ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠵᠤ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠬᠡᠷᠡᠭᠳᠠᠢ  ᠯᠢ ᠺᠧ ᠴᠢᠶᠠᠩ  ᠸᠠᠩ ᠬᠤ᠋ ᠨᠢᠩ  ᠬᠠᠨ ᠵᠧᠩ ᠤᠷᠤᠯᠴᠠᠵᠠᠢ
ᠨᠡᠶᠢᠲᠡᠯᠡᠭᠰᠡᠨ ᠴᠠᠭ᠄
2022/3/2
      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ ᠶᠢᠨ ᠫᠢᠩ 2 ᠰᠠᠷ᠎ᠠ ᠶᠢᠨ 28 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠭᠡᠨ ᠪᠠᠶᠢᠭᠤᠯᠬᠤ ᠲᠤᠬᠠᠢ ᠵᠢᠯᠣᠭᠤᠳᠬᠤ ᠰᠠᠨᠠᠯ︾᠂ ︽ᠲᠦᠭᠡᠮᠡᠯ ᠬᠦᠷᠲᠡᠭᠡᠮᠵᠢᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠳᠦᠯᠲᠡ ᠶᠢᠨ ᠴᠢᠨᠠᠷᠳᠠᠢ ᠮᠡᠷᠭᠡᠵᠢᠯ ᠤᠨ ᠭᠤᠯᠤᠮᠳᠠ ᠶᠢ ᠡᠬᠦᠳᠬᠦ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠬᠢᠨᠠᠨ ᠵᠥᠪᠯᠡᠵᠦ ᠪᠠᠲᠤᠯᠠᠪᠠ᠃       ᠬᠤᠷᠠᠯ ᠠᠴᠠ ︽ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 2021 ᠣᠨ ᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾᠂ ︽ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 2022 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠡᠢ᠃       ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠤᠨ ᠳᠡᠮᠵᠢᠬᠦ ᠪᠠ ᠬᠦᠳᠦᠯᠥᠨ ᠳᠠᠭᠠᠭᠤᠯᠵᠤ᠂ ᠨᠢᠭᠡ ᠪᠦᠯᠦᠭ ᠦᠢᠯᠡᠳᠬᠦᠨ ᠨᠢ ᠰᠢᠯᠢᠳᠡᠭ᠂ ᠲᠦᠷᠦᠯ ᠲᠡᠮᠳᠡᠭ ᠨᠢ ᠰᠤᠳᠤᠨ᠂ ᠰᠢᠨ᠎ᠡ ᠶᠢ ᠡᠭᠦᠳᠬᠦ ᠲᠠᠯ᠎ᠠ ᠪᠠᠷ ᠬᠤᠰᠢᠭᠤᠷᠠᠬᠰᠠᠨ᠂ ᠵᠠᠰᠠᠯᠳᠠ ᠨᠢ ᠤᠳᠤ ᠦᠶ᠎ᠡ ᠶᠢᠨ ᠳᠡᠯᠡᠬᠡᠢ ᠶᠢᠨ ᠲᠡᠷᠢᠭᠦᠨ ᠵᠡᠷᠭᠡ ᠶᠢᠨ ᠪᠤᠯᠬᠤ ᠠᠵᠤ ᠠᠬᠤᠶᠢᠯᠠᠯ ᠢ ᠲᠦᠷᠭᠡᠳᠭᠡᠨ ᠪᠠᠶᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠬᠢᠴᠠ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠵᠦ᠂ ᠨᠡᠩ ᠶᠡᠭᠡ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠲᠦᠭᠡᠮᠡᠯ ᠬᠦᠷᠳᠡᠭᠡᠮᠵᠢᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠡᠭᠡᠳᠦ ᠬᠡᠮᠵᠢᠶᠡᠨ ᠤ ᠵᠣᠬᠢᠴᠠᠬᠤ ᠴᠢᠨᠠᠷᠲᠠᠢ᠂ ᠦᠷᠢᠰᠦᠯᠳᠦᠬᠦ ᠬᠦᠴᠦᠨ ᠲᠠᠢ᠂ ᠲᠦᠭᠡᠮᠡᠯ ᠬᠦᠷᠳᠡᠭᠡᠮᠵᠢᠳᠤ ᠴᠢᠨᠠᠷᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠪᠦᠷᠢᠨᠰᠢᠬᠦᠯᠵᠤ᠂ ᠠᠷᠠᠳ ᠤᠯᠠᠨ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠤᠯᠠᠨ ᠶᠠᠩᠵᠤ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠵᠢᠭᠡᠯᠡᠯᠭᠡ ᠠᠪᠬᠤ ᠳᠤ ᠬᠦᠴᠢᠷ ᠵᠢᠭᠡᠯᠡᠯᠭᠡ ᠠᠪᠬᠤ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠪᠦᠲᠦᠴᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠯᠢᠨ ᠰᠣᠩᠭᠤᠬᠤ᠂ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠪᠠᠲᠤᠯᠠᠬᠤ ᠵᠡᠷᠭᠡ ᠲᠠᠯ᠎ᠠ ᠪᠠᠷ ᠰᠢᠰᠲ᠋ᠧᠮᠵᠢᠬᠦᠯᠬᠦ᠂ ᠬᠡᠯᠬᠢᠶᠡᠵᠢᠭᠦᠯᠬᠦ ᠮᠠᠶ᠋ᠢᠭ ᠤᠨ ᠵᠢᠷᠤᠭ ᠲᠦᠯᠦᠪᠯᠡᠭᠡ ᠬᠢᠵᠦ᠂ ᠤᠯᠤᠰ ᠤᠨ ᠰᠢᠨ᠎ᠡ ᠶᠢ ᠡᠭᠦᠳᠬᠦ ᠬᠥᠭᠵᠢᠯᠲᠡ ᠳᠤ ᠪᠠᠴᠢᠮ ᠬᠡᠷᠡᠭᠰᠡᠬᠦ‍ ᠨᠢᠭᠡ ᠪᠦᠯᠦᠭ ᠰᠠᠭᠤᠷᠢ ᠰᠤᠳᠤᠯᠭᠠᠨ ᠤ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠰᠢᠰᠲ᠋ᠧᠮ ᠢᠶᠠᠨ ᠲᠡᠭᠦᠯᠳᠡᠷᠵᠢᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠬᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠨ ᠬᠥᠭᠵᠢᠭᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠠ ᠰᠢᠨ᠎ᠡ ᠶᠢ ᠡᠭᠦᠳᠬᠦ ᠬᠡᠯᠬᠢᠶ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠳᠦᠯᠲᠡ ᠶᠢᠨ ᠴᠢᠨᠡᠷᠳᠡᠢ ᠮᠡᠷᠭᠡᠵᠢᠯ ᠤᠨ ᠬᠡᠷᠡᠭᠴᠡᠭᠡ ᠪᠠᠷ ᠬᠦᠳᠦᠯᠥᠨ ᠳᠠᠭᠠᠭᠤᠯᠬᠤ᠂ ᠡᠬᠢ ᠡᠭᠦᠰᠦᠯ ᠠᠴᠠ ᠨᠢ ᠬᠠᠩᠭᠠᠬᠤ᠂ ᠡᠬᠢ ᠪᠠᠶᠠᠯᠢᠭ ᠢ ᠲᠤᠬᠢᠷᠠᠭᠤᠯᠬᠤ᠂ ᠤᠨᠳᠤᠤᠰᠢᠭᠤᠯᠤᠨ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠭᠦᠳᠦᠯᠲᠡ ᠶᠢᠨ ᠴᠢᠨᠠᠷᠳᠠᠢ ᠮᠡᠷᠭᠡᠵᠢᠯ ᠤᠨ ᠭᠤᠯᠤᠮᠳᠠ ᠶᠢ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃       ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃       ᠬᠤᠷᠠᠯ ᠠᠴᠠ᠂ ᠨᠠᠮ ᠤᠨ ᠠᠷᠪᠠᠨ ᠨᠢ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠠᠵᠤ ᠠᠬᠤᠶᠢᠯᠠᠯ ᠤᠨ ᠬᠦᠭᠵᠢᠯᠳᠡ ᠶᠢ ᠬᠠᠮᠠᠭᠠᠯᠠᠨ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠤᠭᠳᠠᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠡᠷᠡᠭᠦᠯ ᠢᠶᠠᠷ ᠬᠦᠭᠵᠢᠬᠦ ᠶᠢ ᠠᠬᠢᠭᠤᠯᠵᠤ᠂ ᠵᠠᠷᠢᠮ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠨᠢᠭᠡᠨᠲᠡ ᠨᠡᠯᠢᠶᠡᠳ ᠴᠢᠩᠭ᠎ᠠ ᠤᠯᠠᠨ ᠤᠯᠤᠰ ᠤᠨ ᠥᠷᠢᠰᠥᠯᠳᠦᠬᠦ ᠬᠦᠴᠦᠨ ᠢ ᠪᠦᠷᠢᠯᠳᠦᠭᠦᠯᠪᠡ᠃ ᠠᠵᠢᠯ ᠲᠦᠷᠦᠯ ᠤᠨ ᠲᠠᠭᠠᠭᠤᠯᠤᠬᠴᠢ ᠠᠵᠤ ᠠᠬᠤᠶᠢᠯᠠᠯ ᠪᠣᠯᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠰᠢᠭᠰᠡᠨ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠭᠰᠠᠨ ᠰᠢᠨ᠎ᠠ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠬᠦ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠬᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠦᠷᠢᠰᠦᠯᠳᠦᠬᠦ ᠬᠦᠴᠦᠨ ᠲᠠᠢ ᠦᠢᠯᠡᠳᠬᠦᠨ ᠤ ᠦᠢᠯᠡᠴᠢᠯᠡᠭᠡ ᠶᠢ ᠡᠭᠦᠳᠬᠦ ᠬᠡᠷᠡᠭᠲᠡᠢ᠃ ᠠᠵᠤ ᠠᠬᠤᠶᠢᠯᠠᠯ ᠤᠨ ᠤᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠡᠬᠢ ᠪᠠᠶᠠᠯᠢᠭ ᠢ ᠲᠤᠬᠢᠷᠠᠭᠤᠯᠬᠤ ᠪᠠ ᠨᠡᠶᠢᠳᠭᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠲᠡᠮᠵᠢᠵᠤ᠂ ᠮᠠᠨ ᠤ ᠤᠯᠤᠰ ᠤᠨ ᠤᠨᠴᠠ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠢ ᠤᠯᠠᠨ ᠤᠯᠤᠰ ᠤᠨ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠪᠣᠯᠤᠨ ᠪᠦᠲᠦᠮᠵᠢᠲᠡᠢ ᠵᠠᠬ᠎ᠠ ᠳᠡᠯᠭᠡᠭᠦᠷ ᠢ ᠨᠡᠩ ᠰᠠᠶᠢᠲᠤᠷ ᠤᠶᠠᠯᠳᠤᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠠᠮᠠᠭᠠᠯᠠᠨ ᠬᠥᠭᠵᠢᠭᠡᠵᠦ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠬᠠᠮᠠᠭᠠᠯᠠᠬᠤ ᠶᠢ ᠴᠢᠬᠤᠯᠠᠴᠢᠯᠠᠵᠤ᠂ ᠨᠡᠩ ᠤᠯᠠᠨ ᠰᠢᠯᠢᠳᠡᠭ ᠠᠵᠤ ᠠᠬᠤᠶᠢᠯᠠᠯ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤᠮᠳᠠ ᠠᠴᠠ ᠴᠣᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠣᠯᠠᠨ ᠤᠯᠤᠰ ᠤᠨ ᠵᠠᠬ᠎ᠠ ᠳᠡᠯᠭᠡᠭᠦᠷ ᠢ ᠢᠳᠡᠪᠬᠢᠲᠡᠶ ᠯᠠᠪᠳᠠᠭᠤᠨ ᠢᠶᠠᠷ ᠨᠡᠭᠡᠭᠡᠬᠦ ᠬᠡᠷᠡᠭᠲᠡᠶ ᠭᠡᠵᠤ ᠵᠢᠭᠠᠵᠤ ᠭᠠᠷᠭᠠᠵᠠᠢ᠃       ᠬᠤᠷᠠᠯ ᠠᠴᠠ᠂ ᠨᠠᠮ ᠤᠨ ᠲᠥᠪ ᠬᠤᠷᠢᠶ᠎ᠠ ︽ᠲᠦᠭᠡᠮᠡᠯ ᠬᠦᠷᠳᠡᠭᠡᠮᠵᠢᠳᠤ ᠮᠥᠩᠭᠦᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ︵2016 — 2020 ᠤᠨ︶ ᠶᠢ ᠪᠠᠶᠢᠷᠢᠯᠠᠭᠤᠯᠤᠨ ᠬᠡᠷᠡᠭᠵᠢᠭᠦᠯᠦᠭᠰᠡᠨ ᠠᠴᠠ ᠨᠠᠭᠠᠰᠢ᠂ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠪᠦᠷᠬᠦᠴᠡ ᠶᠢᠨ ᠨᠣᠷᠮ᠎ᠠ᠂ ᠣᠯᠵᠤ ᠪᠣᠯᠬᠤᠶᠢᠴᠠ ᠴᠢᠨᠠᠷ᠂ ᠬᠠᠨᠤᠮᠵᠢ ᠶᠢᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠪᠡ᠃ ᠮᠥᠩᠭᠦᠨ ᠭᠦᠶᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠩ ᠣᠯᠠᠨ ᠮᠥᠩᠭᠦᠨ ᠭᠦᠶᠯᠭᠡᠭᠡᠨ ᠤ ᠡᠬᠢ ᠪᠠᠶᠠᠯᠢᠭ ᠢ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠲᠤᠬᠢᠷᠠᠭᠤᠯᠤᠨ ᠬᠦᠷᠭᠡᠵᠦ᠂ ᠰᠢᠶᠠᠨ᠂ ᠪᠠᠭ᠎ᠠ ᠵᠢᠵᠢᠭ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠵᠡᠷᠭᠡ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠲᠦᠭᠡᠮᠡᠯ ᠬᠦᠷᠳᠡᠭᠡᠮᠵᠢᠳᠤ ᠮᠥᠩᠭᠦᠨ ᠭᠦᠶᠯᠭᠡᠭᠡᠨ ᠪᠠ ᠪᠣᠬᠢᠷᠲᠤᠯ ᠥᠬᠡᠶ ᠮᠥᠩᠭᠦᠨ ᠭᠦᠶᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠶᠯᠭᠡᠭᠡᠨ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠣᠨᠣᠪᠴᠢ ᠶᠢᠨ ᠬᠡᠮᠵᠢᠶ᠎ᠡ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠰᠢᠰᠲ᠋ᠧᠮ᠂ ᠵᠠᠬ᠎ᠠ ᠳᠡᠯᠭᠡᠭᠦᠷ ᠤᠨ ᠰᠢᠰᠲ᠋ᠧᠮ᠂ ᠦᠶᠯᠡᠳᠬᠦᠨ ᠤ ᠰᠢᠰᠲ᠋ᠧᠮ ᠢ ᠰᠢᠯᠢᠳᠡᠭᠵᠢᠭᠦᠯᠵᠦ᠂ ᠬᠤᠳᠠᠯᠳᠤᠭᠠᠨ ᠤ ᠴᠢᠨᠠᠷᠲᠠᠶ᠂ ᠨᠡᠭᠡᠭᠡᠯᠲᠡ ᠶᠢᠨ ᠴᠢᠨᠠᠷᠲᠠᠶ᠂ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠬᠠᠮᠲᠤᠷᠠᠯᠴᠠᠭᠠᠨ ᠤ ᠴᠢᠨᠠᠷᠲᠠᠶ ᠮᠥᠩᠭᠦᠨ ᠭᠦᠶᠯᠭᠡᠭᠡᠨ ᠤ ᠦᠶᠯᠡᠳᠦᠯ ᠢ ᠪᠦᠲᠦᠮᠵᠢᠲᠡᠶ ᠪᠠᠳᠠᠷᠠᠭᠤᠯᠵᠤ᠂ ᠳᠠᠭᠠᠳᠬᠠᠯ ᠪᠠ ᠬᠥᠷᠥᠩᠭᠡ ᠶᠢᠨ ᠵᠠᠬ᠎ᠠ ᠳᠡᠯᠭᠡᠭᠦᠷ ᠤᠨ ᠦᠶᠯᠡᠴᠢᠯᠡᠭᠡ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠰᠢᠭᠤᠳ ᠪᠠᠯᠠ ᠬᠤᠷᠠᠮᠳᠤᠭᠤᠯᠬᠤ ᠠᠷᠭ᠎ᠠ ᠵᠠᠮ ᠢ ᠥᠷᠭᠡᠳᠭᠡᠵᠦ᠂ ᠲᠣᠭᠠᠴᠢᠯᠠᠭᠰᠠᠨ ᠲᠦᠭᠡᠮᠡᠯ ᠬᠦᠷᠳᠡᠭᠡᠮᠵᠢᠳᠤ ᠮᠥᠩᠭᠦᠨ ᠭᠦᠶᠯᠭᠡᠭᠡᠨ ᠤ ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠲᠦᠭᠡᠮᠡᠯ ᠬᠦᠷᠳᠡᠭᠡᠮᠵᠢᠳᠤ ᠮᠥᠩᠭᠦᠨ ᠭᠦᠶᠯᠭᠡᠭᠡᠨ ᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠲᠦᠭᠡᠮᠡᠯ ᠬᠦᠷᠳᠡᠭᠡᠮᠵᠢᠳᠤ ᠮᠥᠩᠭᠦᠨ ᠭᠦᠶᠯᠭᠡᠭᠡᠨ ᠤ ᠰᠠᠭᠤᠷᠢ ᠲᠥᠬᠦᠭᠡᠷᠦᠮᠵᠢ ᠂ ᠲᠦᠷᠢᠮ ᠲᠣᠭᠲᠠᠭᠠᠯ᠂ ᠦᠨᠳᠦᠰᠦᠨ ᠱᠠᠲᠤᠨ ᠤ ᠵᠠᠰᠠᠯᠲᠠ ᠶᠢ ᠪᠦᠷᠢᠨᠰᠢᠬᠦᠯᠵᠤ᠂ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠨᠥᠬᠦᠪᠥᠷᠢ ᠥᠭᠬᠦ ᠵᠡᠷᠭᠡ ᠲᠣᠭᠲᠠᠴᠠ ᠶᠢ ᠲᠦᠷᠭᠡᠳᠭᠡᠨ ᠲᠡᠭᠦᠯᠳᠡᠷᠵᠢᠭᠦᠯᠵᠦ᠂ ᠥᠪᠡᠷ ᠤᠨ ᠥᠷᠲᠡᠭ ᠢ ᠡᠭᠦᠷᠭᠡᠯᠡᠵᠦ ᠳᠡᠶᠢᠯᠬᠦ᠂ ᠬᠤᠳᠠᠯᠳᠤᠭᠠᠨ ᠤ ᠦᠷᠭᠦᠯᠵᠢᠯᠡᠬᠦ ᠣᠷᠳᠣ ᠬᠤᠭᠤᠴᠠᠭᠠᠨ ᠤ ᠪᠦᠲᠦᠮᠵᠢᠳᠤ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠩᠭ᠎ᠠ ᠠᠭᠤᠷ ᠠᠮᠢᠰᠬᠤᠯ ᠢ ᠴᠢᠩᠳᠠᠯᠠᠵᠤ᠂ ᠴᠢᠩᠭ᠎ᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠢᠯᠵᠡᠷᠡᠯ ᠢ ᠡᠷᠡᠰ ᠵᠠᠯᠬᠠᠭᠠᠨ ᠰᠢᠢᠳᠭᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠥᠮᠦᠰ ᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃       ᠬᠤᠷᠠᠯ ᠠᠴᠠ᠂ ᠮᠠᠨ ᠤ ᠤᠯᠤᠰ ᠳᠡᠯᠡᠬᠡᠶ ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ ᠲᠠᠢ᠂ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢᠨ ᠥᠷᠭᠡᠨ ᠠᠭᠤᠳᠠᠮ ᠲᠠᠪᠴᠠᠩ ᠲᠠᠢ᠂ ᠦᠯᠡᠮᠵᠢ ᠣᠯᠠᠨ ᠰᠢᠯᠢᠳᠡᠭ ᠴᠢᠳᠠᠪᠤᠷᠢᠲᠠᠨ ᠢ ᠲᠠᠰᠤᠷᠠᠯᠲᠠ ᠥᠬᠡᠶ ᠬᠥᠮᠦᠵᠢᠭᠦᠯᠦᠨ ᠪᠣᠶᠢᠵᠢᠭᠤᠯᠵᠤ᠂ ᠡᠷᠳᠡᠮᠳᠡᠨ ᠢ ᠪᠦᠷᠢᠮᠦᠰᠦᠨ ᠬᠥᠮᠦᠵᠢᠭᠦᠯᠵᠤ ᠴᠢᠳᠠᠨ᠎ᠠ᠃ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠶ ᠶᠢᠨ ᠭᠤᠤᠯ ᠲᠡᠶᠢᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠪᠠ ᠡᠷᠡᠭᠦᠯ ᠮᠡᠨᠳᠦ ᠳᠤ ᠬᠠᠨᠳᠤᠭᠤᠯᠬᠤ ᠶᠢ ᠪᠠᠷᠢᠮᠲᠠᠯᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠴᠢᠨᠠᠷ ᠰᠠᠶᠢᠲᠠᠶ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠶ᠃ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠳᠠᠪᠤᠷᠢᠲᠠᠨ ᠢ ᠬᠥᠮᠦᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠴᠢᠳᠠᠪᠤᠷᠢᠲᠠᠨ ᠢ ᠬᠦᠳᠦᠯᠥᠨ ᠳᠠᠭᠠᠭᠤᠯᠵᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠭᠢᠯᠬᠡ ᠲᠠᠢ ᠪᠤᠯᠭᠠᠵᠤ᠂ ᠤᠯᠤᠰ ᠲᠠᠭᠠᠨ ᠵᠢᠳᠬᠦᠬᠦ ᠵᠣᠷᠢᠭ ᠢ  ᠨᠢ ᠬᠥᠪᠴᠢᠯᠡᠵᠦ᠂ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ ᠬᠡᠬᠦᠳᠡᠭ ᠴᠡᠭᠡᠵᠢᠨ ᠳᠡᠭᠡᠨ ᠡᠬᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠬᠤ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠲᠦᠷᠢᠮ ᠤᠨ ᠣᠷᠴᠢᠨ ᠢ ᠰᠢᠯᠢᠳᠡᠭᠵᠢᠭᠦᠯᠵᠦ᠂ ᠰᠠᠭᠤᠷᠢ ᠶᠢ ᠰᠠᠶᠢᠲᠤᠷ ᠲᠠᠯᠪᠢᠵᠤ᠂ ᠠᠯᠤᠰ ᠬᠡᠲᠦ ᠠᠴᠠ ᠪᠤᠳᠤᠯᠬᠢᠯᠠᠨ ᠨᠥᠭᠡᠴᠡᠯᠡᠵᠦ᠂ ᠶᠡᠭᠡ ᠳᠡᠭᠡᠳᠦ ᠰᠤᠷᠭᠠᠭᠤᠯᠢ ᠢᠯᠠᠩᠭᠤᠶ᠎ᠠ ︽ᠬᠤᠤᠰ ᠲᠡᠷᠢᠭᠦᠨ ᠵᠡᠷᠭᠡ︾  ᠶᠢᠨ ᠶᠡᠭᠡ ᠰᠤᠷᠭᠠᠭᠤᠯᠢ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠦᠵᠢᠭᠦᠯᠬᠦ ᠭᠤᠤᠯ ᠬᠦᠴᠦᠨ ᠤ ᠦᠶᠯᠡᠳᠦᠯ ᠢ ᠪᠠᠳᠠᠷᠠᠭᠤᠯᠵᠤ᠂ ᠴᠢᠳᠠᠪᠤᠷᠢᠲᠠᠨ ᠢ ᠰᠠᠶᠢᠲᠤᠷ ᠬᠥᠮᠦᠵᠢᠭᠦᠯᠬᠦ ᠪᠦᠭᠡᠳ ᠨᠠᠩ ᠴᠤ ᠴᠢᠳᠠᠪᠤᠷᠢᠲᠠᠨ ᠢ ᠰᠠᠶᠢᠲᠤᠷ ᠬᠡᠷᠡᠭᠯᠡᠬᠦ ᠬᠡᠷᠡᠭᠲᠡᠶ ᠭᠡᠵᠤ ᠵᠢᠭᠠᠵᠤ ᠭᠠᠷᠭᠠᠪᠠ᠃       ᠬᠤᠷᠠᠯ ᠠᠴᠠ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠠᠮ ᠤᠨ ᠲᠦᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠦᠶᠯᠡᠴᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠦᠶᠯᠡᠴᠢᠯᠡᠬᠦ ᠵᠡᠷᠭᠡ ᠲᠠᠯ᠎ᠠ ᠪᠠᠷ ᠣᠷᠣᠯᠠᠭᠤᠯᠵᠤ ᠪᠣᠯᠤᠰᠢ ᠥᠬᠡᠶ ᠴᠢᠬᠤᠯᠠ ᠦᠢᠯᠡᠳᠦᠯ ᠦᠵᠡᠭᠦᠯᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠳᠦᠯᠲᠡ ᠶᠢᠨ ᠴᠢᠨᠡᠷᠳᠡᠢ ᠮᠡᠷᠭᠡᠵᠢᠯ ᠤᠨ ᠭᠤᠯᠤᠮᠳᠠ ᠶᠢ ᠪᠠᠶᠢᠭᠤᠯᠬᠤ ᠶᠢ ᠠᠬᠢᠭᠤᠯᠬᠤ ᠳᠤ᠂ ᠪᠠᠶᠢᠯᠳᠤᠬᠤ ᠪᠤᠳᠤᠯᠭ᠎ᠠ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠤᠯᠤᠰ ᠤᠨ ᠠᠮᠤᠷ ᠲᠦᠪᠰᠢᠨ᠂ ᠠᠵᠤ ᠦᠢᠯᠡᠰ ᠤᠨ ᠭᠤᠣᠯᠯᠠᠭᠴᠢ ᠦᠷᠢᠰᠦᠯᠳᠦᠬᠦ ᠬᠦᠴᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢᠨ ᠲᠣᠭᠤᠷᠢᠨ ᠳᠤ᠂ ᠡᠭᠦᠳᠦᠯᠲᠡ ᠶᠢᠨ ᠴᠢᠨᠡᠷᠳᠡᠢ ᠮᠡᠷᠭᠡᠵᠢᠯ ᠤᠨ ᠬᠠᠩᠭᠠᠯᠭ᠎ᠠ ᠶᠢ ᠴᠢᠩᠭᠠᠳᠬᠠᠵᠤ᠂ ᠬᠤᠰᠢᠭᠤᠷᠠᠯ ᠮᠡᠷᠭᠡᠵᠢᠯ ᠪᠣᠯᠤᠨ ᠲᠡᠷᠢᠬᠦᠨ ᠤ ᠲᠠᠪᠠᠯᠳᠠ ᠶᠢᠨ ᠴᠢᠨᠠᠷᠲᠠᠢ ᠮᠡᠷᠭᠡᠵᠢᠯ ᠢ ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠶᠢ ᠡᠭᠦᠳᠬᠦ ᠡᠯᠧᠮᠧᠨ᠋ᠲ ᠢ ᠲᠥᠪᠯᠡᠷᠡᠭᠦᠯᠬᠦ᠂ ᠰᠢᠨ᠎ᠡ ᠶᠢ ᠡᠭᠦᠳᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠬᠤ᠂ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠬᠦ ᠳᠡᠭᠡᠷ᠎ᠡ ᠬᠦᠴᠦ ᠤᠷᠤᠭᠤᠯᠵᠤ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠬᠦ᠂ ᠣᠷᠣᠭᠤᠯᠵᠤ ᠠᠪᠴᠢᠷᠠᠬᠤ᠂ ᠰᠠᠶᠢᠲᠤᠷ ᠬᠡᠷᠡᠭᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠵᠤᠬᠢᠴᠠᠯᠳᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ᠃       ᠬᠤᠷᠠᠯ ᠠᠴᠠ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠪᠢᠳᠡ ᠥᠭᠡᠷᠡᠴᠢᠯᠡᠯᠲᠡ ᠶᠢᠨ ᠠᠵᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠬᠤ ᠦᠶ᠎ᠡ ᠳᠤ ᠡᠯ᠎ᠡ ᠲᠠᠯ᠎ᠠ ᠶᠢᠨ ᠲᠦᠷᠢᠮ ᠢ ᠨᠡᠩ ᠪᠣᠯᠪᠠᠰᠤᠷᠠᠩᠭᠤᠢ ᠨᠡᠩ ᠲᠤᠬᠳᠠᠮᠠᠯ ᠬᠡᠪᠰᠢᠭᠰᠡᠨ ᠪᠣᠯᠭᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠬᠠᠷᠠᠯᠲᠠ ᠶᠢ ᠪᠡᠶᠡᠯᠡᠭᠦᠯᠪᠡ᠃ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠠᠬᠢᠭᠤᠯᠬᠤ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠡᠯ᠎ᠡ ᠬᠦᠷᠢᠶ᠎ᠡ ᠡᠯ᠎ᠡ ᠲᠠᠯ᠎ᠠ ᠶᠢᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠨᠠᠩ ᠰᠠᠶᠢᠲᠤᠷ ᠦᠶᠯᠡᠴᠢᠯᠡᠬᠦ ᠶᠢ ᠠᠬᠢᠭᠤᠯᠪᠠ᠃ ᠪᠢᠳᠡ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠶᠳᠪᠦᠷᠢᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠪᠠᠶᠢᠷᠢᠯᠠᠭᠤᠯᠤᠨ ᠨᠡᠶᠢᠲᠡᠯᠡᠵᠦ᠂ ᠲᠦᠷᠢᠮ ᠤᠨ ᠳᠠᠪᠠᠭᠤᠯᠢᠭ ᠢᠶᠠᠨ ᠪᠠᠳᠠᠷᠠᠭᠤᠯᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠠᠷᠭᠠᠴᠠᠭᠠᠵᠤ᠂ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶᠳᠪᠦᠷᠢᠯᠡᠪᠠ᠃ ᠪᠢᠳᠡ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ ᠢ ᠴᠢᠩᠭᠠᠳᠬᠠᠬᠤ᠂ ᠥᠭᠡᠷᠡᠴᠢᠯᠡᠯᠲᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠨᠥᠬᠦᠴᠡᠯ ᠲᠠᠢ ᠭᠠᠵᠠᠷ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠶᠢ ᠳᠡᠮᠵᠢᠨ ᠠᠬᠢᠭᠤᠯᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠱᠠᠯᠠᠪᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠢᠲᠡᠭᠡᠯ ᠵᠣᠷᠢᠭ ᠢ ᠨᠢ ᠪᠠᠲᠤᠳᠬᠠᠵᠤ᠂ ᠦᠷᠭᠦᠯᠵᠢᠯᠡᠨ ᠵᠠᠮ ᠨᠡᠭᠡᠭᠡᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠶ ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠢ ᠭᠡᠵᠤ ᠵᠢᠭᠠᠵᠤ ᠭᠠᠷᠭᠠᠪᠠ᠃       ᠬᠤᠷᠠᠯ ᠠᠴᠠ᠂ ᠡᠨᠡ ᠵᠢᠯ ᠤᠨ ᠳᠣᠣᠷ᠎ᠠ ᠬᠠᠭᠠᠰ ᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠨ᠎ᠠ᠂ ᠥᠭᠡᠷᠡᠴᠢᠯᠡᠯᠲᠡ ᠶᠢᠨ ᠠᠵᠢᠯ ᠢ ᠱᠠᠯᠠᠪᠳᠠᠭᠤᠯᠤᠨ ᠯᠠᠪᠳᠠᠭᠤᠨ᠂ ᠭᠦᠨᠵᠡᠭᠡᠢ ᠠᠬᠢᠭᠤᠯᠬᠤ ᠪᠥᠭᠡᠳ ᠪᠠᠰᠠ ᠰᠢᠨ᠎ᠡ ᠪᠠᠶᠢᠳᠠᠯ᠂ ᠰᠢᠨ᠎ᠡ ᠳᠦᠷᠰᠤ ᠪᠠᠶᠢᠳᠠᠯ ᠲᠠᠢ ᠪᠣᠯᠭᠠᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠭᠡᠨ ᠠᠬᠢᠭᠤᠯᠵᠤ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ᠂ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠭᠡᠨ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠰᠢᠨ᠎ᠡ ᠲᠤᠷᠰᠢᠯᠭ᠎ᠠ ᠶᠢ ᠭᠦᠨᠵᠡᠭᠡᠢ ᠳ᠋ᠦᠩᠨᠡᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯ ᠰᠢᠪᠲᠤᠯᠬᠤ ᠴᠢᠭᠯᠡᠯ᠂ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ᠂ ᠡᠭᠦᠷᠭᠡ ᠶᠢᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠰᠤᠳᠤᠯᠵᠤ᠂ ᠪᠦᠬᠦ ᠨᠠᠮ ᠪᠦᠬᠦ ᠨᠡᠶᠢᠭᠡᠮ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠬᠥᠭᠵᠢᠭᠡᠵᠤ᠂ ᠡᠷᠡᠭᠦᠯ ᠪᠦᠬᠡᠳ ᠲᠣᠭᠲᠠᠭᠤᠨ ᠠᠵᠤ ᠠᠬᠤᠶ ᠶᠢᠨ ᠣᠷᠴᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠢ ᠪᠠᠳᠤᠯᠠᠬᠤ ᠳᠤ ᠰᠠᠶᠢᠨ ᠰᠠᠶᠢᠬᠠᠨ ᠲᠦᠷᠢᠮ ᠤᠨ ᠨᠥᠬᠦᠴᠡᠯ ᠢ ᠪᠦᠷᠢᠯᠳᠦᠭᠦᠯᠬᠦ ᠭᠡᠷᠡᠭᠳᠠᠢ ᠭᠡᠵᠤ ᠴᠢᠬᠤᠯᠠᠴᠢᠯᠠᠪᠠ᠃       ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ