ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠮᠡᠬᠡᠯᠡᠯ ᠢ ᠰᠡᠷᠭᠡᠶᠢᠯᠡᠬᠦ ᠰᠢᠷᠢᠰ ᠣᠬᠤᠷ ᠸᠢᠳᠢᠣ᠋ ᠶᠢ ᠥᠪᠡᠷ ᠢᠶᠠᠨ ᠨᠠᠶᠢᠷᠠᠭᠤᠯᠵᠤ ᠲᠣᠭᠯᠠᠨ ᠣᠯᠠᠨ ᠲᠦᠮᠡᠨ ᠢ ᠤᠬᠠᠭᠤᠯᠤᠨ ᠤᠷᠢᠶᠠᠯᠠᠪᠠ
ᠨᠡᠶᠢᠲᠡᠯᠡᠭᠰᠡᠨ ᠴᠠᠭ᠄
2022/3/17
    ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠮᠡᠬᠡᠯᠡᠯ ᠢ ᠰᠡᠷᠭᠡᠶᠢᠯᠡᠬᠦ ᠰᠢᠷᠢᠰ ᠣᠬᠤᠷ ᠸᠢᠳᠢᠣ᠋ ᠶᠢ ᠥᠪᠡᠷ ᠢᠶᠠᠨ ᠨᠠᠶᠢᠷᠠᠭᠤᠯᠵᠤ ᠲᠣᠭᠯᠠᠨ ᠣᠯᠠᠨ ᠲᠦᠮᠡᠨ ᠢ ᠤᠬᠠᠭᠤᠯᠤᠨ ᠤᠷᠢᠶᠠᠯᠠᠪᠠ   ᠤᠳᠤ ᠸᠢᠳᠢᠣ᠋ ᠦᠵᠡᠭᠡᠳ ᠰᠢᠨᠦᠯ ᠲᠠᠢ ᠪᠣᠯᠪᠠ᠂ ᠡᠳᠦᠷ ᠡᠳᠦᠷ ᠰᠢᠨᠡᠳᠬᠡᠬᠦ ᠶᠢ ᠬᠦᠯᠢᠶᠡᠨ᠎ᠡ᠂᠂᠂᠂᠃ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠭᠤᠯᠭ᠎ᠠ ᠨᠢ ᠨᠠᠷᠢᠨ ᠬᠢᠨᠠᠮᠠᠭᠠᠢ᠂ ᠬᠠ ᠬᠠ᠂᠂᠂᠂ ᠦᠨᠡᠨ ᠰᠠᠶᠢᠬᠠᠨ ᠰᠡᠭᠦᠳᠡᠷᠯᠡᠵᠡᠢ᠃ ᠪᠢ ᠲᠠᠪᠢ ᠭᠠᠷᠤᠭᠰᠠᠨ ᠠᠪᠤ ᠡᠵᠢ ᠳᠤ ᠶᠠᠪᠤᠭᠤᠯᠤᠭᠰᠠᠨ ᠳᠤ᠂ ᠲᠡᠳᠡ ᠳᠠᠬᠢᠨ ᠳᠠᠪᠲᠠᠨ ᠦᠵᠡᠪᠡ᠃     ᠡᠨᠡ ᠪᠣᠯ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠮᠡᠬᠡᠯᠡᠯ ᠢ ᠰᠡᠷᠭᠡᠶᠢᠯᠡᠬᠦ ᠰᠢᠷᠢᠰ ᠸᠢᠳᠢᠣ᠋ ᠶᠢ ᠥᠪᠡᠰᠦᠪᠡᠨ ᠨᠠᠶᠢᠷᠠᠭᠤᠯᠵᠤ ᠲᠣᠭᠯᠠᠭᠰᠠᠨ ᠠᠴᠠ ᠨᠠᠭᠠᠰᠢ ᠵᠠᠯᠭᠠᠭ᠎ᠠ ᠪᠠᠷ ᠣᠯᠤᠭᠰᠠᠨ ᠰᠠᠶᠢᠨ ᠦᠨᠡᠯᠡᠯᠲᠡ ᠪᠣᠯᠤᠨ᠎ᠠ᠃ ᠡᠨᠡ ᠵᠢᠯ ᠠᠴᠠ ᠨᠠᠭᠠᠰᠢ᠂ ᠣᠯᠠᠨ ᠶᠠᠩᠵᠤ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠦᠷᠭᠦᠯᠵᠢᠯᠡᠨ ᠣᠯᠠᠨ ᠡᠭᠦᠰᠬᠦ ᠬᠠᠨᠳᠤᠰᠢ ᠶᠢᠨ ᠡᠮᠦᠨ᠎ᠡ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠶᠠᠪᠤᠳᠠᠯ ᠢ ᠣᠯᠠᠨ ᠲᠦᠮᠡᠨ ᠤ ᠲᠠᠶᠢᠪᠤᠩᠳᠤ ᠲᠥᠷᠥᠭᠳᠡᠯ ᠢ ᠨᠡᠮᠡᠭᠳᠡᠭᠦᠯᠬᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠨᠢᠭᠡ ᠶᠡᠭᠡ ᠶᠠᠪᠤᠳᠠᠯ ᠪᠣᠯᠭᠠᠨ ᠠᠳᠬᠤᠵᠤ᠂ ᠡᠬᠢ ᠪᠠᠶᠠᠯᠢᠭ ᠤᠨ ᠬᠦᠴᠦᠨ ᠢ ᠭᠦᠢᠴᠡᠳ ᠡᠮᠬᠢᠯᠡᠨ ᠨᠡᠶᠢᠯᠡᠭᠦᠯᠵᠦ᠂ ᠤᠬᠠᠭᠤᠯᠤᠨ ᠰᠡᠷᠭᠡᠶᠢᠯᠡᠬᠦ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ᠂ ᠮᠡᠬᠡᠯᠡᠯ ᠢ ᠡᠰᠡᠷᠭᠦᠴᠡᠬᠦ ᠤᠬᠠᠭᠤᠯᠤᠨ ᠰᠡᠷᠭᠡᠶᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠶ ᠥᠷᠨᠢᠭᠦᠯᠪᠡ᠃

达旗公安..jpg

  

  

    ᠣᠶᠢᠷ᠎ᠠ ᠳᠤ᠂ ᠤᠯᠤᠰ ᠲᠥᠷᠥ ᠶᠢᠨ ᠠᠵᠢᠯ ᠤᠨ ᠠᠯᠪᠠᠨ ᠬᠡᠷ ᠨᠢᠭᠡᠳᠦᠯᠲᠡᠶ ᠲᠥᠯᠥᠪᠯᠡᠨ ᠲᠥᠰᠦᠪᠯᠡᠵᠦ᠂ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ

ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ ᠳᠤᠮᠳᠠ ᠠᠩᠭᠢ ᠶᠢᠨ ᠠᠷᠠᠳ ᠤᠨ ᠴᠠᠭᠳᠠᠭ᠎ᠠ ᠶᠢᠨ ᠲᠣᠭᠯᠠᠭᠰᠠᠨ᠂ ᠰᠡᠭᠦᠳᠡᠷᠯᠡᠭᠰᠡᠨ ᠮᠡᠬᠡᠯᠡᠯ ᠢ ᠰᠡᠷᠭᠡᠶᠢᠯᠡᠬᠦ

ᠰᠢᠷᠢᠰ ᠦᠢᠯᠡ ᠪᠠᠶᠢᠳᠠᠯᠲᠤ ᠣᠬᠤᠷ ᠵᠦᠴᠦᠭᠡ ᠶᠢ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠠᠮᠤᠭᠤᠯᠠᠩᠳᠤ ᠳᠠᠯᠠᠳ ᠬᠠᠷᠠᠭᠠᠨ ᠳᠠᠪᠲᠠᠮᠵᠢ ᠶᠢᠨ

ᠨᠣᠮᠧᠷ᠂ ᠴᠤᠤᠷᠢᠶ᠎ᠠ᠂ ᠲᠥᠷᠭᠡᠨ ᠭᠠᠷ ᠰᠢᠨ᠎ᠡ ᠵᠠᠭᠤᠴᠢᠯᠠᠭᠤᠷ ᠤᠨ ᠲᠠᠪᠴᠠᠩ ᠳᠤ ᠨᠡᠶᠢᠲᠡᠯᠡᠭᠰᠡᠨ ᠤ ᠳᠠᠷᠠᠭ᠎ᠠ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ

ᠥᠷᠭᠡᠨ ᠢᠶᠠᠷ ᠤᠯᠠᠮᠵᠢᠯᠠᠨ ᠲᠠᠷᠬᠠᠭᠠᠭᠰᠠᠨ ᠪᠥᠭᠡᠳ ᠰᠠᠶᠢᠨ ᠦᠨᠡᠯᠡᠯᠲᠡ ᠥᠭᠪᠡ᠃ ᠣᠳᠣᠬᠠᠨ ᠪᠣᠯᠲᠠᠯ᠎ᠠ᠂ ᠰᠠᠶᠢᠰᠢᠶᠠᠯ ᠣᠯᠤᠭᠰᠠᠨ ᠲᠤᠭ᠎ᠠ 10000 ᠭᠠᠷᠤᠶ

ᠪᠠᠶᠢᠵᠤ᠂ ᠶᠡᠷᠦᠩᠬᠡᠶ ᠭᠦᠶᠦᠯᠭᠡᠨ ᠦᠵᠡᠭᠰᠡᠨ ᠬᠡᠮᠵᠢᠶ᠎ᠡ 22 ᠲᠦᠮᠡ ᠳᠤ ᠬᠦᠷᠴᠦ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠰᠢᠶᠠᠯ ᠢ

ᠤᠯᠪᠠ᠃

   ᠸᠢᠳᠢᠣ᠋ ᠶᠢ ᠦᠵᠡᠭᠰᠡᠨ ᠤ ᠳᠠᠷᠠᠭ᠎ᠠ᠂ ᠤᠯᠠᠨ ᠲᠦᠮᠡᠨ ᠣᠬᠤᠷ ᠸᠢᠳᠢᠣ᠋ ᠭᠡᠬᠦ ᠡᠨᠡ ᠬᠦ ᠰᠢᠨ᠎ᠡ ᠰᠡᠪᠡᠭᠦᠨ ᠤᠬᠠᠭᠤᠯᠭ᠎ᠠ ᠶᠢᠨ ᠬᠡᠯᠪᠡᠷᠢ ᠳᠤ ᠣᠷᠭᠢᠯᠤᠮ᠎ᠠ ᠬᠠᠯᠠᠭᠤᠨ

ᠦᠨᠡᠯᠡᠯᠲᠡ ᠥᠭᠴᠦ᠂ ᠡᠨᠡ ᠬᠦ ᠰᠤᠷᠭᠠᠨ ᠬᠥᠮᠦᠵᠢᠯ ᠢ ᠪᠠᠶᠠᠷ ᠪᠠᠶᠠᠰᠤᠯ ᠢᠶᠠᠷ ᠠᠬᠤᠭᠤᠯᠬᠤ ᠬᠡᠯᠪᠡᠷᠢ ᠨᠢ ᠨᠡᠩ ᠰᠠᠶᠢᠨ ᠤᠬᠠᠭᠤᠯᠭ᠎ᠠ ᠶᠢᠨ ᠪᠣᠳᠠᠲᠤ ᠦᠷ᠎ᠡ

ᠪᠦᠲᠦᠮᠵᠢ ᠣᠯᠵᠤ᠂ ᠤᠯᠠᠨ ᠲᠦᠮᠡᠨ ᠤ ᠮᠡᠬᠡᠯᠡᠭᠳᠡᠬᠦ ᠨᠤᠷᠮ᠎ᠠ ᠶᠢ ᠪᠦᠲᠦᠮᠵᠢᠲᠡᠢ ᠪᠠᠭᠤᠷᠠᠭᠤᠯᠵᠤ ᠴᠢᠳᠠᠨ᠎ᠠ ᠭᠡᠵᠦ ᠢᠯᠡᠳᠬᠡᠵᠡᠭᠡᠪᠡ᠃ ᠲᠡᠢᠮᠦ ᠪᠥᠭᠡᠳ

ᠳᠠᠮᠵᠢᠭᠤᠯᠬᠤ ᠨᠢ ᠳᠥᠭᠦᠮ᠂ ᠴᠠᠭ ᠲᠤᠬᠠᠶ ᠳᠤ ᠨᠢ ᠠᠳᠠᠯᠢ ᠪᠤᠰᠤ ᠬᠥᠮᠦᠰ ᠲᠤ ᠶᠠᠪᠤᠭᠤᠯᠵᠤ ᠪᠣᠯᠤᠨ᠎ᠠ᠃

   ᠲᠠᠷᠠᠭᠠᠴᠢ ᠶᠢᠨ ᠠᠯᠬᠤᠮ ᠳᠤ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂

ᠣᠳᠣᠬᠠᠨ ᠳᠤ ᠣᠯᠠᠨ ᠡᠭᠦᠰᠴᠦ ᠪᠠᠶᠢᠭ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠬᠡᠷᠡᠭ ᠬᠢᠬᠦ ᠠᠷᠭ᠎ᠠ ᠪᠠᠷᠢᠯ ᠤᠨ ᠲᠣᠭᠤᠷᠢᠨ ᠳᠤ᠂ ᠣᠯᠠᠨ

ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ᠂ ᠤᠬᠠᠭᠤᠯᠭ᠎ᠠ ᠶᠢ ᠨᠠᠷᠢᠯᠢᠭ ᠣᠨᠣᠪᠴᠢᠲᠠᠶ ᠥᠷᠨᠢᠭᠦᠯᠵᠦ᠂ ᠨᠠᠩ ᠣᠯᠠᠨ ᠨᠠᠷᠢᠯᠢᠭ ᠪᠦᠲᠦᠭᠡᠯ ᠭᠠᠷᠭᠠᠵᠤ

ᠦᠵᠡᠭᠴᠢᠳ ᠲᠤ ᠦᠵᠡᠭᠦᠯᠦᠨ᠂ ᠡᠳᠦᠷ ᠲᠤᠲᠤᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠷ᠎ᠠ ᠴᠢᠳᠠᠪᠤᠷᠢ ᠶᠢ ᠨᠠᠩ ᠰᠠᠶᠢᠨ ᠤᠯᠠᠮᠵᠢᠯᠠᠬᠤ᠂ ᠠᠮᠤᠭᠤᠯᠠᠩᠳᠤ

ᠳᠠᠯᠠᠳ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠬᠤᠪᠢ ᠨᠡᠮᠡᠷᠢ ᠦᠵᠡᠭᠦᠯᠰᠦᠭᠡᠢ᠃ ︵ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ

ᠮᠡᠳᠡᠭᠡᠯᠡᠪᠡ︶

    

   

 

ᠢᠷᠡᠯᠲᠡ᠄ ᠣᠷᠳᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ