ᠸᠢᠴᠠᠲ ᠴᠤᠤᠷᠢᠶ᠎ᠠ ᠲᠤᠤ ᠪᠦᠦ ᠵᠡᠷᠭᠡ ᠨᠢ ᠡᠨᠡ ᠳᠠᠷᠤᠪᠴᠢ ᠶᠢ ᠬᠠᠭᠠᠵᠠᠢ
ᠨᠡᠶᠢᠲᠡᠯᠡᠭᠰᠡᠨ ᠴᠠᠭ᠄
2022/3/22
                               ᠥᠭᠡᠷᠡᠴᠢᠯᠡᠭᠰᠡᠨ᠂ ᠪᠦᠷ ᠥᠭᠡᠷᠡᠴᠢᠯᠡᠭᠰᠡᠨ ᠡ︕ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂  3 ᠰᠠᠷ᠎ᠠ ᠶᠢᠨ 15 ᠤ ᠡᠳᠦᠷ ᠪᠣᠯᠲᠠᠯ᠎ᠠ᠂ ᠴᠤᠤᠷᠢᠶ᠎ᠠ᠂ ᠥᠨᠥᠳᠦᠷ ᠤᠨ ᠲᠡᠷᠢᠭᠦᠨ ᠵᠤᠷᠪᠤᠰ᠂  ᠸᠢᠴᠠᠲ᠂  ᠲᠤᠤ ᠪᠦᠦ᠂  ᠪᠠᠶ ᠳ᠋ᠦ᠋᠂  ᠣᠯᠠᠨ ᠨᠡᠶᠢᠲᠡ ᠶᠢᠨ ᠦᠨᠡᠯᠡᠯᠲᠡ᠂ ᠪᠢᠴᠢᠯ ᠪᠯᠤᠭ ᠵᠡᠷᠭᠡ APP ᠴᠥᠮ ᠰᠦᠯᠵᠢᠶᠡᠨ ᠳᠤ ᠭᠠᠷᠬᠤ  ᠪᠣᠳᠣᠯᠭ᠎ᠠ ᠶᠢᠨ  ᠳᠠᠷᠤᠪᠴᠢ ᠶᠢ ᠬᠠᠭᠠᠵᠤ᠂ ᠬᠡᠷᠡᠭᠯᠡᠭᠴᠢᠳ ᠠᠷᠤ ᠲᠠᠪᠴᠠᠩ ᠤᠨ ᠨᠢᠭᠡ ᠳᠠᠷᠤᠪᠴᠢ  ᠪᠠᠷ ︽ᠥᠪᠡᠷᠮᠢᠴᠡ ᠲᠠᠨᠢᠯᠴᠠᠭᠤᠯᠭ᠎ᠠ︾  ᠪᠠᠨ ᠬᠠᠭᠠᠬᠤ ᠶᠢ ᠵᠥᠪᠰᠢᠶᠡᠷᠡᠪᠡ᠃ ︽3᠂15︾ ᠤ ᠳᠡᠯᠡᠬᠡᠶ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ ᠢᠷᠡᠬᠦ  ᠲᠠᠰᠢᠷᠠᠮ ᠳᠤ᠂ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠠᠵᠢᠯ  ᠶᠡᠬᠡᠬᠡᠨ  ᠠᠬᠢᠴᠠ ᠲᠠᠢ  ᠪᠣᠯᠵᠣ᠂  ᠬᠡᠷᠡᠭᠯᠡᠭᠴᠢᠳ ᠤᠨ  ᠡᠷᠬᠡ  ᠠᠰᠢᠭ ᠪᠠᠲᠤᠯᠠᠭ᠎ᠠ ᠲᠠᠢ ᠪᠣᠯᠵᠣ᠂  ᠬᠥᠮᠦᠰ ᠢ ᠪᠠᠶᠠᠰᠬᠠᠨ᠎ᠠ᠃                ᠣᠶᠢᠷ᠎ᠠ ᠶᠢᠨ ᠬᠡᠳᠦᠨ ᠵᠢᠯ ᠳᠤ᠂ ᠴᠥᠭᠡᠨ  ᠪᠤᠰᠤ  APP  ︽ᠵᠢᠰᠦ  ᠪᠦᠷᠢ ᠶᠢᠨ  ᠬᠦᠮᠤᠨ︾  ᠭᠡᠬᠦ  ᠤᠷᠢᠶ᠎ᠠ ᠶᠢ ᠳᠤᠷᠠᠳᠴᠤ᠂ ᠪᠤᠳᠤᠬᠤ ᠠᠷᠭ᠎ᠠ ᠳᠤ ᠰᠠᠭᠤᠷᠢᠯᠠᠨ ᠬᠡᠷᠡᠭᠯᠡᠭᠴᠢᠳ ᠲᠤ ᠨᠠᠷᠢᠯᠢᠭ ᠣᠨᠣᠴᠠᠲᠠᠶ  ᠬᠦᠷᠭᠡᠯᠲᠡ  ᠬᠠᠩᠭᠠᠵᠤ  ᠪᠠᠶᠢᠨ᠎ᠠ᠃ ᠵᠠᠬ᠎ᠠ ᠳᠡᠯᠭᠡᠭᠦᠷ ᠪᠠᠰᠠ ᠡᠶᠢᠮᠤᠷᠡᠬᠦ ᠬᠤᠳᠠᠯᠳᠤᠭᠠᠨ ᠤ ᠬᠡᠯᠪᠡᠷᠢ ᠶᠢ ᠮᠡᠳᠡᠷᠡᠵᠦ᠂ ᠬᠡᠨ ᠬᠡᠷᠡᠭᠯᠡᠭᠴᠢ ᠶᠢᠨ ᠰᠠᠨᠠᠭ᠎ᠠ ᠶᠢ ᠣᠨᠣᠪᠴᠢᠲᠠᠢ ᠲᠠᠭᠠᠮᠠᠭᠯᠠᠪᠠᠯ᠂ ᠬᠡᠨ ᠤ ᠵᠠᠷ ᠨᠢ ᠢᠯᠡᠭᠦᠦ ᠣᠯᠤᠨ᠎ᠠ᠃ ᠭᠡᠪᠡᠴᠦ APP ᠶᠢᠨ ᠬᠢᠨ ︽ᠵᠢᠰᠦ ᠪᠦᠷᠢ ᠶᠢᠨ ᠬᠦᠮᠤᠨ︾   ᠨᠢ ᠬᠡᠷᠡᠭᠯᠡᠭᠴᠢᠳ ᠤᠨ  ᠬᠤᠪᠢ  ᠬᠥᠮᠦᠨ ᠤ  ᠮᠡᠳᠡᠭᠡ  ᠵᠠᠩᠭᠢ ᠶᠢ  ᠶᠡᠭᠡ  ᠬᠡᠪᠴᠢᠶ᠎ᠡ ᠪᠠᠷ  ᠴᠤᠭᠯᠠᠭᠤᠯᠤᠨ  ᠬᠡᠷᠡᠭᠯᠡᠳᠡᠭ ᠢ ᠰᠠᠨᠠᠭᠠᠴᠢᠯᠠᠭ᠎ᠠ ᠠᠴᠠ ᠪᠠᠨ ᠰᠠᠨᠠᠭᠤᠯᠬᠤ ᠨᠢ ᠲᠤᠩ ᠴᠦᠭᠡᠨ᠂ ᠨᠠᠩ ᠴᠤ ᠥᠪᠡᠷ ᠤᠨ ᠡᠳ᠋ ᠮᠥᠩᠭᠦᠨ ᠤ ᠵᠠᠮ ᠢᠶᠠᠨ ᠲᠠᠰᠤᠯᠵᠦ ᠪᠠᠶᠢᠭᠠᠳ ᠪᠤᠲᠤᠯᠭ᠎ᠠ ᠶᠢᠨ ᠳᠠᠷᠤᠪᠴᠢ ᠶᠢ ᠬᠠᠭᠠᠬᠤ ᠶᠢ ᠵᠢᠷᠤᠵᠤ ᠲᠥᠯᠥᠪᠯᠡᠬᠦ ᠵᠣᠷᠢᠭ ᠥᠬᠡᠶ ᠪᠠᠶᠢᠪᠠ᠃              ᠡᠨᠡ ᠵᠢᠯ ᠤᠨ 1 ᠰᠠᠷ᠎ᠠ  ᠳᠤ᠂  ︽  ᠢᠨᠲ᠋ᠧᠷ ᠰᠦᠯᠵᠢᠶᠡᠨ ᠤ  ᠮᠡᠳᠡᠭᠡ ᠵᠠᠩᠭᠢ ᠶᠢᠨ ᠦᠢᠯᠡᠴᠢᠯᠡᠭᠡᠨ ᠤ  ᠪᠤᠳᠤᠬᠤ ᠠᠷᠭ᠎ᠠ ᠶᠢ ᠲᠠᠨᠢᠯᠴᠠᠭᠤᠯᠬᠤ ᠬᠠᠮᠢᠶᠠᠷᠤᠯᠲᠠ ᠶᠢᠨ ᠲᠣᠭᠲᠠᠭᠠᠯ︾  ᠨᠡᠶᠢᠲᠡᠯᠡᠭᠳᠡᠵᠦ᠂ ᠪᠤᠳᠤᠬᠤ ᠠᠷᠭ᠎ᠠ ᠶᠢ ᠲᠠᠨᠢᠯᠴᠠᠭᠤᠯᠬᠤ ᠦᠢᠯᠡᠴᠢᠯᠡᠭᠡ ᠬᠠᠩᠭᠠᠭᠴᠢ ᠠᠴᠠ ᠪᠤᠳᠤᠬᠤ ᠠᠷᠭ᠎ᠠ ᠶᠢ ᠲᠠᠨᠢᠯᠴᠠᠭᠤᠯᠬᠤ ᠦᠢᠯᠡᠴᠢᠯᠡᠭᠡ ᠬᠠᠩᠭᠠᠭᠰᠠᠨ ᠪᠠᠶᠢᠳᠠᠯ ᠢᠶᠠᠨ ᠬᠡᠷᠡᠭᠯᠡᠭᠴᠢᠳ ᠲᠤ ᠮᠡᠳᠡᠭᠳᠡᠬᠦ ᠬᠡᠷᠡᠭᠲᠡᠶ︔ ᠬᠡᠷᠡᠭᠯᠡᠭᠴᠢᠳ ᠲᠤ ᠲᠡᠭᠦᠨ ᠤ ᠬᠤᠪᠢ ᠬᠥᠮᠦᠨ ᠤ ᠣᠨᠴᠠᠯᠢᠭ ᠲᠤ ᠴᠢᠭᠯᠡᠭᠦᠯᠦᠭᠰᠡᠨ ᠦᠭᠡᠢ ᠰᠣᠩᠭᠤᠯᠲᠠ ᠶᠢᠨ ᠵᠦᠢᠯ  ᠪᠤᠶᠤ ᠬᠡᠷᠡᠭᠯᠡᠭᠴᠢᠳ ᠲᠤ ᠳᠥᠭᠦᠮ ᠳᠥᠲᠡ ᠬᠠᠩᠭᠠᠬᠤ ᠪᠤᠳᠤᠯᠭ᠎ᠠ ᠶᠢᠨ ᠠᠷᠭ᠎ᠠ ᠶᠢᠨ ᠲᠠᠨᠢᠯᠴᠠᠭᠤᠯᠭ᠎ᠠ ᠶᠢᠨ ᠦᠢᠯᠡᠴᠢᠯᠡᠭᠡ  ᠬᠠᠩᠭᠠᠬᠤ ᠰᠣᠩᠭᠤᠯᠲᠠ ᠶᠢᠨ ᠵᠦᠢᠯ ᠢ  ᠬᠠᠩᠭᠠᠬᠤ  ᠬᠡᠷᠡᠭᠲᠡᠢ  ᠭᠡᠵᠦ  ᠲᠤᠲᠤᠷᠬᠠᠢ ᠲᠤᠭᠲᠠᠭᠠᠵᠠᠢ᠃  ᠲᠤᠰ ᠲᠣᠭᠲᠠᠭᠠᠯ ᠢ  3  ᠰᠠᠷ᠎ᠠ ᠶᠢᠨ  1 ᠤ ᠡᠳᠦᠷ ᠠᠴᠠ ᠡᠬᠢᠯᠡᠵᠦ ᠬᠡᠷᠡᠭᠵᠢᠭᠦᠯᠪᠡ᠂  APP ᠨᠠᠷ ᠥᠭᠡᠷᠡᠴᠢᠯᠡᠬᠦ ᠲᠣᠷ᠎ᠠ ᠦᠭᠡᠢ ᠪᠠᠶᠢᠭᠰᠠᠨ ᠴᠤ ᠦᠭᠡᠷᠡᠴᠢᠯᠡᠬᠦ ᠦᠭᠡᠢ ᠪᠠᠶᠢᠬᠤ ᠶᠢᠨ ᠠᠷᠭ᠎ᠠ ᠦᠭᠡᠢ ᠪᠤᠯᠵᠠᠢ᠃    
ᠢᠷᠡᠯᠲᠡ᠄ ᠠᠷᠠᠳ ᠤᠨ ᠰᠦᠯᠵᠢᠶ᠎ᠡ