3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ | ᠨᠠᠷᠢᠯᠢᠭ ᠣᠨᠣᠴᠠᠲᠠᠢ᠂ ᠴᠥᠬᠦᠷᠡᠰᠢ ᠦᠭᠡᠢ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠣᠯᠠᠨ ᠢᠶᠠᠷ ᠢᠶᠠᠨ ᠦᠵᠡᠵᠡᠭᠡᠶ᠎ᠡ | — | ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠰᠢᠪᠲᠤᠯᠤᠯᠲᠠ ᠶᠢᠨ ᠱᠠᠲᠤᠨ ᠳᠤ ᠣᠷᠣᠪᠠ | 3 ᠳ᠋ᠤᠭᠠᠷ ᠰᠠᠷ᠎ᠠ ᠶᠢᠨ 1 ᠤ ᠡᠳᠦᠷ ᠠᠴᠠ 24 ᠤ ᠡᠳᠦᠷ ᠪᠣᠯᠲᠠᠯ᠎ᠠ᠂ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠳᠠᠭᠴᠢᠳ ᠤᠨ ᠲᠤᠭ᠎ᠠ | ᠨᠡᠶᠢᠲᠡ 56000 ᠶᠢ ᠳᠠᠪᠠᠵᠤ᠂ 28 ᠮᠤᠵᠢ ᠶᠢ ᠬᠠᠮᠤᠷᠪᠠ᠃ | ᠡᠭᠦᠨ ᠳᠤ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠳᠠᠯ ᠳᠤ ᠪᠠᠶᠢᠭᠰᠠᠭᠠᠷ᠂ 3 ᠳ᠋ᠤᠭᠠᠷ ᠰᠠᠷ᠎ᠠ ᠶᠢᠨ 1 — 24 ᠤ ᠡᠳᠦᠷ | ᠪᠣᠯᠲᠠᠯ᠎ᠠ᠂ ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ 29000 ᠶᠢ ᠳᠠᠪᠠᠵᠤ᠂ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠬᠥᠮᠥᠨ ᠤ ᠲᠤᠭ᠎ᠠ 1000 ᠶᠢ | ᠳᠠᠪᠠᠭᠰᠠᠨ ᠪᠠᠶᠢᠳᠠᠯ ᠬᠡᠳᠦᠨ ᠡᠳᠦᠷ ᠦᠷᠭᠦᠯᠵᠢᠯᠡᠵᠦ᠂ ᠭᠢᠷᠢᠨ ᠬᠤᠲᠠ ᠪᠣᠯᠣᠨ ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ ᠦᠷᠭᠦᠯᠵᠢᠯᠡᠨ ᠬᠦᠨᠳᠦᠷᠡᠬᠦ | ᠱᠠᠲᠤᠨ ᠳᠤ ᠣᠷᠣᠰᠢᠵᠤ ᠪᠠᠶᠢᠨ᠎ᠠ᠃ | ᠱᠠᠩᠬᠠᠢ ᠬᠤᠲᠠ᠂ ᠾᠧᠪᠧᠢ ᠮᠤᠵᠢ᠂ ᠹᠦᠵᠢᠶᠠᠨ ᠮᠤᠵᠢ᠂ ᠯᠢᠶᠣᠤᠨᠢᠩ ᠮᠤᠵᠢ ᠶᠢᠨ ᠬᠢᠵᠢᠭ ᠤᠨ ᠪᠠᠶᠢᠳᠠᠯ ᠣᠷᠴᠢᠮᠬᠠᠨ ᠳᠤ ᠲᠦᠷᠭᠡᠨ ᠢᠶᠠᠷ ᠨᠡᠮᠡᠭᠳᠡᠵᠦ᠂ | ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠨᠡᠶᠢᠭᠡᠮ ᠲᠣᠭᠤᠷᠢᠭ ᠲᠤ ᠳᠡᠯᠭᠡᠷᠡᠬᠦ ᠲᠦᠭᠰᠢᠭᠦᠷᠢ ᠦᠷᠭᠦᠯᠵᠢᠯᠡᠨ ᠣᠷᠣᠰᠢᠵᠤ ᠪᠠᠶᠢᠨ᠎ᠠ᠃ | ᠱᠠᠨᠳᠦ᠋ᠩ ᠮᠤᠵᠢ ᠶᠢᠨ ᠴᠢᠩᠳᠣᠣ᠂ ᠸᠧᠢ ᠬᠠᠢ᠂ ᠽᠢ ᠪᠥᠸᠧ᠂ ᠭᠤᠸᠠᠩᠳᠦ᠋ᠩ ᠮᠤᠵᠢ ᠶᠢᠨ ᠱᠧᠨᠵᠧᠨ᠂ ᠳ᠋ᠦᠩ ᠭᠤᠸᠠᠨ ᠵᠡᠷᠭᠡ ᠭᠠᠵᠠᠷ ᠬᠢᠵᠢᠭ ᠤᠨ | ᠪᠠᠶᠢᠳᠠᠯ ᠢ ᠠᠩᠬ᠎ᠠ ᠠᠯᠬᠤᠮ ᠡᠵᠡᠮᠳᠡᠵᠡᠢ᠃ | ᠪᠡᠭᠡᠵᠢᠩ ᠬᠤᠲᠠ᠂ ᠴᠦᠩᠴᠢᠩ ᠬᠤᠲᠠ᠂ ᠵᠧᠵᠢᠶᠠᠩ ᠮᠤᠵᠢ ᠵᠡᠷᠭᠡ ᠭᠠᠵᠠᠷ ᠤᠨ ᠬᠢᠵᠢᠭ ᠤᠨ ᠪᠠᠶᠢᠳᠠᠯ ᠲᠣᠭᠲᠠᠭᠤᠨ ᠪᠣᠯᠵᠤ ᠪᠠᠶᠢᠨ᠎ᠠ᠃ | ᠶᠡᠷᠦᠩᠬᠡᠶᠢᠯᠡᠪᠡᠯ᠂ ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠰᠢᠪᠲᠤᠯᠤᠯᠲᠠ ᠶᠢᠨ ᠱᠠᠲᠤᠨ ᠳᠤ ᠣᠷᠣᠰᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ | ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠨᠢ ︽ᠶᠡᠭᠡ ᠲᠠᠭᠰᠢᠭᠤᠷ︾ ᠪᠢᠰᠢ | ᠬᠥᠮᠥᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠭᠤᠯᠤᠭᠰᠠᠨ ᠬᠠᠷᠢᠴᠠᠯ ᠤᠯᠠᠮ ᠥᠨᠳᠥᠷᠵᠢᠬᠦ ᠶᠢ ᠳᠠᠭᠠᠯᠳᠤᠨ᠂ ᠬᠥᠮᠥᠰ ᠤᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠡᠭᠡᠯᠢᠯᠡᠭᠡ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠡᠭᠦᠨ ᠤ ᠳᠡᠭᠡᠷ᠎ᠡ | ᠣᠮᠢᠺᠷᠣᠨ ᠣᠨᠳᠣᠣᠰᠢᠭᠰᠠᠨ ᠬᠤᠣᠷᠲᠤ ᠸᠢᠷᠦ᠋ᠰ ᠤᠨ ᠲᠣᠰ ᠪᠡᠶ᠎ᠡ ᠶᠢᠨ ᠡᠪᠡᠳᠴᠢᠯᠡᠭᠦᠯᠬᠦ ᠴᠢᠨᠠᠷ ᠨᠢ ᠪᠤᠰᠤᠳ ᠬᠤᠣᠷᠲᠤ ᠸᠢᠷᠦ᠋ᠰ ᠤᠨ ᠬᠢᠷᠢ ᠴᠢᠩᠭ᠎ᠠ ᠪᠢᠰᠢ | ᠪᠣᠯᠬᠤᠷ ᠬᠠᠯᠳᠠᠪᠤᠷᠢᠯᠠᠭᠳᠠᠭᠴᠢᠳ ᠤᠨ ᠡᠮᠴᠢᠯᠡᠭᠡᠨ ᠤ ᠬᠦᠨᠳᠦ ᠨᠣᠴᠢᠲᠠᠢ ᠴᠢᠨᠠᠷ ᠢ ᠵᠠᠭᠤᠨ ᠬᠥᠮᠥᠨ ᠪᠦᠷᠢ ᠶᠢᠨ ᠡᠪᠡᠳᠴᠢᠯᠡᠬᠦ ᠬᠥᠮᠥᠨ ᠤ ᠲᠣᠭᠠᠨ ᠤ ᠬᠠᠷᠢᠴᠠᠯ ᠢᠶᠠᠷ | ᠪᠦᠷᠢᠳᠬᠡᠭᠰᠡᠨ ᠢ ᠦᠵᠡᠪᠡᠯ᠂ ᠦᠨᠡᠬᠡᠷ ᠵᠣᠬᠢᠬᠤ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃ ᠣᠮᠢᠺᠷᠣᠨ ᠬᠤᠣᠷᠲᠤ ᠸᠢᠷᠦ᠋ᠰ ᠨᠢ ᠲᠠᠷᠬᠠᠬᠤ ᠬᠤᠷᠳᠤᠴᠠ ᠨᠢ ᠲᠦᠷᠭᠡᠨ᠂ | ᠬᠠᠯᠳᠠᠪᠤᠷᠢᠯᠠᠬᠤ ᠬᠥᠮᠥᠨ ᠤ ᠲᠤᠭ᠎ᠠ ᠨᠢ ᠣᠯᠠᠨ᠂ ᠬᠢᠵᠢᠭ ᠤᠨ ᠪᠠᠶᠢᠳᠠᠯ ᠠᠴᠠ ᠪᠣᠯᠤᠭᠰᠠᠨ ᠦᠬᠦᠯ ᠤᠨ ᠶᠡᠷᠦᠩᠬᠡᠢ ᠲᠤᠭ᠎ᠠ ᠵᠢᠴᠢ ᠨᠡᠶᠢᠭᠡᠮ ᠤᠨ ᠬᠤᠣᠷ ᠬᠥᠨᠥᠭᠡᠯ ᠪᠠ | ᠨᠥᠯᠥᠭᠡ ᠨᠢ ᠡᠭᠦᠨ ᠠᠴᠠ ᠪᠣᠯᠵᠤ ᠬᠥᠩᠭᠡᠷᠡᠭᠰᠡᠨ ᠦᠭᠡᠢ ᠶᠤᠮ᠃ | ᠵᠠᠷᠢᠮ ᠰᠤᠳᠤᠯᠭᠠᠨ ᠳᠤ ᠬᠤᠯᠪᠣᠭᠳᠠᠯ ᠪᠦᠬᠦᠢ ᠤᠯᠤᠰ ᠤᠨ 2021 ᠣᠨ ᠤ 8 — 10 ᠳ᠋ᠤᠭᠠᠷ ᠰᠠᠷ᠎ᠠ ᠪᠣᠯᠣᠨ 11 ᠳ᠋ᠦ᠋ᠭᠡᠷ ᠰᠠᠷ᠎ᠠ ᠠᠴᠠ ᠡᠨᠡ ᠵᠢᠯ ᠤᠨ | 1 ᠳ᠋ᠦ᠋ᠭᠡᠷ ᠰᠠᠷ᠎ᠠ ᠪᠣᠯᠲᠠᠯᠠᠬᠢ ᠬᠤᠶᠠᠷ ᠬᠤᠭᠤᠴᠠᠭᠠᠨ ᠳᠠᠬᠢ ᠡᠪᠡᠳᠴᠢᠨ ᠢᠶᠠᠷ ᠦᠬᠦᠭᠰᠡᠨ ᠨᠣᠷᠮ᠎ᠠ ᠪᠠ ᠦᠬᠦᠭᠰᠡᠨ ᠨᠣᠷᠮ᠎ᠠ ᠶᠢ ᠬᠠᠷᠢᠴᠠᠭᠤᠯᠤᠨ ᠵᠠᠳᠠᠯᠵᠤ᠂ | ᠲᠦᠷᠦᠭᠦᠤ ᠭᠤᠷᠪᠠᠨ ᠰᠠᠷ᠎ᠠ ᠳᠤ ᠳ᠋ᠧᠯᠳ᠋ᠨ ᠬᠤᠣᠷᠲᠤ ᠸᠢᠷᠦ᠋ᠰ ᠳᠡᠯᠭᠡᠷᠡᠬᠦ ᠪᠠᠷ ᠭᠤᠣᠯᠯᠠᠵᠤ᠂ ᠰᠡᠭᠦᠯ ᠤᠨ ᠭᠤᠷᠪᠠᠨ ᠰᠠᠷ᠎ᠠ ᠳᠤ ᠤᠮᠢᠺᠷᠤᠨ ᠬᠤᠣᠷᠲᠤ ᠸᠢᠷᠦ᠋ᠰ | ᠳᠡᠯᠭᠡᠷᠡᠬᠦ ᠪᠠᠷ ᠭᠤᠣᠯᠯᠠᠭᠰᠠᠨ ᠶᠤᠮ᠃ ᠣᠮᠢᠺᠷᠣᠨ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ ᠬᠤᠭᠤᠴᠠᠭᠠᠨ ᠳᠠᠬᠢ ᠡᠪᠡᠳᠴᠢᠨ ᠢᠶᠠᠷ ᠦᠬᠦᠭᠰᠡᠨ ᠨᠣᠷᠮ᠎ᠠ ᠨᠢ | ᠦᠨᠡᠨ ᠬᠦ ᠪᠠᠭᠤᠷᠠᠭᠰᠠᠨ ᠪᠣᠯᠪᠠᠴᠤ ᠠᠳᠠᠯᠢ ᠬᠤᠭᠤᠴᠠᠭᠠᠨ ᠤ ᠬᠢᠵᠢᠭ ᠤᠨ ᠪᠠᠶᠢᠳᠠᠯ ᠠᠴᠠ ᠪᠣᠯᠵᠤ ᠦᠬᠦᠭᠰᠡᠨ ᠪᠥᠬᠦ ᠲᠤᠭ᠎ᠠ ᠪᠤᠶᠤ ᠦᠬᠦᠭᠰᠡᠨ ᠨᠣᠷᠮ᠎ᠠ ᠨᠢ ᠬᠠᠷᠢᠨ | ᠳ᠋ᠧᠯᠲ᠋ᠠ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ ᠠᠳᠠᠯᠢ ᠬᠤᠭᠤᠴᠠᠭᠠᠨ ᠤ ᠦᠬᠦᠭᠰᠡᠨ ᠲᠤᠭ᠎ᠠ ᠠᠴᠠ ᠥᠨᠳᠥᠷ ᠪᠠᠶᠢᠳᠠᠭ᠃ ᠡᠨᠡ ᠨᠢ ᠣᠮᠢᠺᠷᠣᠨ ᠬᠤᠣᠷᠲᠤ | ᠸᠢᠷᠦ᠋ᠰ ᠤᠨ ᠨᠢᠭᠡ ᠤᠯᠤᠰ ᠲᠤ ᠤᠴᠠᠷᠠᠭᠤᠯᠬᠤ ᠬᠤᠣᠷ ᠬᠥᠨᠥᠭᠡᠯ ᠨᠢ ᠶᠡᠷᠦᠩᠬᠡᠢ ᠳᠤ ᠪᠠᠨ ᠪᠠᠭᠠᠰᠤᠭᠰᠠᠨ ᠦᠭᠡᠢ ᠭᠡᠳᠡᠭ ᠢ ᠬᠠᠷᠠᠭᠤᠯᠵᠤ ᠪᠠᠶᠢᠨ᠎ᠠ᠃ 2 ᠳ᠋ᠤᠭᠠᠷ | ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠰᠢᠶᠠᠩᠭᠠᠩ ᠳᠤ ᠢᠯᠡᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠦᠬᠦᠭᠰᠡᠳ ᠤᠨ | ᠵᠢᠱᠢᠶ᠎ᠡ ᠬᠠᠮᠤᠭ ᠤᠨ ᠥᠨᠳᠥᠷ ᠲᠤ ᠪᠠᠨ ᠡᠳᠦᠷ ᠪᠦᠷᠢ 300 ᠰᠢᠬᠠᠮ ᠪᠠᠶᠢᠵᠤ᠂ ᠣᠳᠣᠬᠠᠨ ᠳᠤ ᠮᠥᠨ ᠯᠡ ᠡᠳᠦᠷ ᠪᠦᠷᠢ 200 ᠣᠷᠴᠢᠮ ᠪᠠᠶᠢᠭᠰᠠᠭᠠᠷ᠃ | ᠡᠨᠡ ᠨᠢ ᠣᠮᠢᠺᠷᠣᠨ ᠬᠤᠣᠷᠲᠤ ᠸᠢᠷᠦ᠋ᠰ ᠲᠠᠷᠬᠠᠭᠰᠠᠨ ᠤ ᠬᠤᠣᠷ ᠬᠥᠨᠥᠭᠡᠯ ᠨᠢ ᠮᠥᠨ ᠬᠦ ᠬᠦᠨᠳᠦ ᠨᠣᠴᠢᠲᠠᠢ ᠪᠠᠶᠢᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠨᠢ ︽ᠶᠡᠭᠡ ᠲᠠᠭᠰᠢᠭᠤᠷ︾ ᠪᠢᠰᠢ ᠭᠡᠰᠡᠨ ᠢ ᠢᠯᠡᠷᠬᠡᠶᠢᠯᠡᠵᠦ ᠪᠠᠶᠢᠨ᠎ᠠ᠃ | ᠮᠠᠨ ᠤ ᠤᠯᠤᠰ ᠪᠣᠯ ᠬᠥᠮᠥᠨ ᠠᠮᠠ ᠶᠢᠨ ᠶᠡᠭᠡ ᠤᠯᠤᠰ ᠮᠥᠨ᠂ ᠲᠦᠢᠯ ᠤᠨ ᠪᠠᠭ᠎ᠠ ᠡᠪᠡᠳᠴᠢᠯᠡᠬᠦ ᠨᠤᠷᠮ᠎ᠠ ᠪᠤᠶᠤ ᠦᠬᠦᠬᠦ ᠨᠤᠷᠮ᠎ᠠ ᠶᠢ 14 ᠳ᠋ᠦᠩᠰᠢᠭᠤᠷ | ᠬᠥᠮᠥᠨ ᠠᠮᠠ ᠶᠢᠨ ᠸᠢᠷᠦ᠋ᠰ ᠲᠤᠭ᠎ᠠ ᠪᠠᠷ ᠦᠷᠡᠵᠢᠭᠦᠯᠪᠡᠯ᠂ ᠬᠠᠷᠢᠴᠠᠯᠠᠰᠢ ᠦᠭᠡᠢ ᠲᠤᠭ᠎ᠠ ᠨᠢ ᠮᠠᠰᠢ ᠶᠡᠭᠡ ᠪᠣᠯᠴᠢᠬᠠᠬᠤ ᠶᠤᠮ᠃ ᠭᠠᠭᠴᠠ ᠬᠦ ᠬᠥᠳᠡᠯᠦᠩᠭᠦᠢ ᠪᠠᠷ | ᠲᠡᠭ ᠪᠣᠯᠭᠠᠪᠠᠯ ᠰᠠᠶ᠋ᠢ ᠬᠢᠵᠢᠭ ᠤᠨ ᠪᠠᠶᠢᠳᠠᠯ ᠤᠨ ᠳᠠᠯᠳᠠ ᠬᠡᠮ ᠢ ᠠᠷᠢᠯᠭᠠᠵᠤ᠂ ᠶᠡᠭᠡ ᠬᠡᠪᠴᠢᠶᠡᠨ ᠤ ᠬᠥᠮᠥᠰ ᠤᠨ ᠬᠠᠯᠳᠠᠪᠤᠷᠢᠯᠠᠯ ᠠᠴᠠ ᠪᠣᠯᠵᠤ ᠮᠡᠳᠡᠬᠦ | ᠡᠮᠴᠢᠯᠡᠭᠡᠨ ᠤ ᠡᠬᠢ ᠪᠠᠶᠠᠯᠢᠭ ᠢ ᠰᠢᠬᠠᠨ ᠰᠣᠯᠢᠬᠤ ᠠᠴᠠ ᠵᠠᠶᠢᠯᠠᠰᠬᠢᠵᠦ᠂ ᠶᠡᠭᠡ ᠬᠡᠮᠵᠢᠶᠡᠨ ᠤ ᠨᠠᠰᠤᠲᠠᠶᠢᠴᠤᠳ ᠪᠤᠶᠤ ᠰᠠᠭᠤᠷᠢ ᠡᠪᠡᠳᠴᠢᠲᠡᠨ ᠤ ᠡᠭᠦᠰᠴᠦ ᠮᠡᠳᠡᠬᠦ | ᠦᠬᠦᠯ ᠠᠴᠠ ᠰᠡᠷᠭᠡᠶᠢᠯᠡᠵᠦ ᠴᠢᠳᠠᠨ᠎ᠠ᠃ | ᠠᠨᠲ᠋ᠢᠭᠧᠡ ᠤ ᠪᠠᠶᠢᠴᠠᠭᠠᠯᠲᠠ ᠪᠠᠷ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠦᠭᠡᠢ | ᠠᠨᠲ᠋ᠢᠭᠧᠡ ᠤ ᠪᠠᠶᠢᠴᠠᠭᠠᠯᠲᠠ ᠪᠣᠯ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠬᠤ ᠶᠢᠨ ᠴᠢᠬᠤᠯᠠ ᠨᠢᠭᠡᠨ ᠨᠥᠬᠦᠪᠦᠷᠢ ᠪᠠᠶᠢᠵᠤ᠂ ᠣᠨᠴᠠᠭᠠᠶᠢᠯᠠᠨ ᠤᠮᠢᠺᠷᠤᠨ | ᠮᠡᠲᠦ ᠶᠢᠨ ᠶᠡᠭᠡ ᠬᠡᠪᠴᠢᠶ᠎ᠡ ᠪᠠᠷ ᠲᠦᠷᠭᠡᠨ ᠲᠠᠷᠬᠠᠭᠰᠠᠨ ᠡᠪᠡᠳᠴᠢᠨ ᠤ ᠪᠠᠶᠢᠳᠠᠯ ᠳᠣᠣᠷ᠎ᠠ᠂ ᠪᠥᠭᠡᠮ ᠬᠦᠴᠢᠯ ᠢ ᠪᠠᠶᠢᠴᠠᠭᠠᠬᠤ ᠴᠢᠳᠠᠪᠤᠷᠢ ᠬᠦᠷᠦᠯᠴᠡᠬᠦ ᠦᠭᠡᠢ | ᠦᠶ᠎ᠡ ᠳᠤ᠂ ᠠᠨᠲ᠋ᠢᠭᠧᠡ ᠢ ᠪᠠᠶᠢᠴᠠᠭᠠᠬᠤ ᠪᠣᠯ ᠲᠦᠢᠯ ᠤᠨ ᠴᠢᠬᠤᠯᠠ ᠨᠥᠬᠦᠪᠦᠷᠢ ᠪᠣᠯᠣᠨ᠎ᠠ᠃ ᠭᠡᠪᠡᠴᠦ ᠠᠨᠲ᠋ᠢᠭᠧᠡ ᠤ ᠪᠠᠶᠢᠴᠠᠭᠠᠯᠲᠠ ᠶᠢ ᠪᠢᠳᠡ ᠮᠥᠨ ᠯᠡ | ᠬᠠᠮᠢᠶᠠᠷᠤᠭᠳᠠᠨ ᠡᠵᠡᠮᠳᠡᠭᠳᠡᠵᠦ ᠪᠠᠶᠢᠭ᠎ᠠ ᠬᠥᠮᠥᠰ᠂ ᠲᠤᠰᠠᠭᠠᠷᠯᠠᠭᠳᠠᠵᠤ ᠪᠠᠶᠢᠭ᠎ᠠ ᠬᠥᠮᠥᠰ᠂ ᠨᠢᠭᠲᠠ ᠣᠶᠢᠷᠠᠲᠤᠭᠰᠠᠳ ᠳᠡᠭᠡᠷ᠎ᠡ ᠬᠢᠵᠠᠭᠠᠷᠯᠠᠵᠤ᠂ ᠡᠩ ᠤᠨ | ᠠᠷᠠᠳ ᠲᠤ ᠠᠨᠲ᠋ᠢᠭᠧᠡ ᠤ ᠪᠠᠶᠢᠴᠠᠭᠠᠯᠲᠠ ᠬᠢᠬᠦ ᠶᠢ ᠰᠠᠨᠠᠭᠤᠯᠬᠤ ᠦᠭᠡᠢ᠃ | ᠠᠨᠲ᠋ᠢᠭᠧᠡ ᠤ ᠪᠠᠶᠢᠴᠠᠭᠠᠯᠲᠠ ᠪᠠᠷ ᠡᠪᠡᠳᠴᠢᠨ ᠢ ᠠᠷᠢᠯᠭᠠᠬᠤ ᠣᠨᠣᠰᠢᠯᠠᠯᠲᠠ ᠪᠣᠯᠭᠠᠵᠤ ᠪᠣᠯᠬᠤ ᠦᠭᠡᠢ᠂ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ | ᠣᠷᠣᠯᠠᠭᠤᠯᠵᠤ ᠪᠠᠰᠠ ᠪᠣᠯᠬᠤ ᠦᠭᠡᠢ᠃ ᠤᠴᠢᠷ ᠨᠢ ᠠᠨᠲ᠋ᠢᠭᠧᠡ ᠢ ᠰᠢᠯᠭᠠᠨ ᠪᠠᠶᠢᠴᠠᠭᠠᠬᠤ ᠨᠢ ᠵᠣᠬᠢᠬᠤ ᠬᠡᠮᠵᠢᠶᠡᠨ ᠤ ᠬᠠᠭᠤᠷᠮᠠᠭ ᠠᠷᠭ᠎ᠠ ᠴᠢᠨᠠᠷ ᠪᠠ ᠬᠠᠭᠤᠷᠮᠠᠭ | ᠪᠢᠯᠢᠭ ᠴᠢᠨᠠᠷ ᠣᠷᠣᠰᠢᠵᠤ᠂ ᠠᠨᠲ᠋ᠢᠭᠧᠡ ᠤ ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠡᠴᠦᠰ ᠲᠤ ᠨᠢ ᠪᠠᠰᠠ ᠪᠥᠭᠡᠮ ᠬᠦᠴᠢᠯ ᠢ ᠨᠢ ᠪᠠᠶᠢᠴᠠᠭᠠᠬᠤ | ᠴᠢᠬᠤᠯᠠᠲᠠᠢ᠃ ᠭᠡᠪᠡᠴᠦ ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠪᠢᠳᠡ ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ ᠤᠯᠠᠮ ᠨᠢᠭᠡ ᠠᠯᠬᠤᠮ | ᠲᠠᠷᠬᠠᠭᠠᠬᠤ ᠠᠶᠤᠯ ᠲᠦᠭᠰᠢᠭᠦᠷᠢ ᠠᠴᠠ ᠵᠠᠶᠢᠯᠠᠰᠬᠢᠵᠦ ᠴᠢᠳᠠᠨ᠎ᠠ᠃ | ︽ᠴᠠᠭ ᠪᠠ ᠣᠷᠣᠨ ᠵᠠᠢ ᠶᠢᠨ ᠳᠠᠭᠠᠯᠳᠤᠭᠴᠢ︾ ᠶᠢ ᠰᠢᠭᠰᠢᠨ ᠪᠠᠶᠢᠴᠠᠭᠠᠪᠠᠯ ᠳᠠᠯᠳᠠ ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ | ᠪᠣᠯᠣᠨ᠎ᠠ | ︽ᠴᠠᠭ ᠪᠠ ᠣᠷᠣᠨ ᠵᠠᠢ ᠶᠢᠨ ᠳᠠᠭᠠᠯᠳᠤᠭᠴᠢᠳ︾ ᠢ ᠵᠠᠷᠢᠮ ᠳᠤ ᠪᠠᠨ ︽ᠴᠠᠭ ᠪᠠ ᠣᠷᠣᠨ ᠵᠠᠢ ᠣᠭᠲᠤᠯᠤᠯᠴᠠᠭᠰᠠᠳ︾ ᠭᠡᠳᠡᠭ᠂ ᠶᠡᠷᠦ ᠳᠤ ᠪᠠᠨ 14 | ᠡᠳᠦᠷ ᠤᠨ ᠳᠣᠲᠣᠷ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠣᠯᠠᠭᠳᠠᠭᠰᠠᠨ ᠡᠪᠡᠳᠴᠢᠲᠡᠨ ᠲᠠᠢ ᠠᠳᠠᠯᠢ ᠴᠠᠭ ᠪᠠ ᠣᠷᠣᠨ ᠵᠠᠢ ᠳᠤ ᠬᠡᠰᠡᠭ | ᠬᠤᠭᠤᠴᠠᠭ᠎ᠠ ᠬᠠᠮᠲᠤ ᠪᠠᠶᠢᠭᠰᠠᠨ ᠬᠥᠮᠥᠨ ᠢ ᠵᠢᠭᠠᠨ᠎ᠠ᠃ ︽ᠴᠠᠭ ᠪᠠ ᠣᠷᠣᠨ ᠵᠠᠢ ᠶᠢᠨ ᠳᠠᠭᠠᠯᠳᠤᠭᠴᠢ︾ ᠶᠢ ᠰᠢᠭᠰᠢᠨ ᠪᠠᠶᠢᠴᠠᠭᠠᠪᠠᠯ ᠳᠠᠯᠳᠠ | ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ᠂ ︽ᠴᠠᠭ ᠪᠠ ᠣᠷᠣᠨ ᠵᠠᠢ ᠳᠠᠪᠬᠤᠴᠠᠭᠰᠠᠨ︾ ᠠᠴᠠ ᠪᠣᠯᠵᠤ ᠬᠠᠯᠳᠠᠪᠤᠷᠢᠯᠠᠭᠳᠠᠵᠤ | ᠮᠡᠳᠡᠬᠦ ᠬᠥᠮᠥᠰ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠳᠤ ᠣᠷᠣᠭᠤᠯᠵᠤ᠂ ᠡᠷᠲᠡᠬᠡᠨ ᠢᠯᠡᠷᠡᠭᠦᠯᠬᠦ ᠪᠠ ᠰᠡᠷᠭᠡᠶᠢᠯᠡᠨ ᠡᠵᠡᠮᠳᠡᠬᠦ ᠪᠣᠭᠤᠮᠲᠠ ᠶᠢ ᠤᠷᠤᠭᠰᠢ | ᠰᠢᠯᠵᠢᠭᠦᠯᠬᠦ ᠶᠢ ᠪᠡᠶᠡᠯᠡᠭᠦᠯᠵᠦ ᠳᠡᠶᠢᠯᠦᠨ᠎ᠡ᠃ ᠶᠡᠷᠦ ᠳᠤ ᠪᠠᠨ ᠨᠢᠭᠡᠨᠲᠡ ᠲᠣᠭᠲᠠᠭᠰᠠᠨ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠤᠯᠠᠮ ᠨᠢᠭᠡ ᠠᠯᠬᠤᠮ | ᠵᠢᠭᠰᠠᠭᠠᠨ ᠪᠠᠶᠢᠴᠠᠭᠠᠵᠤ᠂ ᠴᠠᠭ ᠪᠠ ᠣᠷᠣᠨ ᠵᠠᠢ ᠶᠢᠨ ᠳᠠᠭᠠᠯᠳᠤᠭᠴᠢ ᠶᠢᠨ ᠠᠷᠭ᠎ᠠ ᠮᠠᠶ᠋ᠢᠭ᠂ ᠪᠣᠳᠠᠲᠠᠢ ᠴᠠᠭ ᠪᠠ ᠪᠣᠳᠠᠲᠠᠢ ᠵᠠᠢ ᠶᠢ ᠲᠣᠳᠣᠷᠬᠠᠶᠢᠯᠠᠵᠤ᠂ | ᠬᠠᠯᠳᠠᠪᠤᠷᠢᠯᠠᠬᠤ ᠲᠦᠭᠰᠢᠭᠦᠷᠢ ᠶᠢ ᠰᠤᠳᠤᠯᠤᠨ ᠮᠠᠭᠠᠳᠯᠠᠳᠠᠭ᠃ ᠬᠡᠷᠪᠡ ᠵᠢᠭᠰᠠᠭᠠᠨ ᠪᠠᠶᠢᠴᠠᠭᠠᠬᠤ ᠳᠤ ᠨᠢᠭᠡᠨᠲᠡ ᠲᠣᠳᠣᠷᠬᠠᠢ ᠪᠣᠯᠤᠭᠰᠠᠨ ᠪᠥᠭᠡᠳ ᠨᠢᠭᠲᠠ | ᠣᠶᠢᠷᠠᠲᠤᠭᠰᠠᠳ ᠪᠢᠰᠢ ᠮᠥᠷᠲᠡᠭᠡᠨ ᠳᠠᠮ ᠨᠢᠭᠲᠠ ᠣᠶᠢᠷᠠᠲᠤᠭᠰᠠᠳ ᠴᠦ ᠪᠢᠰᠢ ᠶᠤᠮ ᠪᠣᠯ ᠳᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ | ᠲᠦᠭᠰᠢᠭᠦᠷᠢ ᠦᠭᠡᠢ ᠶᠤᠮ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠢ ᠶᠠᠪᠤᠴᠠ ᠳᠤ᠂ ᠣᠬᠤᠷᠬᠠᠨ ᠬᠤᠭᠤᠴᠠᠭᠠᠨ ᠤ ᠳᠣᠲᠣᠷ᠎ᠠ ᠶᠡᠭᠡ ᠬᠡᠮᠵᠢᠶᠡᠨ ᠤ | ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠢᠯᠡᠷᠡᠭᠦᠯᠵᠦ᠂ ᠴᠠᠭ ᠪᠠ ᠣᠷᠣᠨ ᠵᠠᠢ ᠶᠢᠨ ᠳᠠᠭᠠᠯᠳᠤᠭᠴᠢ ᠪᠣᠯᠭᠠᠨ ᠢ ᠴᠠᠭ ᠲᠤᠬᠠᠢ ᠳᠤ ᠨᠢ ᠵᠢᠭᠰᠠᠭᠠᠨ | ᠪᠠᠶᠢᠴᠠᠭᠠᠬᠤ ᠶᠢᠨ ᠠᠷᠭ᠎ᠠ ᠦᠭᠡᠢ ᠪᠠᠶᠢᠳᠠᠭ᠃ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠭᠡᠷ ᠲᠤ ᠨᠢ ᠲᠤᠰᠠᠭᠠᠷᠯᠠᠭᠤᠯᠬᠤ ᠪᠤᠶᠤ ᠲᠣᠭᠲᠠᠭᠠᠭᠰᠠᠨ ᠭᠠᠵᠠᠷ ᠲᠤ ᠲᠤᠰᠠᠭᠠᠷᠯᠠᠭᠤᠯᠵᠤ᠂ ᠵᠢᠭᠰᠠᠭᠠᠨ | ᠪᠠᠶᠢᠴᠠᠭᠠᠬᠤ ᠶᠢ ᠳᠠᠭᠤᠰᠲᠠᠯ᠎ᠠ᠂ ᠡᠰᠡᠬᠦᠯ᠎ᠡ ᠴᠠᠭ ᠪᠠ ᠣᠷᠣᠨ ᠵᠠᠢ ᠶᠢᠨ ᠳᠠᠭᠠᠯᠳᠤᠭᠰᠠᠨ ᠪᠠᠶᠢᠳᠠᠯ ᠢ ᠬᠦᠴᠦᠨ ᠦᠭᠡᠢ ᠪᠣᠯᠭᠠᠲᠠᠯ᠎ᠠ ᠲᠤᠰᠠᠭᠠᠷᠯᠠᠭᠤᠯᠤᠨᠠ᠃ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠬᠤ ᠡᠷᠡᠭᠦᠯ ᠪᠤᠰᠤ ᠲᠤᠰᠬᠠᠯ ᠡᠭᠦᠰᠬᠦ | ᠨᠣᠷᠮ᠎ᠠ ᠨᠢ ᠪᠤᠰᠤᠳ ᠨᠠᠰᠤᠨ ᠤ ᠬᠢ ᠠᠴᠠ ᠳᠣᠣᠷ᠎ᠠ | ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠤᠷᠢᠳ ᠢᠶᠠᠷ ᠲᠠᠷᠢᠬᠤ ᠬᠥᠮᠥᠰ ᠤᠨ ᠨᠢᠭᠡ ᠪᠣᠯᠣᠨ᠎ᠠ᠃ ᠣᠳᠣᠬᠠᠨ ᠳᠤ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠨᠠᠰᠤᠨ ᠤ ᠳᠣᠣᠷᠠᠳᠤ ᠬᠢᠵᠠᠭᠠᠷ ᠤᠨ ᠲᠤᠬᠠᠢ ᠱᠠᠭᠠᠷᠳᠠᠯᠭ᠎ᠠ ᠲᠠᠢ᠂ ᠨᠠᠰᠤᠨ ᠤ ᠳᠡᠭᠡᠳᠦ ᠬᠢᠵᠠᠭᠠᠷ ᠤᠨ ᠲᠤᠬᠠᠢ | ᠲᠣᠭᠲᠠᠭᠠᠯ ᠦᠭᠡᠢ᠂ 3 ᠨᠠᠰᠤᠨ ᠠᠴᠠ ᠳᠡᠭᠡᠭᠰᠢᠬᠢ ᠬᠥᠮᠥᠰ ᠪᠦᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠥᠮ ᠲᠠᠷᠢᠭᠤᠯᠵᠤ ᠪᠣᠯᠣᠨ᠎ᠠ᠃ | ᠣᠳᠣᠬᠠᠨ ᠳᠤ ᠮᠠᠨ ᠤ ᠤᠯᠤᠰ ᠤᠨ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.64 ᠳ᠋ᠦᠩᠰᠢᠭᠤᠷ ᠢ ᠳᠠᠪᠠᠵᠤ᠂ ᠡᠭᠦᠨ ᠤ | ᠳᠣᠲᠣᠷ᠎ᠠ 2.12 ᠳ᠋ᠦᠩᠰᠢᠭᠤᠷ ᠭᠠᠷᠤᠢ ᠨᠠᠰᠤᠲᠠᠶᠢᠴᠤᠳ ᠨᠢᠭᠡᠨᠲᠡ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠪᠠ᠃ ᠣᠳᠣᠬᠠᠨ ᠤ ᠮᠠᠨ ᠤ | ᠬᠢᠨᠠᠨ ᠰᠢᠨᠵᠢᠯᠡᠭᠰᠡᠨ ᠳ᠋ᠦᠩ ᠠᠴᠠ ᠦᠵᠡᠪᠡᠯ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠨᠢ ᠪᠤᠰᠤᠳ | ᠨᠠᠰᠤᠨ ᠤ ᠱᠠᠲᠤᠨ ᠤ ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠠᠴᠠ ᠳᠣᠣᠷ᠎ᠠ ᠪᠠᠶᠢᠨ᠎ᠠ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠤᠭᠰᠠᠨ ᠬᠥᠮᠥᠨ ᠤ ᠲᠤᠭ᠎ᠠ ᠪᠥᠬᠦ ᠤᠯᠤᠰ ᠤᠨ ᠬᠥᠮᠥᠨ ᠠᠮᠠ ᠶᠢᠨ 88.01% ᠶᠢ ᠡᠵᠡᠯᠡᠪᠡ | | 3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠤᠯᠤᠰ ᠲᠤ ᠨᠡᠶᠢᠲᠡ 32 ᠳ᠋ᠦᠩᠰᠢᠭᠤᠷ 4359.9 ᠲᠦᠮᠡᠨ ᠤᠳᠠᠭᠠᠨ ᠤ ᠲᠠᠷᠢᠯᠭ᠎ᠠ ᠬᠢᠵᠦ᠂ | ᠸᠠᠺᠼᠢᠨ ᠲᠠᠷᠢᠭᠤᠯᠤᠭᠰᠠᠨ ᠪᠥᠬᠦ ᠬᠥᠮᠥᠨ ᠤ ᠲᠤᠭ᠎ᠠ 12 ᠳ᠋ᠦᠩᠰᠢᠭᠤᠷ 7554.1 ᠲᠦᠮᠡ ᠳᠤ ᠬᠦᠷᠴᠦ᠂ ᠬᠠᠮᠤᠷᠤᠭᠰᠠᠨ ᠬᠥᠮᠥᠨ ᠤ ᠲᠤᠭ᠎ᠠ ᠨᠢ ᠪᠥᠬᠦ | ᠤᠯᠤᠰ ᠤᠨ ᠬᠥᠮᠥᠨ ᠠᠮᠠ ᠶᠢᠨ 90.47% ᠶᠢ ᠡᠵᠡᠯᠡᠵᠦ᠂ ᠨᠢᠭᠡᠨᠲᠡ 12 ᠳ᠋ᠦᠩᠰᠢᠭᠤᠷ 4077.7 ᠲᠦᠮᠡᠨ ᠬᠥᠮᠥᠨ ᠪᠥᠬᠦ ᠲᠠᠷᠢᠯᠭ᠎ᠠ ᠶᠢ ᠲᠠᠷᠢᠭᠤᠯᠵᠤ᠂ | ᠪᠥᠬᠦ ᠲᠠᠷᠢᠯᠭ᠎ᠠ ᠶᠢ ᠲᠠᠷᠢᠭᠤᠯᠤᠭᠰᠠᠨ ᠬᠥᠮᠥᠨ ᠤ ᠲᠤᠭ᠎ᠠ ᠨᠢ ᠪᠥᠬᠦ ᠤᠯᠤᠰ ᠤᠨ ᠬᠥᠮᠥᠨ ᠠᠮᠠ ᠶᠢᠨ 88.01% ᠶᠢ ᠡᠵᠡᠯᠡᠪᠡ᠃ | 6 ᠳ᠋ᠦᠩᠰᠢᠭᠤᠷ 7127 ᠲᠦᠮᠡᠨ ᠬᠥᠮᠥᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠵᠤ᠂ ᠡᠭᠦᠨ ᠳᠤ 1219.1 ᠲᠦᠮᠡᠨ ᠬᠥᠮᠥᠨ ᠬᠡᠯᠬᠢᠶᠡᠮᠡᠯ | ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠪᠠ᠃ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ | ᠲᠠᠷᠢᠭᠤᠯᠤᠭᠰᠠᠨ ᠬᠥᠮᠥᠨ ᠤ ᠲᠤᠭ᠎ᠠ 2 ᠳ᠋ᠦᠩᠰᠢᠭᠤᠷ 2271.9 ᠲᠦᠮᠡ ᠳᠤ ᠬᠦᠷᠴᠦ᠂ 2 ᠳ᠋ᠦᠩᠰᠢᠭᠤᠷ 1215.3 ᠲᠦᠮᠡᠨ ᠬᠥᠮᠥᠨ ᠳᠤ ᠲᠠᠷᠢᠯᠭ᠎ᠠ ᠲᠠᠷᠢᠵᠤ | ᠂ 1 ᠳ᠋ᠦᠩᠰᠢᠭᠤᠷ 3823.7 ᠲᠦᠮᠡᠨ ᠬᠥᠮᠥᠨ ᠳᠤ ᠡᠭᠡᠯᠢᠯᠡᠭᠡ ᠴᠢᠩᠭᠠᠳᠬᠠᠬᠤ ᠲᠠᠷᠢᠯᠭ᠎ᠠ ᠲᠠᠷᠢᠭᠤᠯᠪᠠ᠃ ᠣᠲᠣ ᠪᠣᠯᠲᠠᠯ᠎ᠠ᠂ ᠵᠢᠶᠠᠩᠰᠢ᠂ ᠠᠨᠾᠦ᠋ᠢ᠂ ᠱᠠᠨᠳᠦ᠋ᠩ | 3 ᠮᠤᠵᠢ ᠶᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠲᠠᠷᠢᠭᠤᠯᠤᠭᠰᠠᠨ ᠨᠣᠷᠮ᠎ᠠ ᠨᠢᠭᠡᠨᠲᠡ 90% ᠶᠢ ᠳᠠᠪᠠᠪᠠ᠃ ᠴᠦᠩᠴᠢᠩ᠂ ᠾᠧᠨᠠᠨ᠂ | ᠬᠤᠪᠧᠢ᠂ ᠭᠦᠢᠵᠧᠦ᠂ ᠾᠧᠪᠧᠢ᠂ ᠰᠧᠴᠤᠸᠠᠨ᠂ ᠶᠦᠨᠨᠠᠨ ᠵᠡᠷᠭᠡ 7 ᠮᠤᠵᠢ ᠬᠤᠲᠠ ᠳᠤ 85% ᠶᠢ ᠳᠠᠪᠠᠵᠠᠢ᠃ | | |