ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2022/3/17
                 — 2022 ᠤᠨ ᠤ 3 ᠰᠠᠷ᠎ᠠ ᠶᠢᠨ 5 ᠤ ᠡᠳᠤᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ               ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩᠲᠥᠯᠥᠭᠡᠯᠡᠭᠴᠢᠳ ᠡ᠄       ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠤᠯᠪᠠ ‍ᠤᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠤᠯᠪᠠ ‍ᠤᠤ᠃      ᠨᠢᠭᠡ᠂ 2021 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷ᠎ᠡ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ ᠣᠯᠠᠨ ᠠᠷᠪᠢᠨ ᠲᠦᠭᠰᠢᠭᠦᠷᠢ ᠪᠠ ᠰᠢᠯᠭᠠᠯᠲᠠ ᠶᠢᠨ ᠡᠮᠦᠨ᠎ᠡ᠂ ᠪᠦᠬᠦ ᠤᠯᠤᠰ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠪᠦᠬᠦ ᠵᠢᠯ ᠤᠨ ᠭᠤᠤᠯ ᠭᠤᠤᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠪᠠᠰᠠ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃      — ᠠᠵᠤ ᠠᠬᠤᠶ ᠰᠡᠷᠭᠦᠯᠳᠠ ᠬᠥᠭᠵᠢᠯᠳᠠ ᠶᠢ ᠪᠠᠲᠤᠯᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ 114 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 8.1% ᠪᠠᠷ ᠨᠡᠮᠡᠭᠳᠡᠪᠡ᠃ ᠪᠦᠬᠦ ᠤᠯᠤᠰ ᠤᠨ ᠡᠳ᠋ ᠤᠨ ᠵᠠᠰᠠᠭ ᠤᠨ ᠣᠷᠣᠯᠭ᠎ᠠ 20 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 10.7% ᠪᠠᠷ ᠨᠡᠮᠡᠭᠳᠡᠪᠡ᠃ ᠬᠤᠲᠠ ᠪᠠᠯᠭᠠᠰᠤᠨ ᠳᠤ ᠠᠵᠢᠯ ᠣᠯᠤᠭᠰᠠᠨ ᠬᠦᠮᠦᠨ 1269 ᠲᠦᠮᠨ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.1% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ 0.9% ᠪᠠᠷ ᠥᠰᠪᠡ᠃ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠪᠠ᠃      — ᠰᠢᠨ᠎ᠡ ᠶᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠲᠦᠷᠭᠡᠨ ᠢᠶᠠᠷ ᠪᠤᠵᠠᠭᠠᠶᠢᠷᠠᠪᠠ᠃ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠴᠢᠬᠤᠯᠠ ᠠᠬᠢᠯᠳᠠ ᠲᠠᠢ ᠪᠤᠯᠵᠤ᠂ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ᠂ ᠭᠠᠯ ᠭᠠᠷᠠᠭ ᠤᠨ ᠬᠠᠶᠢᠨ ᠬᠡᠮᠵᠢᠯᠲᠡ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ᠂ ᠡᠨᠧᠷᠭᠢ ᠶᠢᠨ ᠰᠤᠷᠪᠤᠯᠵᠢ ᠶᠢᠨ ᠢᠨᠵᠧᠨᠧᠷᠢᠩ ᠵᠡᠷᠭᠡ ᠬᠦᠷᠢᠶᠡᠨ ᠳᠤ ᠰᠢᠨ᠎ᠡ ᠰᠢᠪᠲᠤᠯᠤᠯᠲᠠ ᠲᠠᠢ ᠪᠤᠯᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 15.5% ᠪᠠᠷ ᠨᠡᠮᠡᠭᠳᠡᠪᠡ᠃ ᠳ᠋ᠢᠵᠢᠲ᠋ᠠᠯ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠭ᠎ᠠ ᠲᠦᠷᠭᠡᠰᠪᠡ᠃      — ᠠᠵᠤ ᠠᠬᠤᠶ ᠶᠢᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠦᠷᠭᠦᠯᠵᠢᠯᠡᠨ ᠰᠢᠯᠢᠳᠡᠭᠵᠢᠪᠡ᠃ ᠠᠮᠤ ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 18.2% ᠢᠶᠠᠷ ᠨᠡᠮᠡᠭᠳᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠬᠥᠭᠵᠢᠵᠦ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠪᠡ᠃ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠯᠠᠪᠳᠠᠭᠤᠨ ᠢᠶᠠᠷ ᠠᠬᠢᠪᠠ᠃      — ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠪᠠ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠶ ᠲᠤᠭ᠎ᠠ 1.5 ᠳ᠋ᠦᠩᠰᠢᠭᠤᠷ ᠡᠷᠦᠬᠡ ᠶᠢ ᠳᠠᠪᠠᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠪᠠ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠪᠠ᠃ ᠡᠳ᠋ ᠪᠠᠷᠠᠭ᠎ᠠ ᠶᠢᠨ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠳᠠ ᠶᠢᠨ ᠪᠦᠬᠦ ᠲᠤᠭ᠎ᠠ 21.4% ᠪᠠᠷ ᠨᠡᠮᠡᠭᠳᠡᠵᠦ᠂ ᠭᠠᠳᠠᠭᠠᠳᠤ ᠪᠡᠯᠡ ᠶᠢᠨ ᠪᠣᠳᠠᠲᠠᠶ ᠬᠡᠷᠡᠭᠯᠡᠯᠲᠡ ᠨᠡᠮᠡᠭᠳᠡᠯ ᠢᠶᠠᠨ ᠪᠠᠲᠤᠯᠠᠪᠡ᠃      — ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠭᠤᠤᠯ ᠭᠤᠤᠯ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠲᠤᠰᠬᠠᠶ ᠣᠷᠣᠨ ᠤ ᠲᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠵᠢᠵᠢᠭ ᠮᠥᠬᠦᠯᠢᠭᠲᠦ ᠪᠣᠳᠠᠰ ᠤᠨ ᠳᠤᠮᠳᠠᠴᠢ ᠥᠳᠭᠡᠴᠡ ᠶᠢ 9.1% ᠪᠠᠷ ᠪᠠᠭᠤᠷᠠᠭᠤᠯᠪᠠ᠃ ᠠᠩᠬᠠᠨ ᠤ ᠪᠦᠯᠦᠭ ᠤᠯᠤᠰ ᠤᠨ ᠴᠡᠴᠡᠷᠯᠢᠭ ᠢ ᠵᠢᠩᠬᠢᠨᠢ ᠪᠠᠷ ᠪᠠᠶᠢᠭᠤᠯᠪᠠ᠃ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢᠯᠡᠳᠲᠡ ᠰᠠᠶᠢᠵᠢᠷᠠᠪᠠ᠃      — ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.1% ᠪᠠᠷ ᠪᠣᠳᠠᠲᠠᠶ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠪᠡ᠃ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠰᠢᠨ᠎ᠡ ᠠᠯᠬᠤᠮ ᠢ ᠠᠯᠬᠤᠪᠠ᠃ ᠬᠤᠲᠠ ᠪᠠᠯᠭᠠᠰᠤᠨ ᠤ 5.6 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠰᠢᠨ᠎ᠡ ᠪᠠᠷ ᠡᠬᠢᠯᠡᠭᠦᠯᠦᠨ᠂ ᠮᠢᠩᠭ᠎ᠠ ᠰᠢᠬᠠᠮ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃      — ᠬᠢᠵᠢᠭ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠪᠠᠶᠢᠩᠭᠤ ᠶᠢᠨ ᠴᠢᠨᠠᠷᠲᠠᠢ ᠪᠠᠷ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠸᠠᠺᠼᠢᠨ ᠤ ᠪᠦᠬᠦ ᠶᠠᠪᠤᠴᠠ ᠶᠢᠨ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ 85% ᠶᠢ ᠳᠠᠪᠠᠵᠤ᠂ ᠬᠡᠰᠡᠭ ᠭᠠᠵᠠᠷ ᠣᠷᠣᠨ ᠤ ᠪᠦᠭᠡᠮᠨᠡᠷᠡᠯ ᠤᠨ ᠰᠢᠨᠵᠢᠲᠡᠢ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠬᠠᠮᠠᠭᠠᠯᠠᠪᠠ᠃      ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠶᠢ ᠲᠦᠢᠯ ᠤᠨ ᠬᠢᠯᠪᠠᠷ ᠪᠤᠰᠤ ᠪᠠᠷ ᠤᠯᠤᠭᠰᠠᠨ ᠶᠤᠮ᠃ ᠮᠠᠨ ᠤ ᠤᠯᠤᠰ ᠤᠨ ᠠᠵᠤ ᠠᠬᠤᠶ ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠬᠦᠨᠳᠦ ᠨᠣᠴᠢᠲᠠᠶ ᠳᠠᠭᠠᠷᠢᠯᠲᠠ ᠶᠢᠨ ᠳᠠᠷᠠᠭᠠᠬᠢ ᠰᠡᠷᠭᠦᠯᠲᠡ ᠬᠥᠭᠵᠢᠯᠲᠡ ᠶᠢᠨ ᠶᠠᠪᠤᠴᠠ ᠳᠤ ᠣᠷᠣᠰᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠳᠤ ᠪᠠᠰᠠ ᠮᠠᠰᠢ ᠤᠯᠠᠨ ᠰᠢᠨ᠎ᠡ ᠬᠤᠪᠢᠷᠠᠯᠲᠠ ᠭᠠᠷᠴᠤ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠦᠴᠢᠷᠳᠡᠯ ᠶᠡᠬᠡᠰᠴᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ ᠪᠦᠭᠡᠳ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠠᠯᠤᠰᠯᠠᠬᠰᠠᠨ ᠳᠤᠬᠢᠷᠠᠭᠤᠯᠤᠯᠳᠠ ᠪᠠ ᠦᠶᠡᠯᠡᠯ ᠦᠭᠰᠦᠭᠦᠯᠦᠭᠰᠡᠨ ᠲᠣᠬᠢᠷᠠᠭᠤᠯᠤᠯᠳᠠ ᠶᠢ ᠴᠢᠬᠤᠯᠠᠴᠢᠯᠠᠵᠤ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠪᠦᠲᠦᠮᠵᠢᠲᠡᠶ ᠠᠷᠭᠠᠴᠠᠭᠠᠵᠤ᠂ ᠭᠤᠤᠯᠳᠠᠭᠤ ᠳᠣᠤᠷᠠᠬᠢ ᠠᠵᠢᠯ ᠤᠳ ᠢ ᠬᠢᠪᠡ᠃      ᠨᠢᠭᠡ ᠳᠤ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠪᠠ ᠬᠠᠨᠳᠤᠯᠭᠠᠲᠤ ᠴᠢᠨᠠᠷ ᠢ ᠪᠠᠲᠤᠯᠠᠵᠤ᠂ ᠠᠵᠤ ᠠᠬᠤᠢ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠡᠨ ᠳᠤ ᠶᠠᠪᠤᠬᠳᠠᠬᠤ ᠶᠢ ᠠᠬᠢᠭᠤᠯᠪᠠ᠃ ᠬᠤᠷᠸ᠎ᠠ ᠲᠥᠷᠥ ᠶᠢᠨ ᠪᠣᠳᠣᠯᠭ᠎ᠠ ᠶᠢ ᠦᠶᠡᠯᠡᠯ ᠠᠯᠤᠰᠯᠠᠨ ᠲᠣᠬᠢᠷᠠᠭᠤᠯᠬᠤ ᠬᠡᠷᠡᠭᠴᠡᠭᠡ ᠳᠤ ᠵᠣᠬᠢᠴᠠᠭᠤᠯᠤᠨ᠂ ᠠᠵᠤ ᠠᠬᠤᠶ ᠶᠢᠨ ᠰᠡᠷᠭᠦᠯᠲᠡ ᠳᠤ ᠦᠵᠡᠭᠦᠯᠬᠦ ᠴᠢᠬᠤᠯᠠ ᠪᠦᠬᠦᠢ ᠳᠡᠮᠵᠢᠯᠭᠡ ᠶᠢᠨ ᠡᠷᠴᠢᠮ ᠢ ᠪᠠᠲᠤᠯᠠᠬᠤ ᠶᠢᠨ ᠬᠠᠮᠲᠤ ᠡᠨᠡ ᠵᠢᠯ ᠬᠦᠴᠢᠷᠳᠡᠯ ᠪᠠ ᠰᠢᠯᠭᠠᠯᠲᠠ ᠶᠢ ᠠᠷᠭᠠᠴᠠᠭᠠᠬᠤ ᠳᠤ ᠲᠥᠷᠥ ᠶᠢᠨ ᠪᠣᠳᠣᠯᠭ᠎ᠠ ᠶᠢᠨ ᠣᠷᠣᠨ ᠵᠠᠶ ᠦᠯᠡᠳᠡᠭᠡᠬᠦ ᠶᠢ ᠪᠣᠳᠣᠯᠬᠢᠯᠠᠪᠠ᠃ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠪᠠᠭᠤᠯᠭᠠᠬᠤ ᠪᠠᠶᠢᠩᠭᠤ ᠶᠢᠨ ᠴᠢᠨᠠᠷᠲᠠᠢ ᠲᠣᠭᠲᠠᠴᠠ ᠶᠢ ᠪᠠᠶᠢᠭᠤᠯᠵᠤ᠂ 2.8 ᠲᠦᠮᠡᠨ ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠪᠠᠭᠤᠯᠭᠠᠬᠤ ᠬᠡᠪᠴᠢᠶᠡᠨ ᠳᠤ ᠣᠷᠣᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠶᠢ ᠰᠢᠯᠢᠳᠡᠭᠵᠢᠭᠦᠯᠪᠡ᠃ ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠬᠠᠳᠠᠭᠠᠯᠠᠮᠵᠢ ᠶᠢᠨ ᠪᠡᠯᠡᠳᠭᠡᠯ ᠮᠦᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠦᠬᠦ ᠲᠠᠯ᠎ᠠ ᠪᠠᠷ ᠪᠠᠭᠤᠷᠠᠭᠤᠯᠤᠨ᠂ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠶᠢ ᠠᠬᠢᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢᠨ ᠬᠡᠷᠡᠭ ᠢ ᠯᠠᠪᠳᠠᠭᠤᠨ ᠳᠤᠬᠢᠲᠠᠢ ᠰᠢᠢᠳᠪᠦᠷᠢᠯᠡᠪᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠥᠷᠭᠡᠳᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠭᠤᠤᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠪᠠ᠃ ᠶᠡᠭᠡ ᠬᠡᠮᠵᠢᠶᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠬᠦᠴᠦᠨ ᠤ ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠠ᠃ ᠪᠦᠬᠦ ᠵᠢᠯ ᠠᠴᠠ ᠦᠵᠡᠪᠡᠯ᠂ ᠭᠤᠣᠯ ᠪᠣᠯᠬᠤ ᠬᠤᠷᠸ᠎ᠠ ᠠᠵᠤ ᠠᠬᠤᠢ ᠶᠢᠨ ᠭᠦᠢᠴᠡᠳᠭᠡᠯ ᠲᠤᠭ᠎ᠠ ᠵᠢᠱᠢᠯᠲᠡ ᠳᠤ ᠨᠡᠶᠢᠴᠡᠵᠦ᠂ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠪᠠ ᠬᠤᠷᠸ᠎ᠠ ᠬᠦᠰᠢᠬᠦᠷᠭᠡ ᠶᠢᠨ ᠨᠤᠷᠮ᠎ᠠ ᠪᠠᠭᠤᠷᠠᠵᠤ᠂ ᠠᠵᠤ ᠠᠬᠤᠶ ᠶᠢᠨ ᠨᠡᠮᠡᠭᠳᠡᠯ ᠤᠨ ᠨᠤᠷᠮ᠎ᠠ ᠦᠷᠭᠦᠯᠵᠢᠯᠡᠨ ᠳᠡᠯᠡᠬᠡᠶ ᠶᠢᠨ ᠡᠮᠦᠨ᠎ᠡ ᠡᠩᠨᠡᠭᠡᠨ ᠳᠤ ᠤᠷᠤᠪᠠ᠃      ᠬᠤᠶᠠᠷ ᠲᠤ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠪᠡ᠃ ᠳ᠋ᠦᠩᠰᠢᠭᠤᠷ ᠭᠠᠷᠤᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠬᠡᠳᠦᠨ ᠳ᠋ᠦᠩᠰᠢᠭᠤᠷ ᠬᠥᠮᠦᠨ ᠤ ᠠᠵᠢᠯ ᠣᠯᠵᠤ ᠦᠢᠯᠡᠰ ᠴᠣᠭᠴᠠᠯᠠᠬᠤ ᠶᠢ ᠡᠭᠦᠷᠭᠡᠯᠡᠵᠦ᠂ ᠬᠤᠷᠸ᠎ᠠ ᠲᠥᠷᠥ ᠶᠢᠨ ᠪᠣᠳᠣᠯᠭ᠎ᠠ ᠬᠢᠵᠢᠭ ᠡᠭᠦᠰᠦᠭᠰᠡᠨ ᠠᠴᠠ ᠨᠠᠭᠠᠰᠢᠬᠢ ᠪᠦᠲᠦᠮᠵᠢᠲᠡᠶ ᠳᠡᠮᠵᠢᠯᠭᠡ ᠶᠢᠨ ᠠᠷᠭ᠎ᠠ ᠵᠠᠮ ᠪᠠ ᠠᠷᠭ᠎ᠠ ᠪᠠᠷᠢᠯ ᠢᠶᠠᠨ ᠦᠷᠭᠦᠯᠵᠢᠯᠡᠭᠦᠯᠪᠡ᠃ ᠨᠢᠳᠤᠨᠤᠨ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠤᠭᠰᠠᠨ ᠬᠡᠮᠵᠢᠶ᠎ᠡ 1 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠪᠥᠭᠡᠳ ᠦᠢᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠡᠭᠦᠷᠡᠰᠦᠨ ᠴᠠᠬᠢᠯᠭᠠᠨ ᠪᠠ ᠢᠯᠴᠢ ᠬᠠᠩᠭᠠᠬᠤ ᠠᠵᠤ ᠠᠬᠤᠶᠢᠯᠠᠯ ᠳᠤ ᠱᠠᠲᠤ ᠦᠶᠡᠴᠢ ᠴᠢᠨᠠᠷᠲᠠᠶ ᠪᠠᠷ ᠭᠠᠶᠢᠯᠢ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠪᠡ᠃ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠪᠣᠯ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠰᠢᠭᠤᠳ ᠪᠦᠭᠡᠳ ᠪᠦᠲᠦᠮᠵᠢᠲᠡᠶ ᠠᠷᠭ᠎ᠠ ᠪᠣᠯᠬᠤ ᠪᠥᠭᠡᠳ ᠬᠡᠷᠡᠭ ᠳᠡᠭᠡᠷ᠎ᠡ ᠪᠠᠨ ᠪᠠᠰᠠ ᠴᠤ ᠡᠳ᠋ ᠤᠨ ᠢᠷᠡᠯᠲᠡ ᠶᠢ ᠲᠡᠳᠬᠦᠨ ᠪᠤᠶᠢᠵᠢᠭᠤᠯᠬᠤ ᠪᠠ ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠤᠨ᠎ᠠ ᠭᠡᠳᠡᠭ ᠢ ᠦᠢᠯᠡᠳᠦᠯᠭᠡ ᠭᠡᠷᠡᠴᠢᠯᠡᠪᠡ᠂ 2013 ᠣᠨ ᠠᠴᠠ ᠨᠠᠭᠠᠰᠢ ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠨᠢᠳᠤᠨᠤᠨ ᠤ ᠲᠤᠰᠢᠶᠠᠭᠰᠠᠨ ᠭᠠᠶᠢᠯᠢ 4.76 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠶ᠃ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠳᠠᠯᠠᠢ ᠶᠢᠨ ᠲᠡᠭᠡᠭᠡᠪᠦᠷᠢ᠂ ᠭᠠᠷᠠᠮ ᠵᠡᠷᠭᠡ ᠶᠢᠨ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠪᠠ᠃ ᠬᠢᠵᠢᠭ ᠲᠤ ᠬᠦᠨᠳᠦ ᠨᠣᠴᠢᠲᠠᠶ ᠨᠦᠯᠦᠭᠡᠯᠡᠭᠳᠡᠭᠰᠡᠨ ᠠᠵᠢᠯ ᠲᠥᠷᠥᠯ ᠤᠨ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠳᠤ ᠡᠬᠡ ᠬᠦᠦ ᠶᠢ ᠨᠢ ᠬᠤᠶᠢᠰᠢᠯᠠᠭᠤᠯᠤᠨ ᠪᠤᠴᠠᠭᠠᠨ ᠲᠦᠯᠦᠬᠦ ᠪᠠ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠠᠩᠭᠢ ᠶᠢᠨ ᠦᠢᠯᠡᠰ ᠤᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ 27.3% ᠪᠠᠷ ᠨᠡᠮᠡᠭᠳᠡᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ 40% ᠶᠢ ᠳᠠᠪᠠᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠪᠠ᠃      ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠵᠠᠬ᠎ᠠ ᠳᠡᠯᠭᠡᠭᠦᠷ ᠤᠨ ᠰᠢᠰᠲ᠋ᠧᠮ ᠤᠨ ᠰᠠᠭᠤᠷᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠡᠷᠭᠡ ᠥᠭᠡᠷᠡᠴᠢᠯᠡᠯᠲᠡ ᠶᠢ ᠠᠬᠢᠭᠤᠯᠪᠠ᠃ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠭᠠᠷᠳᠠᠮ ᠪᠠ ᠭᠦᠢᠴᠡᠳᠭᠡᠬᠦ ᠴᠠᠭ ᠤᠨ ᠬᠢᠵᠠᠭᠠᠷ ᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠶᠠᠪᠤᠳᠠᠯ ᠤᠨ ᠨᠠᠩ ᠣᠯᠠᠨ ᠦᠢᠯᠡᠴᠢᠯᠡᠭᠡᠨ ᠤ ᠵᠦᠢᠯᠡᠰ ᠢ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ ᠶᠢ ᠪᠡᠶᠡᠯᠡᠭᠦᠯᠪᠡ᠃ ᠨᠢᠭᠡ ᠪᠦᠯᠦᠭ ᠣᠷᠣᠨ ᠨᠤᠲᠤᠭ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠳᠡᠯᠭᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢ ᠥᠷᠨᠢᠭᠦᠯᠪᠡ᠃ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠢᠨᠡᠴᠢᠯᠠᠵᠦ᠂ ᠮᠤᠨᠤᠫᠤᠯᠢᠴᠢᠯᠠᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠢᠷᠤᠮ ᠤᠢᠭᠡᠢ ᠥᠷᠭᠡᠵᠢᠬᠦ ᠶᠢ ᠰᠡᠷᠭᠡᠶᠢᠯᠡᠨ ᠬᠤᠷᠢᠭᠯᠠᠵᠤ᠂ ᠭᠤᠤᠯᠴᠢ ᠪᠠᠷ ᠥᠷᠢᠰᠥᠯᠳᠦᠬᠦ ᠶᠢ ᠬᠠᠮᠠᠭᠠᠯᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠲᠡᠮᠵᠢᠪᠡ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠯᠭᠠᠬᠤ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠪᠠ ᠭᠤᠸᠠᠩᠵᠧᠦ ᠶᠢᠨ ᠬᠤᠭᠤᠴᠠᠭᠠᠲᠤ ᠪᠠᠷᠠᠭ᠎ᠠ ᠠᠷᠠᠯᠵᠢᠶᠠᠯᠠᠬᠤ ᠭᠠᠵᠠᠷ ᠢ ᠪᠠᠶᠢᠭᠤᠯᠪᠠ᠃ ᠲᠠᠷᠢᠶᠠᠯᠠᠩ ᠬᠥᠳᠡᠭᠡ ᠲᠣᠰᠬᠤᠨ᠂ ᠨᠡᠶᠢᠭᠡᠮ ᠤᠨ ᠦᠢᠯᠡᠰ᠂ ᠠᠮᠢ ᠠᠬᠤᠶ ᠶᠢᠨ ᠪᠣᠯᠪᠠᠰᠤᠨ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ ᠪᠠ ᠭᠠᠳᠠᠭᠠᠳᠤ ᠪᠡᠯᠡ ᠶᠢ ᠲᠤᠭᠳᠠᠭᠤᠨ ᠪᠠᠶᠢᠯᠭᠠᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠵᠢᠴᠢ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ᠭᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠢ ᠠᠮᠵᠢᠯᠲᠠ ᠲᠠᠢ ᠡᠷᠬᠢᠯᠡᠪᠡ᠃ ᠦᠢᠯᠡᠴᠢᠯᠡᠭᠡᠨ ᠤ ᠦᠢᠯᠡᠰ ᠤᠨ ᠨᠡᠭᠡᠭᠡᠯᠳᠡ ᠶᠢ ᠥᠷᠭᠡᠳᠭᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢ ᠰᠢᠨ᠎ᠡ ᠪᠠᠷ 4 ᠨᠡᠮᠡᠭᠳᠡᠭᠦᠯᠵᠦ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠨᠡᠭᠡᠭᠡᠯᠳᠠ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ᠃      ᠳᠥᠷᠪᠡ ᠳᠤ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ᠃ ᠤᠯᠤᠰ ᠤᠨ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠦᠯ ᠤᠨ ᠬᠡᠷᠡᠭᠵᠢᠭᠦᠯᠦᠯᠲᠡ ᠶᠢ ᠠᠬᠢᠭᠤᠯᠪᠠ᠃ ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠵᠦ᠂ ᠲᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠵᠡᠨ ᠮᠡᠳᠡᠬᠦ ᠡᠷᠬᠡ ᠶᠢ ᠥᠷᠭᠡᠳᠭᠡᠪᠡ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ ᠰᠠᠭᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ ᠢ 100% ᠪᠤᠯᠲᠠᠯ᠎ᠠ ᠳᠡᠭᠡᠭᠰᠢᠯᠡᠭᠦᠯᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠪᠠ᠃ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ ᠨᠥᠬᠦᠪᠥᠷᠢᠯᠡᠬᠦ ᠠᠵᠢᠯᠯᠠᠭ᠎ᠠ ᠶᠢ ᠥᠷᠨᠢᠭᠦᠯᠪᠡ᠃ ᠤᠯᠠᠮᠵᠢᠯᠠᠯᠲᠤ ᠠᠵᠤ ᠦᠢᠯᠡᠰ ᠤᠨ ᠳ᠋ᠢᠵᠢᠲ᠋ᠠᠯᠴᠢᠯᠠᠬᠤ ᠤᠶᠤᠨᠴᠢᠯᠠᠬᠤ ᠥᠭᠡᠷᠡᠴᠢᠯᠡᠯᠲᠡ ᠲᠦᠷᠭᠡᠳᠴᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃      ᠲᠠᠪᠤ ᠳᠤ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠳᠡᠮᠵᠢᠯᠭᠡ ᠶᠢᠨ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠨᠢᠭᠡ ᠪᠦᠯᠦᠭ ᠴᠢᠬᠤᠯᠠ ᠶᠡᠭᠡ ᠲᠦᠰᠦᠯ ᠢ ᠬᠡᠷᠡᠭᠵᠢᠭᠦᠯᠪᠡ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠲᠠᠷᠢᠶᠠᠯᠠᠩ ᠤᠨ ᠦᠢᠯᠡᠳᠪᠦᠷᠢᠯᠡᠯ ᠢ ᠴᠢᠩᠭᠠᠳᠬᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ 200 ᠳ᠋ᠦᠩᠰᠢᠭᠤᠷ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ 160 ᠲᠣᠭᠲᠠᠭᠠᠪᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃      ᠵᠢᠷᠭᠤᠭ᠎ᠠ ᠳᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠤ ᠦᠷ᠎ᠡ ᠪᠦᠲᠦᠭᠡᠯ ᠢ ᠪᠠᠬᠢᠵᠢᠭᠦᠯᠪᠡ᠃ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠷᠡᠭᠯᠡᠯᠲᠡ ᠶᠢ ᠪᠠᠭᠠᠰᠬᠠᠨ ᠦᠢᠯᠡᠳᠦᠯ ᠢ ᠨᠢ ᠨᠡᠮᠡᠭᠳᠡᠭᠦᠯᠬᠦ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠪᠠ᠃ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 10 ᠳ᠋ᠦᠩᠰᠢᠭᠤᠷ ᠺᠢᠯᠣᠸᠠᠲ ᠢ ᠳᠠᠪᠠᠪᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠵᠢᠯᠯᠠᠭᠠᠨ ᠤ ᠲᠥᠰᠦᠯ ᠢ ᠨᠡᠶᠢᠲᠡᠯᠡᠪᠡ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠶ ᠠᠷᠭᠠᠴᠠᠭᠠᠪᠠ᠃      ᠲᠤᠯᠤᠭ᠎ᠠ ᠳᠤ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠢ ᠲᠦᠷᠭᠡᠯᠡᠨ ᠬᠥᠭᠵᠢᠭᠦᠯᠪᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 3700 ᠭᠠᠷᠤᠶ ᠲᠦᠮᠡᠨ ᠰᠤᠷᠤᠭᠴᠢ ᠳᠤ ᠠᠰᠢᠭ ᠬᠦᠷᠲᠡᠭᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠣᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠪᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠤ ᠡᠯᠰᠡᠬᠦ ᠭᠤᠷᠪᠠᠨ ᠵᠢᠯ ᠤᠨ ᠠᠵᠢᠯᠯᠠᠭ᠎ᠠ ᠶᠢᠨ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠥᠮᠦᠨ ᠪᠦᠷᠢ ᠳᠤ ᠤᠯᠭᠤᠬᠤ ᠵᠢᠯ ᠪᠦᠷᠢ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠶᠢ 4000 ᠲᠥᠭᠦᠷᠢᠭ ᠨᠡᠮᠡᠭᠳᠡᠭᠦᠯᠵᠦ᠂ ᠰᠤᠷᠭᠠᠭᠤᠯᠢ ᠳᠤ ᠪᠠᠶᠢᠭ᠎ᠠ 500 ᠭᠠᠷᠤᠶ ᠲᠦᠮᠡᠨ ᠰᠤᠷᠤᠭᠴᠢ ᠳᠤ ᠠᠰᠢᠭ ᠬᠦᠷᠲᠡᠭᠡᠪᠠ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠠᠷᠠᠬᠠᠨ ᠬᠦᠷᠲᠡᠭᠡᠳᠦᠢ ᠭᠡᠷ ᠪᠦᠯᠢ ᠶᠢᠨ ᠬᠦᠨᠳᠦ ᠡᠪᠡᠳᠴᠢᠨ ᠲᠠᠢ ᠪᠠ ᠬᠦᠨᠳᠦ ᠵᠡᠮᠳᠡᠭ ᠬᠥᠮᠦᠰ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠬᠦᠴᠢᠷᠳᠡᠯ ᠲᠠᠢ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠪᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠳᠤ ᠥᠭᠡᠷᠡᠴᠢᠯᠡᠯᠲᠡ ᠬᠢᠪᠡ᠃ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠳᠠᠢ ᠡᠪᠡᠳᠴᠢᠨ ᠵᠡᠷᠭᠡ ᠨᠠᠩ ᠣᠯᠠᠨ ᠡᠭᠦᠳᠡᠨ ᠡᠮᠨᠡᠯᠭᠡ ᠶᠢᠨ ᠵᠠᠷᠤᠳᠠᠯ ᠢ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠣᠵᠢ ᠠᠯᠤᠰᠯᠠᠨ ᠰᠢᠭᠤᠳ ᠲᠠᠰᠤᠯᠤᠨ ᠪᠣᠳᠣᠬᠤ ᠨᠣᠷᠮ᠎ᠠ ᠶᠢ 60% ᠳᠤ ᠬᠦᠷᠭᠡᠪᠡ᠃ ᠡᠮ ᠤᠨ ᠵᠦᠢᠯ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠴᠢᠩᠭᠠᠳᠬᠠᠪᠠ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠯᠡᠨ ᠬᠥᠭᠵᠢᠭᠦᠯᠪᠡ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠪᠡ᠃ ᠰᠦᠯᠵᠢᠶᠡᠨ ᠤ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠪᠠ᠃ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠭᠦᠯᠪᠡ᠃ ᠮᠠᠨ ᠤ ᠤᠯᠤᠰ ᠤᠨ ᠲᠠᠮᠢᠷᠴᠢᠳ ᠲᠣᠣᠺᠢᠣ᠋ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠰᠢᠯᠢᠳᠡᠭ ᠬᠢᠷᠢ ᠪᠦᠲᠦᠮᠵᠢ ᠤᠯᠪᠠ᠃ ᠨᠠᠷᠢᠨ ᠨᠢᠮᠪᠠᠶ ᠪᠡᠯᠡᠳᠭᠡᠬᠦ ᠪᠠᠷ ᠳᠠᠮᠵᠢᠨ᠂ ᠪᠢᠳᠡ ᠠᠷᠪᠢᠲᠠᠢ ᠭᠠᠮᠲᠠᠢ᠂ ᠠᠮᠤᠷ ᠲᠦᠪᠰᠢᠨ᠂ ᠭᠠᠶᠢᠬᠠᠯᠳᠠᠢ ᠰᠠᠶᠢᠬᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠪᠥᠭᠡᠳ ᠰᠠᠶ᠋ᠢᠬᠠᠨ ᠡᠬᠢᠯᠡᠭᠰᠡᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠴᠤ ᠯᠠᠪᠲᠠᠢ ᠰᠠᠶᠢᠲᠤᠷ ᠡᠷᠬᠢᠯᠡᠵᠦ ᠴᠢᠳᠠᠬᠤ ᠶᠤᠮ᠃      ᠨᠠᠢᠮᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 15 ᠬᠤᠪᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠭᠰᠠᠨ ᠪᠤᠶᠤ ᠵᠠᠰᠠᠨ ᠲᠤᠭᠲᠠᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠶ ᠰᠢᠢᠳᠪᠦᠷᠢᠯᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠣᠪᠴᠢ ᠶᠢ ᠨᠡᠶᠢᠲᠡᠯᠡᠪᠡ᠃ ᠬᠢᠨᠠᠨ ᠪᠤᠳᠤᠬᠤ ᠬᠢᠨᠠᠯᠲᠠ ᠶᠢᠨ ᠦᠢᠯᠡᠳᠦᠯ ᠢ ᠪᠠᠳᠠᠷᠠᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ︽ᠢᠨᠲ᠋ᠧᠷ ᠰᠦᠯᠵᠢᠶ᠎ᠡ + ᠰᠢᠪᠠᠳᠠᠨ ᠪᠠᠶᠢᠴᠠᠭᠠᠯᠲᠠ︾ ᠶᠢ ᠭᠦᠨᠵᠡᠭᠡᠶ ᠬᠡᠷᠡᠭᠵᠢᠭᠦᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠪᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠪᠠ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠴᠢᠩᠭᠠᠳᠬᠠᠪᠠ᠃ ᠤᠯᠤᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠳᠠᠢ ᠥᠷᠨᠢᠭᠦᠯᠦᠨ᠂ ᠴᠠᠬᠢᠯᠭᠠᠨ ᠬᠤᠯᠪᠤᠭ᠎ᠠ ᠪᠠ ᠰᠦᠯᠵᠢᠶ᠎ᠡ ᠪᠠᠷ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ ᠲᠡᠭᠦᠨ ᠢ ᠵᠠᠰᠠᠨ ᠴᠡᠭᠴᠡᠯᠡᠪᠡ᠃ ᠨᠢᠳᠤᠨᠤᠨ ᠵᠠᠷᠢᠮ ᠭᠠᠵᠠᠷ ᠣᠷᠣᠨ ᠳᠤ ᠬᠦᠨᠳᠦ ᠨᠣᠴᠢᠲᠠᠶ ᠦᠶᠡᠷ ᠤᠰᠤᠲᠤᠯ ᠵᠡᠷᠭᠡ ᠭᠠᠮᠰᠢᠭ ᠭᠠᠷᠴᠤ᠂ ᠡᠯ᠎ᠡ ᠲᠠᠯ᠎ᠠ ᠶᠢᠨ ᠬᠢᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠲᠠᠷᠠᠭ᠎ᠠ ᠲᠠᠬᠢᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠴᠢᠷᠮᠠᠶᠢᠨ ᠪᠠᠲᠤᠯᠠᠪᠠ᠃      ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠪᠡ᠃      ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠪᠦᠬᠦ ᠲᠠᠯ᠎ᠠ ᠪᠠᠷ ᠠᠬᠢᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠸᠢᠳᠢᠣ᠋ ᠬᠡᠯᠪᠡᠷᠢ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ BRICS ᠤᠯᠤᠰ ᠤᠨ ᠤᠲᠤᠷᠢᠳᠬᠤ ᠬᠦᠮᠦᠰ ᠤᠨ ᠠᠭᠤᠯᠵᠠᠯᠳᠠ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠷᠢᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠳᠤᠷᠠᠰᠬᠠᠬᠤ ᠲᠦᠷᠦᠭᠦᠴᠦᠳ ᠤᠨ ᠬᠤᠷᠠᠯ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠰᠠᠶᠢᠳ ᠤᠨ ᠳᠡᠰ ᠤᠨ ᠬᠤᠷᠠᠯᠳᠤᠭᠠᠨ ᠤ ᠡᠬᠢᠯᠡᠯᠲᠡ ᠶᠢᠨ ᠶᠣᠰᠣᠯᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠦᠰ ᠤᠨ ᠰᠢᠷᠢᠰ ᠬᠤᠷᠠᠯᠳᠤᠭᠠᠨ᠂ ᠠᠽᠢᠶ᠎ᠠ ᠧᠦ᠋ᠷᠣᠫᠠ ᠶᠢᠨ ᠲᠦᠷᠦᠭᠦᠴᠦᠳ ᠤᠨ ᠬᠤᠷᠠᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠤᠯᠠᠨ ᠤᠳᠠᠭᠠᠨ ᠤ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠢ ᠬᠥᠭᠵᠢᠭᠦᠯᠦᠨ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠪᠠ ᠰᠢᠯᠭᠠᠯᠲᠠ ᠶᠢ ᠬᠠᠮᠲᠤ ᠪᠠᠷ ᠠᠷᠭᠠᠴᠠᠭᠠᠪᠠ᠃ ᠳᠤᠮᠳᠠᠳᠤ ᠤᠯᠤᠰ ᠳᠡᠯᠡᠬᠡᠶ ᠶᠢᠨ ᠡᠩᠭᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃      ᠲᠥᠯᠥᠭᠡᠯᠡᠭᠴᠢᠳ ᠡ︕      ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠤᠯ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠬᠰᠠᠨ ᠤ ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠬᠰᠠᠨ ᠤ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡ ᠪᠠᠷ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠦᠨ ᠯᠡ ᠦᠷᠭᠦᠯᠵᠢᠯᠡᠵᠦ᠂ ᠳᠡᠯᠡᠬᠡᠶ ᠶᠢᠨ ᠠᠵᠤ ᠠᠬᠤᠢ ᠶᠢᠨ ᠰᠡᠷᠭᠦᠯᠲᠡ ᠶᠢᠨ ᠬᠥᠳᠡᠯᠭᠡᠭᠴᠢ ᠬᠦᠴᠦᠨ ᠮᠡᠬᠦᠰᠳᠡᠨ᠂ ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠥᠨᠳᠥᠷ ᠪᠠᠶᠢᠷᠢᠨ ᠳᠤ ᠬᠡᠯᠪᠡᠯᠵᠡᠵᠦ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠶ ᠪᠥᠭᠡᠳ ᠮᠠᠭᠠᠳ ᠪᠤᠰᠤ ᠴᠢᠨᠠᠷᠲᠠᠢ ᠪᠤᠯᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠡᠷᠡᠭᠴᠡᠭᠡ ᠪᠠᠭᠠᠰᠬᠤ᠂ ᠬᠠᠩᠭᠠᠯᠭ᠎ᠠ ᠮᠠᠭᠤᠳᠠᠬᠤ᠂ ᠵᠢᠱᠢᠯᠲᠡ ᠰᠤᠯᠠᠷᠠᠬᠤ ᠭᠤᠷᠪᠠᠨ ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ᠃ ᠬᠡᠰᠡᠭ ᠭᠠᠵᠠᠷ ᠤᠨ ᠬᠢᠵᠢᠭ ᠤᠨ ᠪᠠᠶᠢᠳᠠᠯ ᠪᠠᠶᠢᠨ ᠪᠠᠶᠢᠨ ᠭᠠᠷᠴᠤ ᠪᠠᠶᠢᠨ᠎ᠠ᠃ ᠬᠡᠷᠡᠭᠯᠡᠭᠡ ᠪᠣᠯᠤᠨ ᠪᠡᠯᠡ ᠣᠷᠣᠭᠤᠯᠤᠯᠲᠠ ᠶᠢᠨ ᠰᠡᠷᠭᠦᠯᠲᠡ ᠤᠳᠠᠭᠠᠰᠢᠷᠠᠵᠤ᠂ ᠭᠠᠳᠠᠭᠠᠳᠤ ᠭᠠᠷᠭᠠᠯᠲᠠ ᠶᠢ ᠲᠣᠭᠲᠠᠭᠤᠨ ᠪᠠᠶᠢᠯᠭᠠᠬᠤ ᠬᠦᠴᠢᠷᠳᠡᠯ ᠶᠡᠬᠡᠰᠴᠦ᠂ ᠡᠨᠧᠷᠭᠢ ᠶᠢᠨ ᠰᠤᠷᠪᠤᠯᠵᠢ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠮᠥᠨ ᠯᠡ ᠪᠠᠴᠢᠮ ᠪᠠᠶᠢᠵᠤ᠂ ᠭᠠᠳᠠᠭᠠᠳᠤ ᠠᠴᠠ ᠤᠷᠤᠵᠤ ᠢᠷᠡᠭᠰᠡᠨ ᠵᠤᠭᠤᠰ ᠮᠠᠭᠤᠳᠠᠯᠳᠠ ᠶᠢᠨ ᠳᠠᠷᠤᠯᠳᠠ ᠶᠡᠬᠡᠰᠴᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠤᠯᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠡᠭᠦᠷᠭᠡ ᠨᠡᠩ ᠬᠠᠲᠠᠭᠤ ᠪᠡᠷᠬᠡ ᠪᠣᠯᠪᠠ᠃ ᠵᠠᠩᠭᠢᠯᠠᠭ᠎ᠠ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠲᠤᠯᠭᠠᠭᠤᠷᠢᠯᠠᠬᠤ ᠴᠢᠳᠠᠪᠤᠷᠢ ᠴᠢᠩᠭ᠎ᠠ ᠪᠢᠰᠢ ᠪᠠᠶᠢᠨ᠎ᠠ᠃ ᠵᠠᠷᠢᠮ ᠣᠷᠣᠨ ᠨᠤᠳᠤᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠬᠡᠰᠴᠦ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢᠨ ᠲᠠᠯᠳᠠ ᠭᠡᠮ ᠨᠡᠯᠢᠶᠡᠳ ᠤᠯᠠᠨ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠮᠥᠨ ᠯᠡ ᠲᠣᠪᠤᠶᠢᠮ᠎ᠠ ᠪᠠᠶᠢᠵᠤ᠂ ᠪᠣᠳᠠᠲᠤ ᠪᠠᠶᠢᠳᠠᠯ ᠠᠴᠠ ᠰᠠᠯᠤᠬᠰᠠᠨ᠂ ᠤᠯᠠᠨ ᠲᠦᠮᠡᠨ ᠤ ᠬᠦᠰᠡᠯ ᠰᠠᠨᠠᠭ᠎ᠠ ᠠᠴᠠ ᠵᠥᠷᠢᠴᠡᠭᠰᠡᠨ ᠦᠵᠡᠭᠳᠡᠯ ᠣᠯᠠᠨᠲᠠ ᠭᠠᠷᠴᠤ ᠪᠠᠶᠢᠨ᠎ᠠ᠂ ᠵᠠᠷᠢᠮ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ᠂ ᠬᠥᠳᠡᠯᠭᠡᠭᠡᠨ ᠬᠢᠬᠦ ᠬᠡᠯᠪᠡᠷᠢ ᠶᠢᠨ ᠠᠷᠭ᠎ᠠ ᠶᠢ ᠠᠪᠴᠤ ᠪᠠᠶᠢᠨ᠎ᠠ᠃ ᠴᠥᠭᠡᠨ ᠲᠣᠭᠠᠨ ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ ᠪᠤᠶᠤ ᠳᠤᠷ᠎ᠠ ᠪᠠᠷ ᠢᠶᠠᠨ ᠦᠢᠯᠡᠳᠴᠦ ᠪᠠᠶᠢᠨ᠎ᠠ᠂ ᠵᠠᠷᠢᠮ ᠨᠢ ᠤᠯᠠᠨ ᠲᠦᠮᠡᠨ ᠤ ᠡᠷᠬᠡ ᠠᠰᠢᠭ ᠢ ᠬᠦᠨᠳᠦ ᠨᠤᠴᠢᠲᠠᠢ ᠬᠦᠨᠦᠭᠡᠭᠰᠡᠨ ᠠᠰᠠᠭᠤᠳᠠᠯ ᠢ ᠦᠯᠦ ᠬᠠᠶᠢᠬᠤᠷᠤᠨ᠂ ᠠᠵᠢᠯ ᠤᠨ ᠲᠠᠯ᠎ᠠ ᠪᠠᠷ ᠬᠦᠨᠳᠤ ᠨᠤᠴᠢᠳᠠᠢ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠠᠯᠳᠠᠵᠤ ᠪᠠᠶᠢᠨ᠎ᠠ᠃ ᠵᠠᠷᠢᠮ ᠬᠦᠷᠢᠶᠡᠨ ᠳᠤ ᠢᠯᠵᠠᠷᠠᠯ ᠤᠨ ᠠᠰᠠᠭᠤᠳᠠᠯ ᠮᠥᠨ ᠯᠡ ᠤᠯᠠᠨᠳᠠ ᠡᠬᠦᠰᠴᠦ ᠪᠠᠶᠢᠨ᠎ᠠ᠃ ᠪᠢᠳᠡ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ︕      ᠬᠤᠶᠠᠷ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠥᠷᠦ ᠶᠢᠨ ᠪᠣᠳᠣᠯᠭ᠎ᠠ ᠶᠢᠨ ᠬᠠᠨᠳᠤᠰᠢ      ᠡᠨᠡ ᠵᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠡᠨᠡ ᠵᠢᠯ ᠪᠣᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠴᠢᠬᠤᠯᠠ ᠨᠢᠭᠡ ᠵᠢᠯ ᠮᠥᠨ ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠤᠢ ᠪᠤᠯᠭᠠᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠠᠨ ᠳᠤ ᠶᠠᠪᠤᠭᠳᠠᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ᠃      ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠦᠭᠰᠢᠭᠦᠷᠢ ᠪᠠ ᠰᠢᠯᠭᠠᠯᠲᠠ ᠢᠯᠡᠳᠲᠡ ᠨᠡᠮᠡᠭᠳᠡᠵᠦ ᠪᠠᠶᠢᠨ᠎ᠠ᠂ ᠡᠷᠬᠡᠪᠰᠢ ᠰᠠᠭᠠᠳ ᠳᠤᠳᠬᠠᠷ ᠢ ᠳᠠᠪᠠᠵᠤ ᠬᠦᠴᠢᠷ ᠪᠡᠷᠬᠡᠰᠢᠶᠠᠯ ᠢ ᠢᠯᠠᠬᠤ ᠬᠡᠷᠡᠭᠲᠡᠶ᠃ ᠬᠡᠳᠦᠢ ᠬᠦᠴᠢᠷ ᠪᠡᠷᠬᠡᠰᠢᠶᠡᠯ ᠲᠠᠢ ᠪᠣᠯ ᠲᠡᠳᠦᠢ ᠢᠲᠡᠭᠡᠯ ᠵᠣᠷᠢᠭ ᠢᠶᠠᠨ ᠪᠠᠲᠤᠳᠬᠠᠵᠤ᠂ ᠲᠡᠳᠦᠢ ᠦᠨᠡᠨ ᠬᠦ ᠠᠳᠬᠤᠨ ᠪᠣᠳᠠᠲᠠᠶ ᠠᠵᠢᠯᠯᠠᠬᠤ ᠬᠡᠷᠡᠭᠲᠡᠶ᠃ ᠮᠠᠨ ᠤ ᠤᠯᠤᠰ ᠤᠨ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠂ ᠦᠷᠭᠦᠯᠵᠢᠯᠡᠨ ᠬᠥᠭᠵᠢᠭᠦᠯᠬᠦ ᠳᠤ ᠣᠯᠠᠨ ᠲᠠᠯ᠎ᠠ ᠶᠢᠨ ᠠᠰᠢᠭᠲᠠᠢ ᠨᠥᠬᠦᠴᠡᠯ ᠲᠠᠢ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠴᠢᠩᠭ᠎ᠠ ᠬᠦᠰᠡᠯ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠯᠤᠲᠤ ᠶᠡᠭᠡ ᠳᠠᠯᠳᠠ ᠴᠢᠳᠠᠪᠤᠷᠢ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠡᠷᠡᠰ ᠪᠠᠲᠤ ᠵᠣᠷᠢᠭ ᠲᠠᠢ ᠪᠦᠭᠡᠳ ᠪᠢᠳᠡ ᠪᠠᠰᠠ ᠬᠦᠨᠳᠦ ᠶᠡᠭᠡ ᠲᠦᠭᠰᠢᠭᠦᠷᠢ ᠰᠢᠯᠭᠠᠯᠲᠠ ᠶᠢ ᠠᠷᠭᠠᠴᠠᠭᠠᠬᠤ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ ᠳᠤᠮᠳᠠᠳᠤ ᠤᠯᠤᠰ ᠤᠨ ᠠᠵᠤ ᠠᠬᠤᠢ ᠪᠠᠭᠤᠷᠠᠬᠤ ᠰᠢᠨ᠎ᠠ ᠳᠠᠷᠤᠯᠲᠠ ᠶᠢ ᠯᠠᠪᠲᠠᠢ ᠲᠤᠯᠵᠤ ᠴᠢᠳᠠᠬᠤ ᠪᠥᠭᠡᠳ ᠲᠣᠭᠲᠠᠭᠤᠨ ᠢᠶᠠᠷ ᠤᠷᠤᠭᠰᠢᠯᠠᠵᠤ ᠯᠠᠪᠲᠠᠢ ᠴᠢᠳᠠᠬᠤ ᠶᠤᠮ᠃      ᠡᠨᠡ ᠵᠢᠯ ᠤᠨ ᠬᠥᠭᠵᠢᠯᠲᠡ ᠶᠢᠨ ᠭᠤᠤᠯ ᠭᠤᠤᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠢ 5.5% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠤᠯᠤᠭᠰᠠᠨ ᠬᠦᠮᠦᠨ ᠤ ᠲᠤᠭ᠎ᠠ ᠶᠢ 1100 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ ᠪᠦᠬᠦ ᠵᠢᠯ ᠳᠤ 5.5% ᠶᠢᠨ ᠳᠣᠲᠣᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠲᠡ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠨ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠠᠮᠢ ᠠᠬᠤᠢ ᠶᠢᠨ ᠣᠷᠴᠢᠨ ᠨᠦᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠭᠤᠣᠯ ᠭᠤᠤᠯ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠤᠨ᠎ᠠ︔ ᠡᠨᠧᠷᠬᠢ ᠬᠤᠷᠤᠬᠳᠠᠭᠤᠯᠬᠤ ᠬᠦᠴᠦᠯᠡᠴᠡ ᠶᠢᠨ ᠬᠠᠷᠠᠯᠲᠠ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠶ ᠲᠥᠯᠥᠪᠯᠡᠨ ᠬᠢᠨᠠᠨ ᠰᠢᠯᠭᠠᠬᠤ ᠪᠦᠭᠡᠳ ᠵᠣᠬᠢᠬᠤ ᠬᠠᠷᠢᠮᠠᠬᠠᠶ ᠴᠢᠨᠠᠷ ᠲᠠᠢ ᠪᠠᠶᠢᠯᠭᠠᠨ᠎ᠠ᠂ ᠰᠢᠨ᠎ᠡ ᠪᠠᠷ ᠨᠡᠮᠡᠭᠳᠡᠬᠦ ᠳᠠᠬᠢᠨ ᠡᠭᠦᠰᠴᠦ ᠪᠣᠯᠬᠤ ᠡᠨᠧᠷᠭᠢ ᠪᠣᠯᠤᠨ ᠲᠦᠭᠦᠬᠡᠶ ᠮᠠᠲ᠋ᠧᠷᠢᠶᠠᠯ ᠤᠨ ᠡᠨᠧᠷᠭᠢ ᠶᠢᠨ ᠬᠡᠷᠡᠭᠯᠡᠯᠲᠡ ᠶᠢ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢᠨ ᠬᠢᠵᠠᠭᠠᠷᠯᠠᠯ ᠳᠤ ᠣᠷᠣᠭᠤᠯᠬᠤ ᠦᠭᠡᠢ᠃      ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠠᠭᠠᠨ ᠭᠤᠤᠯᠳᠠᠭᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠴᠡᠭᠡ ᠶᠢ ᠪᠣᠳᠣᠯᠬᠢᠯᠠᠭᠰᠠᠨ ᠤ ᠬᠠᠮᠲᠤ ᠤᠢᠢᠷ᠎ᠠ ᠶᠢᠨ ᠬᠤᠶᠠᠷ ᠵᠢᠯ ᠤᠨ ᠠᠵᠤ ᠠᠬᠤᠶ ᠶᠢᠨ ᠳᠤᠮᠳᠠᠴᠢ ᠨᠡᠮᠡᠭᠳᠡᠯ ᠤᠨ ᠬᠤᠷᠳᠤᠴᠠ ᠵᠢᠴᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠱᠠᠭᠠᠷᠳᠠᠯᠭ᠎ᠠ ᠲᠠᠢ ᠵᠣᠯᠭᠠᠯᠳᠤᠭᠤᠯᠬᠤ ᠶᠢ ᠪᠤᠳᠤᠯᠬᠢᠯᠠᠭᠰᠠᠨ ᠶᠤᠮ᠃ ᠡᠨᠡ ᠪᠣᠯ ᠥᠨᠳᠥᠷ ᠰᠠᠭᠤᠷᠢ ᠲᠤᠭ᠎ᠠ ᠳᠡᠭᠡᠷᠡᠬᠢ ᠳᠤᠮᠳᠠ ᠳᠡᠭᠡᠳᠦ ᠬᠤᠷᠳᠤᠴᠠ ᠶᠢᠨ ᠨᠡᠮᠡᠭᠳᠡᠯ ᠪᠤᠯᠬᠤ ᠪᠦᠬᠡᠳ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ ᠶᠢ ᠢᠯᠡᠷᠡᠭᠦᠯᠦᠭᠰᠡᠨ ᠪᠤᠯᠬᠤᠷ ᠰᠢᠷᠭᠠᠭᠤ ᠬᠠᠳᠠᠭᠤᠵᠢᠯᠲᠠᠢ ᠪᠠᠷ ᠴᠢᠷᠮᠠᠶᠢᠪᠠᠯ ᠰᠠᠶ᠋ᠢ ᠪᠡᠶᠡᠯᠡᠭᠦᠯᠵᠦ ᠴᠢᠳᠠᠬᠤ ᠶᠤᠮ᠃      ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠤᠷᠸ᠎ᠠ ᠲᠥᠷᠥ ᠶᠢᠨ ᠪᠣᠳᠣᠯᠭ᠎ᠠ ᠨᠢ ᠯᠠᠪᠳᠠᠭᠤᠨ ᠪᠦᠲᠦᠮᠵᠢᠲᠡᠶ ᠪᠠᠶᠢᠵᠤ᠂ ᠪᠢᠴᠢᠯ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠦᠲᠦᠴᠡ ᠶᠢᠨ ᠲᠥᠷᠥ ᠶᠢᠨ ᠪᠣᠳᠣᠯᠭ᠎ᠠ ᠨᠢ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠬᠦᠴᠦᠯᠡᠨ ᠰᠢᠯᠤᠭᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ᠂ ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠤᠬᠢᠴᠠᠯᠲᠤ ᠴᠢᠨᠠᠷ ᠢ ᠨᠡᠮᠡᠭᠳᠡᠭᠦᠯᠦᠨ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠠᠷᠠᠳ ᠤᠨ ᠠᠮᠢᠳᠤᠷᠠᠯ ᠢ ᠪᠠᠳᠤᠯᠠᠬᠤ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠡᠳᠡᠭᠡᠷ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠲᠤᠭᠤᠰᠢᠯᠠᠭᠤᠯᠬᠤ ᠲᠠᠢ ᠤᠶᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠥᠭᠵᠢᠯᠲᠡ ᠶᠢ ᠠᠬᠢᠭᠤᠯᠬᠤ ᠨᠡᠶᠢᠯᠡᠯ ᠬᠦᠴᠦᠨ ᠢ ᠪᠤᠢ ᠪᠤᠯᠭᠠᠬᠤ ᠬᠡᠷᠡᠭᠲᠡᠢ᠃      ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠪᠦᠳᠦᠮᠵᠢᠳᠦ ᠴᠢᠨᠠᠷ ᠢ ᠨᠡᠮᠡᠭᠳᠡᠭᠦᠯᠬᠦ ᠬᠡᠷᠡᠭᠲᠡᠶ᠃ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠨᠠᠷᠢᠯᠢᠭ ᠣᠨᠣᠴᠠᠲᠠᠶ ᠪᠦᠭᠡᠳ ᠦᠷᠭᠦᠯᠵᠢᠯᠡᠬᠦ᠋ᠢᠴᠡ ᠪᠠᠶᠢᠬᠤ ᠶᠢ ᠨᠡᠩ ᠴᠢᠬᠤᠯᠠᠴᠢᠯᠠᠬᠤ ᠬᠡᠷᠡᠭᠲᠡᠶ᠃ ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠳᠤᠬᠢᠷᠠᠮᠵᠢᠲᠠᠶ ᠪᠠᠶᠢᠯᠭᠠᠵᠤ᠂ ᠭᠦᠢᠯᠭᠡᠭᠡᠨ ᠤ ᠴᠢᠨᠠᠷ ᠢ ᠨᠢ ᠵᠦᠢ ᠵᠣᠬᠢᠰᠲᠠᠶ ᠪᠦᠭᠡᠳ ᠭᠦᠢᠴᠡᠳ ᠲᠡᠭᠦᠯᠳᠡᠷ ᠪᠠᠶᠢᠯᠭᠠᠬᠤ ᠬᠡᠷᠡᠭᠲᠡᠶ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢᠨ ᠴᠢᠨᠠᠷ ᠢ ᠳᠡᠭᠡᠭᠰᠢᠯᠡᠭᠦᠯᠵᠦ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠵᠣᠬᠢᠰᠲᠠᠶ ᠪᠠᠷ ᠤᠷᠢᠳᠴᠢᠯᠠᠨ ᠬᠦᠴᠦᠯᠡᠭᠦᠯᠵᠦ᠂ ᠨᠥᠭᠡᠴᠡ ᠲᠦᠷᠦ ᠶᠢᠨ ᠪᠤᠳᠤᠯᠭ᠎ᠠ ᠶᠢᠨ ᠪᠠᠭᠠᠵᠢ ᠶᠢ ᠴᠠᠭ ᠲᠤᠬᠠᠶ ᠳᠤᠨᠢ ᠬᠡᠷᠡᠭᠯᠡᠨ᠂ ᠠᠵᠤ ᠠᠬᠤᠶ ᠶᠢᠨ ᠠᠵᠢᠯᠯᠠᠭᠠᠨ ᠤ ᠲᠤᠭᠳᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃      ᠬᠢᠵᠢᠭ ᠢ ᠪᠠᠶᠢᠩᠭᠤ ᠶᠢᠨ ᠴᠢᠨᠠᠷᠲᠠᠢ ᠪᠠᠷ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠤᠳᠤᠭᠠᠳᠤ ᠳᠠᠭᠠᠨ ᠳᠠᠬᠢᠨ ᠬᠠᠯᠳᠠᠪᠤᠷᠢᠯᠠᠬᠤ ᠶᠢ ᠰᠡᠷᠭᠡᠶᠢᠯᠡᠬᠦ ᠶᠢ ᠪᠠᠷᠢᠮᠲᠠᠯᠠᠵᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠭᠤᠮᠲᠠ ᠶᠢᠨ ᠬᠤᠲᠠᠳ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠂ ᠸᠢᠷᠦ᠋ᠰ ᠤᠨ ᠣᠨᠳᠣᠤᠰᠢᠯ ᠢ ᠰᠤᠳᠤᠯᠬᠤ ᠪᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠪᠠ ᠣᠨᠴᠠ ᠦᠢᠯᠡᠳᠦᠯ ᠲᠠᠢ ᠡᠮ ᠢ ᠰᠤᠳᠤᠯᠤᠨ ᠨᠡᠭᠡᠭᠡᠬᠦ ᠪᠠᠨ ᠲᠦᠷᠭᠡᠳᠭᠡᠵᠦ᠂ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠳᠠᠳ ᠡᠮ ᠡᠮᠨᠡᠯᠭᠡ ᠶᠢᠨ ᠦᠪᠡᠷᠮᠢᠴᠡ ᠦᠢᠯᠡᠳᠦᠯ ᠢ ᠨᠡᠩ ᠰᠠᠶᠢᠳᠤᠷ ᠪᠠᠳᠠᠷᠠᠭᠤᠯᠤᠨ᠂ ᠬᠡᠰᠡᠭ ᠭᠠᠵᠠᠷ ᠤᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠦᠭᠡᠳ ᠨᠠᠷᠢᠯᠢᠭ ᠣᠨᠣᠴᠠᠲᠠᠶ ᠪᠠᠷ ᠰᠢᠢᠳᠪᠦᠷᠢᠯᠡᠨ᠂ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠪᠠᠲᠤᠯᠠᠨ᠎ᠠ᠃      ᠡᠨᠡ ᠵᠢᠯ ᠤᠨ ᠠᠵᠢᠯ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠤ ᠠᠬᠤᠶ ᠪᠠᠭᠤᠷᠠᠬᠤ ᠰᠢᠨ᠎ᠡ ᠳᠠᠷᠤᠯᠲᠠ ᠶᠢᠨ ᠡᠮᠦᠨ᠎ᠡ᠂ ᠨᠡᠮᠡᠭᠳᠡᠯ ᠢ ᠲᠤᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠤ ᠠᠬᠤᠶ ᠶᠢ ᠲᠣᠭᠲᠠᠭᠤᠨ ᠪᠠᠶᠢᠯᠭᠠᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ ᠳᠤ ᠠᠰᠢᠭᠲᠠᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠲᠤᠭᠲᠠᠭᠠᠬᠤ ᠬᠡᠷᠡᠭᠲᠡᠢ᠃ ᠨᠡᠮᠡᠭᠳᠡᠯ ᠢ ᠲᠣᠭᠲᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠳᠦᠯᠲᠡᠶ ᠲᠥᠯᠥᠪᠯᠡᠵᠦ᠂ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠯᠡᠨ ᠬᠤᠪᠢᠷᠠᠭᠤᠯᠬᠤ ᠬᠡᠷᠡᠭᠲᠡᠢ᠂ ᠪᠦᠳᠦᠭᠦᠯᠢᠭ ᠬᠡᠯᠪᠡᠷᠢ ᠪᠠᠷ ᠬᠥᠭᠵᠢᠭᠦᠯᠵᠦ ᠪᠣᠯᠬᠤ ᠦᠭᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠵᠦ᠂ ᠬᠥᠭᠵᠢᠯᠲᠡ ᠶᠢᠨ ᠵᠢᠮ᠎ᠡ ᠶᠣᠰᠣ᠂ ᠪᠤᠰᠤᠳᠴᠢ ᠪᠣᠳᠠᠲᠤ ᠪᠠᠶᠢᠳᠠᠯ ᠪᠣᠯᠤᠨ ᠣᠯᠠᠨ ᠲᠦᠮᠡᠨ ᠤ ᠬᠡᠷᠡᠭᠴᠡᠭᠡ ᠶᠢ ᠬᠦᠨᠳᠦᠳᠭᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯ ᠢᠶᠠᠨ ᠪᠦᠲᠦᠭᠡᠯᠴᠢ ᠴᠢᠨᠠᠷᠲᠠᠶ ᠪᠠᠷ ᠥᠷᠨᠢᠭᠦᠯᠦᠨ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠦᠢᠯᠡᠰ ᠴᠣᠭᠴᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠴᠢᠷᠮᠠᠶᠢᠯᠳᠠ ᠲᠠᠢ ᠵᠠᠰᠠᠭ ᠤᠨ ᠣᠷᠳᠣᠨ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠶᠢ ᠴᠢᠳᠠᠮᠠᠭᠠᠶ ᠬᠡᠷᠡᠭᠯᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠬᠦ ᠳᠤ ᠲᠦᠰᠢᠭᠯᠡᠨ ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠪᠡᠶᠡᠯᠡᠭᠦᠯᠬᠦ ᠬᠡᠷᠡᠭᠲᠡᠢ᠃      ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ      ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠬᠦᠨᠳᠦ᠂ ᠰᠢᠯᠭᠠᠯᠳ᠋ᠨ ᠤᠯᠠᠨ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠤᠢ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃      ︵ᠨᠢᠭᠡ︶ ᠬᠤᠷᠸ᠎ᠠ ᠠᠵᠤ ᠠᠬᠤᠶ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠠᠨ ᠳᠤ ᠶᠠᠪᠤᠭᠳᠠᠬᠤ ᠶᠢ ᠪᠠᠲᠤᠯᠠᠨ᠎ᠠ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠬᠤᠷᠸ᠎ᠠ ᠲᠥᠷᠥ ᠶᠢᠨ ᠪᠣᠳᠣᠯᠭ᠎ᠠ ᠶᠢ ᠣᠷᠣᠨ ᠵᠠᠶ ᠪᠠ ᠠᠷᠭ᠎ᠠ ᠪᠠᠷᠢᠯ ᠲᠠᠢ ᠪᠠᠶᠢᠯᠭᠠᠵᠤ᠂ ᠦᠶᠡᠯᠡᠯ ᠠᠯᠤᠰᠯᠠᠭᠰᠠᠨ ᠳᠤᠬᠢᠷᠠᠭᠤᠯᠤᠯᠳᠠ ᠪᠠ ᠦᠶᠡᠯᠡᠯ ᠦᠭᠰᠦᠭᠦᠯᠦᠭᠰᠡᠨ ᠲᠤᠬᠢᠷᠠᠭᠤᠯᠤᠯᠳᠠ ᠶᠢ ᠴᠢᠩᠭᠠᠳᠬᠠᠨ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃      ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠨᠡ ᠵᠢᠯ ᠤᠯᠠᠭᠠᠨ ᠲᠤᠭ᠎ᠠ ᠶᠢᠨ ᠨᠣᠷᠮ᠎ᠠ ᠶᠢ 2.8% ᠣᠷᠴᠢᠮ ᠢᠶᠠᠷ ᠲᠣᠬᠢᠷᠠᠭᠤᠯᠵᠤ᠂ ᠨᠢᠳᠤᠨᠤᠨ ᠤ ᠬᠢ ᠠᠴᠠ ᠡᠳᠦᠢ ᠲᠡᠳᠦᠢ ᠪᠠᠭᠤᠷᠠᠭᠤᠯᠬᠤ ᠪᠠᠷ ᠲᠥᠯᠥᠪᠯᠡᠵᠦ ᠪᠠᠶᠢᠨ᠎ᠠ᠂ ᠡᠨᠡ ᠨᠢ ᠡᠳ᠋ ᠤᠨ ᠵᠠᠰᠠᠭ ᠤᠨ ᠦᠷᠭᠦᠯᠵᠢᠯᠡᠬᠦ᠋ᠢᠴᠡ ᠴᠢᠨᠠᠷ ᠢ ᠨᠡᠮᠡᠭᠳᠡᠭᠦᠯᠬᠦ ᠳᠤ ᠠᠰᠢᠭᠲᠠᠢ ᠶᠤᠮ᠃ ᠵᠢᠱᠢᠯᠲᠡ ᠪᠠᠷ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠡᠭᠦᠨ ᠤ ᠳᠡᠭᠡᠷ᠎ᠡ ᠤᠯᠤᠰ ᠤᠨ ᠥᠮᠴᠢᠯᠡᠯ ᠤᠨ ᠣᠨᠴᠠ ᠲᠣᠭᠲᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠲᠤᠰᠬᠠᠶ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠳᠡᠭᠡᠭᠰᠢ ᠲᠤᠰᠢᠶᠠᠭᠰᠠᠨ ᠣᠶᠢᠷ᠎ᠠ ᠶᠢᠨ ᠵᠢᠯ ᠤᠨ ᠲᠠᠰᠤᠯᠤᠨ ᠪᠤᠳᠤᠭᠰᠠᠨ ᠦᠯᠡᠳᠡᠪᠦᠷᠢ ᠠᠰᠢᠭ ᠬᠤᠨᠵᠢᠪᠣᠷᠢ᠂ ᠰᠢᠯᠵᠢᠭᠦᠯᠦᠨ ᠤᠷᠤᠭᠤᠯᠤᠭᠰᠠᠨ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠵᠡᠷᠭᠡ ᠶᠢ ᠨᠡᠮᠡᠪᠡᠯ᠂ ᠵᠠᠷᠤᠯᠭ᠎ᠠ ᠶᠢᠨ ᠬᠡᠪᠴᠢᠶ᠎ᠡ ᠨᠢᠳᠤᠨᠤᠨ ᠤ ᠬᠢ ᠠᠴᠠ 2 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠥᠷᠭᠡᠳᠴᠦ᠂ ᠬᠡᠷᠡᠭᠯᠡᠵᠦ ᠪᠣᠯᠬᠤ ᠡᠳ᠋ ᠤᠨ ᠬᠦᠴᠦᠨ ᠢᠯᠡᠳᠲᠡ ᠨᠡᠮᠡᠭᠳᠡᠬᠦ ᠪᠤᠯᠤᠨ᠎ᠠ᠃ ᠰᠢᠨ᠎ᠡ ᠪᠠᠷ ᠨᠡᠮᠡᠭᠳᠡᠭᠰᠡᠨ ᠡᠳ᠋ ᠤᠨ ᠬᠦᠴᠦᠨ ᠢ ᠦᠨᠳᠦᠰᠦᠨ ᠱᠠᠲᠤᠨ ᠳᠤ ᠳᠤᠷᠤᠭᠰᠢ ᠪᠠᠭᠤᠯᠭᠠᠵᠤ᠂ ᠭᠤᠤᠯᠳᠠᠭᠤ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠬᠡᠷᠡᠭᠯᠡᠨ᠂ ᠬᠡᠷᠡᠭᠯᠡᠭᠡ ᠶᠢ ᠠᠬᠢᠭᠤᠯᠵᠤ᠂ ᠬᠡᠷᠡᠭᠴᠡᠭᠡ ᠶᠢ ᠥᠷᠭᠡᠳᠭᠡᠨ᠎ᠡ᠃ ᠡᠨᠡ ᠵᠢᠯ ᠲᠥᠪ ᠤᠨ ᠲᠤᠰ ᠱᠠᠲᠤᠨ ᠤ ᠵᠠᠷᠤᠯᠭ᠎ᠠ ᠶᠢ 3.9% ᠪᠠᠷ ᠨᠡᠮᠡᠭᠳᠡᠭᠦᠯᠬᠦ ᠪᠠᠷ ᠲᠣᠬᠢᠷᠠᠭᠤᠯᠪᠠ᠂ ᠡᠭᠦᠨ ᠳᠤ ᠲᠥᠪ ᠤᠨ ᠰᠠᠯᠠᠭ᠎ᠠ ᠮᠥᠴᠢᠷ ᠤᠨ ᠵᠠᠷᠤᠯᠭ᠎ᠠ ᠦᠷᠭᠦᠯᠵᠢᠯᠡᠨ ᠰᠥᠭᠡᠷᠭᠦ ᠪᠠᠷ ᠨᠡᠮᠡᠭᠳᠡᠨ᠎ᠠ᠃ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠭᠦ ᠵᠠᠷᠤᠯᠭ᠎ᠠ ᠶᠢ ᠪᠠᠷᠤᠭ 1.5 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 9.8 ᠲᠦᠮᠡᠨ ᠳ᠋ᠦᠩᠰᠢᠭᠤᠷ ᠲᠥᠭᠦᠷᠢᠭ ᠰᠢᠬᠠᠮ ᠬᠡᠪᠴᠢᠶ᠎ᠡ ᠲᠠᠢ ᠪᠣᠯᠭᠠᠵᠤ᠂ 18% ᠪᠠᠷ ᠨᠡᠮᠡᠭᠳᠡᠭᠦᠯᠦᠨ᠎ᠡ᠂ ᠡᠨᠡ ᠪᠤᠯ ᠤᠯᠠᠨ ᠵᠢᠯ ᠤᠨ ᠲᠤᠷᠰᠢᠬᠢ ᠬᠠᠮᠤᠭ ᠤᠨ ᠶᠡᠭᠡ ᠨᠡᠮᠡᠭᠳᠡᠯ ᠮᠦᠨ᠃ ᠲᠥᠪ ᠤᠨ ᠡᠳ᠋ ᠤᠨ ᠵᠠᠰᠠᠭ ᠠᠴᠠ ᠨᠠᠩ ᠣᠯᠠᠨ ᠪᠡᠯᠡ ᠮᠥᠩᠭᠦ ᠶᠢ ᠰᠢᠭᠤᠳ ᠪᠠᠭᠤᠯᠭᠠᠬᠤ ᠬᠡᠪᠴᠢᠶᠡᠨ ᠳᠤ ᠣᠷᠣᠭᠤᠯᠵᠤ᠂ ᠮᠤᠵᠢ ᠶᠢᠨ ᠱᠠᠲᠤᠨ ᠤ ᠡᠳ᠋ ᠤᠨ ᠵᠠᠰᠠᠭ ᠴᠤ ᠬᠤᠲᠠ ᠰᠢᠶᠠᠨ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠵᠦ᠂ ᠡᠷᠬᠡᠪᠰᠢ ᠦᠨᠳᠦᠰᠦᠨ ᠱᠠᠲᠤᠨ ᠤ ᠬᠢᠨ ᠢ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠦᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠠᠩ ᠶᠡᠭᠡ ᠴᠢᠳᠠᠪᠤᠷᠢ᠂ ᠨᠠᠩ ᠶᠡᠭᠡ ᠬᠥᠳᠡᠯᠭᠡᠭᠴᠢ ᠬᠦᠴᠦᠨ ᠲᠠᠢ ᠪᠣᠯᠭᠠᠬᠤ ᠬᠡᠷᠡᠭᠲᠡᠶ᠃      ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠭᠡᠬᠦ ᠶᠢ ᠳᠠᠶᠢᠴᠢᠯᠠᠬᠤ ᠬᠡᠷᠡᠭᠲᠡᠶ᠃ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.65 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ︽ᠪᠡᠯᠡ ᠮᠥᠩᠭᠦ᠂ ᠴᠢᠬᠤᠯᠠ ᠡᠯᠧᠮᠧᠨ᠋ᠲ ᠲᠦᠰᠦᠯ ᠢᠶᠠᠨ ᠳᠠᠭᠠᠬᠤ︾ ᠶᠢ ᠪᠠᠷᠢᠮᠲᠠᠯᠠᠨ᠂ ᠬᠡᠷᠡᠭᠯᠡᠬᠦ ᠬᠡᠪᠴᠢᠶ᠎ᠡ ᠶᠢ ᠵᠣᠬᠢᠰᠲᠠᠶ ᠥᠷᠭᠡᠳᠭᠡᠨ᠂ ᠪᠠᠶᠢᠭᠤᠯᠵᠤ ᠪᠠᠶᠢᠭ᠎ᠠ ᠲᠦᠰᠦᠯ ᠤᠨ ᠵᠠᠯᠭᠠᠮᠵᠢ ᠪᠡᠯᠡ ᠲᠣᠬᠢᠷᠠᠭᠤᠯᠭ᠎ᠠ ᠶᠢ ᠳᠡᠮᠵᠢᠵᠦ᠂ ᠨᠥᠬᠦᠴᠡᠯ ᠪᠦᠷᠢᠯᠳᠦᠭᠦᠯᠦᠭᠰᠡᠨ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠰᠢᠨ᠎ᠡ ᠮᠠᠶ᠋ᠢᠭ ᠤᠨ ᠰᠠᠭᠤᠷᠢ ᠲᠦᠬᠦᠭᠡᠷᠦᠮᠵᠢ᠂ ᠬᠠᠭᠤᠴᠢᠨ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠶᠢᠨ ᠥᠭᠡᠷᠡᠴᠢᠯᠡᠯᠲᠡ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠰᠥᠯ ᠢ ᠠᠵᠢᠯ ᠡᠬᠢᠯᠡᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠪᠡᠯᠡ ᠣᠷᠣᠭᠤᠯᠤᠯᠲᠠ ᠶᠢᠨ ᠳᠤᠮᠳᠠ ᠶᠡᠭᠡ ᠬᠡᠰᠡᠭ ᠢ ᠡᠵᠡᠯᠡᠭᠦᠯᠵᠦ᠂ ᠴᠢᠬᠤᠯᠠ ᠶᠡᠭᠡ ᠲᠥᠰᠥᠯ ᠤᠨ ᠬᠥᠲᠥᠯᠬᠦ ᠦᠢᠯᠡᠳᠦᠯ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃      ᠵᠠᠰᠠᠭ ᠤᠨ ᠣᠷᠳᠣᠨ ᠨᠠᠷᠢᠯᠠᠵᠤ ᠠᠮᠢᠳᠤᠷᠠᠬᠤ ᠶᠢ ᠪᠠᠷᠢᠮᠲᠠᠯᠠᠨ᠂ ᠨᠡᠩ ᠰᠠᠶᠢᠳᠤᠷ ᠠᠷᠪᠢᠯᠠᠨ ᠭᠠᠮᠨᠠᠵᠤ ᠠᠷᠠᠳ ᠲᠦᠮᠡᠨ ᠢ ᠪᠠᠶᠠᠵᠢᠭᠤᠯᠬᠤ ᠬᠡᠷᠡᠭᠲᠡᠢ᠃ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠡᠳ᠋ ᠤᠨ ᠵᠠᠰᠠᠭ ᠤᠨ ᠬᠠᠳᠠᠭᠠᠯᠠᠯᠲᠠ ᠪᠡᠯᠡ ᠮᠥᠩᠭᠦ ᠪᠠ ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠡᠷᠬᠡᠪᠰᠢ ᠲᠡᠰᠪᠦᠷᠢ ᠬᠠᠲᠠᠭᠤᠵᠢᠯᠲᠠᠶ ᠪᠠᠷ ᠲᠡᠮᠡᠴᠡᠵᠦ᠂ ᠠᠵᠢᠯᠴᠢ ᠠᠷᠪᠢᠴᠢ ᠪᠠᠷ ᠭᠠᠮᠨᠠᠨ ᠠᠷᠪᠢᠯᠠᠵᠤ᠂ ᠲᠥᠪ ᠵᠠᠰᠠᠭ ᠤᠨ ᠣᠷᠳᠣᠨ ᠪᠣᠯᠤᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠬᠢᠬᠦ ᠬᠡᠷᠡᠭᠲᠡᠶ᠃ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠱᠠᠯᠢᠨ ᠪᠦᠷᠢᠯᠭᠡᠬᠦ ᠶᠢ ᠴᠢᠩᠭ᠎ᠠ ᠴᠠᠭᠠᠵᠠᠯᠠᠨ᠎ᠠ᠂ ᠲᠤᠭᠲᠠᠭᠠᠯ ᠢ ᠵᠦᠷᠢᠴᠡᠨ ᠠᠰᠠᠷ ᠲᠠᠭᠲᠤ ᠲᠠᠩᠬᠢᠮ ᠪᠠᠭᠤᠳᠠᠯ ᠰᠢᠨ᠎ᠡ ᠪᠠᠷ ᠪᠠᠶᠢᠭᠤᠯᠵᠤ ᠪᠣᠯᠬᠤ ᠦᠭᠡᠶ᠂ ᠳᠦᠷᠢ ᠲᠥᠷᠬᠦ ᠶᠢᠨ ᠢᠨᠵᠧᠨᠧᠷᠢᠩ ᠢ ᠬᠢᠵᠦ ᠪᠣᠯᠬᠤ ᠦᠭᠡᠶ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠠᠴᠠ ᠵᠥᠷᠢᠴᠡᠵᠦ᠂ ᠠᠯᠪᠠᠨ ᠤ ᠵᠣᠭᠤᠰ ᠢ ᠳᠤᠷ᠎ᠠ ᠪᠠᠷ ᠢᠶᠠᠨ ᠰᠦᠢᠳᠭᠡᠭᠰᠡᠨ ᠪᠠᠶᠢᠪᠠᠯ ᠴᠢᠩᠭ᠎ᠠ ᠪᠠᠶᠢᠴᠠᠭᠠᠨ ᠬᠦᠨᠳᠦ ᠪᠠᠷ ᠰᠢᠢᠳᠭᠡᠵᠦ᠂ ᠬᠤᠪᠤᠷ ᠨᠠᠨᠳᠢᠨ ᠪᠡᠯᠡ ᠮᠥᠩᠭᠦ ᠶᠢ ᠵᠠᠪᠠᠯ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠭᠠᠵᠠᠷ ᠬᠡᠷᠡᠭᠯᠡᠬᠦ ᠬᠡᠷᠡᠭᠲᠡᠶ᠃      ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠶᠡᠷᠦᠩᠬᠡᠶ ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠪᠠᠳᠠᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠨᠡᠩ ᠬᠦᠴᠦᠲᠡᠶ ᠳᠡᠮᠵᠢᠯᠭᠡ ᠬᠠᠩᠭᠠᠨ᠎ᠠ᠃ ᠰᠢᠨ᠎ᠡ ᠪᠠᠷ ᠨᠡᠮᠡᠭᠳᠡᠭᠦᠯᠬᠦ ᠵᠢᠭᠡᠯᠡᠯᠭᠡ ᠶᠢᠨ ᠬᠡᠪᠴᠢᠶ᠎ᠡ ᠶᠢ ᠥᠷᠭᠡᠳᠭᠡᠵᠦ᠂ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ ᠵᠣᠬᠢᠴᠠᠭᠤᠯᠵᠤ᠂ ᠬᠤᠷᠸ᠎ᠠ ᠬᠦᠰᠢᠬᠦᠷᠭᠡ ᠶᠢᠨ ᠨᠤᠷᠮ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠨ᠎ᠠ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠨᠡᠪᠲᠡᠷᠡᠭᠦᠯᠵᠦ᠂ ᠪᠡᠯᠡ ᠮᠥᠩᠭᠦ ᠶᠢ ᠬᠥᠲᠥᠯᠥᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠲᠡᠶᠢᠰᠢ ᠨᠠᠩ ᠢᠯᠡᠭᠦᠦ ᠰᠢᠯᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠪᠣᠳᠠᠲᠠᠶ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠪᠠ ᠰᠦᠢᠳᠭᠡᠯ ᠬᠤᠷᠢᠶᠠᠯᠲᠠ ᠶᠢ ᠪᠠᠭᠠᠰᠬᠠᠬᠤ ᠶᠢ ᠠᠬᠢᠭᠤᠯᠵᠤ᠂ ᠥᠷᠭᠡᠨ ᠣᠯᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠪᠠᠯᠠ ᠲᠣᠬᠢᠷᠠᠭᠤᠯᠭ᠎ᠠ ᠶᠢᠨ ᠲᠥᠬᠦᠮ ᠳᠦᠳᠡ ᠶᠢᠨ ᠬᠡᠮᠵᠢᠶ᠎ᠡ ᠳᠡᠭᠡᠭᠰᠢᠯᠡᠭᠰᠡᠨ᠂ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠦᠪ ᠦᠨᠡᠨ ᠬᠦ ᠪᠠᠭᠤᠷᠠᠭᠰᠠᠨ ᠢ ᠪᠤᠳᠠᠳᠠᠢ ᠪᠠᠷ ᠮᠡᠳᠡᠷᠡᠭᠦᠯᠦᠨ᠎ᠡ᠃      ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢᠨ ᠠᠷᠭ᠎ᠠ ᠵᠠᠮ ᠢ ᠶᠡᠭᠡ ᠪᠠᠷ ᠥᠷᠭᠡᠳᠭᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠭᠤᠨ ᠪᠠᠶᠢᠯᠭᠠᠬᠤ ᠪᠠᠷ ᠳᠠᠮᠵᠢᠭᠤᠯᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠᠴᠢᠯᠠᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠴᠢᠩᠭᠠᠳᠬᠠᠨ᠎ᠠ᠃ ᠡᠳ᠋ ᠤᠨ ᠵᠠᠰᠠᠭ᠂ ᠭᠠᠶᠢᠯᠢ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ ᠴᠥᠮ ᠠᠵᠢᠯ ᠣᠯᠭᠤᠯᠲᠠ ᠶᠢᠨ ᠲᠣᠭᠤᠷᠢᠨ ᠳᠤ ᠤᠷᠢᠳ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠭᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠵᠢᠯ ᠣᠯᠭᠤᠯᠲᠠ ᠶᠢ ᠠᠬᠢᠭᠤᠯᠬᠤ ᠡᠯ᠎ᠡ ᠲᠥᠷᠥᠯ ᠤᠨ ᠲᠤᠰᠬᠠᠶ ᠵᠦᠢᠯ ᠤᠨ ᠲᠥᠷᠥ ᠶᠢᠨ ᠪᠣᠳᠣᠯᠭ᠎ᠠ ᠶᠢ ᠴᠢᠩᠭᠠᠳᠬᠠᠨ ᠰᠢᠯᠢᠳᠡᠭᠵᠢᠭᠦᠯᠵᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢᠨ ᠵᠦᠢ ᠵᠣᠬᠢᠰ ᠥᠬᠡᠶ ᠬᠢᠵᠠᠭᠠᠷᠯᠠᠯ ᠢ ᠡᠷᠡᠰ ᠴᠡᠪᠡᠷᠯᠡᠨ ᠬᠦᠴᠦᠨ ᠥᠬᠡᠶ ᠪᠣᠯᠭᠠᠬᠤ ᠬᠡᠷᠡᠭᠲᠡᠶ᠃ ᠡᠯ᠎ᠡ ᠭᠠᠵᠠᠷ ᠤᠨ ᠬᠢᠨ ᠴᠦᠮ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠭᠡᠬᠦ ᠬᠡᠷᠡᠭᠲᠡᠶ᠃      ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠡᠨᠧᠷᠬᠢ᠂ ᠴᠢᠬᠤᠯᠠ ᠳᠦᠬᠦᠬᠡᠢ ᠮᠠᠲ᠋ᠧᠷᠢᠶᠠᠯ ᠤᠨ ᠬᠠᠩᠭᠠᠯᠭ᠎ᠠ ᠶᠢ ᠪᠠᠳᠤᠯᠠᠵᠦ᠂ ᠦᠨ᠎ᠡ ᠶᠢ ᠲᠤᠭᠳᠠᠭᠤᠨ ᠪᠠᠶᠢᠯᠭᠠᠬᠤ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠠᠷᠠᠳ ᠤᠨ ᠠᠮᠢᠳᠤᠷᠠᠯ ᠪᠠ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠴᠠᠬᠢᠯᠭᠠᠨ ᠢ ᠪᠠᠲᠤᠯᠠᠨ᠎ᠠ᠃ ᠪᠦᠬᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠲᠤᠰᠤ ᠬᠡᠢ᠂ ᠠᠭᠤᠷᠬᠠᠢ ᠶᠢᠨ ᠭᠠᠷᠤᠯᠲᠠ ᠵᠡᠷᠭᠡ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ ᠲᠦᠷᠭᠡᠳᠭᠡᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠤᠨ ᠨᠦᠭᠡᠴᠡᠯᠡᠯᠳᠡ ᠶᠢᠨ ᠳᠦᠷᠢᠮ ᠢ ᠲᠡᠭᠦᠯᠳᠡᠷᠵᠢᠭᠦᠯᠵᠦ᠂ ᠠᠩᠬᠠᠨ ᠤ ᠦᠢᠯᠡᠳᠬᠦᠨ ᠤ ᠬᠠᠩᠭᠠᠯᠭ᠎ᠠ ᠶᠢ ᠪᠠᠲᠤᠯᠠᠨ᠎ᠠ᠃ ᠪᠤᠳᠠᠰ ᠤᠨ ᠦᠨ᠎ᠡ ᠶᠢ ᠦᠷᠢᠰᠦᠯᠳᠦᠨ ᠦᠰᠬᠡᠬᠦ ᠵᠡᠷᠭᠡ ᠠᠵᠢᠯᠯᠠᠭ᠎ᠠ ᠳᠤ ᠴᠤᠬᠢᠯᠳᠠ ᠦᠭᠬᠦᠨ᠎ᠡ᠃ ᠪᠠᠷᠠᠭᠠᠨ ᠤ ᠦᠨ᠎ᠡ ᠶᠢᠨ ᠲᠦᠪᠰᠢᠨ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠨ᠎ᠠ᠃      ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠷᠭᠦᠯᠵᠢᠯᠡᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠠᠷᠢᠯᠢᠭ ᠣᠨᠣᠴᠠᠲᠠᠶ ᠪᠠᠷ ᠲᠦᠭᠰᠢᠭᠦᠷᠢ ᠶᠢ ᠠᠷᠢᠯᠭᠠᠬᠤ ᠦᠨᠳᠦᠰᠦᠨ ᠴᠢᠭᠯᠡᠯᠲᠡ ᠶᠣᠰᠣᠭᠠᠷ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠣᠷᠣᠨ ᠨᠤᠲᠤᠭ ᠤᠨ ᠬᠠᠷᠢᠶ᠎ᠠ ᠤᠷᠤᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠲᠣᠭᠲᠠᠴᠠ ᠵᠢᠴᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠶᠢᠭᠤᠯᠵᠤ᠂ ᠬᠠᠳᠠᠭᠠᠯᠠᠮᠵᠢ ᠶᠢᠨ ᠳᠠᠭᠠᠳᠬᠠᠯ ᠤᠨ ᠲᠦᠷᠢᠮ ᠪᠤᠯᠤᠨ ᠠᠵᠢᠯ ᠲᠦᠷᠦᠯ ᠤᠨ ᠪᠠᠳᠤᠯᠠᠭ᠎ᠠ ᠶᠢᠨ ᠰᠠᠭᠤᠷᠢ ᠮᠦᠩᠬᠦᠨ ᠤ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠂ ᠭᠠᠳᠠᠭᠠᠳᠦ ᠬᠦᠴᠦᠨ ᠤ ᠨᠦᠯᠦᠭᠡ ᠶᠢ ᠪᠦᠳᠦᠮᠵᠢᠳᠡᠢ ᠠᠷᠭᠠᠴᠠᠭᠠᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠡᠭᠦᠰᠭᠡᠬᠦ ᠬᠢᠵᠠᠭᠠᠷ ᠱᠤᠭᠤᠮ ᠢ ᠪᠠᠲᠤ ᠰᠠᠬᠢᠨ᠎ᠠ᠃      ︵ᠬᠤᠶᠠᠷ︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠨ᠂ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠳᠠᠷᠤᠭᠠᠰᠤ ᠶᠢ ᠬᠥᠩᠭᠡᠷᠡᠭᠦᠯᠵᠦ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠵᠤ ᠠᠬᠤᠶ ᠶᠢᠨ ᠲᠣᠭᠲᠠᠭᠤᠨ ᠢᠶᠠᠷ ᠠᠵᠢᠯᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠰᠠᠭᠤᠷᠢ ᠶᠢ ᠪᠠᠲᠤᠳᠬᠠᠨ᠎ᠠ᠃      ᠭᠠᠶᠢᠯᠢ ᠰᠦᠢᠳᠭᠡᠯ ᠤᠨ ᠳᠡᠮᠵᠢᠯᠭᠡ ᠶᠢᠨ ᠰᠢᠨ᠎ᠡ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠱᠠᠲᠤ ᠦᠶᠡᠴᠢ ᠴᠢᠨᠠᠷᠲᠠᠶ ᠠᠷᠭ᠎ᠠ ᠬᠡᠮᠵᠢᠶ᠎ᠡ ᠪᠣᠯᠤᠨ ᠳᠦᠷᠢᠮ ᠤᠨ ᠴᠢᠨᠠᠷᠲᠠᠶ ᠲᠣᠬᠢᠷᠠᠭᠤᠯᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠠᠶᠢᠯᠢ ᠬᠥᠩᠭᠡᠯᠡᠬᠦ ᠪᠠ ᠭᠠᠶᠢᠯᠢ ᠪᠤᠴᠠᠭᠠᠬᠤ ᠶᠢ ᠵᠡᠷᠭᠡ ᠳᠤᠨᠢ ᠴᠢᠬᠤᠯᠠᠴᠢᠯᠠᠨ᠎ᠠ᠃ ᠨᠢᠭᠡ ᠲᠠᠯ᠎ᠠ ᠪᠠᠷ᠂ ᠦᠢᠯᠡᠳᠬᠦ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠡᠳᠬᠦᠨ ᠳᠡᠮᠵᠢᠬᠦ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠬᠠᠰᠤᠵᠤ ᠬᠡᠯᠲᠦᠷᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠳᠤᠬᠢᠷᠠᠭᠤᠯᠤᠨ ᠬᠡᠷᠡᠭᠯᠡᠬᠦ ᠬᠡᠪᠴᠢᠶ᠎ᠡ ᠶᠢ ᠥᠷᠭᠡᠳᠭᠡᠨ᠎ᠡ᠃ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠠᠴᠠ ᠥᠷᠲᠡᠭ ᠨᠡᠮᠡᠭᠳᠡᠯ ᠤᠨ ᠭᠠᠶᠢᠯᠢ ᠲᠠᠳᠠᠪᠤᠷᠢᠯᠠᠬᠤ ᠶᠢ ᠱᠠᠲᠤ ᠦᠶᠡᠴᠢ ᠴᠢᠨᠠᠷᠲᠠᠶ ᠪᠠᠷ ᠬᠡᠯᠲᠦᠷᠢᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠶᠢᠨ 100 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠬᠦᠷᠲᠡᠯᠡᠬᠢ ᠬᠡᠰᠡᠭ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠳᠠᠬᠢᠭᠠᠳ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠡᠯ᠎ᠡ ᠭᠠᠵᠠᠷ ᠤᠨ ᠬᠢᠨ ᠴᠦ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠵᠡᠷᠭᠡ ᠬᠦᠴᠦᠲᠡᠶ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠨᠡᠶᠢᠲᠡᠯᠡᠵᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠡᠷᠴᠢᠮ ᠢ ᠴᠢᠩᠭᠠᠷᠠᠭᠤᠯᠬᠤ ᠠᠴᠠ ᠪᠢᠰᠢ ᠰᠤᠯᠠᠷᠠᠭᠤᠯᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ᠃ ᠨᠦᠬᠦᠭᠡ ᠲᠠᠯ᠎ᠠ ᠪᠠᠷ᠂ ᠠᠵᠤ ᠠᠬᠤᠶᠢᠯᠠᠯ ᠳᠤ ᠪᠡᠯᠡᠨ ᠮᠥᠩᠭᠦ ᠶᠢᠨ ᠭᠦᠢᠯᠭᠡᠭᠡᠨ ᠤ ᠳᠡᠮᠵᠢᠯᠭᠡ ᠬᠠᠩᠭᠠᠬᠤ᠂ ᠬᠡᠷᠡᠭᠯᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠶᠢ ᠶᠡᠷᠦᠩᠬᠡᠶ ᠳᠤᠨᠢ ᠪᠣᠳᠣᠯᠬᠢᠯᠠᠵᠦ᠂ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠦᠷᠢᠮ ᠤᠨ ᠳᠦᠰᠦᠪᠯᠡᠯ ᠠᠴᠠ ᠪᠤᠯᠤᠭᠰᠠᠨ ᠤᠷᠢᠳᠠᠪᠡᠷ ᠲᠤᠰᠢᠶᠠᠵᠦ ᠰᠠᠭᠦᠯ ᠳᠤᠨᠢ ᠪᠤᠴᠠᠭᠠᠬᠤ ᠮᠡᠳᠦ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠣᠴᠠᠭᠠᠬᠤ ᠲᠦᠷᠢᠮ ᠢ ᠶᠡᠭᠡ ᠪᠠᠷ ᠰᠠᠶᠢᠵᠢᠷᠠᠭᠤᠯᠤᠨ᠂ ᠡᠨᠡ ᠵᠢᠯ ᠦᠯᠡᠳᠡᠭᠰᠡᠨ ᠰᠠᠭᠤᠳᠬᠠᠯ ᠭᠠᠶᠢᠯᠢ ᠳᠤ ᠶᠡᠭᠡ ᠬᠡᠪᠴᠢᠶ᠎ᠡ ᠪᠠᠷ ᠭᠠᠶᠢᠯᠢ ᠪᠤᠴᠠᠭᠠᠬᠤ ᠶᠢ ᠤᠷᠢᠳᠴᠢᠯᠠᠨ ᠬᠡᠷᠡᠭᠵᠢᠬᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠳᠤ ᠡᠩ ᠲᠡᠷᠢᠭᠦᠨ ᠳᠤ ᠲᠣᠬᠢᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠤᠨ ᠬᠠᠳᠠᠭᠠᠯᠠᠯᠲᠠ ᠦᠯᠡᠳᠡᠭᠰᠡᠨ ᠰᠠᠭᠤᠳᠬᠠᠯ ᠭᠠᠶᠢᠯᠢ ᠶᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠯᠡ ᠤᠳᠠᠭ᠎ᠠ ᠳᠤ ᠪᠦᠬᠦᠳᠡ ᠶᠢ ᠪᠤᠴᠠᠭᠠᠵᠤ᠂ ᠨᠡᠮᠡᠭᠳᠡᠯ ᠦᠯᠡᠳᠡᠭᠰᠡᠨ ᠰᠠᠭᠤᠳᠬᠠᠯ ᠭᠠᠶᠢᠯᠢ ᠶᠢ ᠲᠤᠭ᠎ᠠ ᠶᠣᠰᠣᠭᠠᠷ ᠨᠢ ᠭᠦᠢᠴᠡᠳ ᠪᠤᠴᠠᠭᠠᠨ᠎ᠠ᠃ ᠦᠢᠯᠡᠳᠬᠦ ᠦᠢᠯᠡᠰ ᠢ ᠭᠤᠤᠯᠳᠠᠯᠭ᠎ᠠ ᠲᠠᠢ ᠳᠡᠮᠵᠢᠵᠦ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠨᠦᠬᠦᠴᠡᠯ ᠤᠨ ᠬᠠᠮᠠᠭᠠᠯᠠᠯᠲᠠ᠂ ᠴᠠᠬᠢᠯᠭᠠᠨ ᠬᠦᠴᠦᠨ ᠰᠢᠲᠠᠮᠠᠬᠠᠶ ᠬᠡᠶ᠂ ᠵᠠᠮ ᠲᠡᠭᠡᠭᠡᠪᠦᠷᠢ ᠵᠡᠷᠭᠡ ᠠᠵᠢᠯ ᠲᠥᠷᠥᠯ ᠤᠨ ᠦᠯᠡᠳᠡᠭᠰᠡᠨ ᠰᠠᠭᠤᠳᠬᠠᠯ ᠭᠠᠶᠢᠯᠢ ᠶᠢ ᠪᠣᠴᠠᠭᠠᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠣᠴᠠᠭᠠᠬᠤ ᠡᠷᠴᠢᠮ ᠢ ᠢᠯᠡᠳᠲᠡ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠬᠦᠴᠦᠲᠡᠶ ᠬᠥᠪᠴᠢᠯᠡᠨ᠎ᠡ᠃ ᠵᠢᠱᠢᠯᠲᠡ ᠪᠠᠷ ᠪᠦᠬᠦ ᠵᠢᠯ ᠤᠨ ᠭᠠᠶᠢᠯᠢ ᠪᠤᠴᠠᠭᠠᠵᠤ ᠭᠠᠶᠢᠯᠢ ᠬᠥᠩᠭᠡᠯᠡᠬᠦ ᠲᠤᠭ᠎ᠠ ᠪᠠᠷᠤᠭ 2.5 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠬᠤ ᠬᠡᠮᠵᠢᠶ᠎ᠠ ᠪᠠᠷᠤᠭ 1.5 ᠲᠦᠮᠡᠨ ᠳ᠋ᠦᠩᠰᠢᠭᠤᠷ ᠲᠥᠭᠦᠷᠢᠭ ᠲᠤ ᠬᠦᠷᠬᠦ ᠪᠦᠭᠡᠳ ᠭᠠᠶᠢᠯᠢ ᠪᠤᠴᠠᠭᠠᠭᠰᠠᠨ ᠪᠡᠯᠡ ᠮᠥᠩᠭᠦ ᠶᠢ ᠪᠦᠭᠦᠳᠡ ᠶᠢ ᠠᠵᠤ ᠠᠬᠤᠶᠢᠯᠠᠯ ᠳᠤ ᠰᠢᠭᠤᠳ ᠪᠠᠭᠤᠯᠭᠠᠨ᠎ᠠ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠦᠵᠡᠭᠦᠯᠬᠦ ᠡᠳ᠋ ᠤᠨ ᠬᠦᠴᠦᠨ ᠤ ᠳᠡᠮᠵᠢᠯᠭᠡ ᠪᠠᠨ ᠨᠡᠮᠡᠭᠳᠡᠭᠦᠯᠵᠦ᠂ ᠨᠦᠬᠦᠪᠦᠷᠢ ᠪᠡᠯᠡ ᠮᠦᠩᠬᠦ ᠶᠢ ᠬᠤᠳᠠ ᠰᠢᠶᠠᠨ ᠳᠤ ᠰᠢᠭᠤᠳ ᠪᠠᠭᠤᠯᠭᠠᠨ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠲᠣᠬᠢᠷᠠᠭᠤᠯᠤᠯᠲᠠ ᠪᠠᠨ ᠴᠢᠩᠭᠠᠳᠬᠠᠨ᠂ ᠭᠠᠶᠢᠯᠢ ᠪᠤᠴᠠᠭᠠᠵᠤ ᠭᠠᠶᠢᠯᠢ ᠬᠥᠩᠭᠡᠯᠡᠬᠦ ᠡᠨᠡ ᠬᠦ ᠵᠠᠩᠭᠢᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠢ ᠬᠥᠴᠢᠷ ᠵᠣᠪᠠᠯᠠᠩ ᠲᠠᠢ ᠥᠶ᠎ᠠ ᠳᠤᠨᠢ ᠲᠣᠰᠠᠯᠠᠨ᠂ ᠠᠵᠤ ᠠᠬᠤᠶᠢᠯᠠᠯ ᠳᠤ ᠬᠠᠪᠰᠤᠷᠤᠨ ᠠᠮᠢᠵᠢᠷᠠᠯ ᠤᠨ ᠬᠦᠴᠦᠨ ᠢ ᠨᠢ ᠪᠠᠳᠠᠷᠠᠭᠤᠯᠬᠤ ᠬᠡᠷᠡᠭᠲᠡᠶ       ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠮᠥᠩᠭᠦᠨ ᠭᠦᠢᠯᠭᠡᠭᠡᠨ ᠤ ᠪᠦᠲᠦᠮᠵᠢᠲᠡᠶ ᠳᠡᠮᠵᠢᠯᠭᠡ ᠶᠢ ᠴᠢᠩᠭᠠᠳᠬᠠᠨ᠎ᠠ᠃ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢ ᠰᠠᠶᠢᠲᠤᠷ ᠬᠡᠷᠡᠭᠯᠡᠨ᠂ ᠲᠠᠷᠢᠶᠠᠯᠠᠩ ᠢ ᠲᠡᠮᠵᠢᠵᠦ ᠵᠢᠵᠢᠭ ᠪᠢᠴᠢᠯ ᠠᠵᠦ ᠠᠬᠤᠶᠢᠯᠡᠯ ᠢ ᠲᠡᠮᠵᠢᠬᠦ ᠳᠠᠬᠢᠨ ᠵᠢᠭᠡᠯᠡᠯᠭᠡ ᠶᠢ ᠨᠡᠮᠡᠭᠳᠡᠭᠦᠯᠵᠦ᠂ ᠬᠢᠨᠠᠯᠳᠠ ᠬᠠᠮᠢᠶᠠᠷᠤᠯᠳᠠ ᠬᠢᠨᠠᠨ ᠰᠢᠯᠭᠠᠯᠳᠠ ᠶᠢ ᠰᠢᠯᠢᠳᠡᠭᠵᠢᠭᠦᠯᠦᠨ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢ ᠢᠯᠡᠳᠲᠡ ᠨᠡᠮᠡᠭᠳᠡᠬᠦᠯᠬᠦ᠂ ᠢᠲᠡᠭᠡᠮᠵᠢᠲᠦ ᠵᠢᠭᠡᠯᠡᠯᠭᠡ ᠪᠠ ᠠᠩᠬ᠎ᠠ ᠵᠢᠭᠡᠯᠡᠯᠭᠡ ᠠᠪᠬᠤ ᠡᠷᠦᠬᠡ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠵᠦ᠂ ᠬᠢᠵᠢᠭ ᠲᠤ ᠬᠦᠨᠳᠦ ᠨᠣᠴᠢᠲᠠᠶ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ ᠠᠬᠤᠶᠢᠯᠠᠯ ᠳᠤ ᠦᠷᠭᠦᠯᠵᠢᠯᠡᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠠᠵᠢᠯ ᠲᠥᠷᠥᠯ ᠤᠨ ᠴᠢᠨᠠᠷᠲᠠᠶ ᠵᠢᠭᠡᠯᠡᠯᠭᠡ ᠶᠢ ᠬᠢᠵᠠᠭᠠᠷᠯᠠᠬᠤ᠂ ᠵᠢᠭᠡᠯᠡᠯᠭᠡ ᠪᠠᠨ ᠲᠠᠲᠠᠵᠤ ᠠᠪᠬᠤ ᠪᠠ ᠵᠢᠭᠡᠯᠡᠯᠭᠡ ᠦᠭᠬᠦ ᠪᠠᠨ ᠵᠤᠭᠰᠤᠭᠠᠬᠤ ᠦᠵᠡᠭᠳᠡᠯ ᠭᠠᠷᠬᠤ ᠠᠴᠠ ᠵᠠᠶᠢᠯᠠᠰᠭᠢᠨ᠎ᠡ᠃ ᠲᠦᠷᠦ ᠶᠢᠨ ᠪᠤᠳᠤᠯᠭ᠎ᠠ ᠶᠢᠨ ᠴᠢᠨᠠᠷᠲᠠᠶ᠂ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠭᠠᠶᠢᠯᠢ ᠶᠢᠨ ᠶᠠᠪᠤᠳᠠᠯ᠂ ᠪᠣᠭᠤᠮᠲᠠ᠂ ᠴᠠᠬᠢᠯᠭᠠᠨ ᠬᠦᠴᠦᠨ ᠵᠡᠷᠭᠡ ᠨᠢᠭᠡᠴᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠬᠤᠯᠪᠣᠨ ᠨᠡᠪᠲᠡᠷᠡᠭᠦᠯᠬᠦ ᠶᠢ ᠲᠦᠷᠭᠡᠳᠭᠡᠨ᠂ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠵᠢᠵᠢᠭ ᠪᠢᠴᠢᠯ ᠠᠵᠤ ᠠᠬᠤᠶᠢᠯᠠᠯ ᠢ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠪᠡᠯᠡ ᠲᠣᠬᠢᠷᠠᠭᠤᠯᠭ᠎ᠠ ᠶᠢᠨ ᠰᠠᠶᠢᠨ ᠰᠠᠶᠢᠬᠠᠨ ᠠᠮᠢ ᠠᠬᠤᠶ ᠶᠢ ᠴᠢᠷᠮᠠᠶᠢᠨ ᠪᠤᠢ ᠪᠣᠯᠭᠠᠵᠤ᠂ ᠪᠤᠳᠠᠳᠤ ᠴᠤᠭᠴᠠ ᠶᠢᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ᠃      ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ᠃ ᠴᠠᠬᠢᠯᠭᠠᠨ ᠰᠢᠯᠵᠢᠭᠦᠯᠦᠨ ᠬᠠᠩᠭᠠᠬᠤ ᠭᠤᠭᠴᠣᠭᠠᠨ ᠳᠠᠬᠢ ᠵᠦᠢ ᠵᠣᠬᠢᠰ ᠦᠭᠡᠢ ᠪᠠᠷ ᠦᠨ᠎ᠡ ᠨᠡᠮᠡᠬᠦ ᠶᠢ ᠢᠯᠭᠠᠷᠠᠭᠤᠯᠦᠨ ᠲᠢᠭᠯᠡᠵᠦ᠂ ᠣᠷᠣᠨ ᠨᠤᠲᠤᠭ ᠤᠨ ᠬᠢᠨ ᠤ ᠣᠨᠴᠠᠭᠠᠶ ᠬᠦᠴᠢᠷᠳᠡᠯ ᠲᠠᠢ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠳᠤ ᠱᠠᠲᠤ ᠦᠶᠡᠴᠢ ᠴᠢᠨᠠᠷᠲᠠᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠳᠠᠮᠵᠢᠨ᠎ᠠ᠃ ᠲᠣᠮᠣ ᠬᠡᠯᠪᠡᠷᠢ ᠶᠢᠨ ᠲᠠᠪᠴᠠᠩ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠰᠦᠢᠳᠭᠡᠯ ᠬᠤᠷᠢᠶᠠᠯᠲᠠ ᠶᠢ ᠨᠢ ᠪᠠᠭᠤᠷᠠᠭᠤᠯᠤᠨ᠂ ᠳᠤᠮᠳᠠ ᠵᠢᠵᠢᠭ ᠬᠤᠳᠠᠯᠳᠤᠭᠠᠨ ᠤ ᠡᠷᠤᠭᠡ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠵᠠᠭᠤᠴᠢ ᠪᠠᠶᠢᠭᠤᠯᠤᠮᠵᠢ ᠵᠡᠷᠭᠡ ᠶᠢᠨ ᠰᠦᠢᠳᠭᠡᠯ ᠬᠤᠷᠢᠶᠠᠯᠲᠠ ᠶᠢ ᠤᠯᠠᠮ ᠨᠢᠭᠡ ᠠᠯᠬᠤᠮ ᠡᠮᠬᠢᠯᠡᠨ ᠵᠢᠷᠤᠮᠵᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠭᠡᠯ ᠬᠤᠷᠢᠶᠠᠯᠲᠠ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠂ ᠬᠠᠮᠵᠢᠯᠴᠠᠨ ᠵᠠᠰᠠᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠭᠡᠨ ᠲᠠᠲᠠᠪᠤᠷᠢᠯᠠᠬᠤ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠤᠭᠤᠰ ᠢ ᠥᠷᠢᠲᠦᠬᠦ ᠶᠢ ᠢᠯᠭᠠᠷᠠᠭᠤᠯᠤᠨ ᠲᠢᠭᠯᠡᠬᠦ ᠡᠷᠴᠢᠮ ᠢ ᠴᠢᠩᠭᠠᠷᠠᠭᠤᠯᠤᠨ᠂ ᠬᠤᠳᠠᠯᠳᠤᠭᠠᠨ ᠤ ᠭᠤᠪᠢᠭᠤᠯᠭ᠎ᠠ ᠳᠠᠭᠠᠭᠠᠬᠤ ᠭᠤᠪᠢᠭᠤᠯᠭ᠎ᠠ ᠶᠢᠨ ᠬᠠᠭᠤᠳᠠᠰᠤ ᠶᠢᠨ ᠬᠡᠷᠡᠭᠯᠡᠯᠲᠡ ᠶᠢ ᠵᠢᠷᠤᠮᠵᠢᠭᠤᠯᠬᠤ ᠬᠡᠷᠡᠭᠲᠡᠢ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠲᠦᠷᠦᠭᠦᠯᠡᠨ ᠥᠷᠢ ᠦᠭᠴᠡᠭᠡ ᠪᠠᠨ ᠢᠯᠭᠠᠷᠠᠭᠤᠯᠤᠨ ᠲᠦᠯᠦᠭᠦ ᠬᠡᠷᠡᠭᠲᠡᠶ᠃ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠶᠠᠨᠴᠢᠳ ᠤᠨ ᠲᠡᠭᠡᠭᠡᠪᠦᠷᠢ ᠵᠡᠷᠭᠡ ᠠᠵᠢᠯ ᠲᠥᠷᠥᠯ ᠤᠨ ᠠᠵᠢᠯ ᠣᠯᠭᠤᠯᠲᠠ ᠶᠢᠨ ᠪᠠᠭᠲᠠᠭᠠᠮᠵᠢ ᠶᠡᠭᠡ᠂ ᠬᠢᠵᠢᠭ ᠤᠨ ᠨᠥᠯᠥᠭᠡ ᠬᠦᠨᠳᠦ ᠪᠤᠯᠬᠤᠷ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠡᠳᠡᠨ ᠤ ᠲᠡᠶᠢᠰᠢ ᠬᠡᠯᠪᠠᠶᠢᠯᠭᠡᠵᠦ᠂ ᠡᠳᠡᠭᠡᠷ ᠠᠵᠢᠯ ᠲᠥᠷᠥᠯ ᠤᠨ ᠠᠵᠤ ᠠᠬᠤᠶᠢᠯᠠᠯ ᠤᠨ ᠬᠦᠴᠢᠷ ᠢ ᠳᠠᠪᠠᠵᠤ ᠪᠡᠷᠬᠡᠰᠢᠶᠡᠯ ᠢ ᠲᠤᠭᠤᠯᠬᠤ ᠪᠠ ᠳᠠᠪᠰᠢᠬᠤ ᠬᠠᠷᠠᠯᠲᠠ ᠲᠠᠢ ᠪᠤᠯᠬᠤ ᠶᠢ ᠳᠡᠮᠵᠢᠬᠦ ᠬᠡᠷᠡᠭᠲᠡᠶ᠃      ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠪᠤᠳᠠᠳᠠᠢ ᠪᠦᠭᠡᠳ ᠨᠠᠷᠢᠯᠢᠭ ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠪᠠᠭᠤᠷᠠᠭᠤᠯᠬᠤ ᠵᠡᠷᠭᠡ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠱᠠᠳᠤ ᠦᠶᠡᠴᠢ ᠴᠢᠨᠠᠷᠲᠠᠶ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯᠲᠠᠨ ᠢᠶᠠᠨ ᠬᠠᠰᠤᠬᠰᠠᠨ ᠦᠭᠡᠢ ᠪᠤᠶᠤ ᠠᠵᠢᠯᠳᠠᠨ ᠢᠶᠠᠨ ᠴᠦᠭᠡᠨ ᠬᠠᠰᠤᠬᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠤᠴᠠᠭᠠᠬᠤ ᠬᠠᠷᠢᠴᠠᠯ ᠢ ᠢᠯᠡᠳᠲᠡ ᠳᠡᠭᠡᠭᠰᠢᠯᠡᠭᠦᠯᠦᠨ᠎ᠡ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠭᠦ ᠰᠤᠷᠤᠭᠴᠢᠳ 1000 ᠲᠦᠮᠡᠨ ᠬᠥᠮᠦᠨ ᠢ ᠳᠠᠪᠠᠭ᠋ᠤ ᠪᠤᠯᠬᠤᠷ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠵᠢᠯᠤᠭᠤᠳᠤᠯᠭ᠎ᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠲᠠᠰᠤᠯᠳᠠᠯ ᠦᠭᠡᠢ ᠦᠢᠯᠡᠴᠢᠯᠡᠬᠦ ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠶ᠃ ᠴᠡᠷᠢᠭ ᠤᠨ ᠠᠯᠪᠠ ᠠᠴᠠ ᠪᠠᠭᠤᠭᠰᠠᠳ ᠢ ᠲᠥᠪᠬᠢᠨᠡᠭᠦᠯᠬᠦ ᠪᠠ ᠠᠵᠢᠯ ᠣᠯᠭᠤᠬᠤ ᠪᠠᠲᠤᠯᠠᠭ᠎ᠠ ᠶᠢ ᠰᠠᠶᠢᠲᠤᠷ ᠬᠢᠵᠦ᠂ ᠬᠥᠯᠥᠰᠥᠨ ᠠᠵᠢᠯᠴᠢᠨ ᠳᠤ ᠠᠵᠢᠯ ᠣᠯᠭᠤᠬᠤ ᠶᠢ ᠠᠬᠢᠭᠤᠯᠵᠤ᠂ ᠵᠡᠮᠳᠡᠭᠴᠦᠳ ᠪᠠ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢᠨ ᠪᠦᠷᠢᠯᠳᠦᠬᠦᠨ ᠢ ᠬᠠᠪᠰᠤᠷᠤᠨ ᠲᠡᠳᠬᠦᠵᠦ ᠠᠵᠢᠯ ᠣᠯᠭᠤᠨ᠎ᠠ᠃ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠠᠮᠢᠳᠤᠯᠢᠭ ᠠᠵᠢᠯ ᠤᠯᠭᠤᠯᠳᠠ ᠶᠢᠨ ᠦᠢᠯᠡᠴᠢᠯᠡᠭᠡ ᠶᠢ ᠴᠢᠩᠭᠠᠳᠬᠠᠨ᠂ ᠠᠮᠢᠳᠤᠯᠢᠭ ᠠᠵᠢᠯ ᠣᠯᠭᠤᠯᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠠᠵᠢᠯ ᠮᠡᠷᠭᠡᠵᠢᠯ ᠤᠨ ᠬᠦᠨᠦᠬᠡᠯ ᠤᠨ ᠪᠠᠲᠤᠯᠠᠭ᠎ᠠ ᠶᠢᠨ ᠲᠤᠷᠰᠢᠯᠲᠠ ᠶᠢ ᠥᠷᠨᠢᠭᠦᠯᠦᠨ᠎ᠡ᠃ ᠬᠦᠢᠰᠦ᠂ ᠨᠠᠰᠤ ᠵᠢᠯ᠂ ᠰᠤᠷᠤᠯᠭ᠎ᠠ ᠶᠢᠨ ᠨᠠᠮᠳᠠᠷ ᠵᠡᠷᠭᠡ ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠷᠡᠰ ᠰᠡᠷᠭᠡᠶᠢᠯᠡᠨ ᠵᠠᠯᠠᠷᠠᠭᠤᠯᠵᠤ᠂ ᠡᠷᠬᠡ ᠲᠡᠭᠰᠢ ᠠᠵᠢᠯ ᠤᠯᠭᠤᠯᠳᠠ ᠶᠢᠨ ᠤᠷᠴᠢᠨ ᠨᠦᠬᠦᠴᠡᠯ ᠢ ᠶᠡᠭᠡ ᠪᠠᠷ ᠪᠤᠢ ᠪᠤᠯᠭᠠᠨ᠎ᠠ᠃ ᠬᠦᠳᠡᠯᠮᠦᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠯᠳᠠ ᠶᠢᠨ ᠬᠠᠤᠯᠢ ᠬᠡᠷᠡᠭᠵᠢᠬᠦᠯᠦᠯᠳᠡ ᠶᠢ ᠴᠢᠩᠭᠠᠳᠬᠠᠨ᠂ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ ᠢ ᠴᠢᠩᠭᠠᠳᠬᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠬᠡᠪᠴᠢᠶᠡᠨ ᠤ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠵᠦ᠂ ᠨᠢᠭᠡ ᠪᠦᠯᠦᠭ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢ 1000 ᠳ᠋ᠦᠩᠰᠢᠭᠤᠷ ᠲᠥᠭᠦᠷᠢᠭ ᠬᠡᠷᠡᠭᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠪᠣᠯᠪᠠᠰᠤᠷᠠᠭᠤᠯᠬᠤ ᠶᠢ ᠳᠠᠮᠵᠢᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠴᠢᠮ ᠬᠡᠷᠡᠭᠰᠡᠬᠦ ᠴᠢᠳᠠᠪᠤᠷᠢᠲᠠᠨ ᠢ ᠲᠦᠷᠭᠡᠯᠡᠨ ᠬᠥᠮᠦᠵᠢᠭᠦᠯᠵᠦ᠂ ᠨᠠᠩ ᠣᠯᠠᠨ ᠬᠥᠳᠡᠯᠮᠦᠷᠢᠴᠢᠨ ᠳᠤ ᠨᠢᠭᠡ ᠵᠦᠢᠯ ᠤᠨ ᠤᠷ᠎ᠠ ᠮᠡᠷᠭᠡᠵᠢᠯ ᠡᠵᠡᠮᠰᠢᠭᠦᠯᠵᠦ᠂ ᠠᠵᠢᠯ ᠲᠦᠷᠦᠯ ᠪᠦᠬᠦᠨ ᠢ ᠴᠦᠮ ᠴᠢᠳᠠᠪᠤᠷᠢᠳᠠᠨ ᠲᠠᠰᠤᠷᠠᠯᠲᠠ ᠦᠭᠡᠢ ᠴᠤᠯᠭᠤᠷᠠᠨ ᠭᠠᠷᠬᠤ ᠪᠤᠯᠭᠠᠨ᠎ᠠ᠃      ︵ᠭᠤᠷᠪᠠ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠨᠡᠩ ᠶᠡᠭᠡ ᠪᠠᠷ ᠬᠥᠭᠵᠢᠭᠡᠨ᠎ᠡ᠃ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠳᠤᠮᠳᠠ ᠰᠢᠢᠳᠪᠦᠷᠢᠯᠡᠭᠴᠢ ᠴᠢᠨᠠᠷᠲᠠᠢ ᠦᠢᠯᠡᠳᠦᠯ ᠭᠠᠷᠭᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠥᠨᠳᠥᠷ ᠲᠦᠪᠰᠢᠨ ᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠤᠨ᠎ᠠ᠃      ᠵᠠᠰᠠᠭ ᠤᠨ ᠣᠷᠳᠣᠨ ᠤ ᠡᠬᠦᠷᠭᠡ ᠴᠢᠳᠠᠪᠤᠷᠢ ᠶᠢ ᠲᠦᠷᠭᠡᠯᠡᠨ ᠬᠤᠪᠢᠷᠠᠭᠤᠯᠤᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠢ ᠲᠦᠷᠭᠡᠯᠡᠨ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠬᠰᠠᠨ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠠᠶᠢᠭᠤᠯᠬᠤ ᠲᠠᠢ ᠤᠶᠠᠯᠳᠤᠭᠤᠯᠤᠨ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠵᠡᠷᠭᠡ ᠳᠤᠨᠢ ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠥᠷᠭᠡᠳᠭᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠡᠯ᠎ᠡ ᠲᠥᠷᠥᠯ ᠤᠨ ᠭᠡᠷᠡᠴᠢᠯᠠᠯ ᠢ ᠤᠯᠠᠮ ᠨᠢᠭᠡ ᠠᠯᠬᠤᠮ ᠪᠠᠭᠠᠰᠬᠠᠵᠤ᠂ ︽ᠮᠤᠵᠢ ᠠᠯᠤᠰᠯᠠᠨ ᠬᠦᠢᠴᠡᠳᠭᠡᠬᠦ︾ ᠬᠡᠪᠴᠢᠶ᠎ᠡ ᠶᠢ ᠥᠷᠭᠡᠳᠭᠡᠵᠦ᠂ ᠡᠯᠧᠺᠲᠷᠣᠨ ᠭᠡᠷᠡᠴᠢ ᠦᠨᠡᠮᠯᠡᠯ ᠤᠨ ᠬᠠᠷᠢᠯᠴᠠᠨ ᠨᠡᠪᠲᠡᠷᠡᠵᠦ ᠬᠠᠷᠢᠯᠴᠠᠨ ᠮᠡᠳᠡᠷᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠠᠵᠤ ᠠᠬᠤᠶᠢᠯᠠᠯ ᠤᠨ ᠣᠷᠣᠨ ᠪᠦᠰᠡ ᠠᠯᠤᠰᠯᠠᠭᠰᠠᠨ ᠡᠵᠡᠩᠨᠡᠯᠲᠡ ᠳᠤ ᠳᠥᠭᠦᠮ ᠦᠵᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠵᠦᠢᠯᠡᠰ ᠢ ᠣᠨᠳᠣᠤ ᠭᠠᠵᠠᠷ ᠲᠤ ᠰᠢᠢᠳᠪᠦᠷᠢᠯᠡᠬᠦ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠳᠠ᠂ ᠲᠡᠷᠭᠡ ᠬᠥᠰᠭᠡ ᠶᠢᠨ ᠰᠢᠯᠭᠠᠨ ᠬᠡᠮᠵᠢᠯᠳᠠ ᠶᠢ ᠰᠢᠯᠢᠳᠡᠭᠵᠢᠬᠦᠯᠬᠦ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠠ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠤᠷᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭᠳᠠᠬᠤ ᠶᠢ ᠰᠡᠷᠭᠡᠶᠢᠯᠡᠨ ᠬᠤᠷᠢᠭᠯᠠᠨ᠎ᠠ᠃ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ᠂ ᠪᠡᠶᠡᠳᠦᠴᠢᠯᠡᠭᠰᠡᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠭᠡᠷᠡᠭ ᠠᠴᠠ ᠡᠮᠦᠨᠡᠬᠢ ᠭᠡᠷᠡᠭ ᠤᠨ ᠲᠤᠮᠳᠠᠬᠢ ᠪᠠ ᠭᠡᠷᠡᠭ ᠤᠨ ᠳᠠᠷᠠᠭᠠᠬᠢ ᠪᠥᠬᠦ ᠬᠡᠯᠬᠢᠶ᠎ᠠ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠪᠤᠢ ᠪᠤᠯᠤᠭᠰᠠᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮᠯᠠᠯ ᠢ ᠱᠠᠯᠠᠪᠳᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠤ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠪᠠ ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ ᠭᠤᠤᠯᠴᠢ ᠥᠷᠢᠰᠥᠯᠳᠦᠭᠡᠨ ᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠵᠤ᠂ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃      ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢᠨ ᠬᠠᠮᠲᠤ ᠪᠠᠷ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠶ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ ᠥᠴᠦᠬᠡᠨ ᠴᠦ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ᠎ᠠ᠃ ᠬᠦᠷᠦᠩᠭᠡ ᠶᠢᠨ ᠣᠨᠴᠠᠯᠢᠭ ᠪᠠ ᠠᠵᠢᠯᠯᠠᠭᠠᠨ ᠤ ᠵᠢᠮ᠎ᠡ ᠶᠣᠰᠣ ᠶᠢ ᠵᠥᠪ ᠲᠠᠨᠢᠨ ᠡᠵᠡᠮᠰᠢᠵᠦ᠂ ᠬᠦᠷᠦᠩᠭᠡ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠣᠭᠤᠳᠬᠤ ᠬᠡᠷᠡᠭᠲᠡᠶ᠃ ᠠᠵᠤ ᠠᠬᠤᠶᠢᠯᠠᠯ ᠤᠨ ᠥᠮᠴᠢᠯᠡᠬᠦ ᠡᠷᠬᠡ᠂ ᠪᠡᠶ᠎ᠠ ᠪᠠᠨ ᠲᠠᠭᠠᠭᠠᠵᠤ ᠡᠵᠡᠩᠨᠡᠬᠦ ᠡᠷᠬᠡ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠥᠷᠢᠰᠥᠯᠳᠦᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠭᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠬᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠤᠯᠭᠠᠭᠤᠷᠢᠯᠠᠬᠤ ᠪᠠ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠬᠥᠲᠥᠯᠥᠨ ᠵᠢᠯᠣᠭᠤᠳᠴᠤ᠂ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠤᠨ᠎ᠠ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠠᠭᠠᠨ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠰᠠᠨᠠᠯ ᠢ ᠢᠯᠡᠭᠦᠬᠡᠨ ᠰᠣᠨᠣᠰᠴᠤ᠂ ᠵᠠᠬ᠎ᠠ ᠳᠡᠯᠭᠡᠭᠦᠷ ᠤᠨ ᠵᠢᠮ᠎ᠡ ᠶᠤᠰᠤ ᠶᠢ ᠬᠦᠨᠳᠦᠳᠭᠡᠵᠦ᠂ ᠠᠵᠤ ᠠᠬᠤᠶᠢᠯᠠᠯᠲᠠᠨ ᠤ ᠠᠩᠬᠠᠷᠤᠯ ᠢᠶᠠᠨ ᠲᠦᠪᠯᠡᠷᠡᠬᠦᠯᠦᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠ ᠰᠡᠳᠭᠢᠯ ᠠᠮᠤᠷ ᠡᠵᠡᠩᠨᠡᠵᠦ ᠬᠦᠭᠵᠢᠬᠦ ᠶᠢ ᠳᠡᠮᠵᠢᠬᠦ ᠬᠡᠷᠡᠭᠲᠡᠶ᠃      ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠬᠢᠵᠠᠭᠠᠷᠯᠠᠬᠤ ᠬᠦᠴᠦᠨ ᠪᠠ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢ ᠳᠠᠷᠤᠵᠤ ᠭᠠᠶᠢᠯᠢ ᠮᠡᠬᠡᠯᠡᠨ ᠠᠪᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠ ᠵᠢᠵᠢᠭ ᠪᠠᠩᠬᠢ ᠶᠢᠨ ᠰᠲ᠋ᠣᠺ ᠤᠨ ᠡᠷᠬᠡ ᠶᠢᠨ ᠪᠦᠲᠦᠴᠡ ᠪᠠ ᠺᠣᠮᠫᠠᠨᠢ ᠶᠢᠨ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠪᠤᠰᠤ ᠡᠳ᠋ ᠬᠦᠷᠦᠩᠭᠡ ᠶᠢ ᠰᠢᠢᠳᠪᠦᠷᠢᠯᠡᠬᠦ ᠶᠢ ᠲᠦᠷᠭᠡᠳᠭᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠤᠬᠢᠷᠠᠭᠤᠯᠭ᠎ᠠ ᠶᠢ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠰᠲ᠋ᠣᠺ ᠲᠠᠷᠬᠠᠭᠠᠬᠤ ᠲᠠᠩᠰᠠᠯᠠᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠲᠦᠷᠪᠡ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠵᠤ᠂ ᠬᠠᠩᠭᠠᠯᠭ᠎ᠠ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠢ ᠰᠢᠪᠲᠤᠯᠵᠤ᠂ ᠰᠢᠨ᠎ᠡ ᠶᠢ ᠡᠭᠦᠳᠬᠦ ᠳᠤ ᠲᠦᠰᠢᠭᠯᠡᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠤ ᠠᠷᠪᠠᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠤᠷᠳᠤ ᠬᠤᠭᠤᠴᠠᠭᠠᠨ ᠤ ᠲᠣᠭᠲᠠᠭᠤᠨ ᠳᠡᠮᠵᠢᠯᠭᠡ ᠶᠢ ᠴᠢᠩᠭᠠᠳᠬᠠᠵᠦ᠂ ᠰᠠᠭᠤᠷᠢ ᠰᠤᠳᠤᠯᠭᠠᠨ ᠤ ᠵᠠᠷᠤᠳᠠᠯ ᠤᠨ ᠪᠦᠬᠦ ᠨᠡᠶᠢᠭᠡᠮ ᠤᠨ ᠰᠤᠳᠤᠯᠭᠠᠨ ᠤ ᠵᠠᠷᠤᠳᠠᠯ ᠳᠠᠬᠢ ᠡᠵᠡᠯᠡᠬᠦ ᠬᠠᠷᠢᠴᠠᠯ ᠢ ᠳᠡᠭᠡᠭᠰᠢᠯᠡᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠪᠡᠷᠭᠡ ᠰᠡᠳᠦᠪ ᠢ ᠰᠢᠢᠳᠪᠤᠷᠢᠯᠡᠬᠦ ᠲᠥᠰᠦᠯ ᠢ ᠬᠡᠷᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠤᠯᠤᠰ ᠤᠨ ᠲᠤᠷᠰᠢᠯᠲᠠ ᠶᠢᠨ ᠲᠠᠰᠤᠭ ᠪᠠ ᠪᠦᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠦᠯ ᠤᠨ ᠰᠡᠳᠦᠪ ᠲᠣᠭᠲᠠᠭᠠᠬᠤ ᠪᠠ ᠬᠠᠮᠢᠶᠠᠷᠬᠤ ᠠᠷᠭ᠎ᠠ ᠮᠠᠶ᠋ᠢᠭ ᠢ ᠦᠭᠡᠷᠡᠴᠢᠯᠡᠨ ᠰᠠᠶᠢᠵᠢᠷᠠᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠨ ᠰᠢᠯᠭᠠᠵᠦ ᠤᠷᠮᠠᠰᠢᠭᠤᠯᠬᠤ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠡᠯ᠎ᠡ ᠭᠠᠵᠠᠷ ᠤᠨ ᠬᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠲᠤᠰ ᠲᠤᠰ ᠤᠨ ᠣᠨᠴᠠᠯᠢᠭ ᠪᠦᠬᠦᠢ ᠣᠷᠣᠨ ᠪᠦᠰᠡ ᠶᠢᠨ ᠰᠢᠨ᠎ᠡ ᠶᠢ ᠡᠭᠦᠳᠬᠦ ᠠᠵᠢᠯᠯᠠᠭ᠎ᠠ ᠶᠢ ᠳᠡᠮᠵᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠴᠢᠩᠭᠠᠳᠬᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠶ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠲᠦᠷᠭᠡᠯᠡᠨ ᠪᠠᠶᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠳᠡᠨ ᠤ ᠵᠤᠷᠢᠭ ᠰᠠᠨᠠᠭ᠎ᠠ ᠶᠢ ᠪᠠᠳᠠᠷᠠᠭᠤᠯᠵᠦ᠂ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠨᠢᠭᠡ ᠰᠡᠳᠭᠢᠯ ᠢᠶᠠᠷ ᠰᠢᠮᠳᠠᠨ ᠰᠤᠳᠤᠯᠵᠤ᠂ ᠡᠷᠳᠡᠮ ᠴᠢᠳᠠᠪᠤᠷᠢ ᠪᠠᠨ ᠪᠦᠷᠢᠨ ᠪᠠᠳᠠᠷᠠᠭᠤᠯᠬᠤ ᠪᠣᠯᠭᠠᠨ᠎ᠠ᠃      ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠮᠡᠨ ᠪᠤᠳᠤᠵᠤ ᠰᠠᠭᠤᠯᠭᠠᠨ ᠬᠠᠰᠤᠬᠤ ᠬᠠᠷᠢᠴᠠᠯ ᠢ 75% ᠪᠠᠶᠢᠬᠰᠠᠨ ᠠᠴᠠ 100% ᠪᠣᠯᠳᠡᠯ᠎ᠠ ᠲᠡᠭᠡᠭᠰᠢᠯᠡᠬᠦᠯᠵᠤ᠂ ᠠᠵᠤ ᠠᠬᠤᠶᠢᠯᠠᠯ ᠤᠨ ᠰᠠᠭᠤᠷᠢ ᠰᠤᠳᠤᠯᠭᠠᠨ ᠤ ᠣᠷᠣᠭᠤᠯᠤᠯᠲᠠ ᠳᠤ ᠭᠠᠶᠢᠯᠢ ᠲᠠᠳᠠᠪᠤᠷᠢ ᠶᠢᠨ ᠬᠠᠷᠠᠭᠠᠯᠵᠠᠯ ᠦᠵᠡᠭᠦᠯᠵᠤ᠂ ᠲᠥᠬᠦᠭᠡᠷᠦᠮᠵᠢ ᠪᠠᠭᠠᠵᠢ ᠬᠡᠷᠡᠭᠰᠡᠯ ᠤᠨ ᠡᠯᠡᠭᠳᠡᠯ ᠢ ᠲᠦᠷᠭᠡᠳᠭᠡᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ᠂ ᠡᠨᠡ ᠨᠢ ᠤᠯᠤᠰ ᠠᠴᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠶᠡᠭᠡ ᠬᠡᠪᠴᠢᠶᠡᠨ ᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠭᠰᠡᠨ ᠶᠠᠪᠤᠳᠠᠯ ᠪᠤᠯᠬᠤ ᠶᠤᠮ᠃ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠯ᠎ᠠ ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠠᠬᠢᠭᠤᠯᠤᠨ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃      ᠦᠢᠯᠡᠳᠬᠦ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠲᠦᠭᠦᠬᠡᠶ ᠮᠠᠲ᠋ᠧᠷᠢᠶᠠᠯ᠂ ᠵᠠᠩᠭᠢᠯᠠᠭ᠎ᠠ ᠶᠢᠨ ᠰᠡᠯᠪᠢᠭ ᠲᠣᠨᠤᠭ ᠵᠡᠷᠭᠡ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠳᠠᠭᠠᠭᠤᠯᠤᠭᠴᠢ ᠠᠵᠤ ᠠᠬᠤᠶᠢᠯᠠᠯ ᠤᠨ ᠬᠡᠯᠬᠢᠶ᠎ᠡ ᠶᠢ ᠪᠠᠳᠤᠯᠠᠨ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠬᠦ ᠦᠢᠯᠡᠰ ᠤᠨ ᠣᠷᠳᠣᠪᠳᠤᠷ ᠬᠤᠭᠤᠴᠠᠭᠠᠨ ᠤ ᠵᠢᠭᠡᠯᠡᠯᠭᠡ ᠶᠢ ᠨᠢ ᠨᠡᠮᠡᠭᠳᠡᠭᠦᠯᠦᠨ᠎ᠡ᠃ ᠠᠵᠤ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠨᠢᠭᠡ ᠪᠦᠯᠦᠭ ᠢᠨᠵᠧᠨᠧᠷᠢᠩ ᠤᠨ ᠲᠦᠰᠦᠯ ᠢ ᠡᠬᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠬᠡᠬᠡᠨᠡᠷᠡᠯ ᠢ ᠲᠦᠷᠭᠡᠯᠡᠨ ᠬᠥᠭᠵᠢᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠦᠬᠡᠬᠡᠨᠡᠷᠡᠯ ᠤᠨ ᠢᠨᠵᠧᠨᠧᠷᠢᠩ ᠢ ᠬᠡᠷᠡᠭᠵᠢᠭᠦᠯᠦᠨ᠎ᠠ᠃ ︽ᠲᠤᠰᠬᠠᠢ ᠨᠠᠷᠢᠯᠢᠬ ᠦᠪᠡᠷᠮᠢᠴᠡ ᠰᠢᠨ᠎ᠠ︾ ᠠᠵᠤ ᠠᠬᠤᠶᠢᠯᠠᠯ ᠢ ᠬᠦᠴᠦᠯᠡᠨ ᠪᠤᠶᠢᠵᠢᠭᠤᠯᠵᠤ ᠂ ᠪᠡᠯᠡ ᠮᠥᠩᠭᠦ᠂ ᠴᠢᠳᠠᠪᠤᠷᠢᠲᠠᠨ᠂ ᠨᠡᠪᠴᠢᠭᠦᠯᠬᠦ ᠲᠠᠪᠴᠠᠩ ᠪᠠᠶᠢᠭᠤᠯᠬᠤ ᠵᠡᠷᠭᠡ ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠦᠨ᠎ᠡ᠃ ᠶᠠᠰᠤ ᠴᠢᠨᠠᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠳᠤᠮᠳᠠ ᠳᠡᠭᠡᠳᠦ ᠳᠡᠰ ᠲᠡᠶᠢᠰᠢ ᠳᠠᠪᠰᠢᠬᠤ ᠶᠢ ᠠᠬᠢᠭᠤᠯᠤᠨ᠎ᠠ᠃      ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠳ᠋ᠢᠵᠢᠲ᠋ᠠᠯ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠳ᠋ᠢᠵᠢᠲ᠋ᠠᠯ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠪᠦᠬᠦ ᠤᠯᠤᠰ ᠤᠨ ᠨᠢᠭᠡ ᠴᠤᠬᠴᠠᠵᠢᠬᠰᠠᠨ ᠳᠤᠮᠤ ᠳ᠋ᠡᠶᠢᠲ᠋ᠠ ᠲᠦᠪ ᠤᠨ ᠳᠤᠬᠳᠠᠯᠴᠠᠭ᠎ᠠ ᠶᠢ ᠠᠭᠠᠵᠢᠮ ᠢᠶᠠᠷ ᠪᠠᠶᠢᠭᠤᠯᠵᠦ᠂ 5G ᠶᠢ ᠬᠡᠪᠴᠢᠶᠡᠵᠢᠬᠦᠯᠦᠨ ᠬᠡᠷᠡᠭᠯᠡᠬᠦ ᠶᠢ ᠠᠬᠢᠭᠤᠯᠵᠤ᠂ ᠠᠵᠤ ᠦᠢᠯᠡᠰ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠬᠤᠨ ᠢ ᠬᠥᠭᠵᠢᠭᠦᠯᠦᠨ᠎ᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠲᠦᠷᠭᠡᠯᠡᠨ ᠬᠥᠭᠵᠢᠭᠦᠯᠵᠦ᠂ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠣᠶᠤᠯᠢᠬ ᠵᠡᠷᠭᠡ ᠳ᠋ᠢᠵᠢᠲ᠋ᠠᠯ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠠᠩᠭᠢᠯᠠᠭ᠎ᠠ ᠶᠢᠨ ᠵᠥᠭᠡᠯᠡᠨ ᠬᠠᠲᠠᠭᠤ ᠲᠣᠨᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳ᠋ᠢᠵᠢᠲ᠋ᠠᠯ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠳ᠋ᠡᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠢ ᠪᠤᠶᠢᠵᠢᠭᠤᠯᠵᠦ᠂ ᠳ᠋ᠠᠶᠢᠲ᠋ᠠ ᠶᠢᠨ ᠡᠯᠧᠮᠧᠨ᠋ᠲ ᠤᠨ ᠲᠠᠯᠲᠠ ᠬᠦᠴᠦᠨ ᠢ ᠪᠠᠳᠠᠷᠠᠭᠤᠯᠵᠤ᠂ ᠬᠡᠷᠡᠭᠯᠡᠯᠳᠡ ᠶᠢᠨ ᠴᠢᠳᠠᠪᠤᠷᠢ ᠶᠢ ᠳᠡᠭᠡᠭᠰᠢᠯᠡᠬᠦᠯᠵᠦ᠂ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠳᠤᠷ ᠡᠨᠧᠷᠬᠢ ᠣᠯᠭᠤᠵᠤ᠂ ᠠᠷᠠᠳ ᠤᠨ ᠠᠮᠢᠳᠤᠷᠠᠯ ᠢ ᠪᠠᠶᠠᠯᠢᠬᠵᠢᠭᠤᠯᠤᠨ᠎ᠠ᠃      ︵ᠲᠠᠪᠤ︶ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠠᠬᠢᠭᠤᠯᠤᠨ᠎ᠠ᠃ ᠤᠯᠤᠰ ᠠᠷᠠᠳ ᠤᠨ ᠠᠵᠤ ᠠᠬᠤᠶ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠳᠣᠲᠣᠭᠠᠳᠤ ᠬᠡᠷᠡᠭᠴᠡᠭᠡ ᠶᠢᠨ ᠲᠠᠶᠢᠴᠢᠯᠠᠬᠤ ᠬᠦᠴᠦᠨ ᠢ ᠴᠢᠩᠭᠠᠷᠠᠭᠤᠯᠤᠨ᠎ᠠ᠃      ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ ᠵᠠᠮ ᠢᠶᠠᠷ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠶᠢ ᠠᠬᠢᠭᠤᠯᠵᠤ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠬᠥᠭᠵᠢᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠦᠷᠭᠦᠯᠵᠢᠯᠡᠨ ᠳᠡᠮᠵᠢᠵᠦ᠂ ᠣᠷᠣᠨ ᠨᠤᠲᠤᠭ ᠤᠨ ᠬᠢᠨ ᠤ ᠨᠤᠭᠤᠭᠠᠨ ᠤᠶᠤᠯᠢᠭ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠤᠨ᠎ᠠ᠃ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠶᠢᠨ ᠢᠵᠢ ᠪᠦᠷᠢᠳᠦᠭᠦᠯᠬᠦ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠭᠡᠷ ᠪᠠᠶᠢᠰᠢᠩ ᠬᠡᠷᠡᠭᠯᠡᠬᠦ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠦᠵᠡᠭᠦᠯᠦᠨ᠎ᠡ᠃ ᠭᠡᠷ ᠠᠬᠤᠶ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠭᠡᠬᠦ ᠶᠢ ᠠᠬᠢᠭᠤᠯᠤᠨ᠎ᠠ᠃ ᠰᠢᠶᠠᠨ ᠤ ᠪᠦᠰᠡ ᠶᠢᠨ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠠ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠠᠵᠢᠯ ᠢ ᠬᠥᠭᠵᠢᠭᠦᠯᠦᠨ᠎ᠡ᠃ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠤᠯᠠᠨ ᠲᠦᠮᠡᠨ ᠤ ᠬᠡᠷᠡᠭᠴᠡᠭᠡ ᠳᠤ ᠬᠦᠴᠦᠯᠡᠨ ᠵᠤᠬᠢᠴᠠᠭᠤᠯᠵᠤ᠂ ᠬᠡᠷᠡᠭᠯᠡᠭᠡᠨ ᠤ ᠬᠦᠰᠡᠯ ᠢ ᠨᠢ ᠨᠡᠮᠡᠭᠳᠡᠭᠦᠯᠦᠨ᠎ᠠ᠃      ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠪᠠᠷ ᠥᠷᠭᠡᠳᠭᠡᠨ᠎ᠡ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠶ ᠪᠠᠷ ᠤᠷᠢᠳᠴᠢᠯᠠᠨ ᠥᠷᠨᠢᠭᠦᠯᠦᠨ᠎ᠡ᠃ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ᠂ ᠶᠡᠷᠦᠩᠬᠡᠶᠢᠯᠡᠭᠰᠡᠨ ᠪᠣᠰᠤᠭ᠎ᠠ ᠴᠤᠭᠴᠠᠳᠤ ᠵᠠᠮ ᠬᠠᠷᠢᠯᠴᠠᠭᠠᠨ ᠤ ᠲᠣᠣᠷ᠂ ᠴᠢᠬᠤᠯᠠ ᠡᠨᠧᠷᠭᠢ ᠶᠢᠨ ᠰᠠᠭᠤᠷᠢᠨ ᠭᠠᠵᠠᠷ ᠪᠠ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ᠂ ᠤᠰᠤᠨ ᠬᠤᠭᠤᠯᠠᠢ ᠵᠡᠷᠭᠡ ᠬᠤᠭᠤᠯᠠᠶ ᠲᠣᠤᠷ ᠢ ᠰᠢᠨᠡᠳᠭᠡᠨ ᠥᠭᠡᠷᠡᠴᠢᠯᠡᠬᠦ ᠶᠢ ᠲᠦᠷᠭᠡᠳᠭᠡᠵᠦ᠂ ᠦᠶᠡᠷ ᠢ ᠰᠡᠷᠭᠡᠶᠢᠯᠡᠵᠦ ᠦᠶᠡᠷ ᠢ ᠵᠠᠯᠠᠬᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠭᠠᠵᠠᠷ ᠲᠤᠤᠷᠠᠬᠢ ᠶᠡᠷᠦᠩᠬᠡᠶᠢᠯᠡᠭᠰᠡᠨ ᠲᠠᠮᠵᠢᠭᠤᠯᠬᠤ ᠬᠤᠭᠤᠯᠠᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ 6400 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠠᠷᠠᠳ ᠤᠨ ᠠᠮᠢᠳᠤᠷᠠᠯ ᠤᠨ ᠲᠦᠰᠦᠯ ᠳᠠᠶᠢᠰᠢ ᠨᠠᠩ ᠢᠯᠡᠭᠦᠤ ᠬᠡᠯᠪᠠᠶᠢᠯᠭᠡᠵᠦ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠤᠰ ᠤᠨ ᠴᠢᠬᠤᠯᠠ ᠶᠡᠭᠡ ᠲᠦᠰᠦᠯ ᠳᠤ ᠡᠨᠧᠷᠭᠢ ᠶᠢᠨ ᠬᠤᠷᠣᠭᠳᠠᠭᠤᠯᠤᠯ ᠢ ᠠᠰ ᠲᠤᠨᠢ ᠵᠢᠭᠰᠠᠭᠠᠬᠤ ᠶᠢ ᠭᠡᠷᠡᠭᠵᠢᠬᠦᠯᠦᠨ᠎ᠠ᠃ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢᠨ ᠪᠡᠷᠭᠡ ᠰᠡᠳᠦᠪ ᠢ ᠰᠢᠢᠳᠪᠦᠷᠢᠯᠡᠵᠦ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠦᠨ᠎ᠠ᠃      ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠨ᠎ᠠ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠬᠦ᠋ᠬᠡᠮᠦ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠳᠠ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠦᠳᠦᠭᠡᠨ ᠪᠠᠶᠢᠭᠤᠯᠵᠤ᠂ ᠪᠡᠭᠡᠵᠢᠩ ᠤᠨ ᠬᠤᠳᠠ ᠶᠢᠨ ᠳᠡᠳ᠋ ᠲᠥᠪ ᠤᠨ ᠪᠦᠳᠦᠭᠡᠨ ᠪᠠᠶᠢᠭᠤᠯᠤᠯᠲᠠ ᠶᠢ ᠲᠡᠮᠵᠢᠨ᠎ᠠ᠃ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠦ᠂ ᠵᠡᠭᠦᠨ ᠬᠤᠶᠢᠳᠤ ᠤᠷᠤᠨ ᠢ ᠮᠠᠨᠳᠤᠭᠤᠯᠤᠨ ᠬᠦᠭᠵᠢᠬᠦᠯᠬᠦ ᠰᠢᠨ᠎ᠡ ᠰᠢᠪᠳᠤᠯᠤᠯᠳᠠ ᠤᠯᠬᠤ ᠶᠢ ᠠᠬᠢᠭᠤᠯᠵᠦ᠂ ᠳᠤᠮᠳᠠ ᠬᠡᠰᠡᠭ ᠤᠷᠤᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂ ᠵᠡᠭᠦᠨ ᠬᠡᠰᠡᠭ ᠤᠷᠤᠨ ᠤ ᠤᠳᠤᠬᠢᠴᠢᠯᠠᠬᠰᠠᠨ ᠬᠦᠭᠵᠢᠯᠳᠡ ᠶᠢ ᠲᠦᠯᠬᠢᠨ ᠠᠬᠢᠭᠤᠯᠬᠤ ᠶᠢ ᠵᠤᠷᠢᠬᠵᠢᠭᠤᠯᠵᠦ᠂ ᠠᠵᠤ ᠦᠢᠯᠡᠰ ᠤᠨ ᠱᠠᠲᠤᠯᠠᠭᠰᠠᠨ ᠰᠢᠯᠵᠢᠯᠳᠠ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠡᠮᠵᠢᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠲᠦᠷᠭᠡᠯᠡᠨ ᠬᠥᠭᠵᠢᠬᠦ ᠶᠢ ᠲᠡᠮᠵᠢᠨ᠎ᠠ᠃ ᠳᠠᠯᠠᠢ ᠲᠠᠩᠭᠢᠰ ᠤᠨ ᠠᠵᠤ ᠠᠬᠤᠶ ᠶᠢ ᠬᠥᠭᠵᠢᠭᠦᠯᠵᠦ᠂ ᠳᠠᠯᠠᠢ ᠳᠠᠩᠬᠢᠰ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠤᠨ᠎ᠠ᠃ ᠠᠵᠤ ᠠᠬᠤᠶ ᠶᠢᠨ ᠲᠤᠮᠤ ᠮᠤᠵᠢ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠪᠦᠬᠦ ᠤᠯᠤᠰ ᠤᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢᠶᠠᠨ ᠴᠢᠩᠭᠠᠳᠬᠠᠬᠤ ᠬᠡᠷᠡᠭᠲᠡᠶ᠃ ᠠᠵᠤ ᠠᠬᠤᠶ ᠬᠦᠴᠢᠷᠳᠡᠯ ᠲᠠᠢ ᠭᠠᠵᠠᠷ ᠣᠷᠣᠨ ᠤᠯᠤᠰ ᠤᠨ ᠳᠡᠮᠵᠢᠯᠬᠡ ᠦᠵᠡᠬᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠤᠰ ᠪᠡᠶ᠎ᠡ ᠶᠢᠨ ᠳᠠᠯᠳᠠ ᠬᠦᠴᠦᠨ ᠢᠶᠠᠨ ᠠᠭᠤᠳᠠᠯᠤᠨ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠪᠠᠨ ᠴᠢᠷᠮᠠᠶᠢᠨ ᠠᠬᠢᠭᠤᠯᠬᠤ ᠬᠡᠷᠡᠭᠲᠡᠶ᠃      ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠭᠤᠴᠢᠨ ᠪᠠᠷᠢᠯᠭ᠎ᠠ ᠪᠣᠯᠤᠨ ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠤᠨ᠂ ᠪᠠᠰᠠ ᠨᠢᠭᠡ ᠪᠦᠯᠦᠭ ᠬᠤᠲᠠ ᠪᠠᠯᠭᠠᠰᠤᠨ ᠤ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠡᠬᠢᠯᠡᠬᠦᠯᠵᠤ᠂ ᠴᠠᠬᠢᠯᠭᠠᠨ ᠱᠠᠳᠤ ᠤᠬᠰᠠᠷᠠᠬᠤ ᠵᠡᠷᠭᠡ ᠲᠦᠭᠦᠭᠡᠷᠤᠮᠵᠢ ᠪᠠᠶᠢᠭᠤᠯᠬᠤ ᠶᠢ ᠳᠡᠮᠵᠢᠵᠦ᠂ ᠰᠠᠭᠠᠳ ᠦᠭᠡᠢ ᠣᠷᠴᠢᠨ ᠤ ᠪᠦᠲᠦᠭᠡᠨ ᠪᠠᠶᠢᠭᠤᠯᠤᠯᠲᠠ ᠪᠠ ᠨᠠᠰᠤᠵᠢᠯᠲᠠ ᠳᠤ ᠲᠣᠬᠢᠷᠠᠭᠤᠯᠬᠤ ᠥᠭᠡᠷᠡᠴᠢᠯᠡᠯᠲᠡ ᠶᠢ ᠠᠬᠢᠭᠤᠯᠤᠨ᠎ᠠ᠃ ᠪᠠᠶᠢᠩᠭᠤ ᠰᠠᠭᠤᠭ᠎ᠠ ᠭᠠᠵᠠᠷ ᠲᠤᠨᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠦᠷᠢᠮ ᠢ ᠲᠡᠭᠦᠯᠳᠡᠷᠵᠢᠭᠦᠯᠦᠨ᠎ᠡ᠃ ᠰᠢᠶᠠᠨ ᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠶᠢᠨ ᠪᠥᠭᠡᠭᠡᠨᠡᠷᠡᠯ᠂ ᠶᠡᠭᠡ ᠬᠤᠳᠠ ᠶᠢᠨ ᠴᠠᠭᠠᠷᠢᠬ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠲᠤᠮᠤ ᠳᠤᠮᠳᠠ ᠵᠢᠵᠢᠭ ᠬᠤᠳᠠ ᠪᠠ ᠵᠢᠵᠢᠭ ᠬᠤᠳᠠ ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠴᠧᠩᠳᠦ ᠪᠠ ᠴᠦᠩᠴᠢᠩ ᠤᠨ ᠬᠤᠭᠤᠷᠤᠨᠳᠤᠬᠢ ᠤᠷᠤᠨ ᠤ ᠬᠤᠤᠰ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠰᠢᠶᠠᠨ ᠢ ᠬᠠᠰᠤᠵᠤ ᠬᠤᠲᠠ ᠪᠠᠶᠢᠭᠤᠯᠵᠦ ᠲᠤᠭᠤᠷᠢᠬ ᠭᠠᠷᠭᠠᠬᠤ ᠶᠢ ᠴᠢᠩᠭ᠎ᠠ ᠬᠢᠵᠠᠭᠠᠷᠯᠠᠨ᠎ᠠ᠃ ᠬᠤᠲᠠ ᠬᠥᠳᠡᠭᠡ ᠶᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠳᠤᠮᠳᠠ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠷᠤᠢ ᠶᠢ ᠲᠦᠪᠯᠡᠷᠡᠭᠦᠯᠦᠨ ᠠᠰᠢᠬᠯᠠᠨ ᠠᠷᠪᠢᠴᠢ ᠪᠠᠷ ᠠᠰᠢᠬᠯᠠᠨ᠎ᠠ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠶ ᠠᠬᠢᠭᠤᠯᠵᠤ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃      ︵ᠵᠢᠷᠭᠤᠭ᠎ᠠ︶ ᠲᠠᠷᠢᠶᠠᠯᠠᠩ ᠤᠨ ᠦᠢᠯᠡᠳᠪᠦᠷᠢᠯᠡᠯ ᠢ ᠬᠦᠴᠦᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠡᠯᠪᠡᠭ ᠬᠤᠷᠢᠶᠠᠯᠲᠠ ᠤᠯᠬᠤ᠂ ᠲᠠᠷᠢᠶᠠᠴᠢᠨ ᠤ ᠣᠷᠣᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠎ᠠ᠃      ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠤᠬᠳᠠᠪᠦᠷᠢᠵᠢᠭᠤᠯᠵᠦ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠶᠢᠨ ᠪᠦᠳᠦᠴᠡ ᠶᠢ ᠰᠢᠯᠢᠳᠡᠭᠵᠢᠭᠦᠯᠦᠨ᠂ ᠤᠷᠤᠢ ᠶᠢᠨ ᠪᠣᠭᠤᠳᠠᠶ ᠳᠤ ᠴᠢᠭᠯᠡᠭᠦᠯᠦᠨ ᠵᠤᠨ ᠤ ᠠᠮᠤ ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠭᠠᠷᠤᠯᠳᠠ ᠶᠢ ᠨᠡᠮᠡᠭᠳᠡᠬᠦᠯᠬᠦ ᠶᠢ ᠠᠬᠢᠭᠤᠯᠤᠨ᠎ᠠ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠵᠣᠬᠢᠰᠲᠠᠶ ᠪᠠᠷ ᠳᠡᠭᠡᠭᠰᠢᠯᠡᠭᠦᠯᠦᠨ᠎ᠡ ᠃ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ ᠂ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠥᠷᠢ ᠳᠠᠬᠢᠨ ᠣᠯᠭᠤᠵᠤ᠂ ᠭᠤᠣᠯ ᠭᠠᠷᠤᠯᠲᠠ ᠶᠢᠨ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠢ ᠠᠮᠤ ᠪᠤᠳᠠᠭ᠎ᠠ ᠲᠠᠷᠢᠪᠠᠯ ᠵᠣᠬᠢᠰᠲᠠᠶ ᠠᠰᠢᠭ ᠣᠷᠣᠯᠭ᠎ᠠ ᠤᠯᠬᠤ ᠪᠤᠯᠭᠠᠵᠦ᠂ ᠭᠤᠤᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠶᠢ ᠠᠳᠬᠤᠬᠤ ᠠᠵᠢᠯ ᠢ ᠳᠣᠲᠣᠭᠠᠳᠤ ᠬᠥᠳᠡᠯᠭᠡᠭᠴᠢ ᠬᠦᠴᠦᠨ ᠲᠠᠢ ᠪᠣᠯᠭᠠᠨ᠎ᠠ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠭᠦᠢᠴᠡᠳ ᠬᠡᠮᠵᠢᠶ᠎ᠡ ᠪᠠᠷ ᠪᠠᠳᠤᠳᠡᠢ ᠵᠠᠭᠠᠬᠯᠠᠨ ᠲᠤᠬᠳᠠᠭᠠᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠦᠨᠡᠨ ᠬᠦ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃ ᠳᠤᠮᠳᠠ ᠳᠣᠤᠷ᠎ᠠ ᠤᠨᠠᠯᠲᠠᠳᠤ ᠲᠠᠷᠢᠶᠠᠨ ᠭᠠᠵᠠᠷ ᠤᠨ ᠥᠭᠡᠷᠡᠴᠢᠯᠡᠯᠳᠡ ᠶᠢ ᠴᠢᠩᠭᠠᠳᠬᠠᠵᠤ᠂ 1 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠨᠢᠭᠡ ᠪᠦᠯᠦᠭ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠤᠰᠤ ᠠᠷᠪᠢᠯᠠᠬᠤ ᠳᠠᠷᠢᠶᠠᠯᠠᠩ᠂ ᠬᠠᠭᠤᠷᠠᠢ ᠳᠠᠷᠢᠮᠠᠯ ᠤᠨ ᠲᠠᠷᠢᠶᠠᠯᠠᠩ ᠢ ᠬᠦᠭᠵᠢᠬᠦᠯᠬᠦ ᠶᠢ ᠳᠡᠮᠵᠢᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠯᠡᠨ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠬᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠢᠵᠠᠭᠠᠷᠯᠠᠬᠤ ᠪᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠭ᠋ᠠᠶ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ᠂ ᠮᠠᠯ ᠵᠢᠭᠦᠷᠲᠡᠨ᠂ ᠤᠰᠤᠨ ᠭᠠᠷᠤᠯᠲᠠ᠂ ᠢᠳᠡᠰᠢᠨ ᠨᠣᠭᠤᠭ᠎ᠠ ᠵᠡᠷᠭᠡ ᠶᠢᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠠᠳᠬᠤᠵᠦ᠂ ᠤᠳᠤᠬᠢᠴᠢᠯᠠᠬᠰᠠᠨ ᠲᠦᠭᠦᠭᠡᠷᠦᠮᠵᠢᠳᠦ ᠳᠠᠷᠢᠵᠦ ᠳᠡᠵᠢᠭᠡᠬᠦ ᠦᠢᠯᠡᠰ ᠢ ᠲᠦᠷᠭᠡᠳᠭᠡᠨ ᠬᠦᠭᠵᠢᠬᠦᠯᠦᠨ᠎ᠡ᠃ ᠬᠦᠪᠦᠩ᠂ ᠨᠢᠰᠢᠩᠭᠦ ᠵᠡᠷᠭᠡ ᠶᠢᠨ ᠦᠢᠯᠡᠳᠪᠦᠷᠢᠯᠡᠯ ᠢ ᠳᠡᠮᠵᠢᠨ᠎ᠡ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠡᠯ᠎ᠡ ᠭᠠᠵᠠᠷ ᠣᠷᠣᠨ ᠴᠥᠮ ᠬᠠᠷᠢᠭᠤᠴᠠᠯᠭ᠎ᠠ ᠲᠠᠢ ᠶᠤᠮ᠂ ᠠᠮᠤ ᠪᠤᠳᠠᠭ᠎ᠠ ᠶᠢ ᠰᠢᠯᠵᠢᠭᠦᠯᠦᠨ ᠣᠷᠣᠭᠤᠯᠬᠤ ᠭᠠᠵᠠᠷ ᠣᠷᠣᠨ ᠨᠡᠩ ᠴᠤ ᠠᠮᠤ ᠪᠤᠳᠠᠭᠠᠨ ᠤ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ︽ᠬᠦᠨᠡᠰᠦᠨ ᠤᠭᠤᠲᠠ︾ ᠪᠠᠨ ᠳᠦᠭᠦᠷᠭᠡᠨ᠂ ︽ᠨᠣᠭᠤᠭᠠᠨ ᠤ ᠰᠠᠭᠰᠤ︾ ᠪᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠦᠨ ᠤ ᠬᠤᠭᠤᠯᠠ ᠬᠦᠨᠡᠰᠦ ᠪᠠᠨ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠶᠢ ᠪᠠᠳᠤᠯᠠᠬᠤ ᠬᠡᠷᠡᠭᠳᠡᠢ᠃      ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠥᠷᠭᠡᠳᠭᠡᠨ᠎ᠡ᠃ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠦ᠂ ᠬᠡᠪᠴᠢᠶᠡᠳᠤ ᠴᠢᠨᠠᠷᠲᠠᠶ ᠳᠠᠬᠢᠨ ᠶᠠᠳᠠᠭᠤᠷᠠᠯ ᠡᠭᠦᠰᠭᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠤᠨᠴᠠᠯᠢᠭᠳᠤ ᠠᠵᠤ ᠦᠢᠯᠡᠰ ᠬᠥᠭᠵᠢᠭᠦᠯᠬᠦ ᠶᠢ ᠳᠡᠮᠵᠢᠵᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠰᠠᠨ ᠬᠥᠮᠦᠨ ᠠᠮᠠ ᠶᠢᠨ ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠣᠨᠳᠣᠤ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠰᠠᠶᠢᠲᠤᠷ ᠬᠢᠵᠦ᠂ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠨᠡᠶᠢᠭᠡᠮ ᠤᠨ ᠬᠦᠴᠦᠨ ᠢᠶᠠᠷ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠮᠠᠨᠳᠤᠭᠤᠯᠬᠤ︾ ᠠᠵᠢᠯᠯᠠᠭ᠎ᠠ ᠶᠢ ᠶᠡᠭᠡ ᠪᠠᠷ ᠬᠡᠷᠡᠭᠵᠢᠬᠦᠯᠵᠦ᠂ ᠶᠠᠳᠠᠭᠤ ᠠᠴᠠ ᠠᠩᠭᠢᠵᠢᠷᠠᠬᠰᠨᠨ ᠭᠠᠵᠠᠷ ᠣᠷᠣᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃      ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠶ ᠪᠠᠷ ᠠᠬᠢᠭᠤᠯᠤᠨ᠎ᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠪᠦᠬᠦ ᠰᠢᠶᠠᠨ ᠤ ᠲᠤᠷᠰᠢᠯᠲᠠ ᠶᠢ ᠰᠠᠶᠢᠲᠤᠷ ᠥᠷᠨᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ᠂ ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠤᠢ ᠮᠣᠳᠣᠨ ᠤ ᠡᠷᠬᠡ᠂ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠪᠠ ᠤᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠯᠡᠨ ᠬᠥᠭᠵᠢᠭᠦᠯᠦᠨ᠎ᠡ᠃ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ᠃ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠠᠮᠠᠭᠠᠯᠠᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠡᠬᠢᠯᠡᠭᠦᠯᠵᠦ᠂ ᠲᠦᠯᠦᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠦ᠂ ᠤᠰᠤ ᠴᠠᠬᠢᠯᠭᠠᠨ ᠵᠠᠮ ᠬᠡᠢ ᠮᠡᠳᠡᠭᠡ ᠵᠠᠩᠬᠢ ᠰᠢᠤᠳᠠᠨ ᠬᠤᠯᠪᠤᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠪᠠ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠬᠢᠭᠤᠯᠤᠨ᠎ᠠ᠃ ᠪᠣᠯᠪᠠᠰᠤᠨ ᠲᠣᠰᠬᠤᠨ ᠪᠤᠯᠪᠠᠰᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠬᠤᠶᠢᠰᠢᠯᠠᠭᠤᠯᠬᠤ ᠶᠢ ᠵᠠᠰᠠᠬᠤ ᠠᠵᠢᠯ ᠢ ᠴᠢᠩᠭᠠᠳᠬᠠᠨ᠂ ᠬᠥᠯᠥᠰᠥᠨ ᠠᠵᠢᠯᠴᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠥᠷᠭᠡᠨ ᠤᠯᠠᠨ ᠲᠠᠷᠢᠶᠠᠴᠢᠳ ᠢ ᠵᠠᠪᠠᠯ ᠠᠵᠢᠯ ᠬᠦᠳᠡᠯᠮᠦᠷᠢ ᠬᠢᠵᠦ ᠣᠷᠣᠯᠭ᠎ᠠ ᠪᠠᠨ ᠨᠡᠮᠡᠭᠳᠡᠭᠦᠯᠬᠦ ᠨᠡᠩ ᠤᠯᠠᠨ ᠠᠷᠭ᠎ᠠ ᠵᠠᠮ ᠲᠠᠢ ᠪᠣᠯᠭᠠᠬᠤ ᠬᠡᠷᠡᠭᠲᠡᠶ᠃      ︵ᠲᠤᠯᠤᠭ᠎ᠠ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠥᠷᠭᠡᠳᠭᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠥᠷᠭᠡᠳᠭᠡᠵᠦ᠂ ᠥᠨᠳᠥᠷ ᠲᠦᠪᠰᠢᠨ ᠪᠦᠬᠦᠢ ᠨᠡᠭᠡᠭᠡᠯᠳᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠤᠨ᠎ᠠ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠳᠬᠠᠵᠤ᠂ ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠭᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢ ᠨᠢ ᠲᠣᠭᠲᠠᠪᠤᠷᠢᠵᠢᠭᠤᠯᠵᠦ ᠦᠢᠯᠡᠳᠪᠦᠷᠢᠯᠡᠯ ᠢ ᠨᠢ ᠲᠣᠭᠲᠠᠭᠤᠨ ᠪᠠᠶᠢᠯᠭᠠᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠯᠡᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠲᠡᠮᠵᠢᠨ᠎ᠠ᠃ ᠴᠢᠨᠠᠷ ᠰᠠᠶᠢᠲᠠᠶ ᠦᠢᠯᠡᠳᠬᠦᠨ ᠪᠠ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠶ ᠥᠷᠭᠡᠳᠭᠡᠨ᠎ᠡ᠃ ᠦᠢᠯᠡᠴᠢᠯᠡᠭᠡᠨ ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠶᠢ ᠰᠢᠨ᠎ᠡ ᠶᠢ ᠡᠭᠦᠳᠦᠨ ᠬᠥᠭᠵᠢᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠪᠣᠭᠤᠮᠲᠠ ᠪᠠᠷ ᠥᠩᠭᠡᠷᠡᠬᠦ ᠶᠢ ᠳᠥᠳᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠦ᠂ ᠭᠠᠳᠠᠭᠠᠳᠤ ᠪᠡᠯᠡ ᠶᠢ ᠬᠠᠪᠰᠤᠷᠤᠨ ᠦᠪᠡᠷ ᠤᠨ ᠦᠷᠲᠡᠭ ᠢ ᠨᠢ ᠪᠠᠭᠤᠷᠠᠭᠤᠯᠤᠨ ᠦᠷ᠎ᠡ ᠪᠦᠲᠦᠭᠡᠯ ᠢ ᠨᠢ ᠳᠡᠭᠡᠭᠰᠢᠯᠡᠬᠦᠯᠦᠨ᠎ᠡ᠃      ᠭᠠᠳᠠᠭᠠᠳᠤ ᠪᠡᠯᠡ ᠶᠢ ᠢᠳᠡᠪᠬᠢᠲᠡᠶ ᠠᠰᠢᠭᠯᠠᠨ᠎ᠠ᠃ ᠭᠠᠳᠠᠭᠠᠳᠤ ᠪᠡᠯᠡ ᠶᠢᠨ ᠵᠠᠬ᠎ᠠ ᠲᠡᠯᠭᠡᠬᠦᠷ ᠲᠤ ᠤᠷᠤᠬᠤ ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠭᠦᠨᠵᠡᠭᠡᠶ ᠬᠡᠷᠡᠭᠵᠢᠭᠦᠯᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠵᠣᠷᠢᠬᠵᠢᠭᠤᠯᠬᠤ ᠬᠡᠪᠴᠢᠶ᠎ᠡ ᠶᠢ ᠥᠷᠭᠡᠳᠭᠡᠵᠦ᠂ ᠭᠠᠳᠠᠭᠠᠳᠤ ᠪᠡᠯᠡ ᠶᠢᠨ ᠳᠤᠮᠳᠠ ᠳᠡᠭᠡᠳᠦ ᠲᠡᠰ ᠤᠨ ᠦᠢᠯᠡᠳᠬᠦ᠂ ᠰᠤᠳᠤᠯᠤᠨ ᠨᠡᠭᠡᠭᠡᠬᠦ᠂ ᠤᠳᠤ ᠦᠶ᠎ᠡ ᠶᠢᠨ ᠦᠢᠯᠡᠴᠢᠯᠡᠭᠡ ᠵᠡᠷᠭᠡ ᠬᠦᠷᠢᠶ᠎ᠡ ᠪᠠ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ᠂ ᠵᠡᠭᠦᠨ ᠬᠤᠶᠢᠲᠤ ᠣᠷᠣᠨ ᠳᠠᠬᠢ ᠪᠡᠯᠡ ᠣᠷᠣᠭᠤᠯᠤᠯᠳᠠ ᠪᠠᠨ ᠨᠡᠮᠡᠭᠳᠡᠬᠦᠯᠬᠦ ᠶᠢ ᠳᠡᠮᠵᠢᠨ᠎ᠡ᠃ ᠭᠠᠳᠠᠭᠠᠳᠤ ᠪᠡᠯᠡ ᠶᠢ ᠠᠬᠢᠭᠤᠯᠬᠤ ᠦᠢᠯᠡᠴᠢᠯᠡᠭᠡ ᠶᠢ ᠰᠢᠯᠢᠳᠡᠭᠵᠢᠬᠦᠯᠦᠨ᠂ ᠴᠢᠬᠤᠯᠠ ᠶᠡᠭᠡ ᠲᠦᠰᠦᠯ ᠢ ᠲᠦᠷᠭᠡᠯᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠳᠤ ᠣᠷᠣᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠦᠶᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠭᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢ ᠨᠡᠮᠡᠵᠦ ᠪᠠᠶᠢᠭᠤᠯᠤᠨ᠎ᠠ᠃ ᠳᠤᠮᠳᠠᠳᠤ ᠤᠯᠤᠰ ᠤᠨ ᠨᠡᠭᠡᠭᠡᠯᠲᠡᠳᠦ ᠲᠤᠮᠤ ᠵᠠᠬ᠎ᠠ ᠳᠡᠯᠭᠡᠭᠦᠷ ᠨᠢ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠩ ᠤᠯᠠᠨ ᠲᠣᠬᠢᠶᠠᠯ ᠬᠠᠩᠭᠠᠬᠤ ᠨᠢ ᠯᠠᠪᠳᠡᠢ ᠶᠤᠮ᠃      ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠬᠠᠮᠲᠤ ᠪᠠᠷ ᠪᠠᠶᠢᠭᠤᠯᠤᠨ᠎ᠠ᠃ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠵᠦ᠂ ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢ ᠲᠣᠭᠲᠠᠭᠤᠨ ᠢᠶᠠᠷ ᠥᠷᠭᠡᠳᠭᠡᠨ᠎ᠡ᠃ ᠪᠠᠷᠠᠭᠤᠨ ᠬᠡᠰᠡᠭ ᠤᠨ ᠭᠠᠵᠠᠷ ᠤᠷᠤᠨ ᠤ ᠡᠬᠡ ᠬᠠᠭᠤᠷᠠᠢ ᠲᠠᠯᠠᠢ ᠳᠡᠩᠬᠢᠰ ᠤᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠠᠳᠠᠭᠠᠳᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠭᠠᠳᠠᠭᠠᠳᠤ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃      ᠤᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠨᠢ ᠪᠦᠬᠦ ᠪᠥᠮᠪᠥᠷᠴᠡᠭ ᠤᠨ ᠬᠠᠮᠤᠭ ᠤᠨ ᠲᠣᠮᠣ ᠴᠢᠯᠥᠭᠡᠲᠦ ᠠᠷᠠᠯᠵᠢᠶᠠᠨ ᠤ ᠣᠷᠣᠨ ᠢ ᠪᠦᠷᠢᠯᠳᠦᠭᠦᠯᠦᠭᠰᠡᠨ ᠶᠤᠮ᠂ ᠠᠵᠤ ᠠᠬᠤᠶᠢᠯᠠᠯ ᠤᠨ ᠬᠢᠨ ᠤ ᠬᠠᠷᠠᠭᠠᠯᠵᠠᠯᠲᠤ ᠪᠣᠭᠤᠮᠲᠠ ᠶᠢᠨ ᠭᠠᠶᠢᠯᠢ᠂ ᠤᠭ ᠭᠠᠷᠤᠯᠲᠠ ᠶᠢᠨ ᠤᠷᠤᠨ ᠤ ᠬᠤᠷᠠᠮᠳᠤᠯ ᠵᠡᠷᠭᠡ ᠳᠦᠷᠢᠮᠯᠡᠯ ᠢ ᠰᠠᠶᠢᠲᠤᠷ ᠬᠡᠷᠡᠭᠯᠡᠬᠦ ᠶᠢ ᠳᠡᠮᠵᠢᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠥᠷᠭᠡᠳᠭᠡᠬᠦ ᠬᠡᠷᠡᠭᠲᠡᠶ᠃ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠵᠥᠪᠳᠡᠯᠴᠡᠨ ᠲᠣᠭᠲᠠᠭᠠᠬᠤ ᠶᠢ ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠶ ᠣᠷᠣᠯᠴᠠᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠢᠶᠠᠨ ᠠᠰᠢᠭ ᠬᠦᠷᠳᠡᠬᠦ ᠪᠠ ᠣᠯᠠᠨ ᠲᠠᠯ᠎ᠠ ᠪᠠᠷ ᠢᠶᠠᠨ ᠠᠰᠢᠭ ᠬᠦᠷᠳᠡᠬᠦ ᠶᠢ ᠪᠡᠶᠡᠯᠡᠭᠦᠯᠦᠨ᠎ᠠ᠃      ︵ᠨᠠᠢᠮᠠ︶ ᠠᠮᠢ ᠠᠬᠤᠢ ᠶᠢᠨ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠠᠬᠢᠭᠤᠯᠤᠨ᠎ᠠ᠃ ᠪᠣᠬᠢᠷᠲᠤᠯ ᠢ ᠵᠠᠰᠠᠬᠤ ᠪᠠ ᠠᠮᠢ ᠠᠬᠤᠶ ᠶᠢ ᠬᠠᠮᠠᠭᠠᠯᠠᠵᠤ ᠵᠠᠰᠠᠨ ᠰᠡᠷᠭᠦᠭᠡᠬᠦ ᠶᠢ ᠴᠢᠩᠭᠠᠳᠬᠠᠵᠤ᠂ ᠬᠥᠭᠵᠢᠯᠲᠡ ᠪᠠ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃      ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠳᠤᠷ ᠬᠢᠨ᠎ᠡ᠃ ᠠᠭᠠᠷ ᠮᠠᠨᠳᠠᠯ ᠤᠨ ᠣᠯᠠᠨ ᠪᠣᠬᠢᠷ ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠴᠢᠬᠤᠯᠠ ᠴᠢᠬᠤᠯᠠ ᠭᠤᠤᠯ ᠮᠥᠷᠡᠨ ᠨᠠᠭᠤᠷ ᠴᠥᠭᠦᠷᠥᠮ᠂ ᠳᠠᠯᠠᠢ ᠶᠢᠨ ᠪᠤᠯᠤᠩ ᠤᠨ ᠪᠣᠬᠢᠷᠲᠤᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷ ᠪᠣᠳᠠᠰ ᠢ ᠵᠠᠰᠠᠬᠤ ᠠᠵᠢᠯ ᠢ ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ᠂ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠬᠵᠢᠭᠤᠯᠬᠤ ᠶᠢ ᠬᠡᠷᠡᠭᠵᠢᠬᠦᠯᠦᠨ᠎ᠡ᠃ ᠡᠨᠧᠷᠭᠢ ᠠᠷᠪᠢᠯᠠᠬᠤ ᠤᠰᠤ ᠠᠷᠪᠢᠯᠠᠬᠤ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠣᠷᠴᠢᠯᠳᠤᠭᠤᠯᠤᠨ ᠠᠰᠢᠭᠯᠠᠬᠤ ᠵᠡᠷᠭᠡ ᠣᠷᠴᠢᠨ ᠠᠬᠤᠶ ᠶᠢᠨ ᠬᠠᠮᠠᠭᠠᠯᠠᠯᠳᠠ ᠶᠢᠨ ᠠᠵᠤ ᠦᠢᠯᠡᠰ ᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠣᠷᠴᠢᠨ ᠨᠦᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠨᠤᠳᠤᠬ ᠲᠡᠪᠢᠰᠭᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠲᠤᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠠᠮᠢᠳᠤᠷᠠᠵᠤ ᠪᠠᠶᠢᠭ᠎ᠠ ᠬᠡᠷ ᠣᠷᠣᠨ ᠢᠶᠠᠨ ᠨᠠᠩ ᠨᠣᠭᠤᠭᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ᠎ᠠ᠃      ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠠᠬᠢᠭᠤᠯᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠵᠤ᠂ ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ᠂ ᠪᠦᠬᠦ ᠲᠠᠯ᠎ᠠ ᠪᠠᠷ ᠤᠬᠠᠭᠠᠯᠠᠨ ᠲᠥᠯᠥᠪᠯᠡᠬᠦ ᠶᠢ ᠪᠠᠷᠢᠮᠲᠠᠯᠠᠵᠤ᠂ ᠡᠨᠧᠷᠭᠢ ᠶᠢᠨ ᠰᠤᠷᠪᠤᠯᠵᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠵᠤ᠂ ᠡᠮᠬᠢ ᠵᠢᠷᠤᠮ ᠲᠠᠢ ᠪᠠᠷ ᠬᠡᠷᠡᠭᠯᠡᠯᠳᠡ ᠶᠢ ᠨᠢ ᠪᠠᠭᠠᠰᠬᠠᠨ ᠣᠷᠣᠯᠠᠭᠤᠯᠵᠦ᠂ ᠨᠡᠭᠦᠷᠡᠰᠦᠨ ᠴᠠᠬᠢᠯᠭᠠᠨ ᠤ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠶ ᠥᠭᠡᠷᠡᠴᠢᠯᠡᠯᠲᠡ᠂ ᠢᠯᠴᠢ ᠬᠠᠩᠭᠠᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢᠨ ᠴᠠᠬᠢᠯᠭᠠᠨ ᠭᠡᠷᠡᠯ ᠴᠠᠬᠢᠯᠭᠠᠨ ᠤ ᠰᠠᠭᠤᠷᠢᠨ ᠭᠠᠵᠠᠷ ᠵᠢᠴᠢ ᠲᠡᠬᠦᠨ ᠤ ᠢᠵᠢ ᠪᠦᠷᠢᠳᠦᠭᠦᠯᠦᠨ ᠲᠣᠬᠢᠷᠠᠭᠤᠯᠬᠤ ᠴᠢᠨᠠᠷᠲᠠᠶ ᠴᠠᠬᠢᠯᠭᠠᠨ ᠡᠭᠦᠰᠭᠡᠭᠴᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠤᠰᠤ ᠳᠠᠳᠠᠵᠦ ᠡᠨᠧᠷᠬᠢ ᠬᠤᠷᠠᠮᠳᠤᠭᠤᠯᠬᠤ ᠴᠠᠬᠢᠯᠭᠠᠨ ᠭᠠᠷᠭᠠᠬᠤ ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠴᠠᠬᠢᠯᠭᠠᠨ ᠤ ᠲᠤᠤᠷ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠭᠠᠷᠭᠠᠬᠰᠠᠨ ᠴᠠᠬᠢᠯᠭᠠᠨ ᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤ ᠪᠤᠳᠠᠰ ᠤᠨ ᠮᠠᠰ ᠡᠨᠧᠷᠬᠢ ᠶᠢᠨ ᠬᠦᠭᠵᠢᠯᠳᠡ ᠶᠢ ᠳᠠᠮᠵᠢᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠨᠤᠭᠤᠭᠠᠨ ᠦᠢᠯᠡᠳᠬᠦ ᠦᠢᠯᠡᠰ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠶᠢ ᠠᠬᠢᠭᠤᠯᠵᠦ᠂ ᠵᠠᠮ ᠬᠠᠷᠢᠯᠴᠠᠭ᠎ᠠ ᠪᠠ ᠪᠠᠷᠢᠯᠭ᠎ᠠ ᠶᠢᠨ ᠡᠨᠧᠷᠬᠢ ᠠᠷᠪᠢᠯᠠᠬᠤ ᠶᠢ ᠴᠢᠩᠭᠠᠳᠬᠠᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠨᠡᠬᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠡᠬᠡᠲᠡᠶ᠂ ᠳᠣᠤᠷ᠎ᠠ ᠲᠦᠪᠰᠢᠨᠳᠦ ᠲᠥᠰᠦᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢ ᠬᠤᠷᠠᠮᠳᠤᠭᠤᠯᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠤᠨ ︽ᠬᠤᠣᠰ ᠬᠢᠵᠠᠭᠠᠷᠯᠠᠯ︾ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠣᠰ ᠬᠢᠵᠠᠭᠠᠷᠯᠠᠯ︾ ᠳᠤ ᠰᠢᠯᠵᠢᠬᠦ ᠬᠤᠪᠢᠷᠠᠭᠤᠯᠤᠯᠳᠠ ᠶᠢ ᠠᠬᠢᠭᠤᠯᠵᠤ᠂ ᠪᠣᠬᠢᠷᠲᠤᠯ ᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠶᠢ ᠤᠷᠮᠠᠰᠢᠭᠤᠯᠬᠤ ᠪᠠ ᠬᠢᠵᠠᠭᠠᠷᠯᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠤᠭᠤᠭᠠᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠯᠡᠨ ᠪᠤᠢ ᠪᠣᠯᠭᠠᠨ᠎ᠠ᠃      ︵ᠶᠢᠰᠦ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ᠪᠦᠬᠦ ᠴᠢᠳᠠᠯ ᠢᠶᠠᠷ ᠢᠶᠠᠨ ᠴᠢᠷᠮᠠᠶᠢᠬᠤ ᠪᠠ ᠴᠢᠳᠠᠯ ᠤᠨ ᠢᠶᠠᠨ ᠬᠢᠷᠢ ᠲᠤᠳᠤᠷ᠎ᠠ ᠬᠢᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠰᠤᠷᠭᠠᠨ ᠬᠥᠮᠦᠵᠢᠯ ᠤᠨ ᠭᠤᠤᠯᠴᠢ ᠲᠡᠭᠰᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠬᠦᠯᠬᠦ ᠶᠢ ᠠᠬᠢᠭᠤᠯᠤᠨ᠎ᠠ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠪᠴᠢᠶ᠎ᠡ ᠶᠢ ᠦᠨᠳᠦᠰᠦᠯᠡᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠣᠬᠢᠷᠠᠭᠤᠯᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠭᠡᠷ ᠠᠴᠠ ᠪᠠᠨ ᠣᠶᠢᠷᠠᠯᠴᠠᠭ᠎ᠠ ᠰᠤᠷᠭᠠᠭᠤᠯᠢ ᠳᠤ ᠣᠷᠣᠬᠤ ᠶᠢ ᠪᠠᠲᠤᠯᠠᠵᠦ᠂ ᠬᠤᠳᠠ ᠤᠷᠤᠵᠦ ᠬᠦᠯᠦᠰᠦᠨ ᠠᠵᠢᠯ ᠬᠢᠭᠰᠡᠳ ᠤᠨ ᠦᠷ᠎ᠡ ᠬᠡᠤᠬᠡᠳ ᠤᠨ ᠰᠤᠷᠭᠠᠭᠤᠯᠢ ᠳᠤ ᠰᠠᠭᠤᠬᠤ ᠠᠰᠠᠭᠤᠳᠠᠯ ᠢ ᠰᠠᠶᠢᠳᠤᠷ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠬᠠᠷᠠᠭᠠᠯᠵᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠪᠠᠭᠰᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ᠂ ᠠᠵᠢᠯ ᠤᠨ ᠪᠠᠶᠢᠷᠢ ᠲᠡᠭᠡᠷ᠎ᠠ ᠨᠢ ᠪᠣᠯᠪᠠᠰᠤᠷᠠᠭᠤᠯᠬᠤ ᠪᠠ ᠬᠠᠷᠠᠭᠠᠯᠵᠠᠯ ᠢ ᠨᠢ ᠪᠠᠲᠤᠯᠠᠬᠤ ᠶᠢ ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠰᠢᠶᠠᠨ ᠤ ᠬᠡᠪᠴᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠂ ᠳᠤᠰᠬᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠬᠦᠯᠦᠯᠳᠡ ᠶᠢᠨ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠬᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠰᠤᠷᠭᠠᠭᠤᠯᠢ ᠡᠷᠬᠢᠯᠡᠬᠦ ᠪᠠᠶᠢᠭᠤᠯᠤᠯ ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠵᠤᠬᠢᠴᠠᠯᠳᠤ ᠴᠢᠨᠠᠷ ᠢ ᠴᠢᠩᠭᠠᠳᠬᠠᠨ᠎ᠠ᠃ ᠳᠡᠭᠡᠳᠤ ᠵᠡᠷᠭᠡ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨ ᠤ ᠬᠡᠯᠪᠡᠷᠢᠳᠦ ᠬᠥᠭᠵᠢᠯᠲᠡ ᠶᠢ ᠠᠬᠢᠭᠤᠯᠵᠤ᠂ ᠳᠡᠭᠡᠳᠤ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠯ ᠢ ᠰᠢᠯᠢᠳᠡᠭᠵᠢᠬᠦᠯᠵᠦ᠂ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠤᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢ ᠲᠥᠷᠥᠯ ᠬᠤᠪᠢᠶᠠᠨ ᠪᠦᠲᠦᠭᠡᠨ ᠪᠠᠶᠢᠭᠤᠯᠵᠤ᠂ ᠪᠠᠶᠢᠭᠠᠯᠢ ᠢᠨᠵᠧᠨᠧᠷᠢᠩ ᠠᠵᠤ ᠦᠢᠯᠡᠳᠪᠦᠷᠢ ᠲᠠᠷᠢᠶᠠᠯᠠᠩ ᠡᠮᠨᠡᠯᠭᠡ ᠶᠢᠨ ᠲᠥᠷᠥᠯ ᠤᠨ ᠲᠤᠰᠬᠠᠶ ᠮᠡᠷᠭᠡᠵᠢᠯ ᠤᠨ ᠲᠤᠳᠠᠬᠳᠠᠵᠦ ᠪᠠᠶᠢᠭ᠎ᠠ ᠴᠢᠳᠠᠪᠤᠷᠢᠲᠠᠨ ᠢ ᠲᠦᠷᠭᠡᠯᠡᠨ ᠬᠥᠮᠦᠵᠢᠭᠦᠯᠵᠦ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠲᠡᠮᠵᠢᠨ᠎ᠠ᠃ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠳᠤ ᠳᠤᠮᠳᠠ ᠬᠡᠰᠡᠭ ᠪᠠᠷᠠᠭᠤᠨ ᠬᠡᠰᠡᠭ ᠪᠠ ᠬᠥᠳᠡᠭᠡ ᠲᠣᠰᠬᠤᠨ ᠤ ᠭᠠᠵᠠᠷ ᠣᠷᠣᠨ ᠲᠡᠶᠢᠰᠢ ᠬᠡᠯᠪᠠᠶᠢᠯᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠪᠠᠭᠰᠢ ᠶᠢᠨ ᠶᠤᠰᠤ ᠰᠤᠷᠳᠠᠬᠤᠨ ᠪᠠᠭᠰᠢ ᠶᠢᠨ ᠬᠡᠪ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠰᠦᠯᠵᠢᠶᠡᠨ ᠳᠡᠭᠡᠷᠡᠬᠢ ᠰᠤᠷᠭᠠᠨ ᠬᠦᠮᠦᠵᠢᠯ ᠢ ᠬᠦᠭᠵᠢᠭᠦᠯᠦᠨ᠎ᠡ᠃ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠯᠡᠵᠦ ᠰᠤᠷᠭᠠᠨ ᠬᠦᠮᠦᠵᠢᠯ ᠢ ᠴᠢᠬᠤᠯᠠᠴᠢᠯᠠᠬᠤ ᠶᠢ ᠰᠠᠨᠠᠭᠠᠴᠢᠯᠠᠨ᠎ᠠ᠃ ᠮᠠᠨ ᠤ ᠤᠯᠤᠰ ᠤᠨ ᠰᠤᠷᠭᠠᠭᠤᠯᠢ ᠳᠤ ᠪᠠᠶᠢᠭ᠎ᠠ ᠰᠤᠷᠤᠬᠴᠢ 2.9 ᠳ᠋ᠦᠩᠰᠢᠭᠤᠷ ᠪᠤᠢ᠂ ᠰᠤᠷᠭᠠᠨ ᠬᠦᠮᠦᠵᠢᠯ ᠭᠡᠬᠦ ᠡᠨᠡ ᠬᠦ ᠲᠦᠭ ᠲᠦᠮᠡᠨ ᠠᠶᠢᠯ ᠡᠷᠦᠬᠡ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠶ ᠳᠤ ᠬᠤᠯᠪᠤᠬᠳᠠᠬᠤ ᠲᠤᠮᠤ ᠶᠡᠪᠤᠳᠠᠯ ᠢ ᠰᠠᠶᠢᠲᠤᠷ ᠡᠷᠬᠢᠯᠡᠬᠦ ᠶᠢ ᠪᠠᠷᠢᠮᠲᠠᠯᠠᠬᠤ ᠬᠡᠷᠡᠭᠲᠡᠶ᠃      ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠠᠬᠢᠭᠠᠳ ᠲᠣᠰ ᠲᠣᠰ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠠᠬᠢᠭᠤᠯᠤᠨ᠎ᠠ᠃ ᠡᠮ ᠤᠨ ᠵᠦᠢᠯ ᠪᠠ ᠥᠨᠳᠥᠷ ᠦᠷᠲᠡᠭᠲᠦ ᠡᠮᠨᠡᠯᠭᠡ ᠶᠢᠨ ᠬᠡᠷᠡᠭᠯᠡᠭᠡᠨ ᠤ ᠬᠤᠷᠤᠬᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠡᠵᠢᠬᠦᠯᠵᠦ ᠬᠤᠳᠠᠯᠳᠤᠨ ᠠᠪᠬᠤ ᠶᠢ ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃ ᠡᠮ ᠤᠨ ᠵᠦᠢᠯ ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮᠨᠡᠯᠭᠡ ᠶᠢᠨ ᠳᠠᠭᠠᠳᠬᠠᠯ ᠤᠨ ᠵᠣᠭᠤᠰ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠠᠷᠭ᠎ᠠ ᠶᠢ ᠲᠡᠭᠦᠯᠳᠡᠷᠵᠢᠭᠦᠯᠵᠦ᠂ ᠪᠥᠬᠦ ᠤᠯᠤᠰ ᠤᠨ ᠡᠮᠨᠡᠯᠭᠡ ᠶᠢᠨ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ ᠶᠢ ᠦᠨᠳᠦᠰᠦᠨ ᠳᠡᠭᠡᠨ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠎ᠡ᠃ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠡᠭᠦᠯ ᠮᠡᠨᠳᠤ ᠶᠢᠨ ᠬᠦᠮᠦᠵᠢᠯ ᠪᠠ ᠡᠷᠡᠬᠦᠯ ᠮᠡᠨᠳᠤ ᠶᠢᠨ ᠬᠠᠮᠢᠶᠠᠷᠤᠯᠳᠠ ᠶᠢ ᠴᠢᠩᠭᠠᠳᠬᠠᠵᠦ᠂ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠥᠮᠡᠨ ᠵᠡᠷᠭᠡ ᠤᠳᠠᠭᠠᠨ ᠴᠢᠨᠠᠷᠳᠠᠢ ᠡᠪᠡᠳᠴᠢᠨ ᠪᠠ ᠠᠭᠤᠰᠬᠢᠨ ᠦᠷᠪᠢᠰᠦᠯ᠂ ᠡᠯᠢᠭᠡᠨ ᠤ ᠦᠷᠪᠢᠰᠦᠯ ᠵᠡᠷᠭᠡ ᠬᠠᠯᠳᠠᠪᠤᠷᠢᠯᠠᠬᠤ ᠴᠢᠨᠠᠷᠳᠠᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠤ ᠡᠮ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠤᠷ ᠰᠦᠯᠵᠢᠶ᠎ᠡ ᠶᠢ ᠪᠦᠷᠢᠨᠰᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠵᠦ ᠢᠷᠡᠯᠲᠡ ᠶᠢ ᠮᠥᠷᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠮᠨᠡᠯᠭᠡ ᠶᠢᠨ ᠪᠠᠶᠢᠭᠤᠯᠤᠮᠵᠢ ᠶᠢᠨ ᠰᠦᠢᠳᠭᠡᠯ ᠬᠤᠷᠢᠶᠠᠯᠳᠠ ᠪᠠ ᠦᠢᠯᠡᠴᠢᠯᠡᠭᠡ ᠶᠢ ᠵᠢᠷᠤᠮᠵᠢᠭᠤᠯᠵᠤ᠂ ᠬᠢᠵᠢᠭ ᠠᠴᠠ ᠪᠣᠯᠵᠤ ᠬᠦᠴᠢᠷᠳᠡᠯ ᠳᠤ ᠤᠴᠠᠷᠠᠭᠰᠠᠨ ᠡᠮᠨᠡᠯᠭᠡ ᠶᠢᠨ ᠪᠠᠶᠢᠭᠤᠯᠤᠮᠵᠢ ᠶᠢ ᠦᠷᠭᠦᠯᠵᠢᠯᠡᠨ ᠬᠠᠪᠰᠤᠷᠤᠨ ᠲᠡᠳᠬᠦᠵᠦ᠂ ᠡᠬᠡ ᠨᠢᠯᠬᠠᠰ ᠬᠡᠦᠬᠡᠳ ᠤᠨ ᠰᠠᠯᠠᠭ᠎ᠠ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ ᠨᠠᠰᠤᠲᠠᠶᠢᠴᠤᠳ ᠤᠨ ᠠᠨᠠᠭᠠᠬᠤ ᠤᠬᠠᠭᠠᠨ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠬᠢᠳᠡᠳ ᠡᠮ ᠡᠮᠨᠡᠯᠭᠡ ᠡᠸᠦ᠋ᠷᠦᠫᠡ ᠡᠮ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠦ᠂ ᠬᠢᠲᠠᠳ ᠡᠮ ᠡᠮᠨᠡᠯᠭᠡ ᠶᠢ ᠮᠠᠨᠳᠤᠭᠤᠯᠤᠨ ᠬᠥᠭᠵᠢᠭᠦᠯᠬᠦ ᠶᠢ ᠳᠡᠮᠵᠢᠵᠦ᠂ ᠬᠢᠲᠠᠳ ᠡᠮ ᠡᠮᠨᠡᠯᠭᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠰᠢᠶᠠᠩ ᠳᠤᠰᠬᠤᠨ ᠤ ᠡᠮᠴᠢ ᠶᠢᠨ ᠬᠠᠷᠠᠭᠠᠯᠵᠠᠯ ᠤᠨ ᠪᠠᠳᠤᠯᠠᠪᠤᠷᠢ ᠬᠢᠭᠡᠳ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠳᠠᠭᠦᠯᠳᠡᠷᠵᠢᠬᠦᠯᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠪᠠ ᠡᠪᠡᠳᠴᠢᠨ ᠦᠵᠡᠭᠦᠯᠬᠦ ᠡᠮᠬᠢ ᠳᠢᠭᠯᠢᠮ ᠢ ᠰᠢᠯᠢᠳᠡᠭᠵᠢᠭᠦᠯᠬᠦ ᠶᠢ ᠪᠣᠳᠣᠯᠬᠢᠯᠠᠨ᠂ ᠤᠯᠤᠰ᠂ ᠮᠤᠵᠢ ᠶᠢᠨ ᠲᠡᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠲᠦᠷᠭᠡᠯᠡᠨ ᠪᠠᠶᠢᠭᠤᠯᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠬᠤᠲᠠ ᠰᠢᠶᠠᠨ ᠲᠡᠶᠢᠰᠢ ᠦᠷᠭᠡᠵᠢᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠤᠯᠠᠨ ᠲᠦᠮᠡᠨ ᠢ ᠤᠢᠢᠷ᠎ᠠ ᠬᠠᠪᠢ ᠳᠠᠭᠠᠨ ᠨᠡᠩ ᠰᠠᠶᠢᠨ ᠡᠮᠨᠡᠯᠭᠡ ᠶᠢᠨ ᠦᠢᠯᠡᠴᠢᠯᠡᠭᠡ ᠬᠦᠷᠳᠡᠵᠦ ᠳᠡᠶᠢᠯᠬᠦ ᠪᠤᠯᠭᠠᠨ᠎ᠠ᠃      ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠶ ᠲᠥᠯᠥᠪᠯᠡᠬᠦ ᠶᠢ ᠯᠠᠪᠳᠠᠭᠤᠨ ᠢᠶᠠᠷ ᠬᠡᠷᠡᠭᠵᠢᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠵᠦ᠂ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠭᠤᠷᠪᠠᠳᠤᠭᠠᠷ ᠲᠤᠯᠭᠠᠭᠤᠷᠢᠯᠡᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠪᠠ ᠠᠵᠢᠯ ᠠᠯᠳᠠᠯᠲᠠ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠲᠦᠷᠭᠡᠯᠡᠨ ᠠᠬᠢᠭᠤᠯᠤᠨ᠎ᠠ᠃ ᠴᠡᠷᠢᠭ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠠ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠭᠡᠷ ᠲᠡᠭᠡᠨ ᠰᠠᠭᠤᠬᠤ ᠨᠡᠶᠢᠭᠡᠮ ᠲᠤᠭᠤᠷᠢᠭ ᠤᠨ ᠪᠠᠶᠢᠭᠤᠯᠤᠮᠵᠢ ᠶᠢᠨ ᠬᠠᠷᠢᠯᠴᠠᠨ ᠵᠤᠬᠢᠴᠠᠯᠳᠤᠬᠤ᠂ ᠡᠮᠴᠢᠯᠡᠭᠡ ᠰᠤᠪᠢᠯᠠᠯᠳᠠ ᠡᠷᠡᠭᠦᠯᠵᠢᠯ ᠰᠤᠪᠢᠯᠠᠯᠳᠠ ᠶᠢ ᠬᠠᠷᠢᠯᠴᠠᠨ ᠤᠶᠠᠯᠳᠤᠭᠤᠯᠬᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠬᠤᠲᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠡᠶᠢᠭᠡᠮ ᠤᠨ ᠬᠦᠴᠦᠨ ᠤ ᠡᠳᠦᠷ ᠬᠠᠷᠠᠭᠠᠯᠵᠠᠬᠤ᠂ ᠢᠳᠡᠬᠦᠯᠵᠤ ᠤᠤᠭᠤᠯᠭᠠᠬᠤ ᠤᠬᠢᠶᠠᠵᠤ ᠴᠡᠪᠡᠷᠯᠡᠬᠦ᠂ ᠡᠷᠡᠭᠦᠯᠵᠢᠬᠦᠯᠵᠦ ᠰᠤᠪᠢᠯᠠᠬᠤ ᠵᠡᠷᠭᠡ ᠦᠢᠯᠡᠴᠢᠯᠡᠭᠡ ᠬᠠᠨᠭ᠍ᠭᠠᠬᠤ ᠶᠢ ᠳᠡᠮᠵᠢᠵᠦ᠂ ᠤᠷᠳᠤ ᠬᠤᠭᠤᠴᠠᠭᠠᠨ ᠤ ᠰᠤᠪᠢᠯᠠᠯᠳᠠ ᠶᠢᠨ ᠳᠠᠭᠠᠳᠬᠠᠯ ᠤᠨ ᠲᠦᠷᠢᠮ ᠤᠨ ᠳᠤᠷᠰᠢᠯᠳᠠ ᠶᠢᠨ ᠴᠡᠭ ᠢ ᠯᠠᠪᠳᠠᠭᠤᠨ ᠠᠬᠢᠭᠤᠯᠵᠦ᠂ ᠬᠥᠳᠡᠭᠡ ᠲᠣᠰᠬᠤᠨ ᠤ ᠲᠤᠰᠠᠯᠠᠯᠴᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠬᠵᠢᠭᠤᠯᠵᠤ᠂ ᠨᠠᠰᠤᠳᠠᠶᠢᠴᠤᠳ ᠤᠨ ᠰᠤᠷᠭᠠᠨ ᠬᠦᠮᠦᠵᠢᠯ ᠤᠨ ᠬᠦᠭᠵᠢᠯᠳᠡ ᠶᠢᠨ ᠰᠢᠨ᠎ᠡ ᠶᠢ ᠡᠭᠦᠳᠴᠦ᠂ ᠨᠠᠰᠤᠵᠢᠯ ᠤᠨ ᠠᠵᠢᠯ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠢᠵᠢ ᠪᠦᠷᠢᠳᠤᠬᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠤᠭᠡᠳ ᠬᠠᠷᠠᠵᠤ ᠬᠠᠷᠠᠭᠠᠯᠵᠠᠬᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠲᠠᠭᠠᠳᠬᠠᠯ ᠳᠤ ᠣᠷᠣᠭᠤᠯᠵᠤ᠂ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠳᠠᠭᠤᠯᠬᠤ ᠦᠢᠯᠡᠴᠢᠯᠡᠭᠡ ᠶᠢ ᠬᠥᠭᠵᠢᠭᠦᠯᠵᠤ᠂ ᠭᠡᠷ ᠪᠦᠯᠢ ᠶᠢᠨ ᠦᠰᠭᠡᠵᠤ ᠪᠤᠶᠢᠵᠢᠭᠤᠯᠵᠦ ᠰᠤᠷᠭᠠᠨ ᠬᠦᠮᠦᠵᠢᠬᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠵᠡᠮᠳᠡᠭᠷᠡᠬᠦ ᠶᠢ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭ ᠢ ᠰᠡᠷᠭᠡᠶᠢᠯᠡᠬᠦ ᠪᠠ ᠡᠷᠡᠭᠦᠯᠵᠢᠬᠦᠯᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠬᠦᠯᠦᠨ᠎ᠡ᠃ ᠠᠷᠠᠳ ᠤᠨ ᠠᠮᠢᠳᠣᠷᠠᠯ ᠤᠨ ᠦᠨᠳᠦᠰᠦᠨ ᠵᠦᠢᠯ ᠢ ᠪᠠᠳᠤᠯᠠᠬᠤ ᠪᠠᠲᠤᠯᠠᠭ᠎ᠠ ᠪᠠ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠪᠠᠲᠤᠯᠠᠬᠤ ᠶᠣᠰᠣᠲᠠᠶ ᠶᠢ ᠨᠢ ᠴᠦᠮ ᠪᠠᠲᠤᠯᠠᠬᠤ ᠪᠠ ᠲᠤᠰᠠᠯᠠᠬᠤ ᠶᠤᠰᠤᠲᠠᠢ ᠶᠢ ᠨᠢ ᠴᠦᠮ ᠲᠤᠰᠠᠯᠠᠬᠤ ᠶᠢ ᠴᠢᠷᠮᠠᠶᠢᠨ ᠪᠡᠶᠡᠯᠡᠭᠦᠯᠦᠨ᠎ᠡ᠃      ᠤᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠦᠷᠭᠦᠯᠵᠢᠯᠡᠨ ᠰᠠᠶᠢᠲᠤᠷ ᠪᠠᠲᠤᠯᠠᠨ᠎ᠠ᠃ ᠭᠡᠷ ᠪᠠᠶᠢᠰᠢᠩ ᠢ ᠪᠣᠯ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠭᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠦᠷᠭᠡᠯᠡᠨ ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠢᠨ ᠤ ᠭᠡᠷ ᠬᠤᠳᠠᠯᠳᠤᠨ ᠠᠪᠤᠭᠴᠢᠳ ᠤᠨ ᠵᠦᠶ ᠵᠣᠬᠢᠰᠲᠠᠶ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢ ᠳᠠᠮᠵᠢᠵᠤ᠂ ᠭᠠᠵᠠᠷ ᠰᠢᠷᠤᠢ ᠶᠢᠨ ᠦᠨ᠎ᠡ᠂ ᠭᠡᠷ ᠪᠠᠶᠢᠰᠢᠩ ᠤᠨ ᠦᠨ᠎ᠡ ᠪᠠ ᠵᠢᠱᠢᠯᠲᠡ ᠶᠢ ᠲᠣᠭᠲᠠᠭᠤᠨ ᠪᠠᠶᠢᠯᠭᠠᠵᠤ᠂ ᠬᠤᠲᠠ ᠶᠢᠨ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠠᠪᠴᠤ ᠭᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠬᠥᠭᠵᠢᠯᠳᠠ ᠶᠢ ᠠᠬᠢᠭᠤᠯᠤᠨ᠎ᠠ᠃      ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠺᠢᠨᠣ᠋ ᠲᠧᠯᠸᠢᠰ᠂ ᠤᠳᠭ᠋᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠲᠠᠩᠰᠠ ᠡᠪᠬᠡᠮᠡᠯ ᠵᠡᠷᠭᠡ ᠠᠵᠢᠯ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠨᠡᠶᠢᠳᠡ ᠪᠠᠷ ᠢᠶᠠᠨ ᠨᠤᠮ ᠤᠩᠰᠢᠬᠤ ᠶᠢ ᠭᠦᠨᠵᠡᠭᠡᠶ ᠠᠬᠢᠭᠤᠯᠤᠨ᠎ᠠ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠨ ᠰᠢᠨᠡᠴᠢᠯᠡᠵᠤ᠂ ᠰᠦᠯᠵᠢᠶᠡᠨ ᠤ ᠠᠮᠢ ᠠᠬᠤᠶ ᠶᠢᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠳ᠋ᠢᠵᠢᠲ᠋ᠠᠯᠴᠢᠯᠠᠬᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠰᠣᠶᠣᠯ ᠤᠨ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠴᠢᠨᠠᠷ ᠰᠠᠶᠢᠲᠠᠶ ᠰᠣᠶᠣᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠭᠡᠵᠦ᠂ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠳᠡᠮᠵᠢᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ ᠪᠠᠳᠠᠷᠠᠭᠤᠯᠵᠦ᠂ ᠲᠡᠤᠭᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠪᠢᠴᠢᠭ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠵᠠᠯᠭᠠᠮᠵᠢᠯᠠᠬᠤ ᠶᠢ ᠴᠢᠩᠭᠠᠳᠬᠠᠵᠦ᠂ ᠤᠯᠤᠰ ᠤᠨ ᠰᠤᠶᠤᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠤᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠦᠪ ᠢ ᠰᠠᠶᠢᠲᠤᠷ ᠬᠡᠷᠡᠭᠯᠡᠵᠦ᠂ ᠮᠦᠰᠦ ᠴᠠᠰᠤᠨ ᠤ ᠬᠦᠳᠡᠯᠭᠡᠭᠡᠨ ᠪᠠ ᠴᠠᠰᠤ ᠮᠦᠰᠦᠨ ᠤ ᠠᠵᠤ ᠦᠢᠯᠡᠰ ᠢ ᠬᠦᠭᠵᠢᠭᠦᠯᠦᠨ᠎ᠡ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠦᠬᠦᠭᠡᠷᠤᠮᠵᠢ ᠶᠢ ᠪᠦᠲᠦᠭᠡᠨ ᠪᠠᠶᠢᠭᠤᠯᠵᠤ᠂ ᠠᠷᠠᠳ ᠨᠡᠶᠢᠳᠡ ᠪᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠬᠡᠪ ᠵᠠᠩᠰᠢᠯ ᠲᠠᠢ ᠪᠣᠯᠬᠤ ᠶᠢ ᠠᠬᠢᠭᠤᠯᠤᠨ᠎ᠠ᠃      ᠨᠡᠶᠢᠭᠡᠮ ᠤᠨ ᠵᠠᠰᠠᠯᠲᠠ ᠶᠢᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠪᠠ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠪᠠ ᠲᠡᠬᠦᠨ ᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠨᠡᠶᠢᠭᠡᠮ ᠤᠨ ᠳᠠᠶᠢᠴᠢᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠬᠦᠯᠤᠨ᠎ᠠ᠃ ᠨᠡᠶᠢᠭᠡᠮ ᠤᠨ ᠠᠵᠢᠯ ᠢ ᠬᠥᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠳᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ ᠡᠮᠡᠭᠲᠡᠶᠢᠴᠦᠳ ᠪᠠ ᠬᠡᠤᠭᠡᠳ ᠢ ᠮᠡᠭᠡᠯᠡᠨ ᠬᠤᠳᠠᠯᠳᠤᠬᠤ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ ᠡᠮᠡᠭᠲᠡᠶᠢᠴᠦᠳ ᠪᠠ ᠬᠡᠤᠭᠡᠳ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠨ᠎ᠠ᠃ ᠨᠠᠰᠤᠲᠠᠶᠢᠴᠤᠳ ᠪᠠ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠤᠢᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠨ᠎ᠡ᠃ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡ ᠶᠢ ᠴᠢᠬᠤᠯᠠᠴᠢᠯᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠶᠢ ᠴᠢᠩᠭᠠᠷᠠᠭᠤᠯᠤᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠬᠦ ᠠᠵᠢᠯ ᠪᠠ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠡ᠃ ᠢᠳᠡᠭᠡᠨ ᠤ ᠵᠦᠢᠯ ᠤᠨ ᠪᠦᠬᠦ ᠬᠡᠯᠬᠢᠶᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠨ᠎ᠠ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠦᠯᠵᠢᠶᠠᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷ᠎ᠠ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤ ᠶᠢᠨ ᠴᠢᠨᠠᠷᠳᠠᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠦᠳᠦᠭᠡᠨ ᠪᠠᠶᠢᠭᠤᠯᠤᠨ᠎ᠠ᠃      ᠲᠥᠯᠥᠭᠡᠯᠡᠭᠴᠢᠳ ᠡ︕      ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠲᠡᠭᠡᠳᠤ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠬᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ ᠪᠠ ᠲᠤᠭ᠎ᠠ ᠪᠦᠷᠢᠳᠭᠡᠯ ᠤᠨ ᠬᠢᠨᠠᠯᠲᠠ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠦᠨ᠎ᠡ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠯᠳᠠ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠲᠦᠮᠡᠨ ᠢ ᠢᠮᠠᠭᠲᠠ ᠰᠡᠳᠭᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠠᠯᠪᠠᠨ ᠵᠠᠷᠤᠴᠠ ᠭᠡᠬᠦ ᠨᠡᠷᠡᠶᠢᠳᠦᠯ ᠳᠡᠭᠡᠨ ᠤᠰᠤᠯᠳᠠᠬᠤ ᠦᠭᠡᠢ ᠪᠠᠶᠢᠬᠤ ᠬᠡᠷᠡᠭᠳᠠᠢ᠃      ᠬᠦᠴᠢᠷ ᠪᠡᠷᠬᠡᠰᠢᠶᠡᠯ ᠪᠠ ᠰᠢᠯᠭᠠᠯᠳᠠ ᠶᠢ ᠠᠷᠭᠠᠴᠠᠭᠠᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯᠲᠠᠨ ᠡᠷᠬᠡᠪᠰᠢ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠥᠢᠴᠡᠳᠭᠡᠵᠦ᠂ ᠠᠷᠠᠳ ᠲᠦᠮᠡᠨ ᠤ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ᠂ ᠰᠡᠳᠭᠢᠯ ᠢᠶᠠᠨ ᠨᠢᠬᠳᠠᠷᠠᠭᠤᠯᠤᠨ ᠬᠦᠴᠦ ᠪᠠᠨ ᠲᠥᠪᠯᠡᠷᠡᠭᠦᠯᠵᠤ ᠬᠥᠭᠵᠢᠯᠲᠡ ᠶᠢ ᠠᠳᠬᠤᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠶ᠃ ᠬᠥᠭᠵᠢᠬᠦᠯᠬᠦ ᠪᠣᠯ ᠲᠡᠷᠢᠭᠦᠨ ᠴᠢᠬᠤᠯᠠ ᠡᠭᠦᠷᠭᠡ ᠮᠥᠨ ᠪᠤᠯᠬᠤ ᠶᠢ ᠪᠠᠷᠢᠮᠲᠠᠯᠠᠵᠤ᠂ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢᠯᠠᠩᠭᠤᠶ᠎ᠠ ᠬᠡᠯᠪᠡᠷᠢ ᠶᠢᠨ ᠦᠵᠡᠯ ᠪᠠ ᠨᠣᠶᠠᠨᠴᠢ ᠰᠤᠷᠲᠠᠯ ᠢ ᠰᠢᠨᠳᠠᠷᠠᠰᠢ ᠤᠢᠭᠡᠢ ᠵᠠᠯᠠᠷᠠᠭᠤᠯᠤᠨ ᠵᠠᠰᠠᠵᠤ᠂ ᠬᠠᠰᠢ ᠶᠠᠰᠢ ᠠᠷᠭᠠᠴᠠᠬᠤ᠂ ᠬᠠᠷᠢᠭᠤᠴᠠᠯᠭ᠎ᠠ ᠪᠠᠨ ᠨᠠᠭᠠᠰᠢ ᠴᠠᠭᠠᠰᠢ ᠲᠦᠯᠬᠢᠯᠴᠡᠬᠦ ᠶᠢ ᠡᠷᠡᠰ ᠡᠰᠡᠷᠭᠦᠴᠡᠵᠦ᠂ ᠡᠷᠭᠡ ᠶᠢ ᠳᠤᠷ᠎ᠠ ᠵᠣᠷᠢᠭ ᠢᠶᠠᠷ ᠢᠶᠠᠨ ᠬᠡᠷᠡᠭᠯᠡᠬᠦ᠂ ᠠᠵᠢᠯᠯᠠᠬᠤ ᠠᠷᠭ᠎ᠠ ᠨᠢ ᠳᠥᠭᠦᠮ ᠪᠦᠳᠦᠭᠦᠯᠢᠭ ᠪᠠᠶᠢᠬᠤ ᠶᠢ ᠡᠷᠡᠰ ᠵᠠᠯᠠᠷᠠᠭᠤᠯᠤᠨ ᠵᠠᠰᠠᠬᠤ ᠬᠡᠷᠡᠭᠳᠠᠢ᠃ ᠠᠷᠠᠳ ᠤᠯᠠᠨ ᠤ ᠠᠮᠤᠷ ᠳᠦᠪᠰᠢᠨ ᠠᠶᠤᠯ ᠳᠦᠭᠰᠢᠭᠦᠷᠢ ᠵᠢᠷᠭᠠᠯ ᠵᠤᠪᠠᠯᠠᠩ ᠢ ᠢᠮᠠᠭᠲᠠ ᠰᠡᠳᠭᠢᠯ ᠳᠡᠭᠡᠨ ᠪᠤᠳᠤᠵᠦ᠂ ᠪᠣᠳᠠᠲᠤ ᠪᠠᠶᠢᠳᠠᠯ ᠢ ᠪᠠᠶᠢᠴᠠᠭᠠᠵᠤ᠂ ᠪᠣᠳᠠᠲᠤ ᠶᠠᠪᠤᠳᠠᠯ ᠬᠢᠵᠦ᠂ ᠪᠣᠳᠠᠲᠤ ᠪᠦᠲᠦᠮᠵᠢ ᠶᠢ ᠡᠷᠬᠢᠮᠯᠡᠵᠦ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠳᠠ ᠥᠭᠴᠦ᠂ ᠠᠷᠠᠳ ᠤᠯᠠᠨ ᠤ ᠬᠠᠤᠯᠢ ᠶᠤᠰᠤᠨ ᠤ ᠡᠷᠬᠡ ᠠᠰᠢᠭ ᠢ ᠦᠯᠦ ᠬᠠᠶᠢᠬᠤᠷᠬᠤ ᠬᠦᠨᠳᠦ ᠨᠤᠴᠢᠲᠠᠢ ᠲᠤᠰᠢᠶᠠᠯ ᠳᠠᠭᠠᠨ ᠤᠰᠤᠯᠳᠠᠵᠤ ᠬᠠᠷᠢᠭᠤᠴᠠᠯᠭ᠎ᠠ ᠠᠯᠳᠠᠭᠰᠠᠨ ᠠᠰᠠᠭᠤᠳᠠᠯ ᠢ ᠡᠷᠡᠰ ᠴᠢᠩᠭ᠎ᠠ ᠰᠢᠢᠳᠪᠦᠷᠢᠯᠡᠬᠦ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ ᠬᠤᠶᠠᠷ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠵᠤ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠳᠡᠰ ᠳᠡᠰ ᠢᠶᠠᠷ ᠨᠡᠮᠡᠬᠦ ᠶᠢ ᠰᠡᠷᠭᠡᠶᠢᠯᠡᠨ᠂ ᠦᠨᠳᠦᠰᠦᠨ ᠱᠠᠳᠤᠨ ᠤ ᠳᠠᠷᠤᠭᠠᠰᠤ ᠶᠢ ᠦᠷᠭᠦᠯᠵᠢᠯᠡᠨ ᠬᠦᠩᠭᠡᠷᠡᠭᠦᠯᠬᠦ ᠬᠡᠷᠡᠭᠲᠡᠢ᠃ ᠤᠷᠮᠠᠰᠢᠭᠤᠯᠬᠤ ᠪᠠ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠤ᠂ ᠥᠷᠭᠡᠨ ᠤᠯᠠᠨ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠴᠢᠳᠠᠮᠠᠭᠠᠢ ᠪᠠᠷ ᠠᠵᠢᠯᠯᠠᠬᠤ ᠶᠢ ᠲᠡᠮᠵᠢᠬᠦ ᠬᠡᠷᠡᠭᠳᠠᠢ᠃ ᠪᠦᠬᠦ ᠤᠯᠤᠰ ᠲᠠᠶᠠᠭᠠᠷ ᠢᠶᠠᠨ ᠬᠥᠴᠤ ᠪᠠᠨ ᠰᠢᠪᠬᠠᠨ ᠨᠢᠭᠡ ᠰᠡᠳᠭᠢᠯ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠳᠠᠭ ᠯᠡ ᠶᠤᠮ ᠪᠤᠯ ᠯᠠᠪᠲᠠᠢ ᠬᠥᠭᠵᠢᠯᠲᠡ ᠶᠢᠨ ᠰᠢᠨ᠎ᠠ ᠠᠮᠵᠢᠯᠲᠠ ᠪᠦᠲᠦᠮᠵᠢ ᠶᠢ ᠡᠭᠦᠳᠴᠦ ᠴᠢᠳᠠᠬᠤ ᠶᠤᠮ᠃      ᠲᠥᠯᠥᠭᠡᠯᠡᠭᠴᠢᠳ ᠡ︕      ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠭᠡᠬᠦ ᠶᠢ ᠠᠬᠢᠭᠤᠯᠬᠤ ᠬᠡᠷᠡᠭᠳᠠᠢ᠃ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠠᠷ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠢᠨ᠎ᠠ ᠬᠢᠯᠠᠯᠵᠠᠭᠰᠠᠨ ᠠᠮᠵᠢᠯᠲᠠ ᠪᠦᠳᠦᠮᠵᠢ ᠶᠢ ᠭᠠᠷ ᠬᠤᠯᠪᠣᠯᠴᠠᠨ ᠬᠠᠮᠳᠤ ᠪᠠᠷ ᠡᠬᠦᠳᠬᠦ ᠶᠢ ᠵᠣᠷᠢᠬᠵᠢᠭᠤᠯᠤᠨ᠎ᠠ᠃      ᠲᠥᠯᠥᠭᠡᠯᠡᠭᠴᠢᠳ ᠡ︕      ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠤᠪᠵᠢᠬᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠦᠶ᠎ᠡ ᠶᠢᠨ ᠲᠡᠮᠡᠴᠡᠯ ᠤᠨ ᠬᠠᠷᠠᠯᠲᠠ ᠶᠢ ᠪᠠᠳᠤ ᠡᠵᠡᠮᠰᠢᠵᠤ᠂ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠭᠡᠬᠦ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠡᠷᠢᠭ ᠲᠠᠶᠢᠨ ᠤ ᠲᠡᠮᠡᠴᠡᠯ ᠢ ᠡᠷᠡᠰ ᠰᠢᠭᠤᠷᠬᠠᠢ ᠪᠦᠭᠡᠳ ᠠᠮᠢᠳᠤᠯᠢᠭ ᠢᠶᠠᠷ ᠥᠷᠨᠢᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠳᠠᠢ᠃ ᠣᠳᠣ ᠦᠶ᠎ᠡ ᠶᠢᠨ ᠴᠡᠷᠢᠭ ᠤᠨ ᠶᠠᠪᠤᠳᠠᠯ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ᠂ ᠴᠡᠷᠢᠭ ᠠᠩᠭᠢ ᠶᠢᠨ ᠣᠳᠣ ᠦᠶ᠎ᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠦ᠂ ᠵᠡᠪᠰᠡᠭ ᠲᠣᠨᠣᠭᠯᠠᠯ ᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠤ᠂ ᠬᠠᠤᠯᠢ ᠶᠣᠰᠣᠭᠠᠷ ᠴᠡᠷᠢᠭ ᠢ ᠵᠠᠰᠠᠬᠤ᠂ ᠴᠡᠷᠢᠭ ᠢ ᠴᠢᠩᠭ᠎ᠠ ᠵᠠᠰᠠᠬᠤ ᠶᠢ ᠠᠬᠢᠭᠤᠯᠵᠤ᠂ ᠴᠡᠷᠢᠭ ᠠᠩᠭᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠳᠪᠦᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠤᠭᠡᠨ ᠪᠠᠶᠢᠭᠤᠯᠤᠯᠲᠠ ᠶᠢ ᠶᠡᠭᠡ ᠪᠠᠷ ᠲᠡᠮᠵᠢᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠬᠠᠳᠠ ᠴᠢᠯᠠᠭᠤ ᠮᠡᠲᠦ ᠪᠠᠲᠤ ᠪᠠᠬᠢ ᠪᠠᠶᠢᠯᠭᠠᠬᠤ ᠬᠡᠷᠡᠭᠲᠡᠶ᠃      ᠲᠥᠯᠥᠭᠡᠯᠡᠭᠴᠢᠳ ᠡ︕      ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠦᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠦᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠵᠥᠪ ᠣᠨᠣᠪᠴᠢᠲᠠᠶ ᠪᠦᠭᠡᠳ ᠭᠤᠶᠢᠪᠢᠰᠢ ᠦᠭᠡᠢ ᠲᠤᠭᠤᠰᠢᠯᠠᠭᠤᠯᠤᠨ᠂ ᠲᠥᠪ ᠠᠴᠠ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠶᠠᠪᠤᠭᠤᠯᠬᠤ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ ᠣᠷᠣᠨᠴᠢ ᠬᠥᠮᠦᠰ ᠢᠶᠠᠷ ᠣᠣᠮᠧᠨ ᠢ ᠵᠠᠰᠠᠭᠤᠯᠬᠤ︾ ᠶᠢ ᠡᠷᠡᠰ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠣᠨᠴᠠᠭᠠᠢ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠬᠦᠴᠦᠨ ᠢᠶᠠᠷ ᠢᠶᠠᠨ ᠳᠠᠮᠵᠢᠨ᠎ᠠ᠃ ᠰᠢᠶᠠᠩᠭᠠᠩ ᠣᠣᠮᠧᠨ ᠤ ᠠᠵᠤ ᠠᠬᠤᠶ ᠪᠠᠨ ᠬᠥᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠦ᠂ ᠤᠯᠤᠰ ᠤᠷᠤᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠤᠷᠤᠬᠤ ᠶᠢ ᠳᠡᠮᠵᠢᠵᠦ᠂ ᠰᠢᠶᠠᠩᠭᠠᠩ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃      ᠪᠢᠳᠡ ᠲᠠᠶᠢᠸᠠᠨ ᠤ ᠲᠤᠬᠠᠶ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠶ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠣᠯᠤᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠬᠦᠯᠬᠦ ᠪᠠ ᠡᠬᠡ ᠣᠯᠤᠰ ᠢᠶᠠᠨ ᠨᠢᠭᠡᠳᠭᠡᠬᠦ ᠶᠢ ᠠᠬᠢᠭᠤᠯᠬᠤ ᠬᠡᠷᠡᠭᠳᠠᠢ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠬ᠎ᠠ ᠳᠡᠭᠦᠤ ᠨᠠᠷ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠠᠭᠤ ᠠᠯᠳᠠᠷᠲᠤ ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠶ᠃      ᠲᠥᠯᠥᠭᠡᠯᠡᠭᠴᠢᠳ ᠡ︕      ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠪᠠᠷᠢᠮᠲᠠᠯᠠᠨ᠂ ᠨᠠᠶᠢᠷᠠᠮᠳᠠᠯ ᠢᠶᠠᠷ ᠬᠥᠭᠵᠢᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ ᠪᠣᠯ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠵᠢᠷᠤᠮ ᠤᠨ ᠬᠠᠮᠠᠭᠠᠯᠠᠭᠴᠢ ᠮᠥᠨ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠳᠡ ᠲᠠᠢ ᠬᠠᠮᠳᠤ ᠪᠠᠷ᠂ ᠳᠡᠯᠡᠬᠡᠢ ᠶᠢᠨ ᠡᠩᠬᠡ ᠲᠠᠶᠢᠪᠤᠩ ᠲᠤᠭᠲᠠᠭᠤᠨ ᠪᠠᠶᠢᠳᠠᠯ ᠪᠠ ᠬᠦᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕      ᠲᠥᠯᠥᠭᠡᠯᠡᠭᠴᠢᠳ ᠡ︕      ᠳᠤᠮᠳᠠᠳᠤ ᠤᠯᠤᠰ ᠤᠨ ᠬᠦᠭᠵᠢᠯᠲᠡ ᠪᠤᠯ ᠶᠡᠷᠦ ᠠᠴᠠ ᠰᠢᠯᠭᠠᠯᠲᠠ ᠶᠢ ᠠᠷᠭᠠᠴᠠᠭᠠᠬᠤ ᠲᠤᠮᠳᠠ ᠤᠷᠤᠭᠰᠢᠯᠠᠵᠤ ᠢᠷᠡᠭᠰᠡᠨ ᠶᠤᠮ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠰᠥᠰᠥ ᠵᠣᠷᠢᠭ᠂ ᠤᠶᠤᠨ ᠤᠬᠠᠭᠠᠨ ᠪᠠ ᠬᠦᠴᠦᠨ ᠴᠢᠳᠠᠯ ᠲᠠᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠬᠦᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠠᠳᠠᠭᠤᠵᠢᠨ ᠲᠡᠮᠡᠴᠡᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠵᠤ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠬᠦᠳᠦ ᠶᠢ ᠪᠡᠶᠡᠯᠡᠭᠦᠯᠭᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠳᠠᠢ︕      ︵ᠰᠢᠨᠬᠤᠸᠠ ᠬᠤᠷᠢᠶᠠᠨ ᠤ ᠪᠡᠬᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ᠂ ᠳᠤᠮᠳᠠᠳᠦ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠳᠤᠪᠴᠢᠶ᠎ᠠ ᠤᠷᠴᠢᠭᠤᠯᠪᠠ︶ 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ