| ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 17 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ 3 ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ | ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠠᠳᠬᠤᠬᠤ ᠲᠤᠬᠠᠶ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠠᠴᠠ ᠨᠠᠭᠠᠰᠢ᠂ ᠪᠢᠳᠡ ︽ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠭᠠᠵᠠᠷ ᠣᠷᠣᠨ ᠬᠤᠪᠢᠶᠠᠨ ᠲᠡᠰ | ᠬᠤᠪᠢᠶᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠡᠰᠡᠭ ᠭᠠᠵᠠᠷ ᠣᠷᠣᠨ ᠤ ᠴᠤᠭᠯᠠᠷᠠᠯ ᠤᠨ ᠴᠢᠨᠠᠷᠲᠠᠢ | ᠬᠢᠵᠢᠭ ᠤᠨ ᠪᠠᠶᠢᠳᠠᠯ ᠢ ᠲᠦᠷᠭᠡᠨ ᠪᠦᠲᠦᠮᠵᠢᠲᠡᠢ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠠᠯ᠎ᠠ ᠪᠠᠷ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠲᠤ ᠴᠢᠩᠭ᠎ᠠ ᠪᠣᠳᠠᠲᠤ ᠬᠦᠴᠦᠨ ᠪᠣᠯᠤᠨ ᠬᠦᠴᠦᠷᠬᠡᠭ ᠶᠡᠭᠡ ᠴᠢᠳᠠᠪᠤᠷᠢ ᠶᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠪᠡ ᠭᠡᠵᠤ ᠵᠢᠭᠠᠵᠤ ᠭᠠᠷᠭᠠᠵᠠᠢ᠃ | | ᠰᠢ ᠶᠢᠨ ᠫᠢᠩ᠂ ᠪᠠᠷᠢᠮᠲᠠᠯᠠᠯ ᠪᠣᠯ ᠢᠯᠠᠯᠲᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠣᠳᠣᠬᠠᠨ ᠤ ᠤᠯᠤᠰ ᠤᠨ | ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠳᠠᠬᠢᠨ ᠳᠠᠪᠲᠠᠬᠤ | ᠴᠢᠨᠠᠷ ᠢ ᠭᠦᠨᠵᠡᠭᠡᠶ ᠲᠠᠨᠢᠵᠤ᠂ ᠤᠯᠠᠮ ᠴᠢᠨᠠᠭᠰᠢᠳᠠ ᠳᠠᠶᠢᠴᠢᠯᠠᠯᠳᠠ ᠬᠢᠵᠤ᠂ ᠦᠵᠡᠯ ᠰᠠᠨᠠᠭ᠎ᠠ ᠪᠠᠨ ᠨᠢᠭᠡᠳᠭᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ | ᠴᠦᠬᠦᠷᠡᠰᠢ ᠦᠭᠡᠢ ᠴᠢᠷᠮᠠᠶᠢᠵᠤ᠂ ᠡᠯ᠎ᠡ ᠵᠦᠶᠯ ᠤᠨ ᠬᠢᠵᠢᠭ ᠢ ᠰᠡᠷᠭᠡᠶᠢᠯᠡᠬᠦ ᠠᠵᠢᠯ ᠢ ᠨᠠᠷᠢᠯᠢᠭ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠡᠪᠡᠳᠴᠢᠨ ᠤ ᠵᠢᠱᠢᠶ᠎ᠠ ᠶᠢ ᠳᠠᠷᠤᠢ | ᠲᠦᠷᠭᠡᠨ ᠦᠭᠡᠢ ᠪᠤᠯᠭᠠᠬᠤ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠠᠨᠳᠤᠰᠢ ᠶᠢ ᠳᠠᠷᠤᠶᠢᠬᠠᠨ ᠬᠤᠷᠢᠭᠯᠠᠬᠤ ᠬᠡᠷᠡᠭᠲᠡᠢ᠃ ᠰᠢᠨᠵᠢᠯᠡᠬᠦ | ᠤᠬᠠᠭᠠᠨᠴᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠲᠠᠰᠤᠷᠠᠯᠳᠠᠦᠭᠡᠢ ᠰᠢᠯᠢᠳᠡᠭᠵᠢᠭᠦᠯᠦᠨ᠂ ᠸᠠᠺᠼᠢᠨ᠂ ᠲᠦᠷᠭᠡᠨ ᠪᠠᠶᠢᠴᠠᠭᠠᠬᠤ ᠤᠷᠪᠠᠯᠵᠢ ᠪᠣᠯᠤᠨ ᠡᠮ ᠤᠨ ᠵᠦᠢᠯ ᠢ ᠰᠤᠳᠤᠯᠤᠨ ᠨᠡᠭᠡᠭᠡᠬᠦ ᠵᠡᠷᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠳᠤᠯᠬᠤ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠵᠢᠯ ᠢ ᠨᠡᠩ ᠬᠠᠨᠳᠤᠯᠭᠠᠳᠤ ᠴᠢᠨᠠᠷᠲᠠᠢ ᠪᠣᠯᠭᠠᠬᠤ | ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠨᠠᠩ ᠪᠦᠲᠦᠮᠵᠢᠲᠡᠶ | ᠠᠷᠭ᠎ᠠ ᠬᠡᠮᠵᠢᠶ᠎ᠡ ᠠᠪᠴᠤ᠂ ᠬᠠᠮᠤᠭ ᠤᠨ ᠪᠠᠭ᠎ᠠ ᠦᠨ᠎ᠡ ᠥᠷᠲᠡᠭ ᠢᠶᠠᠷ ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠵᠦ᠂ | ᠬᠢᠵᠢᠭ ᠤᠨ ᠪᠠᠶᠢᠳᠠᠯ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠵᠤ | ᠴᠢᠬᠤᠯᠠᠴᠢᠯᠠᠵᠠᠢ᠃ | ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠤᠨ ᠲᠤᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠳᠤ ᠴᠡᠭ | ᠣᠯᠠᠨ᠂ ᠬᠡᠪᠴᠢᠶ᠎ᠡ ᠥᠷᠭᠡᠨ᠂ ᠪᠠᠶᠢᠨ ᠳᠠᠬᠢᠨ ᠡᠭᠦᠰᠬᠦ ᠣᠨᠴᠠᠯᠢᠭ ᠢᠯᠡᠷᠡᠪᠡ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ᠳᠥᠷᠪᠡᠨ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠶ ᠥᠷᠨᠢᠭᠦᠯᠵᠦ᠂ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ ᠣᠷᠣᠨ ᠤ | ᠰᠡᠷᠭᠡᠶᠢᠯᠡᠨ ᠡᠵᠡᠮᠳᠡᠬᠦ ᠶᠢ ᠵᠢᠯᠤᠭᠤᠳᠬᠤ ᠪᠠᠨ ᠴᠢᠩᠭᠠᠳᠬᠠᠵᠤ᠂ ᠬᠡᠰᠡᠭ ᠲᠠᠯ᠎ᠠ ᠶᠢᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠲᠦᠷᠭᠡᠨ ᠡᠵᠡᠮᠳᠡᠬᠦ ᠬᠡᠷᠡᠭᠲᠡᠶ | ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠤ᠂ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠪᠤᠳᠠᠰ ᠤᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠪᠠᠳᠤᠯᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ | ᠪᠠᠲᠤᠯᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ ᠲᠦᠷᠭᠡᠳᠭᠡᠵᠦ᠂ ᠭᠤᠣᠯᠳᠠᠯᠭ᠎ᠠ ᠲᠠᠢ ᠬᠥᠮᠦᠰ ᠢ ᠬᠢᠨᠠᠨ | ᠬᠡᠮᠵᠢᠬᠦ ᠪᠦᠷᠬᠦᠴᠡ ᠶᠢ ᠥᠷᠭᠡᠳᠭᠡᠵᠦ᠂ ᠤᠯᠠᠨ ᠠᠷᠭ᠎ᠠ ᠵᠠᠮ ᠢᠶᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠪᠣᠭᠤᠮᠲᠠ ᠶᠢᠨ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ | ᠬᠦᠴᠦᠨ ᠢ ᠲᠡᠭᠦᠯᠳᠡᠷᠵᠢᠭᠦᠯᠦᠨ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠬᠦᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ | ᠨᠥᠬᠦᠪᠥᠷᠢᠯᠡᠨ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠰᠤᠷᠭᠠᠭᠤᠯᠢ | ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠪᠣᠳᠠᠲᠠᠶ ᠨᠠᠷᠢᠯᠢᠭ ᠬᠢᠬᠦ ᠬᠡᠷᠡᠭᠲᠡᠶ | ᠃ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠢᠵᠢᠭ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ | ᠭᠦᠶᠴᠡᠳ ᠲᠠᠨᠢᠭᠤᠯᠵᠤ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠡᠵᠡᠮᠰᠢᠭᠦᠯᠵᠦ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠤᠬᠠᠮᠰᠠᠷ ᠠᠴᠠ ᠨᠢ ᠵᠢᠷᠤᠮᠯᠠᠨ | ᠰᠠᠬᠢᠭᠤᠯᠵᠤ᠂ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠨᠠᠮ ᠪᠠ ᠵᠠᠰᠠᠭ ᠤᠨ ᠣᠷᠳᠣᠨ ᠳᠤ ᠬᠠᠮᠵᠢᠯᠴᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠶ | ᠃ ᠸᠠᠺᠼᠢᠨ ᠤ ᠲᠠᠷᠢᠯᠭ᠎ᠠ ᠬᠢᠬᠦ ᠲᠤᠬᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ᠶᠢ | ᠠᠬᠢᠭᠤᠯᠵᠤ᠂ ᠲᠠᠷᠢᠯᠭ᠎ᠠ ᠶᠢᠨ ᠨᠣᠷᠮ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠪᠣᠯᠤᠨ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢ ᠴᠠᠭ ᠲᠤᠬᠠᠶ ᠳᠤᠨᠢ ᠨᠡᠶᠢᠭᠡᠮ ᠳᠤ ᠮᠡᠳᠡᠭᠳᠡᠵᠦ᠂ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠨᠠᠮ ᠵᠠᠰᠠᠭ ᠬᠠᠮᠲᠤ ᠪᠠᠷ ᠬᠠᠷᠢᠭᠤᠴᠠᠵᠤ᠂ ᠵᠡᠷᠭᠡ ᠪᠠᠷ ᠠᠳᠬᠤᠨ ᠬᠠᠮᠲᠤ ᠪᠠᠷ | ᠬᠠᠮᠢᠶᠠᠷᠴᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠵᠢᠭ ᠢ ᠰᠡᠷᠭᠡᠶᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠭᠤᠷᠢᠳᠠᠬᠤ | ᠪᠤᠳᠤᠯ᠂ ᠰᠤᠯᠠᠷᠠᠬᠤ ᠰᠡᠳᠭᠢᠯᠭᠡ ᠶᠢ ᠲᠡᠪᠴᠢᠵᠦ᠂ ᠴᠠᠭ ᠪᠢᠳᠡᠨ ᠢ ᠬᠦᠯᠢᠶᠡᠬᠦ ᠦᠭᠡᠢ ᠵᠣᠷᠢᠭ ᠰᠠᠨᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠭ᠎ᠠ ᠭᠠᠵᠠᠷ ᠣᠷᠣᠨ ᠳᠤ᠂ | ᠨᠠᠮ ᠵᠠᠰᠠᠭ ᠤᠨ ᠭᠤᠣᠯ ᠤᠳᠤᠷᠢᠳᠤᠯᠭ᠎ᠠ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷ ᠬᠢᠵᠢᠭ ᠢ ᠰᠡᠷᠭᠡᠶᠢᠯᠡᠬᠦ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ | ᠭᠠᠪᠰᠢᠭᠠᠶᠢᠯᠠᠨ ᠪᠠᠶᠢᠯᠳᠤᠵᠤ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ | ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ ᠥᠭᠬᠦ | ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠠᠳ | ᠬᠢᠵᠢᠭ ᠤᠨ ᠪᠠᠶᠢᠳᠠᠯ ᠢ ᠡᠵᠡᠮᠳᠡᠵᠦ ᠳᠡᠶᠢᠯᠬᠦ ᠦᠭᠡᠢ ᠪᠣᠯᠭᠠᠭᠰᠠᠨ ᠪᠠᠶᠢᠪᠠᠯ ᠳᠠᠷᠤᠢ ᠲᠦᠷᠭᠡᠨ ᠰᠠᠬᠢᠯᠭ᠎ᠠ ᠪᠠᠲᠤ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |