ᠰᠠᠪᠬ᠎ᠠ ᠶᠢ ᠶᠠᠭᠠᠬᠢᠵᠤ ᠬᠡᠷᠡᠭᠯᠡᠬᠦ ᠪᠣᠢ︖
ᠨᠡᠶᠢᠲᠡᠯᠡᠭᠰᠡᠨ ᠴᠠᠭ᠄
2022/3/17
     ᠰᠠᠪᠬ᠎ᠠ ᠪᠠᠨ ᠤᠬᠢᠶᠠᠭᠠᠳ ᠦᠵᠤᠬᠦᠷ ᠢ ᠨᠢ ᠳᠡᠭᠡᠭᠰᠢ ᠨᠢ ᠬᠠᠷᠠᠭᠤᠯᠵᠤ ᠲᠠᠯᠪᠢᠬᠤ ᠤᠤ ᠳᠣᠷᠣᠭᠰᠢ ᠨᠢ  ᠬᠠᠷᠠᠭᠤᠯᠵᠤ ᠲᠠᠯᠪᠢᠬᠤ ᠤᠤ︖                        ᠰᠠᠪᠬ᠎ᠠ ᠪᠠᠨ ᠤᠬᠢᠶᠠᠭᠠᠳ ᠦᠵᠤᠬᠦᠷ ᠢ ᠨᠢ ᠳᠡᠭᠡᠭᠰᠢ ᠨᠢ ᠬᠠᠷᠠᠭᠤᠯᠵᠤ ᠲᠠᠯᠪᠢᠬᠤ ᠶᠤᠮ ᠤᠤ ᠳᠣᠷᠣᠭᠰᠢ ᠨᠢ ᠬᠠᠷᠠᠭᠤᠯᠵᠤ ᠲᠠᠯᠪᠢᠬᠤ ᠶᠤᠮ ᠤᠤ︖ ᠭᠡᠳᠡᠭ ᠢ ᠤᠯᠠᠩᠬᠢ ᠬᠦᠮᠦᠨ ᠬᠠᠷᠢᠨ ᠲᠠᠭ ᠮᠡᠳᠡᠳᠡᠭ ᠦᠭᠡᠢ᠃ ᠰᠠᠪᠬ᠎ᠠ ᠶᠢ  ᠪᠢᠳᠠ ᠡᠳᠤᠷ ᠲᠤᠳᠤᠮ ᠤᠨ ᠠᠮᠢᠳᠤᠷᠠᠯ ᠲᠤᠮᠳᠠ ᠦᠷᠬᠦᠯᠵᠢ ᠭᠡᠷᠡᠭᠯᠡᠳᠡᠭ᠃ ᠤᠰᠤ ᠪᠠᠷ ᠰᠠᠪᠬᠠᠨ ᠳᠡᠭᠡᠷᠡᠬᠢ  ᠣᠯᠠᠩᠬᠢ ᠪᠠᠺᠲ᠋ᠧᠷᠢ ᠶᠢ ᠨᠢ ᠤᠬᠢᠶᠠᠵᠤ ᠴᠡᠪᠡᠷᠯᠡᠴᠢᠭᠡᠳᠡᠭ ᠪᠤᠯᠪᠠᠴᠤ ᠮᠦᠨ ᠦᠯᠡᠳᠡᠪᠤᠷᠢ ᠪᠠᠺᠲ᠋ᠧᠷᠢ ᠲᠠᠢ ᠪᠠᠶᠢᠳᠠᠭ᠃                             ᠡᠶᠢᠮᠦ ᠤᠴᠢᠷ ᠠᠴᠠ ᠰᠠᠪᠬ᠎ᠠ ᠪᠠᠨ ᠶᠠᠭᠠᠬᠢᠵᠤ ᠲᠠᠯᠪᠢᠬᠤ ᠲᠤᠬᠠᠢ ᠣᠨᠴᠠᠭᠠᠶᠢᠯᠠᠨ ᠠᠩᠬᠠᠷᠬᠤ ᠬᠡᠷᠡᠭᠲᠡᠶ᠃  ᠵᠠᠷᠢᠮ ᠬᠦᠮᠦᠨ ᠦᠵᠤᠬᠦᠷ ᠢ ᠨᠢ ᠳᠡᠭᠡᠭᠰᠢ ᠨᠢ ᠬᠠᠷᠠᠭᠤᠯᠪᠠᠯ ᠨᠡᠩ ᠴᠡᠪᠡᠷ ᠭᠡᠬᠦ ᠳᠤ᠂ ᠵᠠᠷᠢᠮ ᠨᠢ ᠦᠵᠤᠬᠦᠷ ᠢ ᠨᠢ  ᠲᠤᠷᠤᠬᠰᠢ ᠨᠢ ᠬᠠᠷᠠᠭᠤᠯᠪᠠᠯ ᠨᠡᠩ ᠴᠡᠪᠡᠷ ᠭᠡᠵᠦ ᠦᠵᠡᠳᠡᠭ᠃ ᠲᠡᠭᠡᠪᠡᠯ ᠴᠤᠬᠤᠮ ᠶᠠᠭᠠᠬᠢᠵᠤ ᠲᠠᠯᠪᠢᠪᠠᠯ ᠴᠡᠪᠡᠷ ᠪᠤᠢ ︖ ᠲᠠᠯᠪᠢᠬᠤ ᠳᠠᠭᠠᠨ ᠶᠠᠭᠤ ᠶᠢ ᠠᠩᠬᠠᠷᠪᠠᠯ ᠵᠤᠬᠢᠬᠤ ᠪᠣᠶ︖                           ᠦᠨᠡᠨ ᠳᠡᠭᠡᠨ ᠰᠠᠪᠬ᠎ᠠ ᠪᠠᠨ ᠤᠬᠢᠶᠠᠭᠠᠳ ᠦᠵᠤᠬᠦᠷ ᠢ ᠨᠢ ᠳᠣᠷᠣᠭᠰᠢ ᠨᠢ ᠬᠠᠷᠠᠭᠤᠯᠵᠤ ᠲᠠᠯᠪᠢᠬᠤ ᠨᠢ ᠶᠡᠭᠡ  ᠪᠤᠵᠠᠷ ᠶᠤᠮ᠃                           ᠲᠤᠭ᠎ᠠ ᠪᠠᠷᠢᠮᠲᠠ ᠳᠤ  ᠢᠯᠡᠷᠡᠭᠦᠯᠦᠭᠰᠡᠨ ᠢᠶᠠᠷ᠂ ᠰᠠᠪᠬᠠᠨ ᠤ ᠦᠵᠤᠬᠦᠷ ᠢ ᠨᠢ ᠲᠤᠷᠤᠬᠰᠢ ᠨᠢ ᠬᠠᠷᠠᠭᠤᠯᠵᠤ  ᠲᠠᠯᠪᠢᠬᠰᠠᠨ ᠲᠣᠬᠢᠶᠠᠯᠳᠣᠯ ᠳᠤ ᠪᠠᠺᠲ᠋ᠧᠷᠢ ᠶᠢᠨ ᠪᠥᠭᠡᠮᠨᠡᠷᠡᠯ ᠤᠨ ᠶᠡᠷᠦᠩᠬᠡᠶ ᠲᠤᠭ᠎ᠠ ᠪᠠ ᠪᠦᠳᠦᠭᠦᠨ ᠭᠡᠳᠡᠰᠦᠨ ᠤ  ᠪᠠᠺᠲ᠋ᠧᠷᠢ ᠶᠢᠨ ᠪᠦᠭᠡᠮᠨᠡᠷᠡᠯ ᠤᠨ ᠲᠤᠭ᠎ᠠ ᠬᠡᠮᠵᠢᠭᠳᠡᠯ ᠨᠢ ᠴᠥᠮ ᠮᠠᠰᠢ ᠥᠨᠳᠥᠷ ᠪᠠᠶᠢᠨ᠎ᠠ᠃ ᠲᠡᠶᠢᠮᠦ ᠠᠴᠠ  ᠰᠠᠪᠬ᠎ᠠ ᠪᠠᠨ ᠵᠠᠪᠠᠯ ᠳᠡᠭᠡᠭᠰᠢ ᠨᠢ ᠬᠠᠷᠠᠭᠤᠯᠵᠤ ᠲᠠᠯᠪᠢᠬᠤ ᠭᠡᠷᠡᠭᠳᠠᠢ᠃ ᠡᠭᠦᠨ ᠠᠴᠠ ᠭᠠᠳᠠᠨ᠎ᠠ ᠤᠳᠠᠭᠠᠨ ᠡᠳᠤᠷ  ᠬᠡᠷᠡᠭᠯᠡᠭᠰᠡᠨ ᠦᠭᠡᠢ ᠰᠠᠪᠬ᠎ᠠ ᠪᠠᠨ ᠪᠤᠴᠠᠯᠤᠭᠰᠠᠨ ᠤᠰᠤᠨ ᠳᠤ ᠳᠡᠪᠲᠦᠭᠡᠪᠠᠯ ᠰᠠᠪᠬᠠᠨ ᠳᠡᠭᠡᠷᠡᠬᠢ ᠪᠠᠺᠲ᠋ᠧᠷᠢ ᠶᠢ ᠨᠢ  ᠠᠯᠠᠬᠤ ᠳᠤ ᠲᠤᠰᠠᠳᠠᠢ ᠶᠤᠮ᠃                            ᠵᠠᠷᠢᠮ ᠠᠶᠢᠯ ᠠᠷᠢᠭᠤᠨ ᠴᠡᠪᠡᠷ ᠢ ᠶᠡᠭᠡ ᠠᠩᠬᠠᠷᠳᠠᠭ ᠪᠤᠯᠬᠤᠷ ᠭᠡᠷ ᠲᠡᠭᠡᠨ ᠦᠪᠡᠷ ᠦᠪᠡᠷ ᠤᠨ ᠢᠶᠠᠨ ᠰᠠᠪᠬ᠎ᠠ ᠶᠢ ᠬᠡᠷᠡᠭᠯᠡᠳᠡᠭ᠃ ᠭᠡᠪᠡᠴᠦ ᠰᠠᠪᠬ᠎ᠠ ᠶᠢ ᠤᠳᠠᠭᠠᠨ ᠬᠡᠷᠡᠭᠯᠡᠪᠠᠯ ᠦᠡᠭᠭᠡ ᠨᠢ ᠤᠨᠠᠵᠤ ᠴᠠᠪᠠ ᠭᠠᠷᠬᠤ ᠨᠢ ᠲᠠᠮᠵᠢᠭ ᠦᠭᠡᠢ ᠪᠣᠯᠬᠤᠷ ᠪᠦᠷᠢᠮᠦᠰᠦᠨ ᠴᠡᠪᠡᠷ ᠤᠬᠢᠶᠠᠵᠤ ᠲᠠᠶᠢᠯᠬᠦ ᠦᠭᠡᠢ ᠪᠤᠯᠵᠤ᠂ ᠬᠤᠲᠣᠭᠤᠷ ᠬᠦᠳᠤᠬᠦᠷ  ᠲᠤᠨᠢ  ᠪᠠᠺᠲ᠋ᠧᠷᠢ ᠨᠢᠭᠤᠬᠳᠠᠨ᠂ ᠮᠤᠷᠤᠶᠢᠵᠤ ᠭᠠᠵᠢᠬᠤ ᠪᠠᠷ ᠪᠠᠷᠠᠬᠤ ᠦᠭᠡᠢ ᠸᠠᠯᠠᠬᠰᠠᠨ ᠲᠣᠯᠪᠤ ᠰᠠᠭᠤᠵᠤ ᠦᠮᠡᠭᠡᠢ ᠦᠨᠦᠷ  ᠭᠠᠷᠳᠠᠭ᠃ ᠲᠠᠶᠢᠮᠤ ᠠᠴᠠ ᠪᠠᠺᠲ᠋ᠧᠷᠢ ᠶᠢᠨ ᠬᠦᠯᠡᠮᠵᠢ ᠪᠤᠯᠤᠬᠰᠠᠨ ᠡᠳᠡᠭᠡᠷ ᠰᠠᠪᠬ᠎ᠠ ᠶᠢ ᠬᠠᠶᠢᠷᠠᠯᠠᠯ ᠦᠭᠡᠢ ᠰᠢᠭᠤᠳ  ᠬᠠᠶᠠᠭᠠᠳ᠂ ᠵᠤᠬᠢᠬᠤ ᠬᠤᠭᠤᠴᠠᠭᠠᠨ ᠳᠤ ᠰᠢᠨ᠎ᠠ ᠰᠠᠪᠬ᠎ᠠ ᠰᠤᠯᠢᠵᠤ ᠪᠠᠶᠢᠭᠠᠷᠠᠢ᠃                  
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ