| | ᠬᠦᠮᠥᠨ ᠤ ᠨᠥᠭᠡᠴᠡ ᠪᠣᠯᠣᠨ ᠨᠡᠶᠢᠭᠡᠮ ᠤᠨ ᠪᠠᠲᠣᠯᠠᠭᠠᠨ ᠤ ᠶᠠᠮᠤᠨ ᠣᠶᠢᠷ᠎ᠠ ᠳᠤ ᠮᠡᠳᠡᠭᠳᠡᠯ ᠨᠡᠶᠢᠲᠡᠯᠡᠵᠣ᠂ ᠨᠡᠶᠢᠭᠡᠮ ᠳᠤ ᠬᠠᠨᠳᠣᠭᠤᠯᠣᠭᠰᠠᠨ ᠤᠷ᠎ᠠ | ᠴᠢᠳᠠᠪᠣᠷᠢ ᠶᠢᠨ ᠠᠵᠢᠯᠲᠠᠨ ᠪᠠ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠲᠠᠢ ᠮᠡᠷᠭᠡᠵᠢᠯ ᠴᠢᠳᠠᠪᠣᠷᠢ ᠶᠢᠨ ᠲᠥᠷᠥᠯ ᠤᠨ ᠪᠣᠯᠪᠠᠰᠣᠷᠠᠯ᠂ ᠦᠨᠡᠯᠡᠨ ᠲᠣᠭᠲᠠᠭᠠᠵᠣ | ᠦᠨᠡᠮᠯᠡᠬᠦ ᠣᠯᠭᠤᠬᠤ ᠠᠵᠢᠯᠯᠠᠭ᠎ᠠ ᠳᠤ ᠲᠤᠰᠬᠠᠢ ᠵᠠᠰᠠᠨ ᠴᠡᠭᠴᠡᠯᠡᠯᠲᠠ ᠬᠢᠨ᠎ᠡ ᠭᠡᠵᠡᠢ᠃ | ᠲᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠳᠤ ᠲᠣᠣᠷᠠᠬᠢ ᠪᠠᠶᠢᠳᠠᠯ ᠪᠠᠭᠲᠠᠨ᠎ᠠ᠃ | ᠨᠢᠭᠡ᠂ ᠬᠠᠮᠢᠶᠠᠲᠠᠢ ᠦᠰᠦᠭ᠂ ᠲᠡᠮᠳᠡᠭ ᠢ ᠬᠠᠤᠯᠢ ᠳᠦᠷᠢᠮ ᠠᠴᠠ ᠵᠥᠷᠢᠴᠡᠨ ᠬᠡᠷᠡᠭᠯᠡᠭᠰᠡᠨ ᠪᠠᠶᠢᠳᠠᠯ ᠣᠷᠣᠰᠢᠵᠣ ᠪᠠᠶᠢᠬᠤ ᠡᠰᠡᠬᠦ᠃ ︽ᠪᠦᠭᠦᠳᠡ ᠨᠠᠶᠢᠷᠠᠮᠳᠠᠬᠤ | ᠳᠤᠮᠳᠠᠳᠣ ᠠᠷᠠᠳ ᠣᠯᠣᠰ︾ ︽ᠳᠤᠮᠳᠠᠳᠣ ᠤᠯᠣᠰ︾ ︽ᠤᠯᠣᠰ ᠣᠷᠣᠨ︾ ︽ᠪᠦᠬᠦ ᠤᠯᠣᠰ︾ ᠪᠠ ︽ᠠᠵᠢᠯ ᠮᠡᠷᠭᠡᠵᠢᠯ ᠤᠨ ᠬᠢᠷᠢ ᠬᠡᠮ︾ ︽ᠠᠵᠢᠯ ᠤᠨ | ᠪᠠᠶᠢᠷᠢ ᠳᠤ ᠬᠢᠷᠢ ᠲᠡᠩᠴᠡᠭᠰᠡᠨ ︵ᠭᠡᠷᠡᠴᠢ︶︾ ︽ᠲᠤᠰᠬᠠᠢ ᠮᠡᠷᠭᠡᠵᠢᠯ ᠤᠨ ᠲᠤᠰᠢᠶᠠᠯ︾ ᠵᠡᠷᠭᠡ ᠦᠰᠦᠭ ᠪᠠ ᠤᠯᠣᠰ ᠤᠨ ᠰᠦᠯᠳᠡ᠂ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠰᠦᠯᠳᠡ ᠲᠡᠮᠳᠡᠭ ᠵᠡᠷᠭᠡ ᠶᠢ ᠬᠠᠤᠯᠢ ᠳᠦᠷᠢᠮ ᠠᠴᠠ ᠵᠥᠷᠢᠴᠡᠨ ᠬᠡᠷᠡᠭᠯᠡᠭᠰᠡᠨ ᠡᠰᠡᠬᠦ᠂ ᠲᠤᠰ ᠪᠠᠶᠢᠭᠤᠯᠣᠮᠵᠢ ᠠᠴᠠ ᠭᠠᠳᠠᠨᠠᠬᠢ ᠪᠣᠰᠣᠳ | ᠰᠠᠯᠠᠭ᠎ᠠ ᠮᠥᠴᠢᠷ ᠪᠤᠶᠤ ᠪᠠᠶᠢᠭᠤᠯᠭ᠎ᠠ ᠨᠢᠭᠡᠴᠡ ᠶᠢᠨ ᠲᠡᠮᠳᠡᠭ ᠢ ᠬᠡᠷᠡᠭᠯᠡᠭᠰᠡᠨ ᠡᠰᠡᠬᠦ ᠶᠢ ᠵᠠᠰᠠᠨ ᠴᠡᠭᠴᠡᠯᠡᠨ᠎ᠡ᠃ | ᠬᠤᠶᠠᠷ᠂ ᠬᠤᠳᠠᠯ ᠬᠠᠭᠤᠷᠮᠠᠭ ᠪᠤᠶᠤ ᠬᠡᠲᠦᠷᠡᠭᠦᠯᠣᠨ ᠰᠤᠷᠲᠠᠯᠴᠢᠯᠠᠭᠰᠠᠨ ᠪᠠᠶᠢᠳᠠᠯ ᠣᠷᠣᠰᠢᠵᠣ ᠪᠠᠶᠢᠬᠤ ᠡᠰᠡᠬᠦ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠨᠠᠷ᠎ᠡ ᠶᠢ ᠠᠰᠢᠭᠯᠠᠭᠰᠠᠨ ᠪᠤᠶᠣ ︽ᠪᠦᠭᠦᠳᠡ ᠨᠠᠶᠢᠷᠠᠮᠳᠠᠬᠤ ᠳᠤᠮᠳᠠᠳᠣ ᠠᠷᠠᠳ ᠤᠯᠣᠰ︾ ︽ᠳᠤᠮᠳᠠᠳᠣ ᠤᠯᠣᠰ︾ ︽ ᠳᠤᠮᠳᠠᠳᠣ ᠶᠢᠨ︾ ︽ᠤᠯᠣᠰ ᠣᠷᠣᠨ︾ ︽ | ᠪᠦᠬᠦ ᠤᠯᠣᠰ︾ ︽ᠶᠠᠮᠠᠷ ᠶᠠᠮᠠᠷ ᠶᠠᠮᠦᠨ︾ ︽ᠤᠤᠯ ᠤᠨ ᠶᠠᠮᠠᠷ ᠶᠠᠮᠠᠷ ᠶᠠᠮᠦᠨ︾ ᠵᠡᠷᠭᠡ ᠨᠡᠷ᠎ᠡ ᠵᠢᠭᠠᠵᠣ ᠪᠣᠯᠪᠠᠰᠣᠷᠠᠯ ᠡᠷᠬᠢᠯᠡᠵᠣ᠂ ᠦᠨᠡᠯᠡᠨ ᠲᠣᠭᠲᠠᠭᠠᠵᠣ | ᠦᠨᠡᠮᠯᠡᠬᠦ ᠲᠠᠷᠬᠠᠭᠠᠬᠤ ᠠᠵᠢᠯᠯᠠᠭ᠎ᠠ ᠶᠢ ᠵᠠᠰᠠᠨ ᠴᠡᠭᠴᠡᠯᠡᠨ᠎ᠡ᠃ | ᠭᠤᠷᠪᠠ᠂ ᠬᠠᠤᠯᠢ ᠳᠦᠷᠢᠮ ᠢ ᠵᠥᠷᠢᠴᠡᠨ ᠪᠣᠯᠪᠠᠰᠣᠷᠠᠯ ᠡᠷᠬᠢᠯᠡᠬᠦ᠂ ᠰᠦᠢᠳᠬᠡᠯ ᠬᠤᠷᠢᠶᠠᠬᠤ ᠵᠡᠷᠭᠡ ᠪᠠᠶᠢᠳᠠᠯ ᠢ ᠵᠠᠰᠠᠨ ᠴᠡᠭᠴᠡᠯᠡᠨ᠎ᠡ᠃ | ᠳᠥᠷᠪᠡ᠂ ᠣᠶᠢᠯᠠᠭᠠᠯᠲᠠ ᠤᠬᠠᠭᠳᠠᠬᠤᠨ ᠢ ᠠᠯᠪᠠ ᠪᠠᠷ ᠬᠤᠳᠬᠤᠵᠣ᠂ ᠨᠡᠶᠢᠭᠡᠮ ᠨᠡᠶᠢᠲᠡ ᠶᠢ ᠪᠤᠷᠣᠭᠤ ᠵᠦᠭ ᠲᠤ ᠬᠥᠲᠦᠯᠬᠦ ᠣᠷᠣᠯᠳᠣᠯᠭ᠎ᠠ ᠬᠢᠭᠰᠡᠨ ᠪᠠ | ᠬᠠᠭᠤᠷᠴᠣ ᠮᠡᠬᠡᠯᠡᠭᠰᠡᠨ ᠵᠡᠷᠭᠡ ᠪᠣᠰᠣᠳ ᠬᠠᠤᠯᠢ ᠳᠦᠷᠢᠮ ᠠᠴᠠ ᠵᠥᠷᠢᠴᠡᠭᠰᠡᠨ ᠰᠡᠵᠢᠭᠯᠡᠯᠲᠡᠢ ᠪᠠᠶᠢᠬᠤ ᠡᠰᠡᠬᠦ ᠠᠰᠠᠭᠤᠳᠠᠯ ᠢ ᠵᠠᠰᠠᠨ ᠴᠡᠭᠴᠡᠯᠡᠨ᠎ᠡ᠃ | ᠬᠦᠮᠥᠨ ᠤ ᠨᠥᠭᠡᠴᠡ ᠪᠣᠯᠣᠨ ᠨᠡᠶᠢᠭᠡᠮ ᠤᠨ ᠪᠠᠲᠣᠯᠠᠭᠠᠨ ᠤ ᠶᠠᠮᠦᠨ ᠠᠴᠠ ᠬᠠᠮᠢᠶᠠᠲᠠᠢ ᠰᠠᠯᠠᠭ᠎ᠠ ᠮᠥᠴᠢᠷ ᠲᠠᠢ ᠬᠠᠮᠲᠣᠪᠡᠷ᠂ ᠬᠡᠪᠯᠡᠯ ᠮᠡᠳᠡᠭᠡᠯᠡᠯ ᠳᠤ | ᠮᠡᠳᠡᠭᠡᠯᠡᠭᠰᠡᠨ ᠪᠠ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠨᠡᠶᠢᠲᠡᠯᠢᠭ ᠠᠰᠠᠭᠤᠳᠠᠯ ᠢ ᠪᠠᠶᠢᠴᠠᠭᠠᠨ ᠬᠠᠷᠭᠤᠭᠤᠯᠵᠣ ᠰᠢᠢᠳᠬᠡᠨ᠎ᠡ᠃ ︽ᠬᠠᠷ᠎ᠠ ᠳᠠᠩᠰᠠᠨ︾ ᠳᠤ | ᠣᠷᠣᠭᠤᠯᠬᠤ ᠳᠦᠷᠢᠮ ᠢ ᠲᠣᠭᠲᠠᠭᠠᠵᠤ᠂ ᠰᠠᠬᠢᠯᠭ᠎ᠠ ᠳᠦᠷᠢᠮ ᠢ ᠵᠥᠷᠢᠴᠡᠭᠰᠡᠨ ᠪᠣᠯᠪᠠᠰᠣᠷᠠᠯ ᠤᠨ ᠪᠠᠶᠢᠭᠤᠯᠣᠮᠵᠢ ᠪᠠ ᠦᠨᠡᠯᠡᠨ ᠲᠣᠭᠲᠠᠭᠠᠬᠤ ᠪᠠᠶᠢᠭᠤᠯᠣᠮᠵᠢ ᠶᠢ | ᠬᠠᠷ᠎ᠠ ᠳᠠᠩᠰᠠᠨ ᠳᠤ ᠣᠷᠣᠭᠤᠯᠵᠣ᠂ ᠮᠡᠷᠭᠡᠵᠢᠯ ᠴᠢᠳᠠᠪᠣᠷᠢ ᠶᠢᠨ ᠲᠥᠷᠥᠯ ᠤᠨ ᠪᠣᠯᠪᠠᠰᠣᠷᠠᠯ ᠬᠦᠷᠲᠡᠭᠡᠬᠦ᠂ ᠦᠨᠡᠯᠡᠨ ᠲᠣᠭᠲᠠᠭᠠᠬᠤ᠂ ᠦᠨᠡᠮᠯᠡᠬᠦ ᠣᠯᠭᠤᠬᠤ ᠵᠡᠷᠭᠡ | ᠠᠵᠢᠯᠯᠠᠭ᠎ᠠ ᠶᠢ ᠨᠡᠶᠢᠳᠡᠮ ᠬᠠᠮᠢᠶᠠᠷᠬᠤ ᠪᠣᠯᠤᠨ᠎ᠠ᠃ | | | | | |