ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠵᠢᠭᠦᠯᠬᠦ ᠵᠡᠷᠭᠡ ᠶᠢ ᠲᠣᠭᠲᠠᠭᠠᠪᠠ
ᠨᠡᠶᠢᠲᠡᠯᠡᠭᠰᠡᠨ ᠴᠠᠭ᠄
2022/3/24
    ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠬᠦᠴᠦᠲᠡᠢ ᠳᠡᠮᠵᠢᠯᠭᠡ ᠬᠠᠩᠭᠠᠬᠤ ᠪᠠᠷ ᠲᠣᠭᠲᠠᠭᠠᠪᠠ᠃    ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠠᠲᠤᠯᠠᠬᠤ ᠲᠤᠬᠠᠢ ᠪᠠᠶᠢᠷᠢᠯᠠᠭᠤᠯᠪᠠ᠃    ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠬᠦᠴᠦᠲᠡᠢ ᠳᠡᠮᠵᠢᠯᠭᠡ ᠬᠠᠩᠭᠠᠬᠤ ᠪᠠᠷ ᠲᠣᠭᠲᠠᠪᠠ︔ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠠᠲᠤᠯᠠᠬᠤ ᠶᠢ ᠪᠠᠶᠢᠷᠢᠯᠠᠭᠤᠯᠪᠠ᠃   ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾  ᠤᠨ ᠲᠣᠬᠢᠷᠠᠭᠤᠯᠤᠯᠲᠠ ᠶᠣᠰᠣᠭᠠᠷ᠂ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠳᠤ ᠴᠢᠭᠯᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠱᠠᠯᠠᠪᠳᠠᠨ ᠨᠡᠶᠢᠲᠡᠯᠡᠵᠦ ᠬᠡᠷᠡᠭᠵᠢᠭᠦᠯᠬᠦ ᠬᠡᠷᠡᠭᠲᠡᠢ᠃ ᠡᠨᠡ ᠵᠢᠯ ᠤᠨ ᠦᠷᠳᠡᠭ ᠨᠡᠮᠡᠭᠳᠡᠯ ᠤᠨ ᠭᠠᠶᠢᠯᠢ ᠶᠢ ᠰᠠᠭᠤᠳᠬᠠᠵᠤ ᠲᠤᠯᠭᠠᠨ ᠪᠤᠴᠠᠭᠠᠬᠤ ᠬᠡᠪᠴᠢᠶ᠎ᠡ ᠨᠢ ᠪᠠᠷᠤᠭ 1.5 ᠲᠦᠮᠡᠨ ᠳ᠋ᠦᠩᠰᠢᠭᠤᠷ ᠲᠥᠭᠦᠷᠢᠭ ᠬᠦᠷᠴᠦ᠂ ᠡᠨᠡ ᠪᠣᠯ ︽ᠬᠤᠶᠠᠷ ᠢ ᠥᠴᠥᠬᠡᠨ ᠴᠦ ᠭᠤᠶᠢᠪᠢᠰᠢ ᠦᠭᠡᠢ︾ ᠪᠠᠷᠢᠮᠲᠠᠯᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠰᠢᠭᠤᠳ ᠪᠥᠭᠡᠳ ᠥᠨᠳᠥᠷ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠨᠡᠮᠡᠭᠳᠡᠯ ᠢ ᠲᠣᠭᠲᠠᠪᠤᠷᠢᠵᠢᠭᠤᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠣᠯᠭᠤᠯᠲᠠ ᠶᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ ᠭᠠᠶᠢᠯᠢ ᠶᠢᠨ ᠢᠷᠡᠯᠲᠡ ᠶᠢ ᠬᠠᠳᠠᠭᠠᠯᠠᠬᠤ᠂ ᠦᠷᠳᠡᠭ ᠨᠡᠮᠡᠭᠳᠡᠯ ᠤᠨ ᠭᠠᠶᠢᠯᠢ ᠶᠢᠨ ᠳᠦᠷᠢᠮ ᠢ ᠶᠡᠭᠡ ᠪᠠᠷ ᠰᠠᠶᠢᠵᠢᠷᠠᠭᠤᠯᠬᠤ ᠥᠭᠡᠷᠡᠴᠢᠯᠡᠯᠲᠡ ᠮᠥᠨ ᠭᠡᠵᠡᠢ᠃ ᠬᠤᠷᠠᠯ  ᠠᠴᠠ᠂ ᠨᠢᠭᠡ ᠳᠤ᠂ ᠪᠣᠶ ᠪᠦᠬᠦᠢ ᠠᠵᠢᠯ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠪᠠ ᠡᠩ ᠤᠨ ᠭᠠᠶᠢᠯᠢ ᠪᠤᠳᠤᠬᠤ ᠠᠷᠭ᠎ᠠ ᠮᠠᠶ᠋ᠢᠭ ᠢᠶᠠᠷ ᠭᠠᠶᠢᠯᠢ ᠲᠤᠰᠢᠶᠠᠵᠤ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 1 ᠲᠦᠮᠡᠨ ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠨ᠎ᠠ᠃ ᠡᠭᠦᠨ ᠳᠤ᠂ ᠦᠯᠡᠳᠡᠭᠡᠯ ᠭᠠᠶᠢᠯᠢ ᠶᠢᠨ ᠲᠤᠭ᠎ᠠ ᠶᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠯᠠ ᠤᠳᠠᠭ᠎ᠠ ᠶᠢᠨ ᠴᠢᠨᠠᠷᠲᠠᠢ ᠪᠠᠷ ᠪᠦᠬᠦᠨ ᠢ ᠪᠤᠴᠠᠭᠠᠨ ᠥᠭᠴᠦ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠳᠤ 4 ᠳ᠋ᠦ᠋ᠭᠡᠷ ᠰᠠᠷ᠎ᠠ ᠳᠤ ᠲᠥᠪᠯᠡᠷᠡᠭᠦᠯᠦᠨ ᠪᠤᠴᠠᠭᠠᠨ ᠥᠭᠴᠦ᠂ ᠵᠢᠵᠢᠭ ᠬᠡᠯᠪᠡᠷᠢ ᠶᠢᠨ ᠠᠵᠤ ᠠᠬᠤᠶᠢᠯᠠᠯ ᠳᠤ 5᠂ 6 ᠳ᠋ᠤᠭᠠᠷ ᠰᠠᠷ᠎ᠠ ᠳᠤ ᠪᠤᠴᠠᠭᠠᠨ ᠥᠭᠭᠦᠨ᠎ᠡ︔ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ ᠭᠠᠶᠢᠯᠢ ᠶᠢᠨ ᠲᠤᠭ᠎ᠠ ᠶᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠠᠷ᠎ᠠ ᠪᠦᠷᠢ ᠪᠥᠬᠦ ᠲᠤᠭ᠎ᠠ ᠪᠠᠷ ᠪᠤᠴᠠᠭᠠᠨ ᠥᠭᠴᠦ᠂ ︽6 ᠰᠠᠷ᠎ᠠ ᠳᠠᠷᠠᠭᠠᠯᠠᠨ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ ᠭᠠᠶᠢᠯᠢ ᠶᠢᠨ ᠲᠤᠭ᠎ᠠ  ᠨᠢ 0 ᠠᠴᠠ ᠶᠡᠭᠡ᠂ ᠬᠠᠮᠤᠭ ᠤᠨ ᠡᠴᠦᠰ ᠤᠨ ᠨᠢᠭᠡ ᠰᠠᠷ᠎ᠠ ᠶᠢᠨ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ ᠭᠠᠶᠢᠯᠢ ᠶᠢᠨ ᠲᠤᠭ᠎ᠠ ᠨᠢ 50 ᠲᠦᠮᠡᠨ ᠲᠥᠭᠦᠷᠢᠭ ᠠᠴᠠ ᠶᠡᠭᠡ︾ ᠵᠡᠷᠭᠡ ᠭᠠᠶᠢᠯᠢ ᠪᠤᠴᠠᠭᠠᠬᠤ ᠨᠥᠬᠦᠴᠡᠯ ᠢ ᠱᠠᠲᠤᠴᠢ ᠴᠢᠨᠠᠷᠲᠠᠢ ᠪᠠᠷ ᠬᠦᠴᠦᠨ ᠦᠭᠡᠢ ᠪᠣᠯᠭᠠᠨ᠎ᠠ᠃ ᠬᠤᠶᠠᠷ ᠲᠤ᠂ ᠦᠢᠯᠡᠳᠬᠡᠯ ᠤᠨ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠴᠠᠬᠢᠯᠭᠠᠨ ᠬᠦᠴᠦᠨ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ ᠦᠢᠯᠡᠰ ᠵᠡᠷᠭᠡ 6 ᠠᠵᠢᠯ ᠲᠥᠷᠥᠯ ᠤᠨ ᠠᠵᠤ ᠠᠬᠤᠶᠢᠯᠠᠯ ᠤᠨ ᠦᠯᠡᠳᠡᠭᠡᠨ ᠰᠠᠭᠤᠳᠬᠠᠬᠤ ᠭᠠᠶᠢᠯᠢ ᠶᠢᠨ ᠲᠤᠭ᠎ᠠ ᠶᠢ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦᠨ ᠢ ᠪᠤᠴᠠᠭᠠᠵᠤ᠂ ᠵᠢᠯ ᠤᠨ ᠡᠴᠦᠰ ᠠᠴᠠ ᠡᠮᠦᠨ᠎ᠡ ᠪᠤᠴᠠᠭᠠᠵᠤ ᠳᠠᠭᠤᠰᠬᠠᠨ᠎ᠠ︔ ᠨᠡᠮᠡᠭᠳᠡᠯ ᠤᠨ ᠬᠡᠮᠵᠢᠶ᠎ᠡ ᠶᠢᠨ ᠰᠠᠭᠤᠳᠬᠠᠨ ᠬᠠᠰᠤᠬᠤ ᠭᠠᠶᠢᠯᠢ ᠶᠢᠨ ᠲᠤᠭ᠎ᠠ ᠶᠢ ᠴᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠠᠷ᠎ᠠ ᠪᠦᠷᠢ ᠪᠥᠬᠦ ᠲᠤᠭ᠎ᠠ ᠪᠠᠷ ᠪᠤᠴᠠᠭᠠᠨ᠎ᠠ᠃ ᠭᠤᠷᠪᠠ ᠳᠤ᠂ ᠲᠥᠪ ᠤᠨ ᠡᠳ᠋ ᠤᠨ ᠵᠠᠰᠠᠭ ᠠᠴᠠ ᠤᠳᠤ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢᠨ ᠳᠦᠷᠢᠮ ᠶᠣᠰᠣᠭᠠᠷ ᠭᠠᠶᠢᠯᠢ ᠶᠢ ᠪᠤᠴᠠᠭᠠᠬᠤ50 % ᠶᠢᠨ ᠪᠡᠯᠡ ᠮᠥᠩᠭᠦ ᠶᠢ ᠡᠭᠦᠷᠭᠡᠯᠡᠭᠰᠡᠨ ᠰᠠᠭᠤᠷᠢᠨ ᠳᠡᠭᠡᠷ᠎ᠡ᠂ ᠲᠠᠬᠢᠭᠠᠳ 1.2 ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠰᠢᠯᠵᠢᠭᠦᠯᠦᠨ ᠲᠣᠬᠢᠷᠠᠭᠤᠯᠬᠤ ᠪᠠᠷ ᠳᠠᠮᠵᠢᠭᠤᠯᠤᠨ 3 ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠦᠨᠳᠦᠰᠦᠨ ᠱᠠᠲᠤᠨ ᠤ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠵᠡᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠮᠵᠢᠨ᠎ᠠ᠃ ᠡᠭᠦᠨ ᠳᠤ᠂ ᠰᠢᠨ᠎ᠡ ᠪᠠᠷ ᠨᠡᠮᠡᠭᠳᠡᠭᠰᠡᠨ ᠰᠠᠭᠤᠳᠬᠠᠵᠤ ᠲᠤᠯᠭᠠᠨ ᠪᠤᠴᠠᠭᠠᠬᠤ ᠭᠠᠶᠢᠯᠢ ᠶᠢᠨ ᠳᠣᠲᠣᠷᠠᠬᠢ ᠣᠷᠣᠨ ᠨᠤᠲᠤᠭ ᠤᠨ ᠡᠭᠦᠷᠭᠡᠯᠡᠬᠦ ᠬᠡᠰᠡᠭ ᠲᠤ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢ ᠳᠤᠮᠳᠠᠴᠢ ᠪᠠᠷ 82% ᠢ ᠳᠠᠪᠠᠭᠤᠯᠬᠤ ᠪᠥᠭᠡᠳ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠲᠡᠶᠢᠰᠢ ᠬᠡᠯᠪᠡᠶᠢᠯᠭᠡᠨ᠎ᠡ ᠭᠡᠵᠦ ᠲᠣᠭᠲᠠᠭᠠᠵᠠᠢ᠃ ᠬᠤᠷᠠᠯ ᠠᠴᠠ ᠱᠠᠭᠠᠷᠳᠠᠬᠤ ᠳᠤ ᠪᠠᠨ᠂ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠬᠦ ᠲᠣᠭᠲᠠᠴᠠ ᠶᠢ ᠪᠠᠶᠢᠭᠤᠯᠵᠤ᠂ ᠰᠠᠷ᠎ᠠ ᠳᠠᠷᠠᠭᠠᠯᠠᠨ ᠤᠷᠢᠳᠴᠢᠯᠠᠨ ᠰᠠᠯᠭᠠᠨ ᠥᠭᠬᠦ ᠪᠠ ᠭᠦᠢᠯᠭᠡᠭᠡᠵᠦ ᠪᠠᠶᠢᠭᠠᠳ᠂ ᠡᠷᠭᠢᠯᠳᠦᠭᠦᠯᠦᠨ ᠢᠯᠭᠠᠷᠠᠭᠤᠯᠤᠨ ᠪᠤᠳᠤᠵᠤ᠂ ᠣᠷᠣᠨ ᠨᠤᠲᠤᠭ ᠤᠨ ᠰᠠᠩ ᠬᠥᠮᠥᠷᠭᠡ ᠶᠢᠨ ᠭᠠᠶᠢᠯᠢ ᠶᠢ ᠪᠤᠴᠠᠭᠠᠬᠤ ᠳᠤ ᠬᠡᠷᠡᠭᠰᠡᠬᠦ ᠪᠡᠯᠡ ᠮᠥᠩᠭᠦ ᠶᠢ ᠬᠠᠭᠠᠰ ᠰᠠᠷ᠎ᠠ ᠶᠢᠨ ᠬᠥᠳᠡᠯᠦᠩᠭᠦᠢ ᠬᠠᠳᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠤᠴᠠᠭᠠᠭᠰᠠᠨ ᠭᠠᠶᠢᠯᠢ ᠶᠢᠨ ᠪᠡᠯᠡ ᠮᠥᠩᠭᠦ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠦᠷᠭᠡᠬᠦ ᠶᠢ ᠦᠨᠡᠨ ᠬᠦ ᠪᠠᠲᠤᠯᠠᠵᠤ᠂ ᠣᠷᠣᠨ ᠨᠤᠲᠤᠭ ᠤᠨ ᠨᠥᠬᠦᠪᠦᠷᠢ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠭᠠᠶᠢᠯᠢ ᠶᠢ ᠳᠠᠷᠤᠬᠤ᠂ ᠭᠠᠶᠢᠯᠢ ᠶᠢ ᠮᠡᠬᠡᠯᠡᠬᠦ᠂ ᠨᠥᠬᠦᠪᠦᠷᠢ ᠶᠢ ᠮᠡᠬᠡᠯᠡᠬᠦ ᠵᠡᠷᠭᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠴᠢᠩᠭ᠎ᠠ ᠰᠢᠢᠳᠬᠡᠨ᠎ᠡ ᠭᠡᠵᠡᠢ᠃      ᠬᠤᠷᠠᠯ ᠠᠴᠠ᠂ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠶᠢᠨ ᠮᠠᠨ ᠤ ᠤᠯᠤᠰ ᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠦᠵᠡᠭᠦᠯᠬᠦ ᠨᠥᠯᠥᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠵᠦ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠬᠡᠪᠴᠢᠶᠡᠨ ᠳᠤ ᠪᠠᠶᠢᠯᠭᠠᠬᠤ ᠶᠢ ᠪᠠᠲᠤᠯᠠᠵᠤ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠲᠣᠭᠲᠠᠭᠤᠨ ᠪᠥᠭᠡᠳ ᠡᠷᠡᠭᠦᠯ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ︽ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ︾ ᠦᠭᠡᠢ ᠪᠠᠶᠢᠬᠤ ᠶᠢ ᠪᠠᠷᠢᠮᠲᠠᠯᠠᠬᠤ ᠶᠢᠨ ᠵᠡᠷᠭᠡᠴᠡᠭᠡ ᠪᠠᠷ ᠴᠠᠭ ᠲᠤᠬᠠᠢ ᠳᠤ ᠨᠢ ᠤᠯᠠᠨ ᠵᠦᠢᠯ ᠤᠨ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠵᠦ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠢᠲᠡᠭᠡᠮᠵᠢᠲᠦ ᠵᠢᠭᠡᠯᠡᠯᠭᠡ ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠵᠣᠬᠢᠰᠲᠠᠢ ᠨᠡᠮᠡᠭᠳᠡᠯ ᠢ ᠪᠠᠲᠤᠯᠠᠨ᠎ᠠ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠢ ᠪᠠᠲᠤᠯᠠᠵᠤ᠂ ᠣᠶᠢᠷ᠎ᠠ ᠶᠢᠨ ᠵᠢᠯ ᠤᠳ ᠤᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠦᠷᠦ ᠶᠢᠨ ᠪᠣᠳᠣᠯᠭ᠎ᠠ ᠶᠢ ᠠᠯᠢ ᠴᠢᠳᠠᠬᠤ ᠪᠠᠷ ᠦᠷᠭᠦᠯᠵᠢᠯᠡᠨ ᠬᠡᠷᠡᠭᠵᠢᠭᠦᠯᠬᠦ ᠶᠢᠨ ᠵᠡᠷᠭᠡᠴᠡᠭᠡ ᠪᠠᠷ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠳᠤ ᠠᠰᠢᠭ ᠦᠭᠡᠢ ᠲᠦᠷᠦ ᠶᠢᠨ ᠪᠣᠳᠣᠯᠭ᠎ᠠ ᠲᠣᠭᠲᠠᠭᠠᠬᠤ ᠶᠢ ᠰᠡᠷᠭᠡᠶᠢᠯᠡᠨ ᠵᠠᠯᠠᠷᠠᠭᠤᠯᠤᠨ᠎ᠠ᠃ ᠭᠤᠷᠪᠠ ᠳᠤ᠂ ᠵᠠᠬ᠎ᠠ ᠳᠡᠯᠭᠡᠭᠦᠷᠴᠢᠯᠡᠬᠦ ᠬᠠᠤᠯᠢᠴᠢᠯᠠᠬᠤ ᠳᠡᠯᠡᠬᠡᠶᠢᠴᠢᠯᠡᠬᠦ ᠵᠠᠷᠴᠢᠮ ᠶᠣᠰᠣᠭᠠᠷ᠂ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠳᠤᠮᠳᠠᠬᠢ ᠠᠰᠠᠭᠤᠳᠠᠯ ᠢ ᠯᠠᠪᠳᠠᠭᠤᠨ ᠰᠠᠶᠢᠲᠤᠷ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠣᠭᠲᠠᠭᠤᠨ᠂ ᠢᠯᠡ ᠲᠣᠳᠣ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ ᠳᠥᠷᠪᠡ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠮᠥᠩᠭᠦᠨ ᠭᠦᠢᠯᠭᠡᠭᠡᠨ ᠤ ᠪᠠᠶᠢᠳᠠᠯ ᠢ ᠨᠢᠭᠲᠠ ᠮᠥᠷᠳᠡᠵᠦ᠂ ᠰᠢᠨ᠎ᠡ ᠥᠷᠢᠰᠦᠯᠳᠦᠭᠡᠨ ᠳᠤ ᠤᠷᠢᠳᠴᠢᠯᠠᠨ ᠪᠡᠯᠡᠳᠬᠡᠵᠦ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠎ᠡ᠃ ᠲᠠᠪᠤ ᠳᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ ᠳᠤ ᠦᠨᠳᠦᠰᠦᠨ ᠳᠤ ᠪᠠᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠪᠠᠨ ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠨ᠎ᠠ ᠭᠡᠵᠡᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ