᠴᠤ᠂ ᠵᠠᠭᠤᠨ ᠵᠢᠯ ᠤᠨ | ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠬᠠᠷᠢᠯᠴᠠᠨ ᠰᠣᠯᠪᠢᠴᠠᠵᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ | ᠂ ᠲᠤᠮᠤ ᠤᠯᠤᠰ ᠤᠨ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ | ᠣᠷᠣᠵᠤ᠂ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠪᠡᠷᠬᠡ ᠬᠠᠲᠠᠭᠤᠵᠢᠯᠲᠠᠢ ᠬᠦᠨᠳᠦ ᠨᠦᠰᠡᠷ ᠪᠠᠶᠢᠨ᠎ᠠ᠃ ᠮᠠᠨ ᠤ | ᠤᠯᠤᠰ ᠤᠨ ᠬᠥᠭᠵᠢᠯᠲᠡ ᠳᠤ ᠮᠥᠨ ᠯᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠮᠠᠰᠢ ᠤᠯᠠᠨ ᠠᠰᠢᠭᠲᠠᠢ ᠨᠥᠬᠦᠴᠡᠯ ᠪᠠᠶᠢᠬᠤ ᠶᠢ ᠪᠢᠳᠡ ᠣᠯᠵᠤ ᠬᠠᠷᠠᠬᠤ | ᠬᠡᠷᠡᠭᠲᠡᠢ᠃ ᠨᠢᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ | ᠡᠯ᠎ᠡ ᠲᠠᠯ᠎ᠠ ᠶᠢ ᠵᠣᠬᠢᠴᠠᠭᠤᠯᠵᠤ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠬᠤ ᠳᠤ | ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠬᠠᠩᠭᠠᠪᠠ᠃ ᠬᠤᠶᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ | ᠢᠯᠡᠳᠲᠡ ᠳᠠᠪᠠᠭᠤᠯᠢᠭ ᠲᠠᠢ ᠪᠠᠶᠢᠵᠤ᠂ ᠮᠠᠨ ᠤ ᠤᠯᠤᠰ ᠤᠨ ᠤᠯᠤᠰ ᠲᠥᠷᠥ ᠶᠢᠨ ᠪᠠᠶᠢᠭᠤᠯᠤᠯ ᠪᠣᠯᠤᠨ ᠵᠠᠰᠠᠯᠲᠠ ᠶᠢᠨ ᠰᠢᠰᠲ᠋ᠧᠮ ᠨᠢ ᠰᠢᠨ᠎ᠡ ᠲᠢᠲᠢᠮᠯᠢᠭ ᠠᠭᠤᠰᠭᠢᠨ | ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠵᠡᠷᠭᠡ | ᠦᠢᠯᠡᠳᠦᠯᠭᠡ ᠶᠢᠨ ᠳᠤᠮᠳᠠ ᠢᠯᠡᠳᠲᠡ ᠳᠠᠪᠠᠭᠤᠯᠢᠭ ᠴᠢᠨᠠᠷ ᠢᠶᠠᠨ ᠤᠯᠠᠮ ᠴᠢᠨᠠᠬᠰᠢᠳᠠ ᠢᠯᠡᠷᠡᠭᠦᠯᠵᠦ᠂ ︽ᠳᠤᠮᠳᠠᠳᠤ ᠤᠯᠤᠰ ᠤᠨ ᠵᠠᠰᠠᠯᠲᠠ︾ ᠬᠢᠭᠡᠳ ︽ | ᠥᠷᠥᠨᠡᠳᠠᠬᠢᠨ ᠤ ᠰᠠᠮᠠᠭᠤᠷᠠᠯ︾ ᠤᠨ ᠬᠠᠷᠢᠴᠠᠭᠤᠯᠤᠯ ᠨᠢ ᠨᠠᠩ ᠢᠯᠡ ᠲᠣᠳᠣ ᠪᠣᠯᠪᠠ᠃ ᠭᠤᠷᠪᠠ ᠳᠤ᠂ ᠦᠷᠭᠦᠯᠵᠢᠯᠡᠨ ᠲᠦᠷᠭᠡᠨ ᠬᠥᠭᠵᠢᠵᠦ ᠬᠤᠷᠠᠮᠳᠤᠭᠤᠯᠤᠭᠰᠠᠨ | ᠪᠠᠲᠤ ᠪᠠᠬᠢ ᠰᠠᠭᠤᠷᠢ ᠲᠠᠢ ᠪᠠᠶᠢᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ | ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠣᠳᠠᠲᠤ ᠬᠦᠴᠦᠨ᠂ ᠤᠯᠤᠰ ᠤᠨ ᠶᠡᠷᠦᠩᠬᠡᠶᠢᠯᠡᠭᠰᠡᠨ ᠬᠦᠴᠦᠨ ᠢᠯᠡᠳᠲᠡ ᠴᠢᠩᠭᠠᠷᠠᠵᠤ᠂ ᠠᠵᠤ ᠠᠬᠤᠢ ᠶᠢᠨ | ᠪᠠᠭᠲᠠᠭᠠᠮᠵᠢ ᠶᠡᠭᠡ᠂ ᠡᠷᠭᠢᠯᠲᠡ ᠶᠢᠨ ᠣᠷᠣᠨ ᠵᠠᠢ ᠥᠷᠭᠡᠨ ᠪᠥᠭᠡᠳ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠲᠠᠢ ᠪᠠᠶᠢᠵᠤ᠂ ᠤᠷᠳᠤ ᠬᠤᠭᠤᠴᠠᠭ᠎ᠠ ᠪᠠᠷ | ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ ᠪᠠᠶᠢᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠲᠠᠢ ᠶᠤᠮ᠃ | ᠲᠦᠷᠪᠡ ᠳᠤ᠂ ᠤᠷᠳᠤ ᠬᠤᠭᠤᠴᠠᠭᠠᠨ ᠤ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠲᠠᠢ ᠪᠠᠶᠢᠵᠤ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢᠯᠡᠳᠲᠡ ᠨᠡᠮᠡᠭᠳᠡᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠲᠠᠰᠤᠷᠠᠯᠳᠡ ᠦᠭᠡᠢ ᠳᠡᠭᠡᠭᠰᠢᠯᠡᠵᠦ᠂ | ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃ ᠲᠠᠪᠤ ᠳᠤ᠂ ᠢᠲᠡᠭᠡᠯ ᠲᠡᠭᠦᠯᠳᠡᠷ ᠢᠶᠠᠷ | ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭᠠᠨ ᠤ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ᠂ ᠪᠦᠲᠦᠭᠡᠯᠴᠢ ᠴᠢᠨᠠᠷ ᠢ ᠤᠯᠠᠮ ᠴᠢᠨᠠᠬᠰᠢᠳᠠ ᠬᠥᠭᠵᠢᠭᠡᠵᠦ᠂ ᠡᠷᠴᠢ ᠵᠤᠷᠢᠭ᠂ ᠰᠥᠰᠥ ᠵᠣᠷᠢᠭ᠂ ᠢᠲᠡᠭᠡᠯ ᠵᠣᠷᠢᠭ ᠤᠷᠢᠳᠤ ᠡᠮᠦᠨ᠎ᠡ ᠪᠠᠶᠢᠭ᠎ᠠ ᠦᠭᠡᠢ | ᠴᠢᠩᠭᠠᠷᠠᠵᠤ᠂ ᠨᠠᠮ ᠤᠨ ᠰᠡᠳᠭᠢᠯ ᠴᠡᠷᠢᠭ ᠤᠨ ᠰᠡᠳᠭᠢᠯ ᠠᠷᠠᠳ ᠤᠨ ᠰᠡᠳᠭᠢᠯ ᠢ ᠬᠦᠪᠴᠢᠯᠡᠪᠡ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ | ᠮᠥᠷᠲᠡᠭᠡᠨ ᠪᠠᠰᠠ ᠢᠲᠡᠭᠡᠯ ᠵᠣᠷᠢᠭ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠦᠴᠢᠷ ᠢ ᠰᠦᠷᠦᠨ ᠤᠷᠤᠭᠰᠢᠯᠠᠵᠤ | ᠂ ᠵᠣᠷᠢᠭᠲᠠᠢ ᠪᠠᠷ ᠲᠡᠮᠡᠴᠡᠨ᠂ ᠡᠷᠡᠮᠡᠬᠡᠶᠢᠯᠡᠨ ᠤᠷᠤᠭᠰᠢᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾᠃ ᠲᠦᠮᠡᠨ ᠬᠡᠷᠡᠭ ᠮᠢᠩᠭᠠᠨ ᠶᠠᠪᠤᠳᠠᠯ᠂ ᠬᠤᠭᠤᠯᠠ | ᠢᠳᠡᠬᠦ ᠪᠤᠯ ᠶᠡᠭᠡ ᠶᠠᠪᠤᠳᠠᠯ ᠮᠦᠨ᠃ ᠠᠷᠠᠳ ᠢᠨᠤ ᠬᠦᠨᠡᠰᠦ ᠶᠢ ᠲᠡᠭᠡᠳᠦᠯᠡᠮᠤᠢ᠃ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠳᠡᠯᠡᠬᠡᠶ ᠶᠢᠨ | 9% ᠶᠢ ᠡᠵᠡᠯᠡᠬᠦ ᠲᠠᠷᠢᠶᠠᠨ ᠭᠠᠵᠠᠷ᠂ 6% ᠶᠢᠨ ᠴᠡᠩᠭᠡᠭ ᠤᠰᠤᠨ ᠤ ᠡᠬᠢ ᠪᠠᠶᠠᠯᠢᠭ ᠢᠶᠠᠷ ᠳᠡᠯᠡᠬᠡᠶ ᠶᠢᠨ 1/5 ᠣᠷᠴᠢᠮ ᠤᠨ ᠬᠥᠮᠦᠨ ᠠᠮᠠ ᠶᠢ ᠲᠡᠵᠢᠭᠡᠵᠦ᠂ | ᠲᠤᠬᠠᠶ ᠶᠢᠨ ᠵᠢᠯ ᠳᠤ 4 ᠳ᠋ᠦᠩᠰᠢᠭᠤᠷ ᠬᠥᠮᠦᠨ ᠢᠳᠡᠵᠦ ᠴᠠᠳᠬᠤ ᠥᠬᠡᠶ ᠪᠠᠶᠢᠭᠰᠠᠨ ᠠᠴᠠ ᠪᠠᠨ ᠥᠨᠥᠳᠦᠷ ᠤᠨ 14 ᠳ᠋ᠦᠩᠰᠢᠭᠤᠷ ᠭᠠᠷᠤᠶ ᠬᠥᠮᠦᠨ ᠭᠡᠳᠡᠰᠦ | ᠴᠠᠳᠬᠤᠯᠠᠩ ᠪᠤᠯᠵᠤ᠂ ︽ᠬᠡᠨ ᠳᠤᠮᠳᠠᠳᠤ ᠤᠯᠤᠰ ᠢ ᠲᠡᠵᠢᠭᠡᠬᠦ ᠪᠣᠶ︾ ᠭᠡᠬᠦ ᠠᠰᠠᠭᠤᠯᠲᠠ ᠳᠤ ᠬᠦᠴᠦᠲᠡᠶ ᠬᠠᠷᠢᠭᠤᠯᠳᠠ ᠦᠭᠪᠠ᠃ ᠡᠨᠡ ᠬᠦ ᠠᠮᠵᠢᠯᠲᠠ ᠶᠢ ᠬᠢᠯᠪᠠᠷ | ᠪᠤᠰᠤ ᠪᠠᠷ ᠣᠯᠤᠭᠰᠠᠨ ᠶᠤᠮ᠂ ᠦᠷᠭᠦᠯᠵᠢᠯᠡᠨ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠳᠡᠭᠡᠷ᠎ᠡ | ᠥᠴᠦᠬᠡᠨ ᠴᠦ ᠠᠯᠮᠠᠶᠢᠷᠠᠨ ᠲᠠᠶᠢᠪᠤᠰᠢᠷᠠᠵᠤ ᠪᠣᠯᠬᠤ ᠦᠭᠡᠢ᠂ ᠠᠵᠤ ᠦᠢᠯᠡᠳᠪᠦᠷᠢᠵᠢᠯᠲᠡ ᠳᠤ ᠣᠷᠣᠪᠠᠯ ᠬᠤᠭᠤᠯᠠ ᠬᠦᠨᠡᠰᠦᠨ ᠤ ᠠᠰᠠᠭᠤᠳᠠᠯ ᠢ ᠬᠦᠩᠭᠡᠪᠴᠢᠯᠠᠵᠤ | ᠪᠤᠯᠬᠤ ᠦᠭᠡᠢ᠂ ᠳᠡᠯᠡᠬᠡᠢ ᠶᠢᠨ ᠵᠠᠬ᠎ᠠ ᠳᠡᠯᠭᠡᠭᠦᠷ ᠲᠤ ᠲᠦᠰᠢᠭᠯᠡᠨ ᠰᠢᠢᠳᠪᠤᠷᠢᠯᠡᠨ᠎ᠠ ᠭᠡᠵᠦ ᠭᠤᠷᠢᠳᠠᠵᠤ ᠪᠤᠯᠬᠤ ᠦᠭᠡᠢ᠃ ᠪᠡᠯᠡᠳᠭᠡᠯ ᠠᠵᠢᠯ ᠢᠶᠠᠨ ᠰᠠᠶᠢᠲᠤᠷ ᠬᠢᠵᠦ᠂ | ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠢᠮᠠᠭᠲᠠ ᠥᠪᠡᠷ ᠤᠨ ᠬᠢ ᠪᠠᠷ ᠢᠶᠠᠨ ᠭᠤᠣᠯ ᠪᠣᠯᠭᠠᠬᠤ ᠶᠢ ᠪᠠᠷᠢᠮᠲᠠᠯᠠᠵᠤ᠂ | ᠤᠯᠤᠰ ᠤᠨ ᠳᠣᠲᠣᠭᠠᠳᠤ ᠳᠠᠭᠠᠨ ᠰᠠᠭᠤᠷᠢᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠭᠠᠳᠠᠭᠠᠳᠤ ᠠᠴᠠ ᠵᠣᠬᠢᠰᠲᠠᠢ ᠣᠷᠣᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠪᠠᠶᠢᠴᠠᠭᠠᠯᠳᠠ ᠶᠢ ᠴᠢᠩᠳᠠᠯᠠᠵᠤ᠂ ᠭᠤᠣᠯ ᠭᠠᠷᠤᠯᠲᠠ ᠶᠢᠨ ᠣᠷᠣᠨ᠂ ᠭᠤᠣᠯ | ᠪᠣᠷᠣᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠢ ᠪᠠᠶᠢᠬᠤ ᠣᠷᠣᠨ ᠤ ᠬᠢᠨ ᠪᠤᠳᠠᠭᠠᠨ ᠠᠶᠠᠭ᠎ᠠ ᠪᠠᠨ ᠬᠠᠮᠳᠤ ᠪᠠᠷ ᠠᠳᠬᠤᠵᠤ᠂ | ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠬᠡᠷᠡᠭᠲᠡᠢ᠃ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠮᠤ ᠪᠤᠳᠠᠭ᠎ᠠ ᠶᠢ ᠲᠣᠭᠲᠠᠪᠤᠷᠢᠵᠢᠭᠤᠯᠵᠤ᠂ ᠡᠷᠳᠡᠨᠢ | ᠰᠢᠰᠢ ᠶᠢ ᠲᠣᠭᠲᠠᠪᠤᠷᠢᠵᠢᠭᠤᠯᠵᠤ᠂ ᠪᠤᠷᠴᠠᠭ ᠢ ᠥᠷᠭᠡᠳᠭᠡᠵᠦ᠂ ᠲᠣᠰᠣᠯᠢᠭ ᠲᠠᠷᠢᠮᠠᠯ ᠢ ᠥᠷᠭᠡᠳᠭᠡᠵᠦ᠂ ᠠᠮᠤ ᠪᠤᠳᠠᠭᠠᠨ ᠤ ᠵᠢᠯ ᠤᠨ ᠤᠨᠠᠯᠲᠠ ᠶᠢ 1.3 ᠲᠦᠮᠡᠨ | ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠳᠤᠮᠳᠠᠳᠤᠴᠤᠳ ᠤᠨ ᠪᠤᠳᠠᠭᠠᠨ ᠠᠶᠠᠭᠠᠨ ᠳᠤ ᠭᠤᠤᠯᠳᠠᠭᠤ ᠳᠤᠮᠳᠠᠳᠤ ᠤᠯᠤᠰ ᠤᠨ ᠠᠮᠤ | ᠪᠤᠳᠠᠭ᠎ᠠ ᠶᠢ ᠰᠠᠪᠠᠯᠠᠬᠤ ᠶᠢ ᠪᠠᠲᠤᠯᠠᠬᠤ ᠬᠡᠷᠡᠭᠲᠡᠶ᠃ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠵᠤ᠂ ᠵᠣᠬᠢᠬᠤ ᠬᠡᠪᠴᠢᠶᠡᠲᠦ ᠡᠵᠡᠩᠨᠡᠯᠲᠡ ᠶᠢ | ᠬᠥᠭᠵᠢᠭᠦᠯᠦᠨ᠂ ᠲᠠᠷᠢᠶᠠᠴᠢᠳ ᠲᠤ ᠠᠰᠢᠭ ᠬᠦᠷᠳᠡᠭᠡᠵᠤ᠂ ᠢᠯᠡᠭᠦᠬᠡᠨ ᠠᠰᠢᠭ ᠬᠦᠷᠳᠡᠭᠡᠬᠦ ᠬᠡᠷᠡᠭᠲᠡᠢ᠃ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ | ᠬᠤᠷᠢᠬᠯᠠᠬᠤ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ ᠮᠥᠨ᠂ ᠴᠥᠬᠦᠷᠡᠰᠢ ᠦᠭᠡᠢ ᠠᠳᠬᠤᠵᠤ᠂ ᠠᠷᠪᠢᠯᠡᠨ ᠭᠠᠮᠨᠠᠬᠤ ᠮᠠᠶ᠋ᠢᠭ ᠤᠨ ᠨᠡᠶᠢᠭᠡᠮ ᠤᠨ | ᠪᠠᠶᠢᠭᠤᠯᠤᠯᠳᠠ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠦᠨ᠂ ᠳᠤᠮᠳᠠᠳᠤ ᠶᠢᠨ ᠦᠨᠳᠦᠰᠦᠲᠡᠨ ᠤ | ᠥᠨᠢᠳᠡ ᠶᠢᠨ ᠬᠥᠭᠵᠢᠯᠲᠡ ᠶᠢᠨ ᠦᠨᠳᠦᠰᠦ ᠰᠠᠭᠤᠷᠢ ᠮᠥᠨ᠃ ᠲᠠᠷᠢᠶᠠᠨ ᠭᠠᠵᠠᠷ ᠪᠣᠯ ᠲᠠᠷᠤᠢ ᠲᠠᠷᠢᠶᠠᠨ ᠭᠠᠵᠠᠷ ᠮᠦᠨ᠂ ᠵᠥᠪᠬᠡᠨ ᠲᠠᠷᠢᠮᠠᠯ ᠤᠨ ᠦᠶᠯᠡᠰ | ᠢᠯᠠᠩᠭᠤᠶ᠎ᠠ ᠠᠮᠤ ᠪᠤᠳᠠᠭᠠᠨ ᠤ ᠦᠶᠯᠡᠳᠪᠦᠷᠢᠯᠡᠯ ᠢ ᠬᠥᠭᠵᠢᠭᠦᠯᠬᠦ ᠳᠤ ᠯᠡ ᠬᠡᠷᠡᠭᠯᠡᠨ᠎ᠠ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠵᠤ᠂ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠵᠢᠷᠤᠮᠵᠢᠭᠤᠯᠵᠤ᠂ | ᠭᠠᠵᠠᠷ ᠰᠢᠷᠣᠶ ᠶᠢᠨ ᠡᠵᠡᠩᠨᠡᠯᠳᠠ ᠶᠢᠨ ᠡᠷᠭᠡ ᠶᠢ ᠬᠦᠢᠯᠭᠡᠭᠡᠬᠦ ᠬᠡᠷᠡᠭᠴᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠲᠠᠷᠰᠢᠭᠤᠯᠤᠭᠰᠠᠨ ᠭᠠᠵᠠᠷ ᠢ | ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ | ᠪᠣᠯᠭᠠᠬᠤ︾ ᠶᠢ ᠡᠷᠡᠰ ᠬᠤᠷᠢᠭᠯᠠᠬᠤ ᠬᠡᠷᠡᠭᠲᠡᠶ᠃ ᠲᠠᠷᠢᠶᠠᠨ ᠭᠠᠵᠠᠷ ᠨᠢ ᠡᠷᠬᠡᠪᠰᠢ ᠰᠠᠶᠢᠨ ᠲᠠᠷᠢᠶ᠎ᠠ ᠪᠠᠶᠢᠬᠤ ᠭᠡᠷᠡᠭᠲᠡᠢ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠠᠵᠤ ᠦᠶᠯᠡᠰ ᠤᠨ ᠪᠦᠰᠡ ᠶᠢ ᠪᠥᠲᠥᠭᠡᠨ ᠪᠠᠶᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠵᠢᠷᠯᠢᠭ ᠭᠠᠵᠠᠷ ᠢ ᠲᠥᠷᠥᠯ ᠬᠤᠪᠢᠶᠠᠨ ᠥᠭᠡᠷᠡᠴᠢᠯᠡᠵᠦ᠂ 10 | ᠳ᠋ᠦᠩᠰᠢᠭᠤᠷ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠶ᠃ ︽ᠰᠢᠳᠦ ᠤᠷᠭᠤᠭᠤᠯᠬᠤ︾ ᠴᠢᠩᠭ᠎ᠠ ᠠᠷᠭ᠎ᠠ ᠬᠡᠮᠵᠢᠶ᠎ᠡ ᠠᠪᠴᠤ᠂ | ᠡᠯ᠎ᠡ ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠪᠣᠳᠠᠲᠠᠶᠢᠵᠢᠭᠤᠯᠵᠤ᠂ ᠲᠥᠪ ᠠᠴᠠ ᠡᠯ᠎ᠡ ᠭᠠᠵᠠᠷ ᠤᠨ ᠬᠢᠨ ᠲᠠᠢ ᠲᠠᠷᠢᠶᠠᠨ ᠭᠠᠵᠠᠷ ᠢ ᠬᠠᠮᠠᠭᠠᠯᠠᠬᠤ ︽ᠵᠠᠷᠯᠢᠭ ᠤᠨ ᠪᠢᠴᠢᠭ︾ ᠲᠣᠭᠲᠠᠵᠤ᠂ ᠴᠢᠩᠭ᠎ᠠ ᠬᠢᠨᠠᠨ | ᠰᠢᠯᠭᠠᠵᠤ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠵᠦ᠂ 18 ᠳ᠋ᠦᠩᠰᠢᠭᠤᠷ ᠮᠥ ᠲᠠᠷᠢᠶᠠᠨ ᠭᠠᠵᠠᠷ ᠢ ᠨᠡᠷ᠎ᠡ ᠨᠢᠳᠡᠷ ᠲᠡᠭᠡᠨ ᠨᠡᠶᠢᠴᠡᠭᠰᠡᠡ ᠲᠠᠷᠢᠶᠠᠠ ᠭᠠᠵᠠᠷ | ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠠᠮᠤ ᠪᠤᠲᠠᠭᠠᠠ ᠤ ᠠᠰᠠᠭᠤᠳᠠᠯ ᠢ ᠰᠢᠢᠳᠪᠦᠷᠢᠯᠡᠬᠦ ᠳᠤ ᠦᠨᠳᠦᠰᠦᠨ ᠭᠠᠷᠬᠤ ᠵᠠᠮ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ | ᠪᠠᠶᠢᠨ᠎ᠠ᠃ ᠦᠷ᠎ᠡ ᠶᠢᠨ ᠢᠷᠡᠯᠳᠡ ᠶᠢᠨ ᠠᠮᠤᠷ ᠲᠦᠪᠰᠢᠨ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠡᠷᠬᠡᠪᠰᠢ ᠵᠣᠷᠢᠭ ᠰᠢᠭᠤᠳᠤᠨ ᠮᠠᠨ ᠤ | ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ᠂ ᠦᠷ᠎ᠡ ᠶᠢᠨ ᠢᠷᠡᠯᠳᠡ ᠶᠢ ᠪᠡᠶ᠎ᠡ ᠪᠠᠨ ᠳᠠᠭᠠᠭᠠᠵᠤ ᠡᠵᠡᠮᠳᠡᠬᠦ ᠶᠢ ᠪᠡᠶᠡᠯᠡᠭᠦᠯᠬᠦ ᠬᠡᠷᠡᠭᠲᠡᠢ᠃ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ | ᠪᠠᠳᠠᠷᠠᠭᠤᠯᠵᠤ᠂ ᠳᠠᠪᠠᠭᠤᠯᠢᠭ ᠲᠠᠢ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠦᠷ᠎ᠡ ᠶᠢᠨ ᠦᠢᠯᠡᠰ ᠤᠨ ᠬᠦᠷᠢᠶᠡᠨ ᠳᠠᠬᠢ ᠤᠯᠤᠰ ᠤᠨ | ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠰᠠᠭᠤᠷᠢ ᠴᠢᠨᠠᠷᠲᠠᠢ ᠬᠤᠰᠢᠭᠤᠷᠠᠯ ᠰᠤᠳᠤᠯᠭᠠᠨ ᠢ ᠴᠢᠩᠭᠠᠳᠬᠠᠵᠤ᠂ | ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠠᠵᠤ | ᠦᠢᠯᠡᠰᠵᠢᠯᠲᠡ ᠶᠢᠨ ᠠᠯᠬᠤᠭ᠎ᠠ ᠶᠢ ᠲᠦᠷᠭᠡᠳᠭᠡᠬᠦ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠡᠭᠦᠯᠳᠡᠷ ᠢ | ᠬᠢᠨᠠᠨ ᠲᠣᠭᠲᠠᠭᠠᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠦᠷᠢᠮ ᠢ ᠪᠦᠷᠢᠨᠰᠢᠬᠦᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠪᠥᠲᠥᠭᠡᠨ | ᠪᠠᠶᠢᠭᠤᠯᠤᠯᠲᠠ ᠪᠠᠷ ᠭᠠᠷᠳᠠᠴᠠ ᠪᠣᠯᠭᠠᠨ ᠮᠠᠨ ᠤ ᠤᠯᠤᠰ ᠤᠨ ᠦᠷ᠎ᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ | ᠬᠠᠩᠭᠠᠬᠤ ᠠᠴᠠ ᠡᠭᠦᠰᠴᠦ᠂ ᠠᠷᠠᠳ ᠤᠯᠠᠨ ᠤ ᠢᠳᠡᠭᠡᠨ ᠤ ᠪᠦᠲᠦᠴᠡ ᠶᠢᠨ ᠬᠤᠪᠢᠷᠠᠯᠲᠠ ᠶᠢᠨ ᠬᠠᠨᠳᠤᠰᠢ ᠶᠢ ᠡᠵᠡᠮᠳᠡᠵᠦ᠂ ᠠᠮᠤ ᠪᠤᠳᠠᠭᠠᠨ ᠤ ᠬᠠᠩᠭᠠᠯᠭ᠎ᠠ ᠶᠢ | ᠪᠠᠲᠤᠯᠠᠬᠤ ᠶᠢᠨ ᠵᠡᠷᠭᠡ ᠪᠠᠷ ᠮᠢᠬᠠᠨ ᠤ ᠲᠦᠷᠦᠯ᠂ ᠢᠳᠡᠰᠢᠨ ᠨᠣᠭᠤᠭ᠎ᠠ᠂ ᠵᠢᠮᠢᠰ᠂ ᠤᠰᠤᠨ ᠭᠠᠷᠤᠯᠲᠠ ᠵᠡᠷᠭᠡ ᠡᠯ᠎ᠡ ᠲᠦᠷᠦᠯ ᠤᠨ ᠢᠳᠡᠭᠡᠨ ᠤ ᠪᠦᠲᠦᠮᠵᠢᠲᠡᠢ | ᠬᠠᠩᠭᠠᠯᠭ᠎ᠠ ᠶᠢ ᠪᠠᠲᠤᠯᠠᠬᠤ ᠬᠡᠷᠡᠭᠲᠡᠢ᠂ ᠠᠯᠢ ᠨᠢ ᠳᠤᠲᠠᠭᠳᠠᠪᠠᠴᠤ ᠪᠣᠯᠬᠤ ᠦᠭᠡᠢ᠃ ᠠᠮᠢ ᠠᠬᠤᠢ ᠣᠷᠴᠢᠨ ᠲᠤᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ | ᠳᠣᠣᠷ᠎ᠠ᠂ ᠲᠠᠷᠢᠶᠠᠨ ᠭᠠᠵᠠᠷ ᠤᠨ ᠡᠬᠢ ᠪᠠᠶᠠᠯᠢᠭ ᠢ ᠪᠦᠬᠦᠶᠢᠯᠡ ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠲᠡᠶᠢᠰᠢ ᠥᠷᠭᠡᠳᠭᠡᠵᠦ᠂ ᠠᠮᠤ ᠪᠤᠳᠠᠭ᠎ᠠ | ᠲᠠᠷᠢᠬᠤ ᠳᠤ ᠲᠣᠬᠢᠷᠠᠮᠵᠢᠲᠠᠢ ᠪᠣᠯ ᠠᠮᠤ ᠪᠤᠳᠠᠭ᠎ᠠ ᠲᠠᠷᠢᠵᠤ᠂ ᠠᠵᠤ ᠠᠬᠤᠢ ᠡᠷᠬᠢᠯᠡᠬᠦ ᠳᠤ ᠲᠣᠬᠢᠷᠠᠮᠵᠢᠲᠠᠢ ᠪᠣᠯ ᠠᠵᠤ ᠠᠬᠤᠢ ᠡᠷᠬᠢᠯᠡᠵᠦ᠂ ᠮᠠᠯᠵᠢᠬᠤ ᠳᠤ | ᠲᠣᠬᠢᠷᠠᠮᠵᠢᠲᠠᠢ ᠪᠣᠯ ᠮᠠᠯ ᠠᠵᠤ ᠠᠬᠤᠢ ᠡᠷᠬᠢᠯᠡᠵᠦ᠂ ᠵᠢᠭᠠᠰᠤ ᠲᠡᠵᠢᠭᠡᠬᠦ ᠳᠤ ᠲᠣᠬᠢᠷᠠᠮᠵᠢᠲᠠᠢ ᠪᠣᠯ ᠵᠢᠭᠠᠰᠤ ᠲᠡᠵᠢᠭᠡᠵᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ | ᠤᠶᠢᠵᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠵᠣᠬᠢᠴᠠᠭᠰᠠᠨ᠂ ᠡᠬᠢ ᠪᠠᠶᠠᠯᠢᠭ ᠣᠷᠴᠢᠨ ᠲᠤᠭᠤᠷᠢᠨ ᠤ ᠳᠠᠭᠠᠭᠠᠴᠠ ᠲᠠᠢ ᠵᠣᠬᠢᠴᠠᠯᠳᠤᠭᠰᠠᠨ ᠤᠳᠤ | ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠭᠤᠯᠤᠯᠳᠠ ᠶᠢ ᠪᠦᠷᠢᠯᠳᠦᠬᠦᠯᠬᠦ ᠬᠡᠷᠡᠭᠲᠡᠢ᠃ ᠤᠢ ᠰᠢᠭᠤᠢ ᠠᠴᠠ | ᠢᠳᠡᠭᠡᠡ ᠠᠪᠴᠤ᠂ ᠭᠤᠣᠯ ᠮᠥᠷᠡᠨ ᠳᠠᠯᠠᠢ ᠲᠠᠩᠭᠢᠰ ᠠᠴᠠ ᠢᠳᠡᠭᠡᠡ ᠠᠪᠴᠤ᠂ ᠲᠦᠬᠦᠭᠡᠷᠦᠮᠵᠢᠲᠦ ᠲᠠᠷᠢᠶᠠᠯᠠᠩ ᠠᠴᠠ ᠢᠳᠡᠭᠡᠡ ᠠᠪᠬᠤ ᠶᠢᠨ ᠬᠠᠮᠲᠤ ᠤᠯᠠᠮᠵᠢᠯᠠᠯᠲᠤ | ᠲᠠᠷᠢᠮᠠᠯ ᠪᠠ ᠮᠠᠯ ᠵᠢᠭᠦᠷᠲᠡᠨ ᠤ ᠡᠬᠢ ᠪᠠᠶᠠᠯᠢᠭ ᠠᠴᠠ ᠨᠡᠩ ᠡᠯᠪᠡᠭ ᠪᠠᠶᠠᠯᠢᠭ ᠠᠮᠢᠳᠤ ᠪᠣᠳᠠᠰ ᠤᠨ ᠡᠬᠢ ᠪᠠᠶᠠᠯᠢᠭ ᠵᠦᠭ ᠥᠷᠭᠡᠳᠭᠡᠵᠦ᠂ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ ᠤᠨ ᠠᠵᠤ ᠦᠢᠯᠡᠰ ᠢ ᠬᠥᠭᠵᠢᠭᠦᠯᠵᠦ᠂ ᠠᠮᠢᠲᠠᠨ ᠤᠷᠭᠤᠮᠠᠯ ᠮᠢᠺᠷᠣᠪ ᠠᠴᠠ ᠢᠯᠴᠢ᠂ ᠤᠭᠤᠷᠠᠭ | ᠠᠪᠬᠤ ᠬᠡᠷᠡᠭᠲᠡᠢ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠢᠳᠡᠭᠡᠨ ᠤ ᠡᠬᠢ | ᠪᠠᠶᠠᠯᠢᠭ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠵᠦ᠂ ᠡᠯᠪᠡᠭ ᠪᠠᠶᠠᠯᠢᠭ ᠤᠯᠠᠨ ᠶᠠᠩᠵᠤ ᠶᠢᠨ ᠢᠳᠡᠭᠡᠨ ᠤ ᠲᠦᠷᠦᠯ ᠵᠦᠢᠯ ᠢ ᠨᠡᠭᠡᠭᠡᠨ | ᠬᠥᠭᠵᠢᠭᠦᠯᠵᠦ᠂ ᠡᠯ᠎ᠡ ᠲᠦᠷᠦᠯ ᠤᠨ ᠢᠳᠡᠭᠡᠨ ᠤ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠡᠶᠡᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠤᠯᠠᠨ | ᠡᠰᠢᠵᠢᠵᠤ ᠪᠠᠶᠢᠭ᠎ᠠ ᠢᠳᠡᠭᠡᠨ ᠤ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠥᠪᠬᠡᠨ ᠠᠵᠤ ᠠᠬᠤᠢ ᠶᠢᠨ ᠬᠥᠭᠵᠢᠯᠲᠡ ᠶᠢ ᠴᠢᠬᠤᠯᠠᠴᠢᠯᠠᠵᠤ ᠪᠣᠯᠬᠤ ᠦᠭᠡᠢ᠂ | ᠪᠠᠰᠠ ᠡᠷᠬᠡᠪᠰᠢ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠲᠠᠷᠢᠶᠠᠴᠢᠳ ᠤᠨ | ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠢ ᠴᠢᠬᠤᠯᠠᠴᠢᠯᠠᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠲᠣᠰᠬᠤᠨ ᠤ ᠲᠦᠷᠢᠮ | ᠠᠷᠠᠳ ᠤᠨ ᠭᠡᠷ᠎ᠡ᠂ ᠭᠡᠷ ᠤᠨ ᠰᠤᠷᠭᠠᠯ ᠭᠡᠷ ᠤᠨ ᠰᠤᠷᠲᠠᠯ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ | ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠪᠠᠶᠢᠡᠭᠭᠤᠵᠢᠬᠰᠡᠨ ᠲᠣᠭᠲᠠᠴᠠ ᠶᠢ ᠪᠦᠷᠢᠨᠰᠢᠬᠦᠯᠵᠤ᠂ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ᠂ ᠤᠪᠤᠭ ᠲᠦᠷᠦᠯ ᠤᠨ ᠬᠠᠷᠭᠢᠰ | ᠬᠦᠴᠦᠨ ᠳᠤ ᠦᠷᠭᠦᠯᠵᠢᠯᠡᠨ ᠴᠣᠬᠢᠯᠲᠠ ᠥᠭᠴᠦ᠂ ᠬᠥᠳᠡᠭᠡ ᠲᠣᠰᠬᠤᠨ ᠤ ᠱᠠᠯᠢᠭ ᠵᠠᠪᠬᠠᠢ ᠵᠣᠭᠤᠰ ᠮᠥᠷᠥᠶᠢᠴᠡᠬᠦ ᠬᠤᠣᠷ ᠲᠠᠲᠠᠬᠤ ᠪᠠ ᠡᠮᠡᠭᠲᠡᠶᠢᠴᠦᠳ | ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠪᠠ᠃ | ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠦᠷᠢᠮ ᠤᠨ ᠨᠢᠭᠡᠳᠦᠯᠲᠡᠢ | ᠴᠢᠨᠠᠷ ᠪᠠ ᠵᠢᠷᠤᠮᠵᠢᠯᠳᠤ ᠴᠢᠨᠠᠷ ᠢ ᠴᠢᠩᠭᠠᠳᠬᠠᠵᠦ᠂ ᠤᠯᠠᠨ ᠲᠡᠰ ᠳᠠᠪᠬᠤᠷᠭ᠎ᠠ᠂ ᠤᠯᠠᠨ ᠲᠤᠯᠭᠠᠭᠤᠷᠢᠳᠤ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ | ᠬᠥᠭᠵᠢᠭᠦᠯᠵᠦ᠂ ᠨᠡᠩ ᠤᠯᠠᠨ ᠬᠥᠮᠦᠨ ᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠬᠤ ᠬᠡᠷᠡᠭᠲᠡᠢ᠃ ᠠᠮᠢᠳᠤᠯᠢᠭ ᠢᠶᠠᠷ ᠠᠵᠢᠯ ᠣᠯᠤᠭᠰᠠᠳ ᠤᠨ | ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠵᠤ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠥᠷᠭᠡᠳᠭᠡᠵᠦ᠂ ᠲᠦᠷᠢᠮ ᠤᠨ ᠲᠤᠬᠢᠷᠠᠭᠤᠯᠤᠯᠳᠠ ᠶᠢ ᠨᠡᠩ ᠲᠥᠪ ᠭᠤᠣᠯᠴᠢ᠂ ᠬᠠᠮᠤᠷᠬᠤ ᠬᠡᠪᠴᠢᠶ᠎ᠡ ᠶᠢ ᠨᠡᠩ ᠥᠷᠭᠡᠨ ᠳᠡᠯᠭᠡᠷ ᠪᠣᠯᠭᠠᠵᠤ᠂ ᠠᠷᠠᠳ | ᠲᠦᠮᠡᠨ ᠤ ᠠᠮᠤᠷ ᠲᠠᠶᠢᠪᠤᠩ ᠠᠵᠤ ᠲᠦᠷᠦᠬᠦ ᠳᠤ ᠦᠨᠳᠦᠰᠦᠨ ᠵᠦᠢᠯ ᠢ ᠪᠠᠲᠤᠯᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠳᠠᠭᠠᠳᠬᠠᠯ ᠢ ᠮᠡᠬᠡᠯᠡᠨ ᠠᠪᠬᠤ᠂ ᠳᠠᠭᠠᠳᠬᠠᠯ ᠢ ᠲᠤᠬᠤᠵᠤ ᠠᠪᠬᠤ ᠪᠠ ᠡᠯ᠎ᠡ ᠲᠦᠷᠦᠯ ᠤᠨ ᠨᠡᠶᠢᠭᠡᠮ ᠤᠨ | ᠪᠠᠲᠤᠯᠠᠭ᠎ᠠ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠵᠦ ᠡᠵᠡᠯᠡᠨ ᠠᠪᠬᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠠᠷᠠᠳ ᠤᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾᠂ ︽ᠠᠮᠢ ᠠᠪᠤᠷᠠᠬᠤ ᠮᠥᠩᠭᠦ︾ ᠨᠢᠭᠡᠪᠦᠷᠢ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠪᠠᠭ᠎ᠠ ᠶᠠᠪᠤᠳᠠᠯ ᠢ ᠴᠤ ᠢᠮᠠᠭᠳᠠ ᠬᠠᠯᠠᠮᠵᠢᠯᠠᠬᠤ ᠬᠡᠷᠡᠭᠳᠡᠢ᠃ ᠬᠦᠴᠢᠷᠳᠡᠯᠲᠡᠢ | ᠤᠯᠠᠨ ᠲᠦᠮᠡᠨ ᠢ ᠪᠢᠳᠡ ᠣᠨᠴᠠᠭᠠᠶᠢᠯᠠᠨ ᠠᠩᠬᠠᠷᠴᠤ᠂ ᠣᠨᠴᠠᠭᠠᠶᠢᠯᠠᠨ ᠬᠠᠯᠠᠮᠵᠢᠯᠠᠵᠤ᠂ ᠣᠨᠴᠠᠭᠠᠶᠢᠯᠠᠨ ᠬᠠᠶᠢᠷᠠᠯᠠᠵᠤ᠂ ᠲᠡᠳᠡᠨ ᠢ ᠬᠠᠪᠰᠤᠷᠤᠨ ᠬᠦᠴᠢᠷ | ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠯᠲᠠ᠂ ᠲᠤᠰᠬᠠᠢ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ᠂ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ | ᠲᠤᠰᠠᠯᠠᠯᠲᠠ ᠪᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠬᠦᠴᠦᠨ ᠤ ᠤᠷᠤᠯᠴᠠᠭ᠎ᠠ ᠪᠠᠷ ᠨᠥᠬᠦᠪᠥᠷᠢ ᠪᠣᠯᠭᠠᠭᠰᠠᠨ᠂ ᠪᠦᠬᠦ ᠲᠠᠯ᠎ᠠ ᠶᠢ ᠬᠠᠮᠤᠷᠤᠭᠰᠠᠨ᠂ | ᠳᠠᠪᠬᠤᠷᠭ᠎ᠠ ᠲᠦᠷᠦᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠢ ᠨᠡᠶᠢᠭᠡᠮ ᠤᠨ ᠠᠪᠤᠷᠠᠨ ᠲᠤᠰᠠᠯᠠᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ | ᠣᠨᠴᠠ ᠬᠦᠴᠢᠷᠳᠡᠯᠲᠡᠶ ᠬᠥᠮᠦᠰ ᠤᠨ ᠣᠨᠴᠠᠯᠢᠭ ᠪᠠ ᠬᠡᠷᠡᠭᠴᠡᠭᠡ ᠳᠤ ᠴᠢᠭᠯᠡᠭᠦᠯᠦᠨ ᠲᠥᠷᠥ ᠶᠢᠨ ᠪᠣᠳᠣᠯᠭ᠎ᠠ ᠶᠢ ᠣᠨᠣᠴᠠᠲᠠᠶ ᠬᠡᠷᠡᠭᠵᠢᠭᠦᠯᠵᠦ᠂ ᠡᠯ᠎ᠡ ᠲᠥᠷᠥᠯ ᠤᠨ | ᠠᠪᠤᠷᠠᠨ ᠲᠤᠰᠠᠯᠠᠬᠤ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠷᠬᠠᠭᠠᠵᠤ᠂ ᠲᠦᠷ ᠴᠠᠭ ᠤᠨ ᠠᠪᠤᠷᠠᠨ ᠲᠤᠰᠠᠯᠠᠬᠤ ᠶᠢ ᠴᠢᠩᠭᠠᠳᠬᠠᠵᠤ᠂ ᠦᠨᠳᠦᠰᠦᠨ | ᠵᠦᠶᠯ ᠢ ᠣᠨᠣᠪᠴᠢᠲᠠᠶ ᠰᠠᠶᠢᠲᠤᠷ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠤ ᠨᠡᠶᠢᠭᠡᠮ ᠤᠨ ᠠᠰᠠᠷᠠᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠥᠳᠡᠭᠡ | ᠲᠣᠰᠬᠤᠨ ᠤ ᠨᠠᠰᠤᠲᠠᠶᠢᠴᠤᠳ᠂ ᠬᠡᠦᠬᠡᠳ ᠪᠠᠭᠠᠴᠤᠳ᠂ ︽ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠭᠡᠦᠭᠡᠳ᠂ ᠬᠦᠳᠡᠭᠡ ᠲᠤᠰᠬᠤᠨ ᠤ ᠭᠡᠷ ᠲᠡᠭᠡᠨ | ᠬᠤᠴᠤᠷᠤᠭᠰᠠᠨ ᠨᠠᠰᠤᠳᠠᠶᠢᠴᠤᠳ᠂ ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠪᠦᠰᠡᠭᠦᠶᠢᠴᠤᠳ︾ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠢ | ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ᠂ ᠭᠠᠮᠰᠢᠭ ᠠᠴᠠ ᠪᠤᠯᠵᠤ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠢ | ᠲᠦᠷ ᠴᠠᠭ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠠᠵᠢᠯ ᠢ | ᠰᠠᠶᠢᠲᠤᠷ ᠬᠢᠵᠦ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠪᠣᠯᠤᠨ ᠦᠨᠳᠦᠰᠦᠨ ᠠᠮᠢᠳᠤᠷᠠᠯ ᠢ ᠪᠠᠲᠤᠯᠠᠵᠤ᠂ | ᠤᠶᠤᠨ ᠮᠡᠳᠡᠷᠡᠯ ᠤᠨ ᠰᠠᠭᠠᠳ ᠲᠠᠢ ᠬᠥᠮᠦᠰ ᠢ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠢ ᠲᠤᠷᠤᠮᠵᠢᠯᠠᠨ | ᠳᠠᠷᠤᠯᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ᠂ ᠵᠠᠩ ᠴᠢᠩ ᠯᠢ᠂ ᠯᠢ ᠪᠢᠨ᠂ ᠸᠠᠩ ᠶᠦᠩ ᠴᠢᠩ᠂ ᠭᠦ᠋ ᠱᠧᠩ ᠽᠦ ᠨᠠᠷ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ | ᠣᠷᠣᠯᠴᠠᠵᠠᠢ᠃ | |