| ᠶᠠᠫᠧᠢ ᠶᠢᠨ ᠪᠦᠬᠦ ᠪᠥᠮᠪᠥᠷᠴᠡᠭ ᠤᠨ ᠠᠯᠪᠠᠨ ᠤ ᠰᠦᠯᠵᠢᠶ᠎ᠡ ᠲᠦᠷᠦᠭᠦᠬᠡᠨ ᠳᠤ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠭᠤᠷᠪᠠᠨ ᠵᠥᠢᠯ ᠤᠨ ᠰᠦᠨ ᠲᠠᠯᠬ᠎ᠠ ᠶᠢ | ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠠᠴᠢᠪᠠ᠂ ᠲᠤᠰ ᠬᠡᠷᠡᠭ ᠲᠤ ᠴᠢᠭᠯᠡᠭᠦᠯᠦᠨ᠂ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠶ ᠶᠢᠨ ᠰᠤᠷᠪᠤᠯᠵᠢᠯᠠᠭᠴᠢ | ᠶᠠᠫᠧᠢ ᠶᠢᠨ ᠳᠤᠮᠳᠠᠳᠤ ᠤᠯᠤᠰ ᠤᠨ ᠺᠤᠮᠫᠠᠨᠢ ᠲᠠᠢ ᠬᠠᠷᠢᠯᠴᠠᠵᠠᠶ᠂ ᠨᠥᠭᠦᠭᠡ ᠡᠲᠡᠭᠡᠳ ᠨᠢ ᠢᠯᠡᠷᠬᠡᠶᠢᠯᠡᠬᠦ ᠳᠡᠭᠡᠨ᠄ ᠡᠨᠡ ᠤᠳᠠᠭᠠᠨ ᠤ ᠰᠠᠨᠠᠭᠠᠴᠢᠯᠠᠭ᠎ᠠ ᠠᠴᠠ ᠪᠠᠨ | ᠡᠭᠡᠭᠦᠯᠦᠨ ᠠᠪᠠᠴᠢᠭᠰᠠᠨ ᠦᠢᠯᠡᠳᠬᠦᠨ ᠤ ᠳᠣᠲᠣᠷ᠎ᠠ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠨᠢᠯᠬ᠎ᠠ ᠬᠡᠦᠬᠡᠳ ᠤᠨ ᠰᠢᠮ᠎ᠡ ᠲᠡᠵᠢᠭᠡᠯ ᠤᠨ ᠨᠥᠬᠦᠪᠥᠷᠢ | ᠡᠳ᠋ ᠰᠢᠺᠠᠩ ᠪᠦᠪᠡᠶ ᠨᠡᠮᠡᠵᠡᠶ᠂ ᠣᠳᠣᠬᠠᠨ ᠳᠤ ᠲᠢᠶᠠᠨ ᠮᠤᠤ᠂ ᠵᠢᠩ ᠳ᠋ᠦᠩ ᠤᠨ ᠶᠠᠫᠧᠢ ᠶᠢᠨ ᠠᠯᠪᠠᠨ ᠤ ᠲᠠᠯ᠎ᠠ ᠶᠢᠨ ᠬᠤᠰᠢᠭᠤᠴᠢ ᠳᠡᠯᠭᠡᠭᠦᠷ ᠨᠢᠭᠡᠨᠲᠡ ᠡᠨᠡᠬᠦ | ᠲᠠᠸᠠᠷ ᠢ ᠵᠠᠬ᠎ᠠ ᠳᠡᠯᠭᠡᠭᠦᠷ ᠠᠴᠠ ᠭᠠᠷᠭᠠᠪᠠ ᠭᠡᠵᠡᠶ᠃ ᠬᠡᠷᠪᠡ ᠬᠡᠷᠡᠭᠯᠡᠭᠴᠢᠳ ᠤᠨ ᠬᠦᠴᠦᠨ ᠲᠠᠢ ᠬᠤᠭᠤᠴᠠᠭ᠎ᠠ ᠨᠢ 2022 ᠣᠨ ᠤ 4 ᠳ᠋ᠤᠭᠡᠷ ᠰᠠᠷ᠎ᠠ ᠶᠢᠨ 1 ᠤ | ᠡᠳᠦᠷ ᠠᠴᠠ ᠬᠤᠶᠢᠰᠢᠬᠢ ᠰᠢ ᠺᠠᠩ ᠪᠦᠪᠡᠶ ᠦᠢᠯᠡᠳᠭᠦᠨ ᠨᠡᠮᠡᠭᠰᠡᠨ ᠪᠠᠶᠢᠪᠠᠯ᠂ ᠠᠯᠪᠠᠨ ᠲᠠᠯ᠎ᠠ ᠶᠢᠨ ᠦᠢᠯᠡᠴᠢᠯᠡᠭᠡᠨ ᠤ ᠤᠲᠠᠰᠤ 400820611 ᠳᠤ | ᠤᠲᠠᠰᠤᠳᠠᠵᠤ ᠪᠠᠷᠠᠭ᠎ᠠ ᠪᠤᠴᠠᠭᠠᠬᠤ ᠵᠥᠪᠯᠡᠯᠭᠡ ᠠᠪᠴᠤ ᠪᠣᠯᠤᠨ᠎ᠠ᠃ | ᠶᠠᠫᠸᠢ ᠶᠢᠨ ᠪᠦᠬᠦ ᠪᠥᠮᠪᠥᠷᠴᠡᠭ ᠤᠨ ᠠᠯᠪᠠᠨ ᠤ ᠰᠦᠯᠵᠢᠶ᠎ᠡ ᠠᠮᠧᠷᠢᠺᠠ ᠶᠢᠨ ᠴᠠᠭ ᠢᠶᠠᠷ 2 ᠰᠠᠷ᠎ᠠ ᠶᠢᠨ 17 ᠤ ᠡᠳᠦᠷ ᠠᠮᠧᠷᠢᠺᠠ ᠶᠢᠨ ᠮᠢᠰᠢᠭᠠᠨ ᠵᠧᠤ ᠶᠢᠨ | ᠦᠢᠯᠡᠳᠪᠦᠷᠢ ᠶᠢᠨ ᠦᠢᠯᠡᠳᠪᠦᠷᠢᠯᠡᠭᠰᠡᠨ Similac᠂ Alimentum᠂ EleCare ᠵᠡᠷᠭᠡ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠭᠤᠷᠪᠠᠨ ᠵᠦᠢᠯ ᠤᠨ | ᠰᠦᠨ ᠲᠠᠯᠬ᠎ᠠ ᠶᠢ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠬᠤ ᠪᠠᠷ ᠲᠤᠩᠬᠠᠭᠯᠠᠵᠠᠶ᠃ ᠬᠤᠯᠪᠣᠭᠳᠠᠯ ᠪᠦᠬᠦᠢ ᠰᠦᠨ ᠲᠠᠯᠬ᠎ᠠ ᠶᠢᠨ ᠲᠤᠬᠠᠶ | ᠬᠡᠷᠡᠭᠯᠡᠭᠴᠢᠳ ᠡᠬᠦᠨ ᠠᠴᠠ ᠡᠮᠦᠨ᠎ᠡ ᠨᠢᠭᠡᠨᠲᠡ 4 ᠤᠳᠠᠭ᠎ᠠ ᠵᠠᠭᠠᠯᠳᠤᠵᠠᠶ᠃ ᠶᠠᠫᠧᠢ ᠬᠡᠯᠡᠬᠦ ᠳᠡᠭᠡᠨ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠶᠠᠪᠤᠴᠠ ᠶᠢᠨ ᠨᠢᠭᠡ | ᠬᠡᠰᠡᠭ ᠪᠣᠯᠤᠭᠰᠠᠨ ᠤ ᠬᠤᠪᠢ ᠳᠤ᠂ ᠺᠣᠮᠫᠠᠨᠢ ᠨᠢ ᠮᠢᠰᠢᠭᠠᠨ ᠵᠧᠤ ᠶᠢᠨ ᠦᠢᠯᠡᠳᠪᠦᠷᠢ ᠳᠤ ᠰᠢᠯᠭᠠᠨ ᠪᠠᠶᠢᠴᠠᠭᠠᠯᠲᠠ ᠬᠢᠵᠦ᠂ ᠦᠢᠯᠡᠳᠪᠦᠷᠢ ᠶᠢᠨ ᠦᠢᠯᠡᠳᠬᠦᠨ | ᠳᠤ ᠦᠯᠦ ᠬᠦᠷᠦᠯᠴᠡᠬᠦ ᠣᠷᠣᠨ ᠪᠦᠰᠡ ᠳᠤ ᠰᠧᠰᠡᠺᠢ ᠭᠡᠳᠡᠰᠦᠨ ᠤ ᠰᠠᠪᠬᠠᠨᠴᠢᠷ ᠪᠠᠺᠲ᠋ᠧᠷᠢ ᠪᠠᠶᠢᠬᠤ ᠶᠢ ᠢᠯᠡᠷᠡᠭᠦᠯᠪᠡ᠂ ᠭᠡᠪᠡᠴᠦ ᠰᠠᠯᠮᠤᠨᠧᠯ ᠪᠠᠺᠲ᠋ᠧᠷᠢ | ᠣᠷᠣᠰᠢᠵᠤ ᠪᠠᠶᠢᠬᠤ ᠶᠢ ᠭᠡᠷᠡᠴᠢᠯᠡᠬᠦ ᠭᠡᠷᠡᠴᠢ ᠪᠠᠷᠢᠮᠲᠠ ᠥᠬᠡᠶ᠂ ᠣᠳᠣᠬᠠᠨ ᠳᠤ ᠪᠠᠶᠢᠴᠠᠭᠠᠯᠲᠠ ᠮᠥᠨ ᠯᠡ ᠶᠠᠪᠤᠭᠳᠠᠵᠤ ᠪᠠᠶᠢᠨ᠎ᠠ ᠭᠡᠵᠡᠶ᠃ ᠰᠧᠰᠡᠺᠢ | ᠭᠡᠳᠡᠰᠦᠨ ᠤ ᠰᠠᠪᠬᠠᠨᠴᠢᠷ ᠪᠠᠺᠲ᠋ᠧᠷᠢ ᠪᠣᠯ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠨᠢᠭᠡ ᠵᠦᠢᠯ ᠤᠨ ᠡᠪᠡᠳᠴᠢᠨ ᠡᠭᠦᠰᠭᠡᠬᠦ ᠪᠠᠺᠲ᠋ᠧᠷᠢ ᠮᠥᠨ᠂ 0 - 6 | ᠰᠠᠷ᠎ᠠ ᠶᠢᠨ ᠨᠢᠯᠬ᠎ᠠ ᠬᠡᠦᠬᠡᠳ᠂ ᠢᠯᠠᠩᠭᠤᠶ᠎ᠠ ᠡᠷᠲᠡ ᠦᠵᠡᠭᠳᠡᠭᠰᠡᠨ ᠬᠡᠦᠬᠡᠳ᠂ ᠪᠡᠶ᠎ᠡ ᠶᠢᠨ ᠬᠦᠨᠳᠦ ᠨᠢ ᠳᠣᠣᠷ᠎ᠠ ᠬᠡᠦᠬᠡᠳ ᠵᠢᠴᠢ ᠡᠭᠡᠯᠢᠯᠡᠭᠡ ᠶᠢᠨ ᠴᠢᠳᠠᠪᠤᠷᠢ ᠨᠢ | ᠳᠤᠲᠠᠮᠠᠭ ᠨᠢᠯᠬ᠎ᠠ ᠬᠡᠦᠬᠡᠳ ᠲᠤ ᠨᠡᠯᠢᠶᠡᠳ ᠥᠨᠳᠥᠷ ᠡᠷᠡᠭᠦᠯ ᠮᠡᠨᠳᠦ ᠶᠢᠨ ᠠᠶᠤᠯ ᠲᠠᠢ ᠪᠠᠶᠢᠳᠠᠭ᠃ | | | | |