| 2022 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ | ᠣᠶᠣᠳᠠᠨ1076 ᠲᠦᠮᠡ ᠳᠤ ᠬᠦᠷᠴᠦ᠂ ᠣᠳᠣᠬᠠᠨ ᠳᠤ ᠤᠯᠤᠰ ᠤᠨ ᠳᠣᠲᠣᠭᠠᠳᠤ ᠳᠤ ᠬᠢᠵᠢᠭ ᠣᠯᠠᠨ ᠭᠠᠵᠠᠷ ᠲᠤ | ᠲᠠᠷᠬᠠᠵᠤ᠂ ᠠᠵᠤ ᠠᠬᠤᠢ ᠶᠢᠨ ᠪᠠᠭᠤᠷᠠᠬᠤ ᠳᠠᠷᠤᠯᠲᠠ ᠨᠡᠮᠡᠭᠳᠡᠵᠦ ᠪᠠᠶᠢᠬᠤ ᠵᠡᠷᠭᠡ ᠬᠦᠴᠦᠨ ᠵᠦᠢᠯ ᠤᠨ | ᠨᠥᠯᠥᠭᠡ ᠠᠴᠠ ᠪᠣᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠣᠳᠠᠳ ᠤᠨ ᠠᠵᠢᠯ ᠣᠯᠭᠤᠯᠲᠠ ᠶᠢᠨ | ᠪᠠᠶᠢᠳᠠᠯ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠤᠨ ᠬᠢᠨ ︽ᠤᠯᠤᠰ ᠤᠨ | 24365 ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ︾ ᠢ ᠰᠢᠨᠡᠴᠢᠯᠡᠵᠦ | ᠪᠠᠶᠢᠭᠤᠯᠪᠠ᠃ | ᠣᠳᠣᠬᠠᠨ ᠳᠤ᠂ ᠲᠤᠰ ᠲᠠᠪᠴᠠᠩ ᠳᠤ ᠨᠢᠭᠡᠨᠲᠡ ᠨᠡᠯᠢᠶᠡᠳ ᠲᠣᠭᠠᠨ ᠤ ᠠᠵᠢᠯ ᠤᠨ ᠪᠠᠶᠢᠷᠢ ᠶᠢ | ᠳᠠᠩᠰᠠᠯᠠᠭᠤᠯᠤᠭᠠᠳ ᠪᠠᠶᠢᠨ᠎ᠠ᠃ 2022 ᠣᠨ ᠤ ᠲᠡᠭᠦᠰᠬᠦ ᠰᠤᠷᠤᠭᠴᠢᠳ ᠲᠤ ᠬᠠᠨᠳᠤᠭᠤᠯᠤᠨ᠂ 380 ᠭᠠᠷᠤᠢ | ᠲᠦᠮᠡᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠪᠠ᠃ ᠲᠣᠰ ᠲᠠᠪᠴᠠᠩ ᠳᠤ ᠣᠲᠣ ᠶᠠᠭ ︽ | 2022 ᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠦᠯᠵᠢᠶ᠎ᠡ ᠪᠠᠷ ᠠᠵᠢᠯᠲᠠᠨ ᠡᠯᠰᠡᠬᠦ︾ ︽ | 24365 ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠦᠢᠯᠡᠴᠢᠯᠡᠭᠡ ︱ ᠱᠠᠨᠰᠢ ᠶᠢᠨ ᠲᠤᠰᠬᠠᠢ ᠲᠠᠯᠠᠪᠤᠷ︾ | ᠵᠡᠷᠭᠡ ᠲᠠᠪᠤᠨ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ ᠪᠣᠶ᠃ ︽ᠢᠨᠲ᠋ᠧᠷ ᠰᠦᠯᠵᠢᠶ᠎ᠡ + | ᠠᠵᠢᠯ ᠣᠯᠭᠤᠯᠲᠠ ᠶᠢᠨ ᠵᠢᠯᠣᠭᠤᠳᠤᠯᠭ᠎ᠠ︾ ᠶᠢᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠨᠢᠭᠡᠨᠲᠡ 91 | ᠬᠤᠭᠤᠴᠠᠭ᠎ᠠ ᠰᠦᠯᠵᠢᠶᠡᠨ ᠳᠤ ᠣᠷᠣᠭᠤᠯᠵᠤ᠂ ᠠᠵᠢᠯ ᠣᠯᠭᠤᠯᠲᠠ ᠶᠢᠨ ᠪᠠᠶᠢᠳᠠᠯ ᠬᠢᠭᠡᠳ ᠲᠥᠷᠥ ᠶᠢᠨ ᠪᠣᠳᠣᠯᠭ᠎ᠠ᠂ | ᠠᠵᠢᠯ ᠲᠥᠷᠥᠯ ᠤᠨ ᠵᠠᠳᠠᠯᠤᠯᠲᠠ᠂ ᠠᠵᠢᠯ ᠡᠷᠢᠬᠦ ᠤᠷ᠎ᠠ ᠮᠡᠷᠭᠡᠵᠢᠯ ᠵᠡᠷᠭᠡ ᠠᠭᠤᠯᠭ᠎ᠠ ᠶᠢ ᠬᠠᠮᠤᠷᠴᠠᠢ᠃ | | | |