ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽110 ᠤᠬᠠᠭᠤᠯᠭ᠎ᠠ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2022/3/17
    ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽110 ᠤᠬᠠᠭᠤᠯᠭ᠎ᠠ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ 1 ᠳ᠋ᠦ᠋ᠭᠡᠷ ᠰᠠᠷ᠎ᠠ ᠶᠢᠨ 10 ᠤ ᠡᠳᠦᠷ ᠪᠣᠯ ᠪᠥᠬᠦ ᠤᠯᠤᠰ ᠤᠨ ᠭᠤᠴᠢᠨ ᠵᠢᠷᠭᠤᠳᠤᠭᠠᠷ ︽110 ᠤ ᠤᠬᠠᠭᠤᠯᠭ᠎ᠠ ᠶᠢᠨ ᠡᠳᠦᠷ︾ ᠪᠣᠯᠤᠨ᠎ᠠ᠂ ᠮᠥᠨ ᠴᠦ ᠬᠤᠶᠠᠳᠤᠭᠠᠷ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠪᠣᠯᠤᠨ᠎ᠠ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠠᠶᠢᠨ ᠰᠠᠶᠢᠬᠠᠨ ᠳᠦᠷᠢ ᠲᠥᠷᠬᠦ ᠶᠢ ᠤᠯᠠᠮ ᠨᠢᠭᠡ ᠠᠯᠬᠤᠮ ᠢᠯᠡᠷᠡᠭᠦᠯᠵᠦ᠂ 110 ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠮᠤᠷ ᠢ ᠬᠠᠮᠠᠭᠠᠯᠠᠬᠤ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠶᠢᠨ ᠴᠢᠬᠤᠯᠠ ᠦᠢᠯᠡᠳᠦᠯ ᠢ ᠶᠡᠬᠡᠪᠡᠷ ᠤᠬᠠᠭᠤᠯᠵᠤ᠂ ᠠᠷᠠᠳ ᠣᠯᠠᠨ ᠤ 110 ᠶᠢᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 10 ᠤ ᠦᠳᠡ ᠶᠢᠨ ᠡᠮᠦᠨ᠎ᠡ᠂ ᠳᠠᠷᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠴᠠᠭᠳᠠᠭ᠎ᠠ ᠬᠤᠯᠪᠣᠭᠠᠯᠠᠨ ᠬᠥᠳᠡᠯᠦᠯᠴᠡᠵᠦ᠂ ︽ᠠᠷᠠᠳ ᠲᠦᠮᠡᠨ ᠢ ᠳᠡᠭᠡᠳᠦᠯᠡᠬᠦ 110᠂ ᠡᠷᠡᠯᠬᠡᠭ ᠵᠣᠷᠢᠭ ᠢᠶᠠᠷ ᠰᠢᠨ᠎ᠡ ᠠᠶᠠᠨ ᠢ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ 110 ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠪᠡ᠃

达旗公安1.jpg

    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠶ ᠬᠤᠪᠢ ᠲᠠᠷᠬᠠᠭᠠᠵᠤ᠂

110 ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ 30 ᠵᠤᠷᠪᠤᠰ ᠡᠯᠭᠦᠵᠦ᠂ LED ᠡᠯᠧᠺᠳ᠋ᠷᠣᠨ ᠳᠡᠯᠭᠡᠴᠡ ᠪᠠᠷ ᠤᠬᠠᠭᠤᠯᠭ᠎ᠠ ᠶᠢᠨ ᠹᠢᠯᠢᠮ ᠢ 200 ᠭᠠᠷᠤᠶ

ᠤᠳᠠᠭ᠎ᠠ ᠨᠡᠪᠳᠡᠷᠡᠭᠦᠯᠵᠦ᠂ ᠣᠯᠠᠨ ᠲᠦᠮᠡᠨ ᠤ ᠯᠠᠪᠯᠠᠭ᠎ᠠ ᠶᠢ 200 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠬᠥᠮᠦᠵᠢᠯ ᠭᠥᠷᠳᠡᠭᠰᠡᠨ ᠣᠯᠠᠨ ᠲᠦᠮᠡᠨ

3000 ᠭᠠᠷᠤᠶ ᠪᠠᠶᠢᠪᠠ᠃

    

达旗公安2.jpg

   

    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠤ

ᠳᠣᠲᠣᠨᠣ᠂ ᠠᠷᠠᠳ ᠢ ᠪᠠᠨ ᠬᠠᠶᠢᠷᠠᠯᠠᠬᠤ᠂ ᠠᠷᠠᠳ ᠤᠨ ᠲᠥᠯᠥᠭᠡ ᠭᠡᠬᠦ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠵᠦ᠂ ᠬᠠᠮᠤᠭ ᠤᠨ ᠶᠡᠭᠡ

ᠬᠡᠮᠵᠢᠶ᠎ᠡ ᠪᠠᠷ ᠠᠷᠠᠳ ᠣᠯᠠᠨ ᠤ ᠣᠶᠢᠯᠠᠭᠠᠯᠲᠠ᠂ ᠳᠡᠮᠵᠢᠯᠭᠡ ᠪᠠ ᠢᠲᠡᠭᠡᠯ ᠢ ᠣᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ 110

ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠵᠤ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ ︵

ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠮᠡᠳᠡᠭᠡᠯᠡᠪᠡ︶

 

   

ᠢᠷᠡᠯᠲᠡ᠄ ᠣᠷᠳᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ