| | ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ᠰᠢᠨᠬᠤᠸᠠ ᠬᠤᠷᠢᠶ᠎ᠠ ᠡᠷᠬᠡ ᠣᠯᠵᠤ 12 ᠤᠨ | ᠡᠳᠦᠷ ᠶᠡᠷᠦᠩᠬᠡᠢ ᠰᠠᠶᠢᠳ ᠯᠢ ᠺᠧ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠡᠭᠡᠷ᠎ᠡ ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ | ᠨᠡᠪᠲᠡᠷᠡᠭᠦᠯᠪᠡ᠃ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠠᠴᠠ 3 ᠳ᠋ᠤᠭᠠᠷ ᠰᠠᠷ᠎ᠠ ᠶᠢᠨ 11 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠵᠤ᠂ ᠲᠣᠰ | ᠢᠯᠡᠳᠬᠡᠯ ᠢ ᠵᠥᠪᠰᠢᠶᠡᠷᠡᠪᠡ᠃ | ᠢᠯᠡᠳᠬᠡᠯ ᠢ ᠭᠤᠷᠪᠠᠨ ᠬᠡᠰᠡᠭ ᠬᠤᠪᠢᠶᠠᠨ᠎ᠠ᠄ ᠨᠢᠭᠡ᠂ 2021 ᠣᠨ ᠤ ᠠᠵᠢᠯ ᠤᠨ ᠡᠷᠭᠢᠴᠡᠭᠦᠯᠦᠯ︔ ᠬᠤᠶᠠᠷ᠂ 2022 ᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ︔ ᠭᠤᠷᠪᠠ᠂ 2022 ᠣᠨ ᠤ ᠵᠠᠰᠠᠭ ᠤᠨ ᠣᠷᠳᠣᠨ ᠤ | ᠠᠵᠢᠯ ᠤᠨ ᠡᠭᠦᠷᠭᠡ᠃ | ᠢᠯᠡᠳᠬᠡᠯ ᠳᠤ ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ | ᠪᠣᠯᠣᠨ᠎ᠠ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠠ ᠠᠯᠢ ᠤᠯᠠᠨ | ᠠᠶᠤᠯ ᠲᠦᠭᠰᠢᠭᠦᠷᠢ ᠰᠢᠯᠭᠠᠯᠲᠠ ᠶᠢᠨ ᠡᠮᠦᠨ᠎ᠡ᠂ ᠪᠦᠬᠦ ᠤᠯᠤᠰ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠭᠡᠳ᠂ ᠪᠦᠬᠦ ᠵᠢᠯ ᠤᠨ ᠭᠤᠣᠯ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠰᠠᠶᠢᠨ ᠡᠬᠢᠯᠡᠯᠲᠡ ᠲᠠᠢ ᠪᠣᠯᠵᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠶᠡᠭᠡ | ᠰᠢᠨ᠎ᠡ ᠠᠮᠵᠢᠯᠲᠠ ᠣᠯᠵᠠᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠳᠡᠭ ᠢ 5.5% ᠣᠷᠴᠢᠮ ᠢᠶᠠᠷ ᠨᠡᠮᠡᠭᠳᠡᠭᠦᠯᠦᠨ᠎ᠡ ︔ ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠥᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ ᠪᠦᠬᠦ ᠵᠢᠯ ᠳᠤ 5.5% ᠶᠢᠨ ᠳᠣᠲᠣᠷ᠎ᠠ | ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% ᠣᠷᠴᠢᠮ ᠥᠰᠬᠡᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ | ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠵᠡᠷᠭᠡᠴᠡᠭᠦᠯᠦᠨ᠎ᠡ ︔ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠤᠨ ᠢ ᠪᠠᠲᠤᠯᠠᠵᠤ ᠶᠠᠰᠤ ᠴᠢᠨᠠᠷ ᠢ | ᠳᠡᠭᠡᠭᠰᠢᠯᠡᠭᠦᠯᠵᠦ᠂ ᠣᠯᠠᠨ ᠤᠯᠤᠰ ᠤᠨ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠪᠠᠨ ᠲᠡᠩᠴᠡᠭᠦᠷᠢᠰᠢᠭᠦᠯᠦᠨ᠎ᠡ ︔ ᠠᠮᠤ ᠪᠤᠳᠠᠭᠠᠨ ᠤ ᠤᠨᠠᠯᠲᠠ ᠶᠢ 1.3 ᠲᠦᠮᠡ | ᠭᠠᠷᠤᠢ ᠳ᠋ᠦᠩᠰᠢᠭᠤᠷ ᠵᠢᠩ ᠳᠤ ᠬᠦᠷᠭᠡᠨ᠎ᠡ ︔ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ ᠂ ᠭᠤᠣᠯ ᠪᠣᠯᠬᠤ ᠪᠣᠬᠢᠷᠳᠤᠯ | ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠳᠣᠷᠣᠭᠰᠢᠯᠠᠭᠤᠯᠤᠨ᠎ᠠ ︔ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ ᠬᠠᠷᠠᠯᠲᠠ ᠶᠢ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠵᠢᠭᠦᠯᠦᠨ ᠬᠢᠨᠠᠨ ᠰᠢᠯᠭᠠᠬᠤ ᠶᠢᠨ ᠬᠠᠮᠲᠤ ᠵᠣᠬᠢᠬᠤ | ᠬᠠᠷᠢᠮᠠᠬᠠᠢ ᠴᠢᠨᠠᠷᠲᠠᠢ ᠪᠠᠶᠢᠯᠭᠠᠵᠤ᠂ ᠰᠢᠨ᠎ᠡ ᠪᠠᠷ ᠨᠡᠮᠡᠭᠳᠡᠭᠰᠡᠨ ᠡᠭᠦᠰᠦᠮᠡᠯ ᠡᠨᠧᠷᠭᠢ ᠶᠢᠨ ᠰᠤᠷᠪᠤᠯᠵᠢ ᠪᠠ ᠲᠦᠭᠦᠬᠡᠢ ᠮᠠᠲ᠋ᠧᠷᠢᠶᠠᠯ ᠤᠨ ᠬᠡᠷᠡᠭᠯᠡᠬᠦ ᠡᠨᠧᠷᠭᠢ ᠶᠢ | ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ ᠳᠤ ᠣᠷᠣᠭᠤᠯᠬᠤ ᠦᠭᠡᠢ᠃ | ᠢᠯᠡᠳᠬᠡᠯ ᠳᠤ ᠵᠢᠭᠠᠵᠤ ᠭᠠᠷᠭᠠᠭᠰᠠᠨ ᠨᠢ᠂ ᠡᠨᠡ ᠵᠢᠯ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ | ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠨ᠎ᠠ ︔ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ | ᠪᠠᠲᠤᠯᠠᠬᠤ ᠲᠠᠯ᠎ᠠ ᠪᠠᠷ ᠬᠦᠴᠦᠯᠡᠨ ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ ︔ ᠥᠭᠡᠷᠡᠴᠢᠯᠡᠯᠲᠡ ᠶᠢ ᠭᠤᠶᠢᠪᠢᠰᠢ ᠦᠭᠡᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠨ᠎ᠡ ︔ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠳᠠᠲᠤ ᠴᠣᠭᠴᠠᠲᠤ ᠠᠵᠤ | ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠬᠢᠭᠤᠯᠤᠨ᠎ᠠ ︔ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠢ ᠶᠡᠭᠡ ᠪᠠᠷ ᠠᠳᠬᠤᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠤᠨ᠎ᠠ ︔ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ︔ ᠠᠮᠢ ᠠᠬᠤᠢ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ ︔ ᠠᠷᠠᠳ ᠤᠨ | ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠦᠨ᠎ᠡ ᠭᠡᠵᠡᠢ᠃ | |