ᠠᠶᠤᠯ ᠲᠠᠢ︕ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠭᠰᠢᠭᠦᠷᠢ  ᠶᠢᠨ  ᠰᠠᠨᠠᠭᠤᠯᠤᠮᠵᠢ ᠨᠡᠶᠢᠲᠡᠯᠡᠪᠡ ︕  ᠲᠠᠨ ᠤ ᠵᠣᠭᠤᠰᠣᠨ ᠤᠭᠤᠲᠠ ᠲᠠᠢ ᠬᠤᠯᠪᠤᠭᠳᠠᠨ᠎ᠠ
ᠨᠡᠶᠢᠲᠡᠯᠡᠭᠰᠡᠨ ᠴᠠᠭ᠄
2022/3/17
   3 ᠰᠠᠷ᠎ᠠ ᠶᠢᠨ 14  ᠤ  ᠡᠳᠦᠷ᠂  ᠪᠠᠩᠬᠢ ᠳᠠᠭᠠᠳᠬᠠᠯ ᠤᠨ ᠬᠢᠨᠠᠯᠲᠠ  ᠬᠠᠮᠢᠶᠠᠷᠤᠯᠲᠠ ᠶᠢᠨ  ᠵᠥᠪᠯᠡᠯ  《ᠬᠡᠲᠦ ᠵᠢᠭᠡᠯᠡᠯᠭᠡ ᠪᠣᠷᠣᠯᠠᠭᠤᠯᠭ᠎ᠠ ᠠᠴᠠ  ᠪᠣᠯᠤᠭᠰᠠᠨ  ᠲᠦᠭᠰᠢᠭᠦᠷᠢ ᠶᠢ   ᠰᠡᠷᠡᠮᠵᠢᠯᠡᠬᠦ ᠲᠤᠬᠠᠶ ᠰᠠᠨᠠᠭᠤᠯᠤᠮᠵᠢ》 ᠨᠡᠶᠢᠲᠡᠯᠡᠪᠡ᠂ ᠣᠳᠣᠬᠠᠨ ᠳᠤ᠂ ᠢᠲᠡᠭᠡᠮᠵᠢ ᠶᠢᠨ ᠺᠠᠷᠲ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠬᠤᠪᠢ ᠬᠥᠮᠦᠨ ᠤ  ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠨᠢ ᠡᠯ᠎ᠡ ᠵᠣᠶᠢᠯ ᠤᠨ ᠬᠡᠷᠡᠭᠯᠡᠭᠡ ᠲᠠᠢ  ᠭᠦᠨ  ᠤᠶᠠᠯᠳᠤᠵᠤ᠂  ᠵᠣᠬᠢᠬᠤ ᠬᠡᠮᠵᠢᠶᠡᠨ ᠳᠡᠭᠡᠷ᠎ᠡ ᠠᠮᠢᠳᠤᠷᠠᠯ ᠳᠤ ᠲᠥᠬᠦᠮ ᠦᠵᠡᠭᠦᠯᠵᠦ᠂  ᠴᠠᠭ  ᠲᠤᠬᠠᠶ ᠳᠤᠨᠢ ᠳᠥᠯᠥᠬᠦ ᠳᠠᠷᠤᠯᠲᠠ ᠶᠢ ᠬᠥᠩᠭᠡᠷᠡᠭᠦᠯᠪᠡ᠂  ᠭᠡᠪᠡᠴᠦ ᠬᠡᠷᠡᠭᠯᠡᠭᠴᠢᠳ ᠬᠡᠷᠪᠡ ᠣᠯᠠᠨ ᠤᠳᠠᠭ᠎ᠠ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢ ᠳᠠᠪᠬᠤᠷᠯᠠᠨ ᠬᠡᠷᠡᠭᠯᠡᠪᠡᠯ᠂ ᠬᠡᠲᠦ ᠥᠷᠢᠲᠦᠬᠦ᠂ ᠢᠲᠡᠭᠡᠮᠵᠢ ᠠᠯᠳᠠᠵᠦ ᠬᠤᠬᠢᠷᠠᠬᠤ ᠵᠡᠷᠭᠡ ᠠᠶᠤᠯ ᠲᠦᠭᠰᠢᠭᠦᠷᠢ ᠶᠢ ᠠᠮᠠᠷᠬᠠᠨ ᠡᠭᠦᠰᠭᠡᠳᠡᠭ᠃ ᠣᠶᠢᠷ᠎ᠠ ᠶᠢᠨ ᠵᠢᠯ ᠠᠴᠠ ᠨᠠᠭᠠᠰᠢ᠂ ᠬᠡᠷᠡᠭᠯᠡᠭᠴᠢᠳ ᠤᠨ ᠵᠠᠭᠠᠯᠳᠤᠯᠭ᠎ᠠ ᠶᠢ ᠬᠡᠳᠦ ᠢᠲᠡᠭᠡᠮᠵᠢ ᠣᠯᠭᠤᠬᠤ᠂ ᠢᠲᠡᠭᠡᠮᠵᠢ ᠶᠢᠨ ᠺᠠᠷᠲ ᠤᠨ ᠬᠤᠭᠤᠴᠠᠭ᠎ᠠ ᠬᠤᠪᠢᠶᠠᠭᠰᠠᠨ ᠭᠠᠷ ᠭᠦᠢᠴᠡᠳᠬᠡᠯ ‍ᠦᠨ‌‍ᠰᠦ᠋ᠢᠳᠬᠡᠯ ᠪᠤᠶᠤ ᠪᠣᠯᠵᠤᠭ᠎ᠠ ᠵᠥᠷᠢᠴᠡᠭᠰᠡᠨ ᠮᠥᠩᠭᠦ ᠥᠨᠳᠥᠷ᠂  ᠬᠦᠴᠦᠷᠬᠡᠭᠯᠡᠯ ᠢᠶᠠᠷ  ᠨᠡᠬᠡᠵᠦ  ᠠᠪᠬᠤ ᠵᠡᠷᠭᠡ ᠪᠠᠶᠢᠳᠠᠯ ᠪᠠᠶᠢᠨ ᠳᠠᠬᠢᠨ  ᠭᠠᠷᠴᠤ  ᠪᠠᠶᠢᠨ᠎ᠠ᠃  ᠡᠭᠦᠨ ᠠᠴᠠ ᠭᠠᠳᠠᠨ᠎ᠠ᠂ ᠵᠠᠷᠢᠮ ᠬᠤᠳᠠᠯᠳᠤᠭᠠᠴᠢᠨ  ᠬᠡᠷᠡᠭᠯᠡᠭᠴᠢᠳ ᠢ ᠥᠳᠥᠭᠡᠨ ᠵᠢᠭᠡᠯᠡᠯᠭᠡ  ᠠᠪᠤᠭᠤᠯᠬᠤ  ᠪᠤᠶᠤ  ᠬᠡᠲᠦᠷᠡᠭᠦᠯᠦᠨ  ᠵᠠᠷᠤᠬᠤ  ᠠᠷᠭ᠎ᠠ  ᠮᠠᠶ᠋ᠢᠭ ᠢᠶᠠᠷ  ᠵᠠᠷᠤᠳᠠᠯ ᠢ  ᠨᠢ  ᠤᠷᠢᠳᠴᠢᠯᠠᠨ‌‍ᠲ᠋ᠤᠰᠢᠶᠠᠯᠭᠠᠳᠠᠭ᠃ ᠰᠡᠭᠦᠯᠡᠷ ᠨᠢ ᠡᠯ᠎ᠡ ᠵᠥᠢᠯ ᠤᠨ  ᠰᠢᠯᠲᠠᠭᠠᠨ ᠠᠴᠠ  ᠪᠣᠯᠵᠣ ᠦᠷᠭᠦᠯᠵᠢᠯᠡᠨ ᠡᠵᠡᠩᠨᠡᠵᠦ  ᠴᠢᠳᠠᠬᠤ  ᠥᠬᠡᠶ ᠪᠣᠯᠵᠣ᠂ ᠬᠡᠷᠡᠭᠯᠡᠭᠴᠢᠳ ᠨᠢᠭᠡᠨᠲᠡ ᠬᠤᠳᠠᠯᠳᠤᠨ‌ᠠᠪᠤᠭᠰᠠᠨ ᠦᠢᠯᠡᠴᠢᠯᠡᠭᠡ ᠪᠠᠨ  ᠡᠳ᠋ᠯᠡᠬᠦ ᠶᠢᠨ  ᠠᠷᠭ᠎ᠠ  ᠥᠬᠡᠶ  ᠪᠤᠯᠳᠠᠭ ᠢᠶᠠᠷ ᠪᠠᠷᠠᠬᠤ ᠥᠬᠡᠶ ᠪᠠᠰᠠ ᠵᠣᠭᠤᠰ ᠪᠤᠴᠠᠭᠠᠬᠤ ᠳᠠᠷᠤᠯᠲᠠ ᠪᠠ ᠡᠷᠬᠡ ᠪᠠᠨ ᠬᠠᠮᠠᠭᠠᠯᠠᠬᠤ ᠳᠤ ᠬᠦᠴᠢᠷᠳᠡᠯ  ᠲᠤᠯᠭᠠᠷᠠᠳᠠᠭ  ᠪᠠᠶᠢᠨ᠎ᠠ᠃ ᠡᠭᠦᠨ ᠤ  ᠲᠤᠬᠠᠶ᠂  ᠳᠤᠮᠳᠠᠳᠤ  ᠤᠯᠤᠰ ᠤᠨ  ᠪᠠᠩᠬᠢ  ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠪᠴᠢᠶ᠎ᠠ 2022 ᠣᠨ ᠤ 2 ᠳ᠋ᠤᠭᠠᠷ ᠬᠤᠭᠤᠴᠠᠭᠠᠨ ᠤ ᠬᠡᠷᠡᠭᠯᠡᠭᠴᠢᠳ ‍ᠦᠨ‌ᠠᠶᠤᠯ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠵᠦ᠂ ᠬᠡᠲᠦ ᠵᠢᠭᠡᠯᠡᠯᠭᠡ ᠪᠣᠷᠣᠯᠠᠭᠤᠯᠭ᠎ᠠ ᠶᠢᠨ ᠤᠨᠠᠭᠤᠯᠢ ᠠᠴᠠ ᠬᠤᠯᠠ ᠪᠠᠶᠢᠵᠤ᠂ ᠬᠡᠲᠦ ᠢᠲᠡᠭᠡᠮᠵᠢᠲᠦ ᠵᠢᠭᠡᠯᠡᠯᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ ᠭᠡᠵᠦ ᠬᠡᠷᠡᠭᠯᠡᠭᠴᠢᠳ ᠲᠤ ᠰᠠᠨᠠᠭᠤᠯᠵᠠᠶ᠃          ᠨᠢᠭᠡ ᠳᠤ᠂ ᠬᠡᠷᠡᠭᠯᠡᠭᠴᠢᠳ ᠢ ᠥᠳᠥᠭᠡᠨ ᠵᠢᠭᠡᠯᠡᠬᠦᠯᠬᠦ᠂ ᠢᠲᠡᠭᠡᠮᠵᠢ ᠶᠢᠨ ᠺᠠᠷᠲ  ᠶᠢ ᠬᠤᠭᠤᠴᠠᠭ᠎ᠠ ᠬᠤᠪᠢᠶᠠᠬᠤ ᠵᠡᠷᠭᠡ ᠲᠤᠬᠠᠶᠢᠯᠠᠭᠰᠠᠨ ᠠᠵᠢᠯ ᠢ ᠬᠢᠯᠭᠡᠵᠦ᠂ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠬᠡ ᠪᠠ ᠡᠵᠡᠨ ᠮᠡᠳᠡᠵᠦ ᠰᠣᠩᠭᠤᠬᠤ ᠡᠷᠬᠡ ᠳᠤ ᠬᠠᠯᠳᠠᠳᠠᠭ᠃           ᠬᠤᠶᠠᠷ ᠲᠤ᠂ ᠬᠡᠷᠡᠭᠯᠡᠭᠴᠢᠳ ᠢ ᠥᠳᠥᠭᠡᠨ ᠤᠷᠢᠳᠴᠢᠯᠠᠨ ᠬᠡᠷᠡᠭᠯᠡᠭᠡ ᠬᠢᠯᠭᠡᠳᠡᠭ᠃           ᠭᠤᠷᠪᠠ ᠳᠤ᠂  ᠬᠡᠷᠡᠭᠯᠡᠭᠴᠢᠳ ᠢ  ᠥᠳᠥᠭᠡᠵᠦ  ᠪᠠᠶᠢᠭᠠᠳ  ᠬᠡᠷᠡᠭᠯᠡᠭᠡᠨ ᠤ  ᠵᠢᠭᠡᠯᠡᠯᠭᠡ ᠶᠢ ᠬᠡᠷᠡᠭᠯᠡᠭᠡᠨ ᠤ  ᠪᠤᠰᠤ ᠬᠦᠷᠢᠶᠡᠨ ᠳᠤ ᠬᠡᠷᠡᠭᠯᠡᠭᠦᠯᠳᠡᠭ᠃           ᠳᠥᠷᠪᠡ ᠳᠤ᠂ ᠬᠤᠪᠢ ᠬᠥᠮᠦᠨ ᠤ ᠮᠡᠳᠡᠭᠡ ᠵᠠᠩᠭᠢ ᠶᠢ ᠤᠯᠠᠨ ᠴᠤᠭᠯᠠᠭᠤᠯᠵᠤ᠂ ᠬᠡᠷᠡᠭᠯᠡᠭᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠡᠷᠬᠡ ᠳᠤ ᠬᠠᠯᠳᠠᠳᠠᠭ᠃            ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠳᠤᠮᠳᠠᠳᠤ ᠤᠯᠤᠰ ᠤᠨ  ᠪᠠᠩᠬᠢ  ᠳᠠᠭᠠᠳᠬᠠᠯ ᠤᠨ  ᠬᠢᠨᠠᠯᠲᠠ‌ᠬᠠᠮᠢᠶᠠᠷᠤᠯᠲᠠ ᠶᠢᠨ ᠵᠥᠪᠯᠡᠯ ᠤᠨ  ᠬᠡᠷᠡᠭᠯᠡᠭᠴᠢᠳ ᠤᠨ  ᠡᠷᠬᠡ  ᠠᠰᠢᠭ ᠢ ᠬᠠᠮᠠᠭᠠᠯᠠᠬᠤ ᠲᠣᠪᠴᠢᠶ᠎ᠠ ᠠᠴᠠ ᠬᠡᠷᠡᠭᠯᠡᠭᠴᠢᠳ ᠲᠤ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ  ᠬᠤᠯᠪᠣᠭᠳᠠᠯ ᠪᠥᠬᠦᠶ ᠲᠥᠷᠥ ᠶᠢᠨ  ᠪᠣᠳᠣᠯᠭ᠎ᠠ  ᠪᠠ  ᠠᠶᠤᠯ  ᠲᠦᠭᠰᠢᠭᠦᠷᠢ ᠶᠢ ᠣᠶᠢᠯᠠᠭᠠᠵᠤ᠂ ᠬᠡᠲᠦ ᠢᠲᠡᠭᠡᠮᠵᠢᠲᠦ ᠵᠢᠭᠡᠯᠡᠯᠭᠡ ᠶᠢᠨ ᠬᠡᠲᠦ ᠵᠠᠷᠤᠬᠤ ᠬᠡᠷᠡᠭᠯᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠠᠤᠯᠢ ᠶᠣᠰᠣᠨ ᠤ  ᠡᠷᠬᠡ  ᠠᠰᠢᠭ  ᠢᠶᠠᠨ  ᠬᠠᠮᠠᠭᠠᠯᠠᠬᠤ  ᠬᠡᠷᠡᠭᠲᠡᠶ  ᠭᠡᠵᠦ ᠰᠠᠨᠠᠭᠤᠯᠵᠠᠶ᠃            ᠨᠢᠭᠡ᠂ ᠣᠷᠣᠯᠭ᠎ᠠ ᠪᠠᠨ ᠦᠨᠳᠦᠰᠦᠯᠡᠨ ᠬᠡᠷᠡᠭᠯᠡᠭᠡ ᠬᠢᠬᠦ ᠦᠵᠡᠯᠲᠡ ᠶᠢ ᠪᠠᠷᠢᠮᠲᠠᠯᠠᠵᠤ᠂ ᠢᠲᠡᠭᠡᠮᠵᠢ ᠶᠢᠨ ᠺᠠᠷᠲ᠂ ᠪᠠᠭ᠎ᠠ‌‍ᠲ᠋ᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠦᠢᠯᠡᠴᠢᠯᠡᠭᠡ ᠶᠢ ᠵᠤᠬᠢᠰᠲᠠᠢ ᠬᠡᠷᠡᠭᠯᠡᠬᠦ ᠬᠡᠷᠡᠭᠲᠡᠢ᠃           ᠬᠤᠶᠠᠷ᠂  ᠵᠣᠬᠢᠰᠲᠠᠶ ᠬᠡᠷᠡᠭᠯᠡᠵᠦ᠂ ᠵᠢᠩᠬᠢᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠢᠩᠬᠢᠨᠢ ᠠᠷᠭ᠎ᠠ ᠵᠠᠮ ᠢᠶᠠᠷ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠤᠯᠬᠤ ᠬᠡᠷᠡᠭᠲᠡᠢ᠂ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢ ᠬᠡᠷᠡᠭᠯᠡᠭᠡᠨ ᠤ ᠪᠤᠰᠤ‌‍ᠬᠦ᠋ᠷᠢᠶ᠎ᠡ ᠴᠠᠷᠠᠭ᠎ᠠ ᠳᠤ ᠬᠡᠷᠡᠭᠯᠡᠵᠦ ᠪᠤᠯᠠᠬᠤ ᠦᠭᠡᠢ᠃           ᠭᠤᠷᠪᠠ ᠂  ᠬᠤᠪᠢ  ᠬᠥᠮᠦᠨ ᠤ  ᠮᠡᠳᠡᠭᠡ  ᠵᠠᠩᠭᠢ ᠶᠢᠨ  ᠠᠮᠤᠷ  ᠲᠦᠪᠰᠢᠨ ᠢ  ᠬᠠᠮᠠᠭᠠᠯᠠᠬᠤ  ᠤᠬᠠᠮᠰᠠᠷ ᠵᠶ᠋ᠠᠨ‌‍ᠲ᠋ᠡᠭᠡᠭᠰᠢᠯᠡᠭᠦᠯᠬᠦ ᠬᠡᠷᠡᠭᠲᠡᠢ᠃ 
ᠢᠷᠡᠯᠲᠡ᠄ ᠠᠷᠠᠳ ᠤᠨ ᠰᠦᠯᠵᠢᠶ᠎ᠡ