| | ᠢᠯᠡᠷᠬᠡᠶᠢᠯᠡᠯᠲᠡ | ᠣᠶᠢᠷ᠎ᠠ ᠳᠤ᠂ ᠣᠯᠠᠨ ᠬᠥᠮᠦᠨ ᠡᠮᠴᠢᠯᠡᠭᠡ ᠶᠢᠨ ᠳᠠᠭᠠᠳᠬᠠᠯ ᠤᠨ ᠲᠠᠩᠰᠠᠨ ᠡᠷᠦᠬᠡ ᠶᠢᠨ ᠬᠡᠷᠡᠭᠯᠡᠯᠲᠡ ᠶᠢ ᠨᠢᠭᠡᠨᠲᠡ ᠵᠣᠭᠰᠤᠭᠠᠭᠰᠠᠨ ᠪᠣᠯᠬᠤᠷ ᠣᠬᠤᠷ | ᠮᠡᠳᠡᠭᠡᠨ ᠳᠠᠬᠢ ᠰᠦᠯᠵᠢᠶᠡᠨ ᠳᠤ ᠳᠠᠩᠰᠠᠯᠠᠭᠤᠯᠵᠤ ᠡᠮᠴᠢᠯᠡᠭᠡ ᠶᠢᠨ ᠳᠠᠭᠠᠳᠬᠠᠯ ᠤᠨ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢᠶᠠᠨ ᠰᠡᠷᠭᠦᠭᠡᠵᠦ ᠲᠠᠰ | ᠳᠡᠪᠰᠢᠭᠦᠯᠬᠦ ᠬᠡᠷᠡᠭᠲᠡᠶ ᠭᠡᠰᠡᠨ ᠣᠬᠤᠷ ᠮᠡᠳᠡᠭᠡᠨ ᠤ ᠮᠡᠳᠡᠭᠳᠡᠯ ᠢ ᠲᠣᠰᠤᠯ᠎ᠠ ᠭᠡᠵᠦ ᠳᠤᠰᠬᠠᠵᠤ ᠪᠠᠶᠢᠨ᠎ᠠ᠃ ᠮᠠᠨ ᠤ ᠲᠣᠪᠴᠢᠶ᠎ᠠ ᠲᠥᠪ ᠴᠢᠩᠭ᠎ᠠ ᠪᠠᠷ ᠢᠯᠡᠷᠭᠡᠶᠢᠯᠡᠬᠦ ᠨᠢ᠂ | ᠲᠣᠰ ᠣᠬᠤᠷ ᠮᠡᠳᠡᠭᠡ ᠪᠣᠯ ᠮᠡᠬᠡᠯᠡᠯ ᠤᠨ ᠣᠬᠤᠷ ᠮᠡᠳᠡᠭᠡ ᠪᠣᠯᠬᠤ ᠶᠤᠮ᠂ ᠮᠠᠨ ᠤ ᠲᠣᠪᠴᠢᠶ᠎ᠠ ᠣᠬᠤᠷ ᠮᠡᠳᠡᠭᠡᠨ ᠤ ᠬᠡᠯᠪᠡᠷᠢ ᠪᠠᠷ ᠡᠶᠢᠮᠦᠷᠬᠦᠦ ᠮᠡᠳᠡᠭᠳᠡᠯ | ᠶᠠᠪᠤᠭᠤᠯᠤᠭᠰᠠᠨ ᠦᠭᠡᠢ᠂ ᠮᠠᠨ ᠤ ᠲᠣᠪᠴᠢᠶ᠎ᠠ ᠶᠢᠨ ᠠᠯᠪᠠᠨ ᠰᠦᠯᠵᠢᠶᠡᠨ ᠤ ᠬᠠᠶ᠋ᠢᠭ ᠤᠨ ᠲᠡᠭᠦᠰᠬᠡᠯ ᠨᠢ ᠪᠦᠷ ylbzj.nmg.gov.cn ᠢᠶᠠᠷ ᠲᠡᠮᠳᠡᠭ ᠪᠣᠯᠭᠠᠵᠤ | ᠂ ᠪᠤᠰᠤᠳ ᠬᠠᠶ᠋ᠢᠭ ᠪᠣᠯ ᠪᠦᠷ ᠬᠠᠭᠤᠷᠮᠠᠭ ᠶᠤᠮ᠃ | ᠣᠯᠠᠨ ᠢᠶᠠᠷ ᠢᠶᠠᠨ ᠪᠢᠲᠡᠭᠡᠶ ᠢᠲᠡᠭᠡᠭᠡᠷᠡᠶ᠂ ᠣᠬᠤᠷ ᠮᠡᠳᠡᠭᠡᠨ ᠳᠠᠬᠢ ᠴᠥᠷᠬᠡᠯᠡᠭᠡ ᠶᠢ ᠪᠢᠲᠡᠭᠡᠶ ᠳᠠᠷᠤᠭᠠᠷᠠᠶ᠂ ᠪᠤᠰᠤᠳ ᠲᠤ ᠳᠠᠮᠵᠢᠭᠤᠯᠬᠤ ᠥᠬᠡᠶ ᠪᠠᠶᠢᠵᠤ᠂ | ᠮᠡᠬᠡᠯᠡᠭᠳᠡᠬᠦ ᠠᠴᠠ ᠪᠣᠯᠭᠤᠮᠵᠢᠯᠠᠭᠠᠷᠠᠶ᠃ | ▲ ᠮᠡᠬᠡᠯᠡᠭᠴᠢ ᠶᠢᠨ ᠶᠠᠪᠤᠭᠤᠯᠤᠭᠰᠠᠨ ᠮᠡᠬᠡᠯᠡᠯ ᠤᠨ ᠣᠬᠤᠷ ᠮᠡᠳᠡᠭᠡ | | | | | | | ᠣᠶᠢᠷ᠎ᠠ ᠳᠤ᠂ ᠨᠢᠭᠡ ᠵᠦᠢᠯ ᠤᠨ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠥᠬᠦ ᠤᠯᠤᠰ ᠲᠤ ᠳᠡᠯᠭᠡᠷᠡᠵᠦ᠂ ᠤᠳᠠᠯ ᠥᠬᠡᠶ ᠰᠦᠷᠴᠢᠮᠡᠯ ᠤᠰᠤ ᠮᠡᠲᠦ | ᠲᠡᠯᠭᠡᠷᠡᠬᠦ ᠬᠠᠨᠳᠤᠰᠢ ᠢᠯᠡᠷᠡᠬᠦ ᠭᠡᠵᠦ ᠪᠣᠢ᠂ ᠡᠷᠬᠡᠪᠰᠢ ᠠᠩᠬᠠᠷᠤᠨ ᠰᠡᠷᠭᠡᠶᠢᠯᠡᠬᠦ ᠬᠡᠷᠡᠭᠲᠡᠶ︕ | ᠮᠠᠰᠢ ᠣᠯᠠᠨ ᠬᠥᠮᠦᠨ ᠭᠠᠷ ᠤᠲᠠᠰᠤᠨ ᠳᠤ ᠪᠠᠨ ᠡᠶᠢᠮᠦ ᠣᠬᠤᠷ ᠮᠡᠳᠡᠭᠡ ᠶᠢ ᠣᠯᠤᠭᠰᠠᠨ ᠤ ᠳᠠᠷᠠᠭ᠎ᠠ ᠬᠡᠳᠦᠨ ᠮᠢᠩᠭ᠎ᠠ ᠠᠴᠠ ᠬᠡᠳᠦᠨ ᠲᠦᠮᠡᠨ ᠲᠥᠭᠦᠷᠢᠭ | ᠮᠡᠬᠡᠯᠡᠭᠳᠡᠵᠦ ᠪᠠᠶᠢᠨ᠎ᠠ᠃ ︽ᠡᠮᠴᠢᠯᠡᠭᠡ ᠶᠢᠨ ᠳᠠᠭᠠᠳᠬᠠᠯ ᠤᠨ ᠺᠠᠷᠲ︾ ᠪᠣᠯ ᠮᠠᠰᠢ ᠣᠯᠠᠨ ᠬᠥᠮᠦᠨ ᠤ ᠠᠮᠢᠳᠤᠷᠠᠯ ᠳᠠᠬᠢ ᠬᠠᠮᠤᠭ ᠤᠨ ᠴᠢᠬᠤᠯᠠ ᠺᠠᠷᠲ ᠤᠨ ᠨᠢᠭᠡ | ᠮᠥᠨ᠃ | ᠡᠶᠢᠮᠦ ᠠᠴᠠ᠂ ᠡᠨᠡ ᠬᠦ ᠣᠬᠤᠷ ᠮᠡᠳᠡᠭᠡ ᠨᠢ ᠬᠡᠳᠦ᠋ᠢᠪᠡᠷ ᠣᠷᠳᠣ ᠪᠢᠰᠢ ᠪᠣᠯᠪᠠᠴᠤ ᠡᠮᠴᠢᠯᠡᠭᠡ ᠶᠢᠨ ᠳᠠᠭᠠᠳᠬᠠᠯ ᠤᠨ ᠺᠠᠷᠲ ᠤᠨ ︿ᠬᠡᠷᠡᠭᠯᠡᠯᠲᠡ ᠶᠢ ᠵᠣᠭᠰᠤᠭᠠᠬᠤ﹀ | ᠭᠡᠰᠡᠨ ᠮᠡᠳᠡᠭᠡ ᠨᠢ ᠬᠥᠮᠦᠰ ᠢ ᠲᠡᠷᠡ ᠳᠤᠤᠷ᠎ᠠ ᠨᠢ ᠪᠠᠴᠢᠮᠳᠠᠵᠤ ᠰᠠᠨᠳᠤᠷᠬᠤ ᠪᠠᠶᠢᠳᠠᠯ ᠳᠤ ᠣᠷᠣᠭᠤᠯᠳᠠᠭ᠃ | ᠬᠥᠮᠦᠨ ᠳᠤ ᠠᠳᠡᠭᠦᠷᠡᠯ ᠪᠣᠯᠬᠤ ᠠᠴᠠ ᠵᠠᠶᠢᠯᠠᠰᠬᠢᠵᠦ᠂ ᠠᠵᠤ ᠠᠬᠤᠶ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠤ ᠶᠢᠨ ᠲᠥᠯᠥᠭᠡ᠂ ᠵᠢᠷᠤᠭ ᠲᠠᠬᠢ | ᠰᠦᠯᠵᠢᠶᠡᠨ ᠤ ᠬᠠᠶ᠋ᠢᠭ ᠢ ᠪᠠᠯᠠᠷᠬᠠᠶ ᠦᠵᠡᠭᠦᠯᠪᠡ᠃ ᠪᠢᠳᠠ ᠡᠨᠡ ᠣᠬᠤᠷ ᠮᠡᠳᠡᠭᠡᠨ ᠳᠠᠬᠢ ᠰᠦᠯᠵᠢᠶᠡᠨ ᠬᠠᠶ᠋ᠢᠭ ᠢ ᠦᠵᠡᠶ᠎ᠡ᠂ ᠨᠡᠭᠡᠭᠡᠭᠰᠡᠨ ᠤ ᠳᠠᠷᠠᠭ᠎ᠠ ᠴᠣᠬᠤᠮ ᠶᠠᠮᠠᠷ | ᠶᠠᠩᠵᠤ ᠶᠢᠨ ᠪᠣᠯ︖ | ᠣᠯᠠᠨ ᠤ ᠮᠡᠳᠡᠭᠡᠵᠢ ᠪᠠᠷ᠂ ᠠᠯᠢ ᠴᠤ ᠰᠦᠯᠵᠢᠶ᠎ᠡ ᠭᠡᠰᠡᠨ ᠥᠬᠡᠶ᠂ ᠵᠥᠪᠬᠡᠨ ᠨᠡᠯᠢᠶᠡᠳ ᠪᠠᠴᠢᠮ᠂ ᠬᠠᠮᠤᠭ ᠤᠨ ᠴᠢᠬᠤᠯᠠ ᠵᠦᠢᠯ ᠲᠤ ᠯᠡ ︽ᠲᠦᠷᠦᠭᠦᠦ | ᠨᠢᠭᠤᠷ ᠤᠨ ᠬᠠᠷᠢᠮᠠᠭ ᠴᠣᠩᠬᠤ︾ ᠶᠢᠨ ᠬᠡᠯᠪᠡᠷᠢ ᠪᠠᠷ ᠮᠡᠳᠡᠭᠳᠡᠳᠡᠭ᠃ | | | | | | ᠮᠡᠬᠡᠯᠡᠯ ᠤᠨ ᠰᠦᠯᠵᠢᠶ᠎ᠡ ᠴᠦ ᠡᠨᠡ ᠬᠦ ᠳᠠᠳᠬᠠᠯ ᠢᠶᠠᠨ ᠦᠷᠭᠦᠯᠵᠢᠯᠡᠨ ᠬᠡᠷᠡᠭᠯᠡᠵᠦ᠂ ᠨᠢᠭᠡ ᠰᠠᠨᠠᠭᠤᠯᠤᠮᠵᠢ ᠶᠢᠨ ᠬᠦᠷᠢᠶ᠎ᠡ ᠵᠣᠬᠢᠶᠠᠵᠤ᠂ ︽ᠬᠠᠭᠤᠴᠢᠨ | ᠡᠮᠴᠢᠯᠡᠭᠡ ᠶᠢᠨ ᠳᠠᠭᠠᠳᠬᠠᠯ ᠤᠨ ᠺᠠᠷᠲ︾ ᠢ ᠤᠳᠠᠯ ᠦᠭᠡᠢ ᠬᠦᠴᠦᠨ ᠥᠬᠡᠶ ᠪᠣᠯᠭᠠᠬᠤ ᠭᠡᠵᠦ ᠪᠠᠶᠢᠭ᠎ᠠ ᠶᠢ ᠳᠠᠬᠢᠨ ᠰᠠᠨᠠᠭᠤᠯᠵᠤ ᠮᠡᠳᠡᠭᠳᠡᠨ᠂ ︽ᠰᠢᠨ᠎ᠡ | ᠡᠮᠴᠢᠯᠡᠭᠡ ᠶᠢᠨ ᠳᠠᠭᠠᠳᠬᠠᠯ ᠤᠨ ᠺᠠᠷᠲ︾ ᠠᠪᠬᠤ ᠭᠠᠷ ᠭᠦᠢᠴᠡᠳᠭᠡᠯ ᠬᠢᠬᠦ ᠶᠢ ᠰᠠᠨᠠᠭᠤᠯᠬᠤ ᠨᠢ ᠦᠨᠡᠨ ᠬᠦ ︽ᠵᠢᠩᠬᠢᠨᠢ︾ ᠲᠥᠷᠦᠭᠳᠡᠯ ᠥᠭᠳᠡᠭ᠃ ︽ᠳᠠᠷᠤᠶ | ᠲᠦᠷᠭᠡᠨ ᠬᠦᠢᠴᠡᠳᠭᠡᠬᠦ︾ ᠶᠢ ᠲᠣᠪᠴᠢᠳᠠᠪᠠᠯ᠂ ᠲᠣᠮᠤ ᠤᠯᠠᠭᠠᠨ ᠤᠯᠤᠰ ᠤᠨ ᠰᠦᠯᠳᠡ ᠳᠠᠷᠤᠮᠠᠯᠯᠠᠭᠰᠠᠨ ᠰᠦᠯᠵᠢᠶ᠎ᠡ ᠰᠢᠭᠤᠳ ᠨᠡᠭᠡᠭᠡᠭᠳᠡᠨ᠎ᠡ᠃ | | | | ᠬᠠᠷᠢᠴᠠᠭᠤᠯᠵᠤ ᠦᠵᠡᠪᠡᠯ᠂ ᠳᠤᠤᠷᠠᠬᠢ ᠦᠨᠡᠨ ︽ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ︾ ᠶᠢᠨ ᠠᠯᠪᠠᠨ ᠰᠦᠯᠵᠢᠶ᠎ᠡ ᠲᠠᠢ | ᠦᠨᠳᠦᠰᠦᠨ ᠳᠤ ᠪᠠᠨ ᠠᠳᠠᠯᠢᠬᠠᠨ ᠪᠠᠶᠢᠵᠤ᠂ ᠡᠩ ᠤᠨ ᠬᠥᠮᠦᠨ ᠢᠯᠭᠠᠬᠤ ᠳᠤ ᠪᠡᠷᠬᠡ ᠶᠤᠮ᠃ | | | | ᠵᠥᠪᠬᠡᠨ ᠬᠤᠶᠠᠷ ᠵᠦᠢᠯ ᠢ ᠣᠷᠣᠭᠤᠯᠬᠤ ᠠᠴᠠ ᠮᠡᠳᠡᠵᠦ ᠪᠣᠯᠤᠨ᠎ᠠ᠄ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ᠂ ᠰᠦᠯᠵᠢᠶᠡᠨ ᠳᠤ ᠳᠠᠩᠰᠠᠯᠠᠭᠤᠯᠬᠤ ᠳᠤ | ᠦᠷᠭᠦᠯᠵᠢ ᠲᠣᠬᠢᠶᠠᠯᠳᠤᠳᠠᠭ ︽ᠭᠠᠷ ᠤᠲᠠᠰᠤ ᠪᠠᠨ ᠬᠤᠯᠪᠤᠬᠤ︾ ᠪᠠ ︽ᠰᠢᠯᠭᠠᠨ ᠪᠠᠲᠤᠯᠠᠬᠤ ᠨᠣᠮᠧᠷ ᠣᠷᠣᠭᠤᠯᠬᠤ︾ ᠵᠡᠷᠭᠡ ᠪᠡᠶ᠎ᠡ ᠶᠢᠨ ᠭᠠᠷᠤᠯ ᠢ ᠭᠡᠷᠡᠴᠢᠯᠡᠬᠦ | ᠶᠠᠪᠤᠴᠠ ᠦᠭᠡᠢ᠂ ᠡᠨᠡ ᠨᠢ ᠳᠠᠷᠤᠶ᠄ ᠪᠢ ᠬᠡᠨ ᠢ ᠪᠠᠢᠴᠠᠭᠠᠶᠠ ᠭᠡᠪᠡᠯ ᠬᠡᠨ ᠢ ᠪᠠᠢᠴᠠᠭᠠᠨ᠎ᠠ︖ ᠡᠨᠡ ᠨᠢ ᠰᠦᠯᠵᠢᠶᠡᠨ ᠤ ᠠᠮᠤᠷ ᠲᠦᠪᠰᠢᠨ ᠤ ᠪᠠᠷᠢᠮᠵᠢᠶ᠎ᠠ ᠳᠤ | ᠨᠡᠢᠴᠡᠬᠦ ᠦᠭᠡᠢ ᠨᠢ ᠢᠯᠡᠷᠬᠡᠶ ᠮᠡᠳᠡᠭᠳᠡᠨ᠎ᠡ᠃ | ᠭᠡᠪᠡᠴᠦ᠂ ᠬᠡᠷᠪᠡ ᠨᠠᠷᠢᠨ ᠪᠤᠳᠤᠯᠢᠶᠠᠨᠲᠠᠶ ᠭᠡᠷᠡᠴᠢᠯᠡᠬᠦ ᠶᠠᠪᠤᠴᠠ ᠶᠢ ᠲᠣᠬᠢᠷᠠᠭᠤᠯᠤᠭᠰᠠᠨ ᠪᠣᠯ ᠣᠶᠤᠨᠴᠢ ᠭᠠᠷ ᠤᠲᠠᠰᠤ ᠶᠢ ᠴᠢᠳᠠᠮᠠᠭᠠᠢ ᠣᠷᠣᠯᠳᠤᠵᠤ ᠴᠢᠳᠠᠬᠤ | ᠥᠬᠡᠶ ᠪᠤᠶᠤ ᠶᠠᠷᠰᠢᠭ ᠲᠦᠪᠡᠭ ᠠᠴᠠ ᠠᠶᠤᠳᠠᠭ ᠢᠳᠡᠷ ᠥᠲᠡᠯᠦᠭᠡ ᠨᠠᠰᠤᠨ ᠤ ᠬᠥᠮᠦᠰ ᠢ ᠰᠢᠭᠤᠳ ᠢᠳᠬᠠᠵᠤ ᠪᠤᠴᠠᠭᠠᠭᠰᠠᠨ ᠶᠠᠪᠤᠳᠠᠯ ᠪᠣᠯᠤᠨ᠎ᠠ᠃ ᠡᠶᠢᠮᠦ ᠠᠴᠠ | ᠮᠡᠬᠡᠯᠡᠭᠴᠢ ᠶᠢᠨ ᠬᠢᠭᠰᠡᠨ ᠨᠢ ᠲᠡᠶᠢᠮᠦ ᠦᠨᠡᠨ ᠪᠣᠳᠠᠲᠠᠶ ᠪᠢᠰᠢ᠂ ᠲᠡᠶᠢᠮᠦ ᠰᠠᠶᠢᠨ ᠪᠢᠰᠢ ᠶᠤᠮ᠂ ᠬᠠᠷᠢᠨ ︽ᠮᠡᠬᠡᠯᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ | ᠪᠣᠯᠭᠠᠭᠰᠠᠨ︾ ᠶᠠᠪᠤᠳᠠᠯ ᠮᠥᠨ᠃ | | | | | ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠣᠷᠣᠭᠤᠯᠤᠭᠰᠠᠨ ᠤ ᠳᠠᠷᠠᠭ᠎ᠠ᠂ ᠰᠠᠨᠠᠭᠤᠯᠤᠮᠵᠢ ᠶᠢᠨ ᠬᠠᠭᠤᠳᠠᠰᠤ ᠳᠠᠬᠢᠨᠲᠠ ᠢᠯᠡᠷᠡᠵᠦ᠂ ᠨᠢᠭᠡᠨᠲᠡ | ᠳᠠᠩᠰᠠᠯᠠᠭᠤᠯᠤᠭᠰᠠᠨ ᠢ ᠭᠡᠷᠡᠴᠢᠯᠡᠬᠦ ᠶᠢᠨ ᠬᠠᠮᠲᠤ ᠪᠠᠶᠢᠴᠠᠭᠠᠨ ᠯᠠᠪᠯᠠᠭᠰᠠᠨ ᠦᠷ᠎ᠡ ᠳ᠋ᠦᠩ ᠢ ᠮᠡᠳᠡᠭᠳᠡᠨ᠎ᠡ᠄ ᠡᠮᠴᠢᠯᠡᠭᠡ ᠶᠢᠨ ᠳᠠᠭᠠᠳᠬᠠᠯ ᠤᠨ ᠺᠠᠷᠲ ᠦᠨᠡᠨ ᠬᠦ ︽ | ᠬᠠᠭᠤᠴᠢᠨ ᠬᠡᠪ︾ ᠪᠣᠯᠬᠤᠷ ᠳᠠᠷᠤᠶ ᠳᠤ ᠨᠢ ᠭᠠᠷ ᠭᠦᠢᠴᠡᠳᠭᠡᠯ ᠬᠢᠬᠦ ᠬᠡᠷᠡᠭᠲᠡᠶ︕ ᠦᠨᠡᠨ ᠳᠤ ᠪᠠᠨ ᠴᠢ ᠳᠤᠷ᠎ᠠ ᠶᠢᠨ ᠨᠢᠭᠡ ᠨᠡᠷ᠎ᠡ ᠶᠢ ᠣᠷᠣᠭᠤᠯᠤᠭᠰᠠᠨ ᠴᠤ ᠪᠦᠷ | ᠠᠳᠠᠯᠢᠬᠠᠨ ᠦᠷ᠎ᠡ ᠳ᠋ᠦᠩ ᠣᠯᠤᠨ᠎ᠠ᠃ | ᠵᠠᠯᠭᠠᠭᠠᠳ ᠨᠠᠩ ᠣᠯᠠᠨ ᠮᠡᠳᠡᠭᠡ ᠵᠠᠩᠭᠢ ᠶᠢᠨ ᠮᠠᠲ᠋ᠧᠷᠢᠶᠠᠯ ᠢ ᠭᠦᠢᠴᠡᠳᠭᠡᠬᠦ ᠬᠡᠷᠡᠭᠲᠡᠢ᠃ | | | | ᠭᠦᠢᠴᠡᠳᠭᠡᠬᠦ ᠴᠢᠬᠤᠯᠠᠲᠠᠶ ᠮᠠᠲ᠋ᠧᠷᠢᠶᠠᠯ ᠨᠢ ᠵᠥᠪᠬᠡᠨ ᠭᠤᠷᠪᠠᠭ᠋ᠠᠨ ᠵᠦᠢᠯ᠂ ᠲᠡᠳᠦᠢ ᠪᠤᠳᠤᠯᠢᠶᠠᠨᠲᠠᠶ ᠪᠢᠰᠢ᠂ ᠭᠡᠪᠡᠴᠦ ᠡᠨᠡ ᠨᠢ ᠮᠡᠬᠡᠯᠡᠭᠴᠢ ᠵᠣᠭᠤᠰ ᠢ | ᠭᠠᠷ ᠲᠤ ᠪᠠᠨ ᠣᠷᠣᠭᠤᠯᠬᠤ ᠳᠤ ᠬᠦᠷᠴᠢᠬᠡᠨ᠎ᠡ᠃ | ᠠᠳᠡ ︽ᠳᠠᠩᠰᠠᠨ ᠡᠷᠦᠬᠡ ᠶᠢᠨ ᠦᠯᠡᠳᠡᠪᠦᠷᠢ︾ ᠶᠢ ᠣᠷᠣᠭᠤᠯᠬᠤ ᠶᠢ ᠠᠩᠬᠠᠷᠤᠭᠠᠷᠠᠶ᠃ ᠮᠡᠬᠡᠯᠡᠬᠦ ᠠᠴᠠ ᠭᠠᠳᠠᠨ᠎ᠠ᠂ ᠶᠠᠮᠠᠷ ᠪᠠᠶᠢᠳᠠᠯ ᠳᠤ ᠴᠤ ᠡᠨᠡ ᠲᠤᠭ᠎ᠠ ᠶᠢ | ᠬᠠᠩᠭᠠᠬᠤ ᠶᠢ ᠱᠠᠭᠠᠷᠳᠠᠳᠠᠭ ᠦᠭᠡᠢ᠃ ᠡᠨᠡ ᠨᠢ ᠮᠡᠬᠡᠯᠡᠭᠴᠢ ᠵᠠᠯᠭᠠᠭᠠᠳ ᠳᠠᠩᠰᠠ ᠰᠢᠯᠵᠢᠭᠦᠯᠬᠦ ᠠᠵᠢᠯᠯᠠᠭ᠎ᠠ ᠬᠢᠬᠦ ᠠᠴᠠ ᠪᠣᠯᠤᠭᠰᠠᠨ ᠶᠤᠮ᠂ ᠬᠡᠷᠪᠡ ᠳᠠᠩᠰᠠ | ᠰᠢᠯᠵᠢᠭᠦᠯᠬᠦ ᠲᠤᠭ᠎ᠠ ᠨᠢ ᠦᠯᠡᠳᠡᠪᠦᠷᠢ ᠲᠤᠭ᠎ᠠ ᠠᠴᠠ ᠬᠡᠲᠦᠷᠡᠭᠰᠡᠨ ᠪᠣᠯ ᠳᠠᠩᠰᠠ ᠰᠢᠯᠵᠢᠭᠦᠯᠬᠦ ᠶᠢᠨ ᠠᠷᠭ᠎ᠠ ᠦᠭᠡᠢ ᠪᠣᠯᠤᠨ᠎ᠠ᠂ ᠡᠨᠡ ᠨᠢ ᠮᠡᠬᠡᠯᠡᠭᠴᠢ ᠳᠤ ᠠᠪᠴᠤ | ᠬᠡᠯᠡᠪᠡᠯ ᠲᠦᠢᠯ ᠤᠨ ᠴᠢᠬᠤᠯᠠ ᠶᠤᠮ︕ | | | ᠡᠨᠡ ᠬᠦ ︽ᠰᠢᠯᠭᠠᠨ ᠪᠠᠶᠢᠴᠠᠭᠠᠬᠤ ᠮᠡᠳᠡᠭᠡ ᠵᠠᠩᠭᠢ︾ ᠶᠢᠨ ᠨᠢᠭᠤᠷ ᠬᠡᠳᠦᠨ ᠮᠢᠨᠦ᠋ᠲ ᠵᠣᠭᠰᠣᠳᠠᠭ᠃ ᠦᠨᠡᠨ ᠳᠤ ᠪᠠᠨ ᠡᠨᠡ ᠪᠣᠯ ᠮᠡᠬᠡᠯᠡᠭᠴᠢ ᠶᠢᠨ | ᠤᠷᠢᠳᠴᠢᠯᠠᠨ ᠦᠯᠡᠳᠡᠭᠡᠭᠰᠡᠨ ︽ᠪᠡᠯᠡᠳᠬᠡᠬᠦ ᠴᠠᠭ︾ ᠪᠣᠯᠤᠨ᠎ᠠ᠃ | ᠮᠡᠬᠡᠯᠡᠭᠴᠢ ︽ᠮᠡᠬᠡᠯᠡᠭᠳᠡᠭᠴᠢ︾ ᠶᠢᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠡᠯ᠎ᠡ ᠵᠦᠢᠯ ᠤᠨ ᠲᠠᠩᠰᠠ ᠰᠢᠯᠵᠢᠭᠦᠯᠬᠦ ᠠᠵᠢᠯᠯᠠᠭᠠᠨ ᠤ ᠪᠡᠯᠡᠳᠬᠡᠯ ᠠᠵᠢᠯ ᠢ | ᠳᠠᠷᠤᠶ ᠲᠦᠷᠭᠡᠨ ᠰᠠᠶᠢᠲᠤᠷ ᠭᠦᠢᠴᠡᠳᠬᠡᠨ᠎ᠡ᠂ ᠡᠭᠦᠨ ᠳᠤ ᠲᠠᠩᠰᠠ ᠰᠢᠯᠵᠢᠭᠦᠯᠬᠦ ᠵᠣᠭᠤᠰ ᠤᠨ ᠲᠤᠭ᠎ᠠ ᠶᠢ ᠣᠷᠣᠭᠤᠯᠬᠤ᠂ ᠲᠠᠩᠰᠠ ᠰᠢᠯᠵᠢᠭᠦᠯᠬᠦ ᠭᠤᠶᠤᠴᠢᠯᠠᠯ | ᠲᠤᠰᠢᠶᠠᠬᠤ ᠵᠡᠷᠭᠡ ᠠᠯᠬᠤᠮ ᠳᠠᠷᠠᠭ᠎ᠠ ᠢ ᠪᠠᠭᠲᠠᠭᠠᠨ᠎ᠠ᠃ ᠮᠡᠬᠡᠯᠡᠭᠴᠢ ᠠᠯᠢᠪᠠ ᠶᠢ ᠪᠡᠯᠡᠳᠬᠡᠭᠰᠡᠨ ᠤ ᠳᠠᠷᠠᠭ᠎ᠠ᠂ ᠭᠠᠷ ᠤᠲᠠᠰᠤᠨ ᠳᠤ ᠴᠢᠨᠢ ᠣᠬᠤᠷ ᠮᠡᠳᠡᠭᠡ ᠪᠠᠷ | ᠰᠢᠯᠭᠠᠨ ᠪᠠᠲᠤᠯᠠᠬᠤ ᠨᠣᠮᠧᠷ ᠢ ᠢᠷᠡᠭᠦᠯᠬᠦ ᠶᠢᠨ ᠬᠠᠮᠲᠤ ᠬᠠᠭᠤᠳᠠᠰᠤ ᠰᠣᠯᠢᠭᠳᠠᠵᠤ ᠳᠠᠷᠠᠭ᠎ᠠ ᠠᠯᠬᠤᠮ ᠳᠤ ᠰᠢᠯᠵᠢᠨ᠎ᠡ᠃ | | | | ᠬᠡᠳᠦ᠋ᠢᠪᠡᠷ ᠰᠢᠯᠭᠠᠨ ᠪᠠᠲᠤᠯᠠᠬᠤ ᠺᠣᠳ᠋ ᠲᠤ ︽ᠪᠤᠰᠤᠳ ᠬᠥᠮᠦᠨ ᠳᠤ ᠪᠢᠲᠡᠭᠡᠶ ᠵᠠᠳᠠᠷᠠᠭᠤᠯ︾ ᠭᠡᠵᠦ ᠰᠠᠨᠠᠭᠤᠯᠤᠭᠰᠠᠨ ᠪᠣᠯᠪᠠᠴᠤ᠂ ᠠᠳᠡ ᠰᠦᠯᠵᠢᠶᠡᠨ ᠳᠤ | ᠣᠷᠣᠭᠤᠯᠤᠭᠰᠠᠨ ᠠᠴᠠ ᠪᠢᠰᠢ ︽ᠪᠤᠰᠤᠳ ᠬᠥᠮᠦᠨ ᠳᠤ ᠥᠭᠭᠦᠭᠰᠡᠨ︾ ᠦᠭᠡᠢ︕ | | | | 【 ᠠᠩᠬᠠᠷᠤᠭᠠᠷᠠᠶ 】᠂ ᠰᠢᠯᠭᠠᠨ ᠪᠠᠲᠤᠯᠠᠬᠤ ᠺᠣᠳ᠋᠂ ᠪᠠᠰᠠ ᠴᠤ ᠬᠤᠪᠢ ᠬᠥᠮᠦᠨ ᠤ ᠳᠠᠩᠰᠠ ᠶᠢᠨ ᠬᠠᠮᠤᠭ ᠰᠡᠭᠦᠯᠴᠢ ᠶᠢᠨ ᠰᠡᠷᠭᠡᠶᠢᠯᠡᠯᠲᠡ ᠶᠢᠨ ᠱᠤᠭᠤᠮ᠃ | ᠣᠯᠠᠩᠬᠢ ᠬᠥᠮᠦᠰ ᠰᠢᠯᠭᠠᠨ ᠪᠠᠲᠤᠯᠠᠬᠤ ᠺᠣᠳ᠋ ᠢ ᠣᠯᠤᠭᠰᠠᠨ ᠤ ᠳᠠᠷᠠᠭ᠎ᠠ ᠣᠬᠤᠷ ᠮᠡᠳᠡᠭᠡᠨ ᠤ ᠮᠡᠬᠡᠯᠡᠬᠦ ᠶᠢ ᠰᠡᠷᠭᠡᠶᠢᠯᠡᠬᠦ ᠠᠭᠤᠯᠭ᠎ᠠ ᠶᠢ ᠨᠠᠷᠢᠨ ᠬᠢᠨᠠᠮᠠᠭᠠᠶ ᠤᠩᠰᠢᠳᠠᠭ | ᠥᠬᠡᠶ᠂ ᠬᠠᠷᠢᠨ ᠪᠣᠶ ᠪᠥᠬᠦᠶ ᠠᠩᠬᠠᠷᠤᠯ ᠢᠶᠠᠨ ᠴᠥᠮ ᠲᠡᠷᠡ ᠬᠦ 6 ᠣᠷᠣᠨᠲᠤ ᠬᠥᠬᠡ ᠬᠡᠷᠡᠯ ᠰᠠᠴᠤᠷᠠᠭᠰᠠᠨ ᠲᠤᠭ᠎ᠠ ᠳᠡᠭᠡᠷ᠎ᠡ ᠲᠠᠯᠪᠢᠵᠤ᠂ ᠨᠢᠭᠡ ᠣᠷᠣᠨ ᠢ ᠴᠤ | ᠪᠤᠷᠤᠭᠤ ᠴᠡᠭᠡᠵᠢᠯᠡᠬᠦ ᠠᠴᠠ ᠠᠶᠤᠳᠠᠭ᠃ ᠪᠣᠳᠣᠵᠤ ᠦᠵᠡᠭᠡᠴᠢ᠂ ᠲᠠ ᠡᠶᠢᠮᠦ ᠳᠠᠳᠬᠠᠯ ᠲᠠᠢ ᠦᠦ︖ ᠮᠡᠬᠡᠯᠡᠭᠴᠢ ᠶᠢᠨ ︽1 ᠮᠢᠨᠦ᠋ᠲ ᠤᠨ ᠳᠣᠲᠣᠷ᠎ᠠ | ᠬᠦᠴᠦᠨ ᠲᠠᠢ︾ ᠭᠡᠬᠦ ᠰᠡᠳᠬᠢᠴᠡ ᠶᠢᠨ ᠲᠣᠬᠢᠶᠠᠨ ᠳᠤ ᠰᠢᠯᠭᠠᠨ ᠪᠠᠲᠤᠯᠠᠬᠤ ᠺᠣᠳ᠋ ᠢ ᠳᠠᠷᠤᠶ ᠲᠦᠷᠭᠡᠨ ᠲᠠᠭᠯᠠᠬᠤ ᠬᠡᠷᠡᠭᠲᠡᠶ᠃ ᠣᠯᠤᠭᠰᠠᠨ ᠦᠷ᠎ᠡ ᠳ᠋ᠦᠩ ᠪᠣᠯ | ᠳᠠᠷᠤᠶ ᠳᠠᠩᠰᠠ ᠳᠣᠲᠣᠷᠠᠬᠢ ᠵᠣᠭᠤᠰ ᠢ ᠰᠢᠯᠵᠢᠭᠦᠯᠪᠡ᠃ ᠢᠩᠭᠢᠭᠡᠳ ᠪᠠᠷᠠᠴᠢᠬᠠᠨ᠎ᠠ ᠤᠤ︖ | ᠶᠠᠷᠢᠶᠠᠨ ᠦᠭᠡᠢ ᠲᠡᠶᠢᠮᠦ ᠪᠢᠰᠢ᠂ ᠵᠠᠯᠭᠠᠭᠠᠳ ᠲᠠᠨ ᠤ ᠣᠯᠵᠤ ᠦᠵᠡᠬᠦ ᠨᠢᠭᠤᠷ ᠪᠣᠯ᠄ ᠰᠢᠯᠭᠠᠨ ᠪᠠᠲᠤᠯᠠᠬᠤ ᠺᠣᠳ᠋ ᠴᠢᠨᠢ ᠪᠤᠷᠤᠭᠤ ᠪᠤᠶᠤ ᠰᠢᠯᠭᠠᠨ ᠪᠠᠲᠤᠯᠠᠬᠤ | ᠺᠣᠳ᠋ ᠢ ᠣᠷᠣᠭᠤᠯᠬᠤ ᠴᠠᠭ ᠬᠡᠲᠦᠷᠡᠭᠰᠡᠨ᠂ ᠳᠠᠬᠢᠨ ᠣᠷᠣᠭᠤᠯᠤᠭᠠᠷᠠᠶ︕ | | | | ᠡᠨᠡ ᠪᠣᠯ ᠮᠡᠬᠡᠯᠡᠭᠴᠢ ᠠᠴᠠ ᠳᠠᠬᠢᠨ ᠳᠠᠪᠲᠠᠨ ᠨᠢᠭᠡ ᠬᠡᠰᠡᠭ ᠵᠣᠭᠤᠰ ᠢ ᠰᠢᠨ᠎ᠡ ᠳᠠᠩᠰᠠᠨ ᠳᠤ ᠰᠢᠯᠵᠢᠭᠦᠯᠬᠦ ᠪᠠᠨ ᠡᠬᠢᠯᠡᠭᠦᠯᠦᠭᠰᠡᠨ ᠶᠠᠪᠤᠳᠠᠯ ᠪᠣᠯᠤᠨ᠎ᠠ᠂ ᠬᠡᠷᠪᠡ | ᠱᠠᠭᠠᠷᠳᠠᠯᠭ᠎ᠠ ᠶᠣᠰᠤ ᠪᠠᠷ ᠳᠠᠬᠢᠨ ᠳᠠᠪᠲᠠᠨ ᠣᠷᠣᠭᠤᠯᠪᠠᠯ᠂ ᠳᠠᠩᠰᠠᠨ ᠳᠣᠲᠣᠷᠠᠬᠢ ᠵᠣᠭᠤᠰ ᠴᠢᠨᠢ ᠮᠠᠰᠢ ᠬᠤᠷᠳᠤᠨ ᠬᠤᠭᠤᠰᠣᠷᠠᠨ᠎ᠠ᠃ | ᠣᠯᠠᠨ ᠢᠶᠠᠷ ᠢᠶᠠᠨ ᠬᠠᠷᠢᠯᠴᠠᠨ ᠳᠠᠮᠵᠢᠭᠤᠯᠵᠤ᠂ ᠤᠷᠢᠳᠴᠢᠯᠠᠨ ᠰᠡᠷᠭᠡᠶᠢᠯᠡᠬᠦ ᠪᠣᠯᠪᠠᠤ︕ | |