ᠯᠢ ᠯᠢ ᠲᠠᠯᠡᠳ ᠬᠤᠰᠢᠭᠤᠨ ᠳᠤ ᠠᠮᠤ ᠪᠤᠳᠠᠭᠠᠨ ᠤ ᠠᠮᠤᠷ ᠲᠦᠪᠰᠢᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠬᠦᠳᠡᠭᠡ ᠲᠤᠰᠬᠤᠨ ᠢ ᠬᠦᠭᠵᠢᠬᠦᠯᠬᠦ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2022/3/2
   ᠦᠢᠷ᠎ᠡ ᠶᠢᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠲᠠᠯᠠᠳ ᠬᠤᠰᠢᠭᠤᠨ ᠳᠤ ᠬᠦᠨᠵᠡᠬᠡᠶᠢᠷᠡᠵᠤ᠂ ᠠᠮᠤ ᠪᠤᠳᠠᠭᠠᠨ ᠤ ᠠᠮᠤᠷ ᠲᠦᠪᠰᠢᠨ᠂ ᠬᠠᠳᠤᠨ ᠬᠦᠨᠵᠡᠬᠡᠶᠢᠷᠡᠵᠤ᠂ ᠠᠮᠤ ᠪᠤᠳᠠᠭᠠᠨ ᠤ ᠠᠮᠤᠷ ᠲᠦᠪᠰᠢᠨ᠂ ᠬᠠᠳᠤᠨ ᠭᠤᠤᠯ ᠤᠨ ᠰᠠᠪᠠ ᠭᠠᠵᠠᠷ  ᠤᠨ ᠠᠮᠢ ᠠᠬᠤᠢ ᠶᠢᠨ ᠬᠠᠮᠠᠭᠠᠯᠠᠯᠳᠠ ᠪᠠ ᠬᠦᠳᠡᠭᠡ ᠲᠤᠰᠬᠤᠨ ᠢ ᠬᠦᠭᠵᠢᠬᠦᠯᠬᠦ ᠠᠵᠢᠯ ᠳᠤ ᠪᠠᠶᠢᠴᠠᠭᠠᠨ ᠰᠤᠳᠤᠯᠤᠯᠳᠠ ᠬᠢᠪᠠ᠃ ᠬᠤᠳᠠ ᠶᠢᠨ ᠤᠳᠤᠷᠢᠳᠤᠯᠭ᠎ᠠ ᠶᠢᠨ ᠬᠤᠸᠠ᠂ ᠵᠠᠩ ᠸᠧᠢ᠂ ᠡᠷᠳᠡᠨᠢᠪᠢᠯᠢᠭ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃     ᠯᠢ ᠯᠢ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠶᠡᠬᠡᠳᠠ ᠬᠠᠯᠠᠮᠵᠢᠯᠠᠵᠤ ᠪᠠᠶᠢᠪᠠ᠃ ᠸᠠᠩ ᠤᠨ ᠵᠤᠤ ᠪᠠᠯᠭᠠᠰᠤᠨ ᠤ ᠶᠡᠬᠡᠨᠠᠭᠤᠷ ᠲᠤᠰᠬᠤᠨ ᠤ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠲᠦᠷᠤᠯ ᠵᠦᠢᠯ ᠤᠨ ᠠᠬᠤᠢ ᠲᠠᠯᠠᠪᠠᠢ ᠳᠤ᠂ ᠲᠠᠷᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢᠨ ᠠᠭᠤᠯᠭ᠎ᠠ᠂ ᠠᠬᠢᠴᠠ ᠪᠤᠯᠤᠨ ᠵᠢᠱᠢᠭᠰᠡᠨ ᠦᠷ᠎ᠡ ᠠᠰᠢᠭ ᠵᠡᠷᠬᠡ ᠪᠠᠶᠢᠳᠠᠯ ᠢ ᠨᠠᠷᠢᠨ ᠦᠢᠯᠠᠭᠠᠪᠠ᠃ ᠵᠧᠨ ᠶᠢᠨ ᠲᠠᠷᠢᠶᠠᠨ ᠦᠷ᠎ᠡ ᠵᠨ ᠦᠢᠯᠡᠰ ᠤᠨ ᠺᠤᠮᠫᠠᠨᠢ ᠳᠤ᠂ ᠲᠡᠷᠡ ᠲᠠᠷᠢᠶᠠᠨ ᠦᠷ᠎ᠡ ᠶᠢᠨ ᠴᠢᠬᠢ ᠶᠢ ᠰᠤᠶᠤᠭᠠᠯᠠᠭᠤᠯᠤᠨ ᠪᠤᠶᠢᠵᠢᠭᠤᠯᠬᠤ᠂ ᠲᠠᠷᠢᠶᠠᠨ ᠦᠷ᠎ᠡ ᠶᠢᠨ ᠦᠢᠯᠡᠰ ᠤᠨ ᠰᠢᠨ᠎ᠡ ᠶᠢ ᠡᠬᠦᠳᠬᠦ᠂ ᠬᠦᠷᠤᠰᠤ ᠰᠢᠷᠤᠢ ᠶᠢ ᠰᠠᠶᠢᠵᠢᠷᠠᠭᠤᠯᠬᠤ ᠪᠠ ᠡᠷᠳᠠᠨᠢ ᠰᠢᠰᠢ ᠰᠢᠷ᠎ᠡ ᠪᠤᠷᠴᠠᠭ ᠤᠨ ᠲᠠᠷᠢᠮᠠᠯ ᠤᠨ ᠮᠡᠷᠬᠡᠵᠢᠯ ᠢ ᠰᠤᠳᠤᠯᠤᠨ ᠨᠡᠬᠡᠬᠡᠭᠰᠡᠨ ᠵᠡᠷᠬᠡ ᠪᠠᠶᠢᠳᠠᠯ ᠢ ᠨᠠᠷᠢᠨ ᠬᠢᠨᠠᠮᠠᠭᠠᠢ ᠯᠠᠪᠯᠡᠨ ᠠᠰᠠᠭᠤᠪᠠ᠃ ᠤᠷᠳᠤᠰ ᠬᠤᠳᠠ ᠶᠢᠨ ᠠᠮᠤ ᠪᠤᠳᠠᠭᠠᠨ ᠤ ᠬᠦᠮᠤᠷᠬᠡ ᠳᠤ᠂ ᠲᠡᠷᠡ ᠠᠮᠤ ᠪᠤᠳᠠᠭ᠎ᠠ ᠨᠦᠬᠡᠴᠠᠯᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠤ᠂ ᠰᠠᠩ ᠬᠦᠮᠤᠷᠬᠡ ᠶᠢᠨ ᠪᠠᠭᠳᠠᠭᠠᠮᠵᠢ᠂ ᠰᠠᠩ ᠬᠦᠮᠤᠷᠬᠡ ᠶᠢᠨ ᠬᠠᠮᠢᠶᠠᠷᠤᠯᠳᠠ᠂ ᠠᠮᠤ ᠪᠤᠳᠠᠭ᠎ᠠ ᠬᠤᠳᠠᠯᠳᠤᠨ ᠠᠪᠵᠤ ᠨᠦᠬᠡᠴᠠᠯᠠᠵᠤ ᠪᠠᠶᠢᠭ᠎ᠠ ᠵᠡᠷᠬᠡ ᠪᠠᠶᠢᠳᠠᠯ ᠢ ᠨᠠᠷᠢᠨ ᠦᠢᠯᠠᠭᠠᠪᠠ᠃ ᠯᠢ ᠯᠢ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠤᠯᠤᠰ ᠲᠦᠷᠤ ᠶᠢᠨ ᠬᠠᠷᠢᠭᠤᠴᠠᠯᠭ᠎ᠠ ᠶᠢ ᠦᠨᠡᠨ ᠬᠦ ᠡᠬᠦᠷᠬᠡᠯᠡᠨ᠂ ᠠᠮᠤ ᠪᠤᠳᠠᠭ᠎ᠠ ᠬᠦᠮᠤᠷᠬᠡᠯᠡᠨ ᠬᠠᠳᠠᠭᠠᠯᠠᠬᠤ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠴᠢᠨᠠᠭᠰᠢᠳᠠ ᠴᠢᠩᠭᠠᠳᠬᠠᠵᠤ᠂ ᠬᠤᠳᠠᠯᠳᠤᠨ ᠠᠪᠬᠤ ᠬᠠᠳᠠᠭᠠᠯᠠᠬᠤ ᠪᠤᠷᠤᠯᠠᠭᠤᠯᠬᠤ ᠡᠯ᠎ᠡ ᠭᠤᠬᠤᠴᠠᠭ᠎ᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠮᠤ ᠪᠤᠳᠠᠭ᠎ᠠ ᠬᠤᠳᠠᠯᠳᠤᠨ ᠠᠪᠴᠤ ᠨᠦᠬᠡᠴᠠᠯᠡᠬᠦ ᠴᠢᠳᠡᠪᠤᠷᠢ ᠶᠢ ᠲᠠᠰᠤᠷᠠᠯᠳᠠ ᠦᠬᠡᠢ ᠲᠡᠬᠡᠭᠰᠢᠬᠦᠯᠤᠨ᠂ ᠠᠮᠤ ᠪᠤᠳᠠᠭ᠎ᠠ ᠶᠢ ᠢᠯᠡᠬᠦᠬᠡᠨ ᠬᠠᠳᠠᠭᠠᠯᠠᠵᠤ᠂ ᠠᠮᠤ ᠪᠤᠳᠠᠭ᠎ᠠ ᠶᠢ ᠰᠠᠶᠢᠳᠤᠷ ᠬᠠᠳᠠᠭᠠᠯᠠᠬᠤ ᠪᠠᠷ ᠴᠢᠷᠮᠠᠶᠢᠬᠤ ᠬᠡᠷᠡᠭᠳᠠᠢ᠃《 ᠠᠮᠤ ᠪᠤᠳᠠᠭ᠎ᠠ ᠶᠢ ᠬᠠᠳᠠᠭᠠᠯᠠᠬᠤ》᠂《 ᠠᠮᠤ ᠪᠤᠳᠠᠭ᠎ᠠ ᠲᠠᠷᠢᠬᠤ ᠮᠡᠷᠬᠡᠵᠢᠯ ᠢ ᠲᠡᠬᠡᠭᠰᠢᠯᠡᠬᠦᠯᠬᠦ》ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠨᠢᠬᠡᠳᠤᠬᠡᠷ ᠠᠵᠤ ᠦᠢᠯᠡᠰ  ᠢ ᠲᠡᠬᠢᠨ ᠱᠤᠭᠤᠬᠤ ᠶᠢ ᠲᠦᠷᠬᠡᠳᠬᠡᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠶᠢ ᠢᠮᠠᠭᠳᠠ ᠲᠡᠷᠢᠬᠦᠨ ᠳᠤ ᠲᠠᠯᠪᠢᠨ᠂ ᠲᠠᠷᠢᠶᠠᠯᠠᠩ ᠤᠨ ᠦᠢᠯᠡᠳᠪᠤᠷᠢᠯᠡᠯ ᠪᠤᠯᠤᠨ ᠠᠮᠢ ᠠᠬᠤᠢ ᠶᠢᠨ ᠬᠠᠮᠠᠭᠠᠯᠠᠯᠳᠠ ᠶᠢᠨ ᠬᠠᠷᠢᠴᠠᠭ᠎ᠠ ᠶᠢ ᠰᠠᠶᠢᠳᠤᠷ ᠡᠵᠡᠮᠳᠠᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠬᠦᠳᠤᠯᠤᠨ ᠲᠠᠭᠠᠭᠤᠯᠬᠤ ᠦᠢᠯᠡᠳᠤᠯ ᠢ ᠪᠠᠳᠠᠷᠠᠭᠤᠯᠤᠨ᠂ ᠤᠰᠤ ᠠᠷᠪᠢᠯᠠᠬᠤ ᠰᠦᠯᠢᠶᠤᠤ ᠪᠦᠷᠬᠦᠪᠴᠢ ᠶᠢ ᠵᠤᠬᠢᠰᠳᠠᠢ ᠬᠡᠷᠡᠭᠯᠡᠬᠦ ᠬᠢᠮᠢ ᠶᠢᠨ ᠪᠤᠷᠳᠤᠭᠤᠷ ᠲᠠᠷᠢᠶᠠᠨ ᠡᠮ  ᠢ ᠪᠠᠭᠠᠰᠬᠠᠬᠤ ᠦᠷ᠎ᠡ ᠠᠰᠢᠭ ᠢ ᠨᠡᠮᠡᠭᠳᠡᠬᠦᠯᠬᠦ ᠶᠢ ᠨᠢᠬᠡ ᠴᠤᠭᠴᠠᠵᠢᠭᠤᠯᠤᠨ ᠠᠬᠢᠭᠤᠯᠬᠤ ᠶᠢ ᠪᠠᠷᠢᠮᠳᠠᠯᠠᠵᠤ᠂ ᠤᠯᠠᠨ ᠲᠠᠪᠬᠤᠷ ᠬᠠᠷᠠᠯᠳᠠ ᠶᠢᠨ ᠲᠤᠮᠳᠠ ᠠᠴᠠ ᠬᠦᠳᠡᠯᠤᠩᠬᠦᠢ ᠪᠠᠶᠢᠬᠤ ᠲᠡᠩᠴᠡᠬᠦᠷᠢᠳᠡᠢ ᠪᠠᠶᠢᠬᠤ ᠶᠢ ᠰᠦᠪᠡᠭᠴᠢᠯᠡᠬᠦ ᠬᠡᠷᠡᠭᠳᠡᠢ᠃ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠲᠠᠷᠢᠮᠡᠯ ᠤᠨ ᠪᠦᠳᠤᠴᠠ ᠶᠢ ᠢᠳᠡᠪᠬᠢᠳᠠᠢ ᠪᠠᠷ ᠲᠤᠬᠢᠷᠠᠭᠤᠯᠵᠤ᠂ ᠲᠠᠷᠢᠶᠠᠯᠠᠩ ᠤᠨ ᠬᠦᠭᠵᠢᠯᠳᠠ ᠶᠢᠨ ᠴᠢᠨᠠᠷᠵᠢᠯ ᠪᠠ ᠦᠷ᠎ᠡ ᠠᠰᠢᠭ ᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ ᠠᠮᠤ ᠪᠤᠳᠤᠭ᠎ᠠ ᠬᠤᠳᠠᠯᠳᠤᠨ ᠠᠪᠬᠤ ᠪᠠ ᠪᠤᠷᠤᠯᠠᠭᠤᠯᠬᠤ ᠬᠦᠷᠢᠶᠠᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠨᠢᠬᠦᠯᠬᠦ ᠪᠠᠷ ᠠᠵᠠ ᠲᠤᠬᠢᠶᠠᠯ ᠪᠤᠯᠭᠠᠵᠤ᠂ ᠲᠤᠳᠠᠭᠤᠳᠠᠯ ᠢ ᠲᠦᠷᠬᠡᠨ ᠨᠦᠬᠦᠪᠤᠷᠢᠯᠡᠵᠤ᠂ ᠠᠮᠤ ᠪᠤᠳᠠᠭᠠᠨ ᠤ ᠠᠮᠤᠷ ᠲᠦᠪᠰᠢᠨ ᠤ ᠪᠠᠳᠤᠯᠭ᠎ᠠ ᠶᠢᠨ ᠴᠢᠳᠠᠪᠤᠷᠢ ᠶᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ ᠬᠡᠵᠤ ᠴᠢᠬᠤᠯᠠᠴᠢᠯᠡᠪᠠ᠃      ᠸᠠᠩ ᠤᠨ ᠵᠤᠤ ᠪᠠᠯᠭᠠᠰᠤᠨ ᠤ ᠲᠠᠷᠠᠰᠤᠳᠠᠢ ᠲᠤᠰᠬᠤᠨ ᠤ ᠲᠢᠶᠡᠨ ᠵᠢᠶᠠ ᠬᠧ ᠳ᠋ᠠᠨ ᠨᠢᠬᠡᠳᠤᠬᠡᠷ ᠬᠤᠷᠰᠢᠶ᠎ᠠ ᠳᠤ᠂ ᠯᠢ ᠯᠢ ᠬᠠᠳᠤᠨ ᠭᠤᠤᠯ ᠤᠨ ᠰᠠᠶᠢᠷᠭᠠᠯ ᠭᠠᠵᠠᠷ ᠤᠨ ᠰᠠᠭᠤᠭᠠᠯᠢ ᠠᠷᠠᠳ ᠰᠢᠨ ᠶᠢᠨ ᠬᠦᠢ ᠶᠢᠨ ᠬᠡᠷ ᠲᠤ ᠬᠦᠷᠵᠤ᠂ ᠲᠤᠬᠠᠢ ᠶᠢᠨ ᠲᠠᠯᠠᠪᠠᠢ ᠳᠤ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠨᠢ ᠪᠠᠶᠢᠴᠠᠭᠠᠨ ᠦᠵᠡᠵᠤ᠂ ᠨᠡᠬᠦᠯᠬᠡᠨ ᠰᠢᠯᠵᠢᠬᠦᠯᠵᠤ ᠪᠦᠳᠤᠬᠡᠨ ᠪᠠᠶᠢᠭᠤᠯᠬᠤ ᠬᠦᠰᠡᠯ ᠱᠠᠭᠠᠷᠳᠠᠯᠭ᠎ᠠ ᠶᠢ ᠨᠡᠷᠢᠨ ᠦᠢᠯᠡᠭᠠᠪᠠ᠃ ᠬᠠᠨᠳᠠᠢ ᠶᠢᠨ ᠭᠤᠤᠯ ᠤᠨ ᠶᠡᠭᠡ ᠬᠦᠷᠬᠦᠷᠬᠡ ᠳᠤ᠂ ᠲᠠᠷᠠ《 ᠠᠷᠪᠠᠨ ᠶᠡᠭᠡ ᠬᠦᠨᠳᠡᠢ ᠶᠢᠨ ᠭᠤᠤᠯ》 ᠤᠨ ᠵᠠᠰᠠᠯᠳᠠ ᠪᠠ ᠭᠤᠤᠯ ᠤᠨ ᠵᠠᠮ ᠤᠨ《 ᠲᠦᠷᠪᠡᠨ ᠲᠤᠷ᠎ᠡ ᠪᠠᠷ》 ᠪᠠᠶᠢᠳᠠᠯ ᠢ ᠨᠠᠷᠢᠨ ᠯᠠᠪᠯᠠᠨ ᠠᠰᠠᠭᠤᠪᠠ᠃ ᠯᠢ ᠯᠢ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠠ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂《 ᠠᠷᠪᠠᠨ ᠶᠡᠭᠡ ᠬᠦᠨᠳᠠᠢ ᠶᠢᠨ ᠭᠤᠤᠯ》 ᠢ ᠶᠡᠷᠤᠩᠬᠡᠶᠢᠯᠡᠨ ᠵᠠᠰᠠᠬᠤ᠂ ᠤᠰᠤ ᠡᠯᠡᠰᠤᠨ ᠤ ᠬᠠᠷᠢᠴᠠᠭ᠎ᠠ ᠶᠢ ᠵᠤᠬᠢᠴᠠᠭᠤᠯᠬᠤ᠂ ᠭᠤᠤᠯ ᠤᠨ ᠵᠠᠮ ᠤᠨ《 ᠲᠦᠷᠪᠡᠨ ᠲᠤᠷ᠎ᠡ ᠪᠠᠷ》 ᠪᠠᠶᠢᠳᠠᠯ ᠢ ᠴᠡᠭᠴᠡᠯᠡᠬᠦ ᠵᠡᠷᠬᠡ ᠠᠵᠢᠯ ᠢ ᠦᠨᠡᠨ ᠬᠦ᠋ ᠰᠠᠶᠢᠳᠤᠷ ᠠᠳᠬᠤᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ᠃ ᠤᠯᠡᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠢᠴᠡᠳ ᠬᠦᠨᠳᠤᠳᠬᠡᠨ᠂ ᠤᠯᠡᠨ ᠲᠦᠮᠡᠨ ‍ᠣ‌ᠠᠵᠢᠯ ᠢ ᠪᠤᠳᠠᠳᠠᠢ ᠬᠢᠵᠤ᠂ ᠲᠦᠷᠤ ᠶᠢᠨ ᠪᠤᠳᠤᠯᠭ᠎ᠠ ᠶᠢ ᠲᠤᠳᠤᠷᠬᠠᠢ ᠨᠡᠪᠳᠡᠷᠬᠡᠢ ᠶᠡᠷᠢᠨ ᠦᠭᠴᠤ᠂ ᠤᠯᠡᠨ ᠲᠦᠮᠡᠨ ᠤ ᠲᠡᠮᠵᠢᠯᠬᠡ ᠶᠢ ᠤᠯᠵᠤ᠂ ᠤᠯᠡᠨ ᠲᠦᠮᠡᠨ ᠤ ᠠᠰᠢᠭ ᠲᠤᠰᠠ ᠶᠢ ᠬᠠᠮᠠᠭᠠᠯᠠᠨ᠂ ᠰᠠᠶᠢᠷᠭᠠᠯ ᠭᠠᠵᠠᠷ ᠤᠨ ᠰᠠᠭᠤᠭᠠᠯᠢ ᠠᠷᠠᠳ ᠢ ᠨᠡᠬᠦᠯᠬᠡᠨ ᠰᠢᠯᠵᠢᠬᠦᠯᠵᠤ ᠪᠦᠳᠤᠬᠡᠨ ᠪᠠᠶᠢᠭᠤᠯᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃      ᠪᠠᠢ ᠨᠢ ᠵᠢᠩ ᠪᠠᠯᠭᠠᠰᠤᠨ ᠤ ᠬᠠᠶᠢᠯᠠᠰᠤ ᠲᠤᠰᠬᠤᠨ ᠤ ᠠᠮᠤ ᠪᠤᠳᠠᠭᠠᠨ ᠤ ᠲᠠᠷᠢᠮᠠᠯ ᠤᠨ ᠲᠤᠮᠤ ᠡᠷᠤᠬᠡ ᠸᠠᠩ ᠡᠤ ᠮᠢᠩ ᠤᠨ ᠬᠡᠷ ᠲᠤ᠂ ᠯᠢ ᠯᠢ ᠬᠡᠳᠤᠢ ᠮᠤ᠋ ᠲᠠᠷᠢᠶ᠎ᠡ ᠲᠠᠷᠢᠭᠰᠡᠨ᠂ ᠨᠢᠳᠤᠨᠤᠨ ᠤ ᠤᠷᠤᠯᠭ᠎ᠠ ᠶᠠᠮᠠᠷ ᠬᠡᠬᠦ ᠮᠡᠳᠤ ᠪᠠᠷ ᠬᠠᠯᠠᠮᠵᠢᠯᠠᠨ ᠠᠰᠠᠭᠤᠪᠠ᠃ ᠱᠠᠭᠵᠠᠮᠤᠨᠢ ᠪᠠᠯᠭᠠᠰᠤᠨ ᠤ ᠯᠢᠨ ᠶᠤᠸᠠᠨ ᠲᠤᠰᠬᠤᠨ ᠤ ᠬᠦᠳᠡᠭᠡ ᠲᠤᠰᠬᠤᠨ ᠤ ᠬᠦᠳᠡᠭᠡ ᠲᠤᠰᠬᠤᠨ ᠢ ᠬᠦᠭᠵᠢᠬᠦᠯᠬᠦ ᠰᠤᠷᠭᠠᠭᠤᠯᠢ ᠳᠤ᠂ ᠲᠠᠷᠠ ᠲᠤᠰᠬᠤᠨ ᠤ ᠬᠠᠮᠳᠣ ᠶᠢᠨ ᠠᠵᠤ ᠠᠬᠤᠢ ᠪᠤᠯᠤᠨ ᠰᠤᠷᠭᠠᠭᠤᠯᠢ ᠶᠢᠨ ᠪᠦᠳᠤᠬᠡᠨ ᠪᠠᠶᠢᠭᠤᠯᠤᠯᠳᠠ ᠡᠵᠡᠩᠨᠡᠯᠳᠠ ᠶᠢᠨ ᠪᠠᠶᠢᠳᠠᠯ ᠢ ᠨᠠᠷᠢᠨ ᠦᠢᠯᠠᠭᠠᠪᠠ᠃ ᠫᠦ᠋ ᠷᠦᠢ ᠲᠠᠷᠢᠶᠠᠯᠠᠩ ᠮᠠᠯ ᠠᠬᠤᠢ ᠶᠢᠨ ᠬᠢᠵᠠᠭᠠᠷᠳᠤ ᠺᠤᠮᠫᠠᠨᠢ ᠳᠤ᠂ ᠲᠠᠷᠡ ᠲᠡᠵᠢᠬᠡᠨ ᠦᠷᠡᠵᠢᠬᠦᠯᠬᠦ ᠬᠡᠪᠴᠢᠶᠡᠵᠢᠯ᠂ ᠦᠢᠯᠡᠳᠬᠦᠨ ᠤ ᠦᠷᠳᠡᠭ ᠦᠷ᠎ᠡ ᠠᠰᠢᠭ ᠵᠡᠷᠬᠡ ᠪᠠᠶᠢᠳᠠᠯ ᠢ ᠨᠠᠷᠢᠨ ᠦᠢᠯᠠᠭᠠᠪᠠ᠃ ᠲᠠᠷᠡ ᠬᠦᠳᠡᠭᠡ ᠲᠤᠰᠬᠤᠨ ᠢ ᠬᠦᠭᠵᠢᠬᠦᠯᠬᠦ ᠶᠢ ᠪᠦᠬᠦ ᠲᠠᠯ᠎ᠡ ᠪᠠᠷ ᠠᠬᠢᠭᠤᠯᠵᠤ᠂ ᠠᠵᠤ ᠦᠢᠯᠡᠰ ᠢ ᠬᠦᠭᠵᠢᠬᠦᠯᠬᠦ ᠬᠦᠴᠤᠯᠡᠴᠡ ᠪᠠᠨ ᠨᠠᠮᠡᠭᠳᠠᠬᠦᠯᠤᠨ᠂ ᠮᠠᠯᠴᠢᠨ ᠲᠠᠷᠢᠶᠠᠴᠢᠳ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠳᠤ ᠲᠤᠭᠳᠠᠴᠠ ᠶᠢ ᠲᠦᠷᠬᠡᠳᠬᠡᠨ ᠪᠠᠶᠢᠭᠤᠯᠵᠤ᠂ ᠲᠠᠷᠢᠵᠤ ᠲᠠᠵᠢᠬᠡᠬᠦ ᠲᠤᠮᠤ ᠡᠷᠤᠬᠡ ᠶᠢᠨ ᠲᠠᠭᠤᠷᠢᠶᠠᠯ ᠦᠵᠡᠬᠦᠯᠬᠦ ᠦᠢᠯᠡᠳᠤᠯ ᠢ ᠦᠨᠡᠨ ᠬᠦ ᠪᠠᠳᠠᠷᠠᠭᠤᠯᠤᠨ᠂ ᠨᠡᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠡᠨ ᠤᠷᠤᠯᠭ᠎ᠠ ᠶᠢ ᠨᠢ ᠨᠡᠮᠡᠭᠳᠡᠬᠦᠯᠤᠨ ᠪᠠᠶᠠᠵᠢᠭᠤᠯᠬᠤ ᠬᠡᠷᠡᠭᠳᠡᠢ᠃ ᠤᠳᠤ ᠶᠢᠨ ᠪᠠᠶᠢᠭ᠎ᠠ ᠰᠢᠯᠢᠳᠡᠭ ᠰᠠᠶᠢᠨ ᠰᠠᠭᠤᠷᠢ ᠶᠢ ᠬᠦᠢᠴᠡᠳ ᠠᠰᠢᠭᠯᠡᠨ᠂ ᠬᠦᠳᠡᠭᠡ ᠲᠤᠰᠬᠤᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠡᠳ᠋ ᠬᠦᠷᠤᠩᠬᠡ ᠶᠢ ᠤᠯᠡᠮ ᠨᠢᠬᠡ ᠠᠯᠬᠤᠮ ᠠᠮᠢᠳᠤᠯᠢᠭ ᠪᠤᠯᠭᠠᠵᠤ᠂ ᠲᠤᠰᠬᠤᠨ ᠤ ᠬᠠᠮᠳᠤ ᠶᠢᠨ ᠠᠵᠤ ᠠᠬᠤᠢ ᠶᠢ ᠲᠠᠰᠤᠷᠠᠯᠳᠠ ᠦᠬᠡᠢ ᠪᠦᠢᠵᠢᠭᠤᠯᠤᠨ ᠪᠤᠵᠠᠭᠠᠶᠢᠷᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃ 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ