| ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠭᠲᠠᠭᠠᠵᠤ᠂ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠡᠷᠴᠢᠮᠲᠡᠢ ᠠᠳᠬᠤᠵᠤ᠂ ᠠᠵᠤ ᠠᠬᠤᠢ ᠶᠢᠨ ᠳᠠᠪᠠᠭ᠎ᠠ ᠳᠠᠪᠠᠭ᠋ᠤ ᠶᠠᠪᠤᠴᠠ ᠳᠠᠬᠢ ᠲᠣᠭᠲᠠᠭᠤᠨ | ᠤᠷᠤᠭᠰᠢᠯᠠᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠪᠦᠬᠦ ᠵᠢᠯ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠣᠯᠣᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠷᠬᠡᠪᠰᠢ ᠶᠠᠰᠤ | ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠤᠭᠤᠰᠢᠲᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠶᠢ ᠪᠡᠶᠡᠯᠡᠭᠦᠯᠬᠦ | ᠬᠡᠷᠡᠭᠲᠡᠢ ᠭᠡᠵᠡᠢ᠃ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ 44 ᠲᠠᠯ᠎ᠠ ᠶᠢᠨ 52 ᠵᠦᠢᠯ ᠤᠨ ᠭᠤᠣᠯᠳᠠᠯᠭ᠎ᠠ ᠲᠠᠢ | ᠠᠵᠢᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠣᠷᠣᠨ ᠨᠤᠲᠤᠭ ᠲᠤ ᠨᠢᠭᠡᠳ ᠨᠢᠭᠡ ᠪᠠᠷ ᠬᠤᠪᠢᠶᠠᠨ | ᠥᠭᠭᠦᠭᠰᠡᠨ ᠪᠥᠭᠡᠳ ᠬᠠᠷᠢᠭᠤᠴᠠᠯᠭ᠎ᠠ ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠢ ᠲᠣᠭᠲᠠᠭᠠᠵᠠᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤᠷᠤᠭᠤᠳᠠᠬᠤ ᠰᠢᠨ᠎ᠡ ᠳᠠᠷᠤᠯᠲᠠ ᠳᠤ ᠲᠤᠯᠭᠠᠷᠠᠵᠤ᠂ ᠬᠦᠴᠢᠷᠳᠡᠯ | ᠪᠠ ᠥᠷᠢᠰᠦᠯᠳᠦᠭᠡᠨ ᠨᠡᠮᠡᠭᠳᠡᠵᠦ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠯᠡᠨ᠂ ᠦᠶᠡᠯᠡᠯ ᠤᠨ ᠴᠢᠨᠠᠷᠲᠠᠢ ᠲᠣᠬᠢᠷᠠᠭᠤᠯᠤᠯᠲᠠ ᠶᠢ ᠴᠢᠩᠭᠠᠳᠬᠠᠵᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠨᠢᠭᠡ ᠳᠤ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ᠂ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠬᠤᠷᠸ᠎ᠠ ᠲᠦᠷᠦ ᠶᠢᠨ ᠪᠣᠳᠣᠯᠭ᠎ᠠ ᠶᠢᠨ | ᠲᠣᠬᠢᠷᠠᠭᠤᠯᠤᠯᠲᠠ᠂ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠤᠨ ᠬᠠᠨᠳᠤᠰᠢ ᠵᠡᠷᠭᠡ ᠪᠠ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ | ᠮᠥᠷᠳᠡᠵᠦ᠂ ᠠᠷᠭᠠᠴᠠᠭᠠᠬᠤ ᠠᠷᠭ᠎ᠠ ᠬᠡᠮᠵᠢᠶ᠎ᠡ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠠᠬᠤᠢ ᠶᠢᠨ ᠨᠡᠮᠡᠭᠳᠡᠯ᠂ ᠠᠵᠢᠯ ᠣᠯᠭᠤᠯᠲᠠ᠂ ᠪᠠᠷᠠᠭᠠᠨ ᠤ | ᠦᠨ᠎ᠡ ᠵᠡᠷᠭᠡ ᠶᠢ ᠵᠦᠢ ᠵᠣᠬᠢᠰᠲᠠᠢ ᠣᠷᠣᠨ ᠵᠠᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠬᠤᠷᠸ᠎ᠠ ᠲᠦᠷᠦ ᠶᠢᠨ ᠪᠣᠳᠣᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ | ᠭᠠᠶᠢᠯᠢ ᠶᠢ ᠪᠤᠴᠠᠭᠠᠵᠤ ᠭᠠᠶᠢᠯᠢ ᠶᠢ ᠬᠥᠩᠭᠡᠯᠡᠬᠦ ᠪᠣᠯ ᠡᠨᠡ ᠵᠢᠯ ᠤᠨ ᠬᠤᠷᠸ᠎ᠠ ᠠᠵᠤ ᠠᠬᠤᠢ ᠶᠢᠨ ᠶᠡᠭᠡ ᠬᠠᠨᠳᠤᠰᠢ ᠶᠢ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ | ᠴᠢᠨᠠᠷᠲᠠᠢ ᠠᠷᠭ᠎ᠠ ᠬᠡᠮᠵᠢᠶ᠎ᠡ ᠮᠥᠨ᠂ ᠦᠷᠳᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠬᠡᠷᠡᠭᠵᠢᠭᠦᠯᠦᠯᠲᠡ ᠶᠢᠨ ᠲᠥᠰᠥᠯ ᠢ ᠠᠯᠢ | ᠲᠦᠷᠭᠡᠨ ᠢᠶᠠᠷ ᠨᠠᠷᠢᠯᠢᠭᠵᠢᠭᠤᠯᠤᠨ ᠨᠡᠶᠢᠲᠡᠯᠡᠵᠦ᠂ ᠪᠤᠴᠠᠭᠠᠬᠤ ᠶᠣᠰᠣᠲᠠᠢ ᠭᠠᠶᠢᠯᠢ ᠶᠢᠨ ᠵᠣᠭᠤᠰ ᠤᠨ ᠲᠦᠷᠭᠡᠨ ᠪᠤᠴᠠᠭᠠᠵᠤ ᠪᠣᠯᠬᠤ ᠶᠢ ᠨᠢ ᠲᠦᠷᠭᠡᠨ ᠪᠤᠴᠠᠭᠠᠵᠤ᠂ | ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠠᠵᠤ ᠠᠬᠤᠶᠢᠯᠠᠯ ᠤᠨ ᠲᠠᠩᠰᠠᠨ ᠳᠤ ᠪᠤᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠ ᠵᠢᠵᠢᠭ ᠪᠢᠴᠢᠯ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠤᠰᠤᠳ ᠲᠦᠷᠤ ᠶᠢᠨ | ᠪᠣᠳᠣᠯᠭ᠎ᠠ ᠶᠢ ᠳᠡᠮᠵᠢᠬᠦ ᠲᠠᠯ᠎ᠠ ᠪᠠᠷ ᠬᠤᠭᠤᠴᠠᠭ᠎ᠠ ᠶᠢ ᠨᠢ ᠤᠷᠲᠤᠳᠬᠠᠬᠤ᠂ ᠬᠡᠪᠴᠢᠶ᠎ᠡ ᠶᠢ ᠨᠢ ᠥᠷᠭᠡᠳᠬᠡᠬᠦ᠂ ᠬᠦᠴᠦ ᠨᠡᠮᠡᠬᠦ ᠪᠣᠳᠠᠲᠠᠢ ᠲᠣᠬᠢᠷᠠᠭᠤᠯᠤᠯᠲᠠ ᠶᠢ | ᠱᠠᠯᠠᠪᠳᠠᠨ ᠰᠤᠳᠤᠯᠬᠤ ᠬᠡᠷᠡᠭᠲᠡᠢ᠃ ᠣᠨᠴᠠ ᠲᠣᠭᠲᠠᠭᠠᠭᠰᠠᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠲᠤᠰᠬᠠᠢ ᠡᠵᠡᠩᠨᠡᠯᠲᠡ ᠶᠢᠨ | ᠪᠠᠶᠢᠭᠤᠯᠤᠮᠵᠢ ᠶᠢᠨ ᠬᠠᠤᠯᠢ ᠶᠣᠰᠣᠭᠠᠷ ᠳᠡᠭᠡᠭᠰᠢ ᠲᠤᠰᠢᠶᠠᠭᠰᠠᠨ ᠠᠰᠢᠭ ᠬᠤᠨᠵᠢᠪᠤᠷᠢ ᠶᠢ ᠴᠠᠭ ᠲᠤᠬᠠᠢ ᠳᠤ ᠨᠢ ᠬᠥᠮᠥᠷᠭᠡ ᠳᠤ ᠣᠷᠣᠭᠤᠯᠬᠤ᠂ ᠣᠷᠣᠨ ᠨᠤᠲᠤᠭ ᠤᠨ | ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠬᠤ ᠶᠢ ᠳᠡᠮᠵᠢᠨ ᠰᠢᠯᠵᠢᠭᠦᠯᠦᠨ ᠥᠭᠬᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠴᠠᠭ ᠲᠤᠬᠠᠢ ᠳᠤ ᠨᠢ | ᠰᠢᠭᠤᠳ ᠬᠦᠷᠭᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠠᠵᠤ ᠠᠬᠤᠶᠢᠯᠠᠯ ᠢ ᠬᠠᠪᠰᠤᠷᠴᠤ ᠠᠷᠠᠳ ᠲᠤ ᠠᠰᠢᠭ ᠬᠦᠷᠲᠡᠭᠡᠬᠦ ᠡᠳ᠋ ᠤᠨ ᠬᠦᠴᠦᠨ ᠤ | ᠲᠤᠯᠭᠠᠭᠤᠷᠢᠯᠠᠯ ᠢ ᠪᠠᠲᠤᠯᠠᠨ᠎ᠠ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠣᠨᠴᠠᠭᠠᠶ | ᠬᠦᠴᠢᠷᠳᠡᠯ ᠲᠠᠢ ᠠᠵᠢᠯ ᠲᠥᠷᠥᠯ ᠳᠤ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ᠂ ᠡᠨᠧᠷᠭᠢ ᠬᠡᠷᠡᠭᠯᠡᠬᠦ ᠵᠠᠷᠤᠳᠠᠯ ᠢ ᠪᠠᠭᠤᠷᠠᠭᠤᠯᠬᠤ ᠵᠡᠷᠭᠡ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠠᠢ ᠠᠷᠭ᠎ᠠ ᠬᠡᠮᠵᠢᠶ᠎ᠡ | ᠨᠡᠶᠢᠲᠡᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠣᠯᠣᠮᠵᠢᠲᠤ ᠴᠢᠨᠠᠷ ᠢ ᠳᠡᠭᠡᠭᠰᠢᠯᠡᠭᠦᠯᠬᠦ᠂ ᠶᠡᠷᠦᠩᠬᠡᠶᠢᠯᠡᠭᠰᠡᠨ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠡᠭᠦᠨ ᠤ ᠵᠡᠷᠭᠡᠴᠡᠭᠡ ᠪᠠᠷ᠂ ᠳᠣᠲᠣᠭᠠᠳᠤ | ᠬᠡᠷᠡᠭᠴᠡᠭᠡ ᠶᠢ ᠢᠳᠡᠪᠬᠢᠲᠡᠢ ᠥᠷᠭᠡᠳᠬᠡᠵᠦ᠂ ᠬᠡᠷᠡᠭᠯᠡᠭᠡ ᠶᠢᠨ ᠲᠠᠯᠳᠠ ᠬᠦᠴᠦᠨ ᠢ ᠪᠠᠳᠠᠷᠠᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ᠃ | ᠴᠠᠬᠢᠯᠭᠠᠨ ᠬᠦᠴᠦᠨ᠂ ᠨᠡᠭᠦᠷᠡᠰᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠨ᠎ᠠ᠃ ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦᠳᠡ | ᠤᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠦᠢᠯᠡᠰ ᠪᠣᠰᠬᠠᠵᠤ ᠰᠢᠨ᠎ᠡ ᠶᠢ ᠡᠭᠦᠳᠬᠦ᠂ ᠠᠵᠤ | ᠠᠬᠤᠶᠢᠯᠠᠯ ᠤᠨ ᠡᠵᠡᠩᠨᠡᠯᠲᠡ ᠪᠣᠯᠣᠨ ᠰᠠᠭᠤᠭᠠᠯᠢ ᠠᠷᠠᠳ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠲᠦᠬᠦᠮ ᠦᠵᠡᠭᠦᠯᠬᠦ ᠪᠠᠰᠠ ᠨᠢᠭᠡ ᠪᠦᠯᠦᠭ ᠪᠣᠳᠠᠲᠠᠢ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠨᠡᠩ ᠤᠯᠠᠨ ᠤᠴᠢᠷ ᠶᠠᠪᠤᠳᠠᠯ ᠢ ᠣᠨᠳᠣᠣ ᠭᠠᠵᠠᠷ ᠲᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠶᠢ | ᠠᠬᠢᠭᠤᠯᠤᠨ᠎ᠠ᠃ ᠪᠡᠶ᠎ᠡ ᠶᠢᠨ ᠦᠨᠡᠮᠯᠡᠯ ᠢ ᠡᠯᠧᠺᠲᠷᠤᠨᠴᠢᠯᠠᠬᠦ ᠶᠢ ᠠᠬᠢᠭᠤᠯᠵᠤ᠂ ᠺᠣᠳ᠋ ᠰᠢᠷᠪᠢᠬᠦ ᠪᠠᠷ ᠳᠠᠮᠵᠢᠭᠤᠯᠤᠨ ᠪᠡᠶ᠎ᠡ ᠶᠢᠨ ᠦᠨᠡᠮᠯᠡᠯ ᠬᠡᠷᠡᠭᠯᠡᠬᠦ ᠴᠢᠬᠤᠯᠠᠲᠠᠢ | ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢᠨ ᠬᠠᠮᠲᠤ ᠣᠯᠠᠨ ᠲᠦᠮᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠪᠠ ᠬᠤᠪᠢ ᠬᠥᠮᠥᠨ ᠤ ᠨᠢᠭᠤᠴᠠ ᠶᠢ | ᠰᠠᠶᠢᠲᠤᠷ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠴᠢ ᠥᠷᠢᠰᠦᠯᠳᠦᠭᠡᠨ ᠢ ᠬᠠᠮᠠᠭᠠᠯᠠᠨ᠎ᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠲᠦᠷᠭᠡᠳᠬᠡᠨ᠎ᠡ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ | ᠪᠤᠳᠤᠵᠤ ᠰᠠᠭᠤᠳᠬᠠᠬᠤ᠂ ᠰᠠᠭᠤᠷᠢ ᠰᠤᠳᠤᠯᠭᠠᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ | ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠨᠢᠭᠡᠨᠲᠡ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠳᠥᠷᠪᠡ ᠳᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠵᠢᠷᠦᠬᠡ | ᠰᠡᠳᠬᠢᠯ ᠠᠴᠠ ᠪᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠵᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ | ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ | ᠬᠦᠴᠢᠷᠳᠡᠯ ᠲᠠᠢ ᠤᠯᠠᠨ ᠲᠦᠮᠡᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠢ᠃ ᠲᠠᠪᠤ ᠳᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ᠲᠤᠯᠭᠠᠮᠳᠠᠭᠤ ᠰᠡᠳᠬᠢᠯᠭᠡ ᠪᠠᠨ ᠴᠢᠩᠭᠠᠳᠬᠠᠵᠤ᠂ ᠡᠭᠦᠷᠭᠡ ᠡᠭᠦᠷᠭᠡᠯᠡᠨ ᠪᠣᠳᠠᠲᠠᠢ ᠪᠠᠷ ᠠᠵᠢᠯᠯᠠᠵᠤ᠂ ᠢᠳᠡᠪᠬᠢ ᠬᠦᠴᠦᠨ ᠵᠦᠢᠯ ᠪᠦᠬᠦᠨ ᠢ | ᠳᠠᠶᠢᠴᠢᠯᠠᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠢ᠃ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠦᠷᠭᠦᠯᠵᠢᠯᠡᠨ ᠰᠠᠶᠢᠲᠤᠷ | ᠠᠳᠬᠤᠵᠤ᠂ ᠬᠠᠷᠢᠯᠴᠠᠨ ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ᠂ ︽ᠨᠢᠭᠡ ᠯᠡ ᠠᠳᠠᠯᠢ ᠪᠠᠷ ᠱᠠᠭᠠᠷᠳᠠᠬᠤ︾᠂ ᠢᠯᠠᠩᠭᠤᠶ᠎ᠠ ᠣᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠬᠤᠬᠢᠷᠠᠭᠤᠯᠬᠤ ᠶᠢ ᠥᠯᠥ ᠬᠠᠶᠢᠬᠤᠷᠬᠤ ᠵᠡᠷᠭᠡ ᠥᠯᠥ ᠦᠢᠯᠡᠳᠬᠦᠢ ᠪᠠ ᠳᠤᠷ᠎ᠠ ᠪᠠᠷ ᠦᠢᠯᠡᠳᠬᠦᠢ ᠶᠢ ᠰᠡᠷᠭᠡᠶᠢᠯᠡᠨ ᠵᠠᠯᠠᠷᠠᠭᠤᠯᠵᠤ᠂ ᠡᠯ᠎ᠡ | ᠵᠦᠢᠯ ᠤᠨ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |