| | ᠦᠪᠤᠷ ᠮᠤᠩᠭᠤᠯ ᠤᠨ ᠡᠳᠤᠷ ᠤᠨ ᠰᠤᠨᠢᠨ ᠤ ᠮᠡᠳᠡᠭᠡ ︵ᠰᠤᠷᠪᠤᠯᠵᠢᠯᠠᠬᠴᠢ ᠯᠢᠤ ᠰᠢᠶᠤᠤ ᠳ᠋ᠦᠡᠭ︶ 3 ᠰᠠᠷ᠎ᠠ ᠶᠢᠨ 21 ᠠᠴᠠ 22 ᠤ ᠡᠳᠤᠷ ᠪᠤᠯᠳᠠᠯ᠎ᠠ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠸᠡᠭ ᠤᠷᠳᠤᠰ ᠬᠤᠳᠠ ᠶᠢᠨ ᠳ᠋ᠦᠡᠭᠱᠸᠡᠭ ᠲᠤᠭᠤᠷᠢᠭ᠂ ᠵᠡᠭᠦᠠᠭᠠᠷ ᠬᠤᠰᠢᠭᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠬᠤ ᠳᠠᠭᠠᠨ᠂ | ᠶᠡᠷᠤᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠲᠤᠬᠠᠢ ᠴᠢᠬᠤᠯᠨ ᠶᠠᠷᠢᠶ᠎ᠠ᠂ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ | ᠬᠦᠨᠵᠡᠭᠡᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠠᠢ ᠲᠦᠯᠦᠪᠵᠢᠭᠦᠯᠵᠤ | ᠂ ᠠᠷᠭ᠎ᠠ ᠪᠦᠬᠦᠨ ᠢ ᠰᠦᠪᠡᠭᠴᠢᠯᠡᠨ ︿ᠬᠤᠤᠰ ᠨᠡᠭᠦᠷᠡᠰᠦᠳᠦ᠋ᠷᠦᠭᠴᠢ﹀ ᠶᠢᠨ ᠪᠠᠶᠢᠯᠳᠤᠬᠤ ᠪᠤᠳᠤᠯᠭ᠎ᠠ ᠶᠢᠨ ᠠᠵᠨ ᠲᠤᠬᠢᠶᠠᠯ ᠢ ᠠᠮᠵᠢᠨ ᠠᠳᠬᠤᠵᠤ᠂ ᠴᠢᠬᠤᠯᠨ | ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠲᠤᠬᠳᠠᠭᠤᠨ ᠡᠷᠬᠢᠯᠳᠡ ᠪᠡ ᠶᠠᠰᠤ ᠴᠢᠨᠠᠷ ᠢ | ᠲᠡᠭᠡᠭᠰᠢᠯᠡᠭᠦᠯᠤᠨ ᠲᠡᠰ ᠲᠡᠪᠰᠢᠭᠦᠯᠬᠦ ᠶᠢ ᠯᠠᠪᠳᠠᠭᠤᠨ ᠪᠠᠳᠤᠳᠠᠢ ᠠᠬᠢᠭᠤᠯᠵᠤ᠂ ᠬᠢᠵᠢᠭ ᠤᠨ ᠪᠠᠶᠢᠳᠠᠯ ᠤᠨ ᠬᠤᠪᠢᠰᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ | ᠪᠠᠷ ᠪᠠᠭᠠᠰᠬᠠᠨ᠂ ᠴᠢᠨᠠᠷ ᠰᠠᠶᠢᠳᠠᠢ ᠬᠦᠭᠵᠢᠯᠳᠡ ᠶᠢᠨ ᠨᠡᠮᠡᠭᠳᠡᠯ ᠢ ᠦᠷᠭᠡᠳᠭᠡᠵᠤ᠂ ᠲᠤᠬᠳᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠤᠬᠳᠠᠭᠤᠨ ᠤ | ᠲᠤᠮᠳᠡ ᠤᠷᠤᠬᠰᠢᠯᠡᠨ ᠲᠠᠪᠰᠢᠬᠤ ᠶᠢ ᠪᠠᠳᠤᠯᠠᠬᠤ ᠬᠡᠷᠡᠭᠳᠠᠢ ᠭᠡᠵᠤ. ᠴᠢᠬᠤᠯᠠᠴᠢᠯᠠᠪᠠ᠃ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠤᠯ ᠨᠢᠭᠡᠳᠦᠭᠡᠷ | ᠬᠦᠳᠡᠯᠭᠡᠬᠦ ᠬᠦᠴᠦᠨ ᠮᠦᠨ᠃ ᠮᠸᠡᠭ ᠲᠠᠢ ᠪᠦᠯᠦᠭᠯᠡᠯ ᠤᠨ ᠨᠡᠭᠦᠷᠡᠰᠤᠨ ᠤ ᠦᠨᠡᠰᠤᠨ ᠨᠤᠨᠳᠠᠭ ᠢ ᠶᠡᠷᠤᠩᠭᠡᠶᠢᠯᠡᠨ ᠠᠰᠢᠬᠯᠠᠬᠤ ᠰᠤᠳᠤᠯᠤᠨ ᠨᠡᠭᠡᠭᠡᠬᠦ ᠲᠦᠪ | ᠨᠡᠭᠦᠷᠡᠰᠤᠨ ᠤ ᠦᠨᠡᠰᠤᠨ ᠨᠤᠨᠳᠠᠭ ᠢ ᠠᠰᠢᠬᠯᠡᠨ ᠲᠡᠭᠡᠳᠤ ᠲᠡᠰ ᠤᠨ ᠬᠦᠡᠭᠭᠡᠨᠴᠠᠭᠠᠨ ᠴᠠᠬᠢᠭᠤᠷ ᠤᠨ ᠬᠠᠶᠢᠯᠤᠰᠢ ᠶᠢ ᠠᠮᠵᠢᠯᠳᠠᠳᠠᠢ ᠦᠢᠯᠡᠳᠴᠤ ᠭᠠᠷᠭᠠᠭᠠᠳ ᠶᠡᠭᠡ | ᠬᠡᠮᠵᠢᠶᠡᠨ ᠤ ᠬᠠᠶᠠᠬᠳᠠᠮᠠᠯ ᠬᠠᠳᠠᠭᠤ ᠪᠤᠳᠠᠰ ᠢ ᠡᠬᠢ ᠪᠠᠶᠠᠯᠢᠵᠢᠭᠤᠯᠤᠨ ᠠᠰᠢᠬᠯᠠᠬᠤ ᠶᠢ ᠠᠬᠢᠭᠤᠯᠬᠤ ᠲᠠᠯ᠎ᠠ ᠪᠠᠷ ᠴᠢᠬᠤᠯᠨ ᠠᠯᠬᠤᠮ ᠢ ᠠᠯᠬᠤᠵᠠᠢ᠃ ᠱᠢ ᠲᠠᠢ | ᠹᠸᠡᠭ ᠰᠤᠳᠤᠯᠤᠨ ᠨᠡᠭᠡᠭᠡᠬᠦ ᠲᠦᠪ ᠤᠨ ᠰᠢᠷᠪᠢᠯᠳᠡ ᠵᠠᠳᠠᠯᠤᠯᠳᠠ ᠶᠢᠨ ᠲᠠᠰᠤᠭ᠂ ᠲᠤᠷᠰᠢᠯᠳᠡ ᠶᠢᠨ ᠲᠠᠰᠤᠭ ᠪᠤᠯᠤᠨ ᠦᠢᠯᠡᠳᠪᠤᠷᠢᠯᠡᠯ ᠤᠨ ᠲᠤᠮᠤᠷᠠᠭᠤᠯᠬᠤ | ᠱᠤᠭᠤᠮ ᠤᠨ ᠦᠢᠯᠡᠳᠪᠤᠷᠢ ᠶᠢᠨ ᠲᠠᠰᠤᠭ ᠲᠤ ᠬᠦᠷᠴᠤ᠂ ᠰᠤᠳᠤᠯᠤᠨ ᠨᠡᠭᠡᠭᠡᠬᠦ ᠤᠷᠤᠭᠤᠯᠤᠯᠳᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠳᠦᠭᠡᠯ | ᠤᠨ ᠬᠡᠷᠡᠭᠯᠡᠯᠳᠡ᠂ ᠲᠦᠷᠦᠯ ᠵᠦᠢᠯ ᠤᠨ ᠠᠵᠤ ᠦᠢᠯᠡᠰᠵᠢᠯᠳᠡ ᠶᠢᠨ ᠠᠬᠢᠴᠨ ᠵᠡᠷᠭᠡ ᠪᠠᠶᠢᠳᠠᠯ ᠢ ᠬᠦᠨᠵᠡᠭᠡᠢ ᠦᠢᠯᠠᠭᠠᠪᠠ᠃ ᠲᠡᠷᠨ ᠠᠵᠤ ᠠᠬᠤᠶᠢᠯᠠᠯ ᠤᠨ | ᠬᠠᠷᠢᠭᠤᠴᠠᠯᠭᠠᠳᠡᠨ ᠳᠤ᠂ ᠲᠠ ᠨᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠯ᠎ᠠ ᠪᠠᠷ ᠬᠠᠷᠠᠮ ᠦᠭᠡᠢ ᠪᠡᠯᠨ ᠮᠦᠡᠭᠬᠦ ᠭᠠᠷᠭᠠᠵᠤ ᠬᠦᠴᠦ | ᠤᠷᠤᠭᠤᠯᠵᠤ᠂ ᠦᠨᠡᠨ ᠪᠤᠳᠠᠳᠠᠢ ᠦᠷ᠎ᠡ ᠪᠦᠳᠦᠭᠡᠯ ᠤᠯᠵᠤ᠂ ᠨᠡᠭᠦᠷᠡᠰᠤᠨ ᠤ ᠨᠤᠨᠳᠠᠭ ᠢ ᠡᠬᠢ ᠪᠠᠶᠠᠯᠢᠬᠵᠢᠭᠤᠯᠤᠨ ᠠᠰᠢᠬᠯᠠᠬᠤ ᠬᠦᠴᠢᠷ ᠠᠰᠠᠭᠤᠳᠠᠯ ᠢ | ᠰᠢᠢᠳᠪᠤᠷᠢᠯᠡᠵᠤ᠂ ᠡᠨᠧᠷᠬᠢ ᠶᠢᠨ ᠠᠵᠤ ᠦᠢᠯᠡᠰ ᠤᠨ ᠪᠦᠬᠦ ᠠᠵᠤ ᠦᠢᠯᠡᠰ ᠤᠨ ᠭᠡᠯᠬᠢᠶ᠎ᠡ ᠶᠢᠨ ᠬᠦᠭᠵᠢᠯᠳᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠨᠡᠭᠡᠭᠡᠵᠤ᠂ | ᠶᠡᠭᠡ ᠬᠡᠮᠵᠢᠶᠡᠨ ᠤ ᠬᠠᠶᠠᠬᠳᠠᠮᠠᠯ ᠬᠠᠳᠠᠭᠤ ᠪᠤᠳᠠᠰ ᠢ ᠡᠷᠳᠡᠨᠢ ᠪᠤᠯᠭᠠᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠡ ᠵᠠᠰᠠᠯᠳᠡ ᠶᠢᠨ ᠲᠤᠮᠳᠠᠬᠢ | ᠲᠠᠷᠤᠭᠠᠰᠤ ᠶᠢ ᠠᠷᠢᠯᠭᠠᠪᠠ ᠭᠡᠪᠡ᠃ | ᠲᠡᠷᠨ ᠠᠵᠤ ᠠᠬᠤᠶᠢᠯᠠᠯ ᠤᠨ ᠬᠢᠨ ᠢ ᠵᠠᠪᠰᠡᠷ ᠤ ᠲᠤᠷᠰᠢᠯᠳᠡ ᠶᠢᠨ ᠰᠤᠳᠤᠯᠭᠠᠨ ᠤ ᠲᠦᠷᠭᠡᠳᠭᠡᠨ ᠠᠬᠢᠭᠤᠯᠵᠤ᠂ ᠦᠷ᠎ᠡ ᠪᠦᠳᠦᠭᠡᠯ ᠢ ᠤᠨᠳᠤᠤᠰᠢᠭᠤᠯᠬᠤ ︿ | ᠡᠴᠤᠰ ᠤᠨ ᠨᠢᠭᠡ ᠺᠢᠯᠦᠮᠧᠲᠷ﹀ ᠢ ᠨᠡᠪᠳᠡᠷᠡᠭᠦᠯᠵᠤ᠂ ︿ᠠᠷᠪᠡᠨ ᠲᠦᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ᠠᠵᠤ ᠦᠢᠯᠡᠰᠵᠢᠭᠦᠯᠤᠨ | ᠬᠡᠪᠴᠢᠶᠡᠵᠢᠭᠦᠯᠤᠨ ᠬᠡᠷᠡᠭᠯᠡᠬᠦ ᠶᠢ ᠪᠡᠶᠡᠯᠡᠭᠦᠯᠳᠦᠭᠡᠢ ᠭᠡᠵᠤ ᠵᠤᠷᠢᠬᠵᠢᠭᠤᠯᠪᠡ᠃ ᠵᠢᠩ ᠳ᠋ᠦᠡᠭ ᠹᠠᠨᠭ᠌ ᠶᠤᠸᠠᠨ ᠱᠸᠡᠭ ᠭᠡᠷᠡᠯ ᠴᠠᠬᠢᠯᠭᠠᠨ ᠤ ᠺᠤᠮᠫᠠᠨᠢ ᠳᠤ᠂ ᠱᠢ ᠲᠠᠢ | ᠹᠸᠡᠭ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠯᠳᠡ ᠳᠤ ᠵᠢᠭᠠᠵᠤ ᠭᠠᠷᠭᠠᠬᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠬᠰᠡᠨ ᠤ ᠲᠠᠷᠠᠭᠠᠬᠢ ᠪᠠᠶᠢᠳᠠᠯ ᠪᠤᠯᠤᠨ ᠤᠰᠤ ᠠᠷᠪᠢᠯᠠᠬᠤ ᠦᠭᠡᠷᠡᠴᠢᠯᠡᠯᠳᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠠᠵᠢᠯᠯᠠᠭᠠᠨ ᠢ | ᠬᠦᠨᠵᠡᠭᠡᠢ ᠰᠢᠨᠵᠢᠯᠡᠨ ᠪᠠᠶᠢᠴᠠᠭᠠᠪᠠ᠂ ᠠᠵᠤ ᠠᠬᠤᠶᠢᠯᠠᠯ ᠲᠤᠬᠳᠠᠭᠠᠯ ᠢ ᠵᠦᠷᠢᠴᠡᠨ ᠭᠠᠵᠠᠷ ᠲᠤᠤᠷᠠᠬᠢ ᠤᠰᠤ ᠶᠢ ᠲᠠᠳᠠᠵᠤ ᠬᠡᠷᠡᠭᠯᠡᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠬᠰᠡᠨ ᠢᠶᠠᠷ ᠪᠠᠷᠠᠬᠤ ᠦᠭᠡᠢ ᠤᠰᠤ ᠠᠷᠪᠢᠯᠠᠬᠤ ᠦᠭᠡᠷᠡᠴᠢᠯᠡᠯᠳᠡ ᠶᠢᠨ ᠲᠠᠯ᠎ᠠ ᠪᠠᠷ ᠰᠢᠨ᠎ᠡ ᠰᠢᠪᠳᠤᠯᠤᠯᠳᠡ ᠲᠠᠢ ᠪᠤᠯᠵᠤ᠂ ᠲᠤᠬᠠᠢ ᠶᠢᠨ ᠭᠠᠵᠠᠷ ᠤᠨ | ᠬᠠᠳᠤᠨ ᠭᠤᠤᠯ ᠤᠨ ᠤᠰᠤ ᠬᠡᠷᠡᠭᠯᠡᠬᠦ ᠬᠦᠢᠴᠡᠳᠭᠡᠯ ᠲᠤᠭ᠎ᠠ ᠶᠢ ᠰᠠᠨᠠᠭᠠᠴᠢᠯᠠᠭ᠎ᠠ ᠠᠴᠠ ᠪᠠᠨ ᠪᠤᠴᠠᠭᠠᠬᠰᠡᠨ ᠠᠩᠬᠠᠳᠠᠬᠴᠢ ᠠᠵᠤ ᠠᠬᠤᠶᠢᠯᠠᠯ ᠪᠤᠯᠤᠬᠰᠡᠨ ᠢ | ᠮᠡᠳᠡᠭᠡᠳ ᠲᠡᠷᠨ ᠮᠠᠰᠢ ᠪᠠᠶᠠᠷᠯᠠᠵᠤ᠂ ᠬᠠᠳᠤᠨ ᠭᠤᠤᠯ ᠡᠨᠡ ᠬᠦ ᠡᠵᠢ ᠭᠤᠤᠯ ᠢ ᠬᠠᠮᠠᠭᠠᠯᠠᠬᠤ ᠶᠢ ᠲᠤᠪᠤᠶᠢᠮ᠎ᠡ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ︿ | ᠤᠰᠤ ᠪᠠᠷ ᠲᠦᠷᠪᠡ ᠶᠢ ᠲᠤᠬᠳᠠᠭᠠᠬᠤ﹀ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠤᠬᠳᠠᠭᠠᠯ ᠠᠴᠠ ᠵᠦᠷᠢᠴᠡᠨ ᠤᠰᠤ ᠠᠪᠴᠤ ᠤᠰᠤ ᠬᠡᠷᠡᠭᠯᠡᠬᠦ ᠶᠢ ᠲᠠᠰᠤ | ᠬᠤᠷᠢᠬᠯᠠᠵᠤ᠂ ᠤᠰᠤ ᠠᠷᠪᠢᠯᠠᠬᠤ ᠠᠵᠢᠯ ᠢ ᠦᠨᠡᠨ ᠬᠦ ᠰᠠᠶᠢᠳᠤᠷ ᠬᠢᠵᠤ᠂ ᠤᠰᠤ ᠬᠡᠷᠡᠭᠯᠡᠬᠦ ᠦᠷ᠎ᠡ ᠠᠰᠢᠭ ᠢ ᠲᠡᠭᠡᠭᠰᠢᠯᠡᠭᠦᠯᠵᠤ᠂ ᠤᠰᠤᠨ ᠤ ᠡᠬᠢ ᠪᠠᠶᠠᠯᠢᠭ ᠢ | ᠠᠷᠪᠢᠳᠠᠢ ᠡᠷᠴᠢᠮᠳᠠᠢ ᠦᠨᠳᠤᠷ ᠪᠦᠳᠦᠮᠵᠢᠳᠠᠢ ᠠᠰᠢᠬᠯᠠᠬᠤ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃ | ᠬᠡᠷᠬᠢᠨ ᠲᠤᠭᠠᠴᠢᠯᠠᠯᠳᠡ ᠪᠠᠷ ᠲᠠᠮᠵᠢᠭᠤᠯᠤᠨ ᠠᠵᠤ ᠦᠢᠯᠡᠳᠪᠤᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠳᠤ ᠡᠨᠧᠷᠬᠢ ᠤᠯᠭᠤᠵᠤ᠂ ᠠᠵᠤ | ᠦᠢᠯᠡᠰ ᠤᠨ ᠲᠡᠭᠡᠳᠤ ᠲᠡᠰᠵᠢᠭᠰᠡᠨ᠂ ᠤᠶᠤᠨᠴᠢᠯᠠᠬᠰᠡᠨ᠂ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠬᠤ ᠠᠰᠠᠭᠤᠳᠠᠯ ᠢ ᠱᠢ ᠲᠠᠢ ᠹᠸᠡᠭ ᠮᠠᠰᠢ ᠬᠠᠯᠠᠮᠵᠢᠯᠠᠵᠤ | ᠪᠠᠶᠢᠯ᠎ᠠ᠃ ᠤᠷᠳᠤᠰ ᠤᠨ ᠰᠢᠨ᠎ᠡ ᠡᠨᠧᠷᠬᠢ ᠶᠢᠨ ᠲᠤᠳᠤᠭᠠᠳᠤ ᠬᠠᠭᠤᠷᠠᠢ ᠶᠢᠨ ᠭᠠᠷᠠᠮ ᠤᠨ ᠤᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠷᠠᠭᠠᠨ ᠤ | ᠬᠦᠢᠯᠭᠡᠭᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠲᠤᠬᠠᠢ ᠶᠢᠨ ᠲᠠᠯᠠᠪᠠᠢ ᠳᠤ᠂ ᠱᠢ ᠲᠠᠢ ᠹᠸᠡᠭ ᠤᠶᠤᠨᠴᠢ ᠪᠠᠷᠠᠭᠠᠨ ᠤ ᠰᠦᠯᠵᠢᠶ᠎ᠡ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠵᠢᠴᠢ ᠲᠤᠳᠤᠭᠠᠳᠤ ᠬᠠᠭᠤᠷᠠᠢ ᠶᠢᠨ ᠭᠠᠷᠠᠮ ᠤᠨ ᠪᠦᠳᠦᠭᠡᠨ ᠪᠠᠶᠢᠭᠤᠯᠤᠯᠳᠡ ᠡᠵᠡᠩᠨᠡᠯᠳᠡ ᠶᠢᠨ ᠪᠠᠶᠢᠳᠠᠯ | ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠪᠡ᠃ ᠲᠡᠷᠨ᠂ ᠰᠢᠨ᠎ᠡ ᠡᠨᠧᠷᠬᠢ ᠪᠤᠯᠤᠨ ᠤᠶᠤᠨᠴᠢ ᠪᠠᠷᠠᠭᠠᠨ ᠤ ᠬᠦᠢᠯᠭᠡᠭᠡ ᠶᠢ ᠤᠶᠠᠯᠳᠤᠭᠤᠯᠬᠤ ᠪᠤᠯ | ᠬᠤᠪᠢᠰᠦᠯᠳᠡ ᠶᠢᠨ ᠴᠢᠨᠠᠷᠳᠠᠢ ᠠᠴᠢ ᠬᠤᠯᠪᠤᠬᠳᠠᠯ ᠲᠠᠢ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠤᠨ᠎ᠠ᠂ ᠤᠷᠳᠤᠰ ᠬᠤᠳᠠ ᠶᠢᠨ ᠡᠷᠬᠢᠨ ᠲᠤᠭᠤᠷᠢᠨ ᠳᠤ | ᠪᠠᠰᠨ ᠯᠤᠳᠤ ᠶᠡᠭᠡ ᠵᠠᠬ᠎ᠠ ᠲᠡᠯᠭᠡᠭᠦᠷ ᠤᠨ ᠬᠡᠷᠡᠭᠴᠡᠭᠡ ᠪᠤᠯᠤᠨ ᠬᠡᠷᠡᠭᠯᠡᠭᠡᠨ ᠤ ᠪᠠᠶᠢᠳᠠᠯ ᠪᠠᠶᠢᠨ᠎ᠠ᠂ ᠭᠡᠨ ᠡᠨᠡ ᠬᠦ ᠠᠵᠨ ᠲᠤᠬᠢᠶᠠᠯ ᠢ ᠠᠳᠬᠤᠪᠡᠯ ᠲᠡᠷᠨ ᠲᠠᠷᠤᠢ | ᠠᠵᠨ ᠲᠤᠬᠢᠶᠠᠯ ᠢ ᠡᠵᠡᠮᠳᠡᠵᠤ᠂ ᠵᠠᠬ᠎ᠠ ᠲᠡᠯᠭᠡᠭᠦᠷ ᠢ ᠵᠠᠪᠳᠤᠨ ᠡᠵᠡᠯᠡᠵᠤ᠂ ᠰᠠᠨᠠᠭᠠᠴᠢᠯᠠᠭᠠᠳᠤ ᠡᠷᠭᠡ ᠶᠢ ᠤᠯᠵᠤ ᠴᠢᠳᠠᠨ᠎ᠠ᠃ ᠪᠠᠶᠢᠯᠳᠤᠬᠤ ᠪᠤᠳᠤᠯᠭ᠎ᠠ ᠶᠢᠨ | ᠬᠠᠷᠠᠴᠨ ᠶᠢ ᠪᠤᠢ ᠪᠤᠯᠭᠠᠵᠤ᠂ ᠪᠠᠶᠢᠷᠢᠰᠢᠭᠤᠯᠤᠯᠳᠡ ᠪᠠᠶᠢᠭᠤᠯᠤᠯᠳᠡ ᠪᠠᠨ ᠲᠦᠷᠭᠡᠳᠭᠡᠨ᠂ ᠠᠵᠤ ᠦᠢᠯᠡᠰ ᠤᠨ ᠲᠤᠭᠠᠴᠢᠯᠠᠯᠳᠡ᠂ ᠲᠤᠭ᠎ᠠ ᠪᠠᠷᠢᠮᠳᠡ ᠶᠢᠨ ᠠᠵᠤ | ᠦᠢᠯᠡᠰᠵᠢᠯᠳᠡ ᠶᠢᠨ ᠬᠦᠨᠵᠡᠭᠡᠢ ᠠᠭᠤᠰᠤᠯᠴᠠᠯ ᠢᠶᠠᠷ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠦᠨᠡᠨ ᠬᠦ ᠠᠬᠢᠭᠤᠯᠬᠤ ᠬᠡᠷᠡᠭᠳᠠᠢ ᠭᠡᠵᠤ ᠵᠢᠭᠠᠵᠤ | ᠭᠠᠷᠭᠠᠪᠠ᠃ ᠲᠡᠷᠨ ᠬᠤᠯᠪᠤᠬᠳᠠᠯ ᠪᠦᠭᠦᠢ ᠲᠠᠯ᠎ᠠ ᠶᠢᠨ ᠬᠢᠨ ᠢ ᠤᠶᠤᠨᠴᠢ ᠪᠠᠷᠠᠭᠠᠨ ᠤ ᠰᠦᠯᠵᠢᠶ᠎ᠡ᠂ ᠰᠢᠨ᠎ᠡ ᠡᠨᠧᠷᠬᠢ ᠶᠢᠨ ᠬᠠᠭᠤᠷᠠᠢ ᠵᠠᠮ ᠤᠨ ᠭᠠᠷᠠᠮ ᠢ | ᠬᠦᠭᠵᠢᠭᠦᠯᠬᠦ ᠳᠤ ᠵᠠᠪᠠᠯ ︿ᠬᠦᠭᠡᠬᠤᠳᠠ ᠪᠤᠭᠤᠳᠤ ᠤᠷᠳᠤᠰ ᠤᠯᠠᠭᠠᠨᠴᠠᠪ﹀ ᠢ ᠨᠢᠭᠡ ᠪᠦᠭᠦᠯᠢ ᠴᠤᠬᠴᠨ ᠪᠤᠯᠭᠠᠵᠤ᠂ ᠨᠢᠭᠡᠳᠦᠯᠳᠠᠢ ᠲᠦᠯᠦᠪᠵᠢᠭᠦᠯᠤᠨ᠂ ᠨᠢᠭᠡ | ᠴᠤᠬᠴᠠᠵᠢᠭᠤᠯᠤᠨ ᠠᠵᠢᠯᠯᠠᠭᠤᠯᠵᠤ᠂ ᠡᠨᠡ ᠬᠦ ᠰᠢᠨ᠎ᠡ ᠬᠡᠪ ᠵᠬᠠᠪᠤᠷ ᠰᠢᠨ᠎ᠡ ᠡᠵᠡᠩᠨᠡᠯᠳᠡ ᠶᠢᠨ ᠬᠡᠯᠪᠡᠷᠢ ᠪᠠᠷ ᠤᠷᠤᠨ ᠪᠦᠰᠨ ᠶᠢᠨ ᠬᠠᠮᠵᠢᠯᠴᠠᠨ ᠬᠦᠭᠵᠢᠬᠦ ᠲᠤᠮᠳᠡ | ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠳᠠᠢ ᠭᠡᠵᠤ ᠵᠠᠬᠢᠪᠠ᠃ ᠱᠢ ᠲᠠᠢ ᠹᠸᠡᠭ ᠳ᠋ᠠ ᠲᠠᠩ ᠬᠦᠸᠧ ᠶᠤᠸᠠᠨ ᠤ ᠯᠦᠡᠭ ᠸᠠᠩ ᠭᠸᠤ ᠶᠢᠨ ᠨᠡᠭᠦᠷᠡᠰᠤᠨ ᠠᠭᠤᠷᠬᠠᠢ | ᠶᠢᠨ ᠤᠶᠤᠨᠴᠢ ᠠᠭᠤᠷᠬᠠᠢ ᠶᠢᠨ ᠲᠦᠷᠦᠯ ᠵᠦᠢᠯ ᠢ ᠬᠦᠨᠵᠡᠭᠡᠢ ᠰᠢᠨᠵᠢᠯᠡᠨ ᠪᠠᠶᠢᠴᠠᠭᠠᠵᠤ᠂ ᠠᠭᠤᠷᠬᠠᠢ ᠶᠢᠨ ᠬᠤᠳᠳᠤᠭ ᠤᠨ ᠮᠡᠳᠡᠭᠡ ᠵᠠᠩᠬᠢᠵᠢᠯᠳᠡ᠂ ᠠᠵᠤ | ᠦᠢᠯᠡᠳᠪᠤᠷᠢ ᠶᠢᠨ ᠠᠦ᠋ᠲ᠋ᠤᠴᠢᠯᠠᠯᠳᠡ ᠶᠢᠨ ᠬᠦᠨᠵᠡᠭᠡᠢ ᠠᠭᠤᠰᠤᠯᠴᠠᠯ ᠤᠨ ᠪᠠᠶᠢᠳᠠᠯ ᠢ ᠨᠠᠷᠢᠨ ᠦᠢᠯᠠᠭᠠᠪᠠ᠃ ᠠᠵᠤ ᠠᠬᠤᠶᠢᠯᠠᠯ ᠤᠨ ᠪᠠᠶᠢᠭᠤᠯᠤᠬᠰᠡᠨ ᠨᠡᠭᠦᠷᠡᠰᠤᠨ | ᠤ ᠠᠵᠢᠯ ᠲᠦᠷᠦᠯ ᠤᠨ ᠠᠩᠬᠠᠳᠠᠬᠴᠢ ︿ᠤᠶᠤᠨᠴᠢ ᠬᠤᠯᠪᠤᠭ᠎ᠠ﹀ ᠳᠤ᠂ ᠱᠢ ᠲᠠᠢ ᠹᠸᠡᠭ ︿ᠬᠤᠯᠪᠤᠭ᠎ᠠ ᠶᠢᠨ ᠲᠠᠷᠤᠭ᠎ᠠ﹀ ᠲᠠᠢ ᠲᠤᠳᠤᠨᠤ ᠪᠠᠷ ᠶᠠᠷᠢᠯᠴᠠᠵᠤ᠂ ︿ | ᠤᠶᠤᠨᠴᠢ ᠬᠤᠯᠪᠤᠭ᠎ᠠ﹀ ᠶᠢᠨ ᠠᠵᠢᠯᠯᠠᠭᠠᠨ ᠤ ᠵᠠᠬᠪᠤᠷ ᠪᠤᠯᠤᠨ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠢ ᠨᠠᠷᠢᠨ ᠬᠢᠨᠠᠮᠠᠭᠠᠢ ᠦᠢᠯᠠᠭᠠᠵᠤ᠂ ᠠᠵᠤ ᠠᠬᠤᠶᠢᠯᠠᠯ | ᠤᠨ ᠴᠢᠳᠠᠪᠤᠷᠢᠳᠡᠨ ᠢ ᠢᠯᠡᠷᠡᠭᠦᠯᠬᠦ᠂ ᠴᠢᠳᠠᠪᠤᠷᠢᠳᠡᠨ ᠢ ᠬᠦᠮᠤᠵᠢᠭᠦᠯᠬᠦ᠂ ᠴᠢᠳᠠᠪᠤᠷᠢᠳᠡᠨ ᠢ ᠬᠡᠷᠡᠭᠯᠡᠬᠦ ᠲᠠᠯ᠎ᠠ ᠪᠠᠷ ᠬᠢ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠢ | ᠬᠦᠢᠴᠡᠳ ᠨᠤᠳᠠᠯᠠᠪᠠ᠃ ᠲᠡᠷᠨ᠂ ᠠᠵᠤ ᠠᠬᠤᠶᠢᠯᠠᠯ ᠪᠤᠯ ᠰᠢᠨ᠎ᠡ ᠶᠢ ᠡᠭᠦᠳᠬᠦ ᠭᠤᠤᠯ ᠴᠤᠬᠴᠨ ᠮᠦᠨ᠂ ᠴᠢᠳᠠᠪᠤᠷᠢᠳᠡᠨ ᠢ ᠤᠷᠤᠭᠤᠯᠤᠨ ᠠᠪᠴᠢᠷᠠᠵᠤ | ᠰᠤᠩᠭᠤᠨ ᠬᠡᠷᠡᠭᠯᠡᠬᠦ ᠲᠠᠯ᠎ᠠ ᠪᠠᠷ ᠠᠵᠤ ᠠᠬᠤᠶᠢᠯᠠᠯ ᠬᠠᠮᠤᠭ ᠠᠴᠠ ᠢᠯᠡᠭᠦᠤ ᠦᠭᠡ ᠬᠡᠯᠡᠬᠦ ᠡᠷᠭᠡ ᠲᠠᠢ᠂ ᠤᠨᠢᠨ ᠲᠡᠭᠡᠷ᠎ᠡ ᠨᠢ ᠴᠢᠳᠠᠪᠤᠷᠢᠳᠡᠨ ᠢ ᠬᠡᠷᠡᠭᠯᠡᠬᠦ᠂ | ᠬᠦᠮᠤᠨ ᠪᠦᠭᠦᠨ ᠢ ᠬᠦᠢᠴᠡᠳ ᠬᠡᠷᠡᠭᠯᠡᠬᠦ ᠶᠢ ᠪᠡᠶᠡᠯᠡᠭᠦᠯᠵᠤ ᠴᠢᠳᠠᠨ᠎ᠠ᠃ ᠡᠯ᠎ᠡ ᠱᠠᠳᠤᠨ ᠤ ᠬᠢᠨ ᠡᠷᠭᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠡ ᠴᠢᠳᠠᠪᠤᠷᠢᠳᠡᠨ ᠤ ᠠᠵᠢᠯ ᠤᠨ ᠪᠠᠶᠢᠭᠤᠯᠤᠮᠵᠢ ᠲᠤᠬᠳᠠᠴᠨ ᠶᠢ ᠲᠡᠭᠦᠯᠳᠡᠷᠵᠢᠭᠦᠯᠬᠦ ᠶᠢ ᠨᠡᠩ ᠴᠢᠬᠤᠯᠠᠴᠢᠯᠠᠵᠤ᠂ ︿ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠦᠪᠤᠷ ᠮᠤᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢᠨ ᠲᠠᠰᠤᠷᠠᠯᠳᠡ ᠦᠭᠡᠢ ᠴᠢᠬᠤᠯᠨ ᠶᠡᠭᠡ ᠰᠢᠨ᠎ᠡ ᠠᠬᠢᠴᠨ ᠲᠠᠢ ᠪᠤᠯᠬᠤ ᠶᠢ ᠠᠬᠢᠭᠤᠯᠬᠤ | ᠬᠡᠷᠡᠭᠳᠠᠢ ᠭᠡᠪᠡ᠃ ᠲᠢᠶᠧ ᠴᠧᠨ ᠤᠶᠤᠨᠴᠢ ᠮᠠᠰᠢᠨ ᠲᠤᠨᠤᠬᠯᠠᠯ ᠤᠨ ᠺᠤᠮᠫᠠᠨᠢ ᠳᠤ᠂ ᠱᠢ ᠲᠠᠢ ᠹᠸᠡᠭ ᠠᠭᠤᠷᠬᠠᠢ ᠳᠤ ᠬᠡᠷᠡᠭᠯᠡᠬᠦ ᠤᠶᠤᠨᠴᠢ ᠲᠡᠷᠭᠡ ᠶᠢᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠳᠡ ᠶᠢᠨ ᠪᠠᠶᠢᠳᠠᠯ ᠢ ᠨᠠᠷᠢᠨ ᠦᠢᠯᠠᠭᠠᠵᠤ᠂ ᠲᠤᠰ ᠲᠦᠷᠦᠯ ᠵᠦᠢᠯ ᠤᠨ ᠦᠪᠡᠷ ᠤᠨ ᠦᠷᠳᠡᠭ ᠢ ᠪᠠᠭᠤᠷᠠᠭᠤᠯᠬᠤ᠂ ᠬᠦᠮᠤᠨ ᠤ | ᠬᠦᠴᠦᠨ ᠢ ᠪᠠᠭᠠᠰᠬᠠᠬᠤ᠂ ᠠᠮᠤᠷ ᠲᠦᠪᠰᠢᠨ ᠢ ᠪᠠᠳᠤᠯᠠᠬᠤ᠂ ᠤᠷᠴᠢᠨ ᠲᠤᠭᠤᠷᠢᠨ ᠤ ᠬᠠᠮᠠᠭᠠᠯᠠᠯᠳᠡ ᠶᠢ ᠠᠬᠢᠭᠤᠯᠬᠤ ᠵᠡᠷᠭᠡ ᠲᠠᠯ᠎ᠠ ᠶᠢᠨ ᠶᠡᠷᠤᠩᠭᠡᠶᠢᠯᠡᠭᠰᠡᠨ | ᠦᠷ᠎ᠠ ᠠᠰᠢᠭ ᠢ ᠨᠤᠳᠠᠯᠠᠵᠤ᠂ ᠠᠵᠤ ᠠᠬᠤᠶᠢᠯᠠᠯ ᠤᠨ ᠬᠢᠨ ᠢ ᠠᠵᠤ ᠦᠢᠯᠡᠰ ᠤᠨ ᠬᠤᠪᠢᠰᠦᠯᠳᠡ ᠠᠴᠠ ᠪᠤᠯᠤᠬᠰᠡᠨ ᠴᠢᠬᠤᠯᠨ ᠶᠡᠭᠡ ᠠᠵᠨ ᠲᠤᠬᠢᠶᠠᠯ ᠢ ᠠᠮᠵᠢᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠦᠢᠯᠡᠳᠭᠦᠨ ᠤ ᠪᠤᠬᠢᠷᠳᠦᠯ ᠦᠭᠡᠢ ᠤᠶᠤᠨᠴᠢᠯᠠᠬᠰᠡᠨ | ᠲᠦᠪᠰᠢᠨ ᠢ ᠲᠡᠭᠡᠭᠰᠢᠯᠡᠭᠦᠯᠵᠤ᠂ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ᠂ ᠠᠮᠤᠷ ᠲᠦᠪᠰᠢᠨ ᠦᠨᠳᠤᠷ ᠪᠦᠳᠦᠮᠵᠢᠳᠠᠢ | ᠪᠠᠶᠢᠬᠤ ᠶᠢ ᠪᠠᠳᠤᠯᠠᠬᠤ ᠲᠠᠯ᠎ᠠ ᠪᠠᠷ ᠲᠠᠰᠤᠷᠠᠯᠳᠡ ᠦᠭᠡᠢ ᠰᠢᠨ᠎ᠡ ᠦᠷ᠎ᠡ ᠪᠦᠳᠦᠮᠵᠢ ᠤᠯᠤᠭᠠᠷᠠᠢ ᠭᠡᠵᠤ ᠵᠤᠷᠢᠬᠵᠢᠭᠤᠯᠪᠡ᠃ | ᠰᠢᠩ ᠶᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠭᠡᠳᠤ ᠰᠢᠨ᠎ᠡ ᠴᠠᠬᠢᠭᠤᠷᠳᠤ ᠮᠠᠲ᠋ᠧᠷᠢᠶᠠᠯ ᠤᠨ ᠲᠦᠷᠦᠯ ᠵᠦᠢᠯ ᠪᠡ ᠢᠤᠢ ᠵᠢᠩ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠤᠨᠴᠨ ᠲᠦᠷᠦᠯ ᠤᠨ ᠰᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠲᠤᠬᠠᠢ ᠶᠢᠨ ᠲᠠᠯᠠᠪᠠᠢ ᠳᠤ᠂ ᠱᠢ ᠲᠠᠢ | ᠹᠸᠡᠭ ᠠᠵᠤ ᠠᠬᠤᠶᠢᠯᠠᠯ ᠤᠨ ᠬᠠᠷᠢᠭᠤᠴᠠᠯᠭᠠᠳᠡᠨ ᠲᠠᠢ ᠬᠦᠨᠵᠡᠭᠡᠢ ᠶᠠᠷᠢᠯᠴᠠᠵᠤ᠂ ᠲᠦᠷᠦᠯ ᠵᠦᠢᠯ ᠤᠨ ᠠᠬᠢᠴᠨ ᠶᠢᠨ ᠪᠠᠶᠢᠳᠠᠯ ᠢ ᠦᠢᠯᠠᠭᠠᠵᠤ᠂ ᠠᠵᠤ ᠠᠬᠤᠶᠢᠯᠠᠯ | ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠪᠠᠰᠨ ᠶᠠᠮᠠᠷ ᠬᠦᠴᠢᠷᠳᠡᠯ ᠪᠠᠶᠢᠬᠤ ᠶᠢ ᠬᠠᠯᠠᠮᠵᠢᠯᠡᠨ ᠠᠰᠠᠭᠤᠪᠠ᠃ ᠲᠡᠷᠨ᠂ ᠨᠡᠮᠡᠭᠳᠡᠯ ᠢ | ᠲᠤᠬᠳᠠᠪᠤᠷᠢᠵᠢᠭᠤᠯᠬᠤ᠂ ᠪᠦᠳᠦᠴᠨ ᠶᠢ ᠲᠤᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ ᠶᠢ ᠡᠴᠤᠰ ᠤᠨ ᠡᠴᠤᠰ ᠲᠡᠭᠡᠨ ᠪᠦᠷ ᠨᠢᠭᠡ ᠨᠢᠭᠡ ᠲᠦᠷᠦᠯ ᠵᠦᠢᠯ | ᠲᠡᠭᠡᠷ᠎ᠡ ᠨᠠᠶᠢᠳᠠᠪᠤᠷᠢᠵᠢᠭᠤᠯᠬᠤ ᠬᠡᠷᠡᠭᠳᠠᠢ᠂ | ᠡᠯ᠎ᠡ ᠭᠠᠵᠠᠷ ᠤᠨ ᠬᠢᠨ ᠪᠠᠷᠢᠯᠭ᠎ᠠ ᠶᠢᠨ ᠰᠢᠵᠢᠷ ᠠᠯᠳᠡᠨ ᠬᠤᠭᠤᠴᠠᠭ᠎ᠠ ᠶᠢ ᠴᠢᠩᠭ᠎ᠠ ᠠᠮᠵᠢᠵᠤ᠂ ᠬᠠᠷᠢᠭᠤᠴᠠᠯᠠᠭ᠎ᠠ ᠪᠠᠨ ᠲᠤᠳᠤᠷᠬᠠᠶᠢᠯᠡᠨ᠂ ᠠᠵᠢᠯ ᠤᠨ | ᠬᠤᠭᠤᠴᠠᠭ᠎ᠠ ᠶᠢ ᠲᠤᠩᠭᠤᠷᠠᠭᠤᠯᠤᠨ ᠵᠢᠬᠰᠠᠭᠠᠵᠤ᠂ ᠵᠢᠷᠤᠭ ᠡᠯᠭᠦᠨ ᠪᠠᠶᠢᠯᠳᠤᠵᠤ᠂ ᠲᠦᠷᠦᠯ ᠵᠦᠢᠯ ᠤᠨ ᠪᠦᠳᠦᠭᠡᠨᠪᠠᠶᠢᠭᠤᠯᠤᠯᠳᠡ ᠶᠢᠨ ︿ᠴᠤᠬᠯᠠᠷᠠᠯ ᠤᠨ | ᠪᠦᠷᠢᠶ᠎ᠡ﹀᠂ ︿ᠲᠠᠭᠠᠷᠢᠯᠳᠡ ᠶᠢᠨ ᠪᠦᠷᠢᠶ᠎ᠡ﹀ ᠶᠢ ᠪᠦᠬᠦ ᠲᠠᠯ᠎ᠠ ᠪᠠᠷ ᠬᠠᠨᠭ᠍ᠬᠢᠨᠠᠭᠤᠯᠵᠤ᠂ ᠴᠠᠭᠮᠦ᠋ᠴᠨ ᠶᠢ ᠠᠯᠳᠠᠯ ᠦᠭᠡᠢ ᠴᠢᠷᠮᠠᠶᠢᠬᠤ ᠡᠷᠴᠢ ᠵᠤᠷᠢᠭ ᠢᠶᠠᠷ ᠡᠯ᠎ᠡ | ᠲᠦᠷᠦᠯ ᠵᠦᠢᠯ ᠤᠨ ᠡᠷᠳᠡᠭᠡᠨ ᠪᠠᠶᠢᠭᠤᠯᠤᠬᠳᠠᠨ ᠠᠰᠢᠬᠯᠠᠯᠳᠡ ᠳᠤ ᠤᠷᠤᠬᠤ ᠶᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃ ᠱᠢ ᠲᠠᠢ ᠹᠸᠡᠭ ᠵᠡᠭᠦᠠᠭᠠᠷ | ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠳ᠋ᠠ ᠯᠤ᠋ ᠠᠵᠤ ᠦᠢᠯᠡᠰ ᠤᠨ ᠬᠦᠷᠢᠶᠡᠯᠡᠩ ᠳᠤ ᠬᠦᠷᠴᠤ᠂ ᠰᠢᠨ᠎ᠡ ᠡᠨᠧᠷᠬᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠪᠠᠶᠢᠳᠠᠯ ᠢ ᠬᠦᠨᠵᠡᠭᠡᠢ ᠰᠢᠨᠵᠢᠯᠡᠨ ᠪᠠᠶᠢᠴᠠᠭᠠᠪᠠ᠃ ᠲᠡᠷᠨ᠂ | ᠰᠢᠨ᠎ᠡ ᠡᠨᠧᠷᠬᠢ ᠶᠢ ᠬᠦᠭᠵᠢᠭᠦᠯᠬᠦ ᠳᠤ ᠵᠠᠪᠠᠯ ᠲᠦᠯᠦᠪᠵᠢᠭᠦᠯᠭᠡ ᠲᠤᠬᠳᠠᠭᠠᠬᠰᠡᠨ ᠤ ᠲᠠᠷᠠᠭ᠎ᠠ ᠠᠵᠢᠯᠯᠠᠬᠤ ᠬᠡᠷᠡᠭᠳᠠᠢ᠂ ᠰᠢᠰᠲ᠋ᠧᠮᠳᠤ ᠦᠵᠡᠯᠳᠡ ᠶᠢ ᠪᠠᠷᠢᠮᠳᠠᠯᠠᠵᠤ᠂ | ᠬᠡᠯᠬᠢᠶᠡᠵᠢᠭᠰᠡᠨ ᠰᠡᠳᠬᠢᠭᠦᠢ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ | ᠲᠦᠯᠦᠪᠵᠢᠭᠦᠯᠭᠡ ᠶᠢ ᠰᠠᠶᠢᠳᠤᠷ ᠬᠢᠵᠤ᠂ ᠰᠠᠯᠬᠢ ᠬᠡᠷᠡᠯ ᠤᠨ ᠡᠬᠢ ᠪᠠᠶᠠᠯᠢᠭ ᠢ ᠨᠡᠭᠡᠭᠡᠨᠠᠰᠢᠬᠯᠠᠬᠤ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ ᠢᠵᠢ | ᠪᠦᠷᠢᠳᠦᠭᠦᠯᠬᠦ ᠪᠡ ᠠᠬᠤᠢ ᠲᠠᠯᠠᠪᠠᠢ ᠶᠢᠨ ᠬᠡᠷᠡᠭᠯᠡᠯᠳᠡ ᠶᠢ ᠦᠷᠭᠡᠳᠭᠡᠬᠦ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠢᠨ᠎ᠡ ᠡᠨᠧᠷᠬᠢ ᠶᠢᠨ ᠮᠠᠰᠢᠨ ᠲᠤᠨᠤᠭᠯᠠᠯ | ᠦᠢᠯᠡᠳᠬᠦ ᠦᠢᠯᠡᠰ ᠪᠤᠯᠤᠨ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠶᠡᠭᠡ ᠪᠠᠷ ᠬᠦᠭᠵᠢᠭᠦᠯᠵᠤ᠂ ᠰᠢᠨ᠎ᠡ ᠡᠨᠧᠷᠬᠢ ᠶᠢᠨ ᠬᠦᠭᠵᠢᠯᠳᠡ ᠶᠢᠨ | ᠶᠡᠷᠤᠩᠭᠡᠶᠢᠯᠡᠭᠰᠡᠨ ᠦᠢᠯᠡᠳᠦᠯ ᠴᠢᠳᠠᠪᠬᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠦᠭᠦᠶᠢᠯᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ | ᠲᠡᠪᠰᠢᠭᠦᠯᠬᠦ᠂ ᠶᠠᠰᠤ ᠴᠢᠨᠠᠷ ᠢ ᠲᠡᠭᠡᠭᠰᠢᠯᠡᠭᠦᠯᠤᠨ ᠦᠷ᠎ᠡ ᠠᠰᠢᠭ ᠢ ᠨᠡᠮᠡᠭᠳᠡᠭᠦᠯᠬᠦ ᠶᠢ ᠨᠡᠩ ᠰᠠᠶᠢᠳᠤᠷ ᠲᠠᠶᠢᠴᠢᠯᠠᠬᠤ ᠬᠡᠷᠡᠭᠳᠠᠢ᠃ | ᠲᠤᠰ ᠭᠠᠵᠠᠷ ᠤᠷᠤᠨ ᠤ ᠪᠠᠨ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠳᠠᠬᠢ ᠪᠠᠶᠢᠷᠢ ᠲᠤᠬᠳᠠᠭᠠᠯᠳᠡ ᠶᠢ ᠤᠨᠤᠪᠴᠢᠳᠠᠢ ᠤᠯᠵᠤ᠂ | ᠠᠷᠠᠯᠵᠢᠶᠠᠴᠢᠨ ᠤᠷᠢᠵᠤ ᠪᠡᠯᠨ ᠮᠦᠡᠭᠬᠦ ᠤᠷᠤᠭᠤᠯᠤᠨ ᠠᠪᠴᠢᠷᠠᠬᠤ ᠠᠵᠢᠯ ᠢ ᠤᠨᠤᠴᠠᠳᠠᠢ ᠦᠷᠨᠢᠭᠦᠯᠵᠤ᠂ ᠡᠬᠢᠨ ᠤ ᠪᠡ ᠡᠴᠤᠰ ᠤᠨ ᠭᠡᠯᠬᠢᠶᠠᠨ ᠤ ᠠᠵᠤ ᠦᠢᠯᠡᠰ | ᠤᠨ ᠢᠵᠢ ᠪᠦᠷᠢᠳᠦᠭᠦᠯᠤᠨ ᠬᠠᠮᠵᠢᠯᠴᠠᠨ ᠬᠦᠭᠵᠢᠬᠦ ᠶᠢ ᠠᠬᠢᠭᠤᠯᠵᠤ᠂ ᠶᠠᠭᠠᠬᠢᠬᠰᠡᠨ ᠴᠤ ︿ᠨᠡᠭᠦᠷᠡᠰᠤ ᠮᠠᠯᠳᠠᠵᠤ ᠨᠡᠭᠦᠷᠡᠰᠤ ᠬᠤᠳᠠᠯᠳᠤᠬᠤ᠂ ᠴᠠᠬᠢᠯᠭᠠᠨ ᠭᠠᠷᠭᠠᠵᠤ | ᠴᠠᠬᠢᠯᠭᠠᠨ ᠬᠤᠳᠠᠯᠳᠤᠬᠤ﹀ ᠪᠦᠳᠦᠭᠦᠯᠢᠭ ᠬᠦᠭᠵᠢᠯᠳᠡ ᠶᠢᠨ ᠬᠠᠭᠤᠴᠢᠨ ᠵᠠᠮ ᠢᠶᠠᠷ ᠲᠠᠬᠢᠨ ᠵᠠᠮᠨᠠᠵᠤ ᠪᠤᠯᠬᠤ ᠦᠭᠡᠢ᠃ ᠲᠤᠬᠳᠠᠭᠤᠨ ᠤ ᠲᠤᠮᠳᠡ ᠤᠷᠤᠬᠰᠢᠯᠡᠨ | ᠲᠠᠪᠰᠢᠬᠤ ᠳᠤ ︿ᠲᠤᠬᠳᠠᠭᠤᠨ ᠪᠠᠶᠢᠯᠭᠠᠬᠤ﹀ ᠴᠤ ᠲᠡᠷᠨ ︿ᠤᠷᠤᠬᠰᠢᠯᠡᠨ ᠲᠠᠪᠰᠢᠬᠤ﹀ ᠭᠡᠰᠡᠨ ᠦᠭᠡᠢ ᠴᠦᠮ ᠵᠠᠬ᠎ᠠ ᠲᠡᠯᠭᠡᠭᠦᠷ ᠤᠨ ᠭᠤᠤᠯ ᠴᠤᠬᠴᠠ ᠶᠢᠨ | ᠴᠢᠬᠤᠯᠨ ᠦᠢᠯᠡᠳᠦᠯ ᠢ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠲᠠᠢ ᠪᠠᠶᠢᠬᠤ ᠶᠢ ᠪᠠᠳᠤᠯᠠᠬᠤ ᠬᠡᠷᠡᠭᠳᠠᠢ᠃ | ᠡᠯ᠎ᠡ ᠱᠠᠳᠤᠨ ᠤ ᠵᠠᠰᠠᠭ ᠤᠨ ᠤᠷᠳᠤᠨ ᠳᠤ ᠠᠪᠴᠤ ᠬᠡᠯᠡᠪᠡᠯ᠂ ᠵᠠᠩᠬᠢᠯᠠᠭ᠎ᠠ ᠨᠢ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠵᠤ᠂ | ᠠᠵᠤ ᠠᠬᠤᠶᠢᠯᠠᠯ ᠤᠨ ᠬᠦᠭᠵᠢᠯᠳᠡ ᠪᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠪᠤᠳᠠᠳᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠤ᠂ ᠰᠡᠳᠬᠢᠯ | ᠲᠠᠯᠪᠢᠨ ᠬᠦᠴᠦ ᠤᠷᠤᠭᠤᠯᠤᠨ ᠦᠢᠯᠡᠴᠢᠯᠡᠭᠡ ᠪᠠᠨ ᠰᠢᠯᠢᠳᠡᠭᠵᠢᠭᠦᠯᠵᠤ᠂ ᠪᠠᠳᠤᠯᠠᠭ᠎ᠠ ᠪᠠᠨ ᠴᠢᠩᠭᠠᠳᠬᠠᠨ᠂ ᠠᠰᠠᠭᠤᠳᠠᠯ ᠢ ᠬᠦᠴᠦᠳᠠᠢ ᠪᠦᠳᠦᠮᠵᠢᠳᠠᠢ | ᠰᠢᠢᠳᠪᠤᠷᠢᠯᠡᠵᠤ᠂ ᠨᠠᠶᠢᠳᠠᠪᠤᠷᠢᠵᠢᠭᠤᠯᠤᠯᠳᠡ ᠶᠢ ᠠᠬᠢᠭᠤᠯᠵᠤ᠂ ᠠᠵᠤ ᠠᠬᠤᠶᠢᠯᠠᠯ ᠳᠤ ᠦᠨᠡᠨ ᠬᠦ ᠬᠠᠯᠠᠭᠤᠨ ᠲᠤᠯᠠᠭᠠᠨ ᠪᠡ ᠲᠦᠭᠦᠮ ᠦᠵᠡᠭᠦᠯᠵᠤ᠂ | ᠲᠤᠬᠳᠠᠭᠤᠨ ᠵᠢᠱᠢᠯᠳᠡ ᠪᠡ ᠦᠨᠡᠨ ᠪᠤᠳᠠᠳᠠᠢ ᠠᠰᠢᠭ ᠤᠷᠤᠯᠭ᠎ᠠ ᠲᠠᠢ ᠪᠤᠯᠭᠠᠬᠤ ᠬᠡᠷᠡᠭᠳᠠᠢ ᠭᠡᠵᠤ ᠬᠡᠯᠡᠪᠡ᠃ | ᠪᠠᠶᠢᠴᠠᠭᠠᠨ ᠰᠤᠳᠤᠯᠬᠤ ᠬᠤᠭᠤᠴᠠᠭᠠᠨ ᠳᠤ ᠱᠢ ᠲᠠᠢ ᠹᠸᠡᠭ᠂ ᠤᠷᠳᠤᠰ ᠬᠤᠳᠠ ᠨᠢ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠨᠢᠭᠡᠳᠦᠭᠡᠷ | ᠲᠤᠮᠤ ᠬᠤᠳᠠ ᠪᠤᠯᠤᠬᠰᠡᠨ ᠤ ᠬᠤᠪᠢ ᠳᠤ᠂ ᠲᠤᠬᠳᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠤᠬᠳᠠᠭᠤᠨ ᠤ ᠲᠤᠮᠳᠡ ᠤᠷᠤᠬᠰᠢᠯᠡᠨ ᠲᠠᠪᠰᠢᠬᠤ | ᠴᠢᠬᠤᠯᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠪᠦᠷᠢᠨ ᠪᠦᠳᠦᠨ᠂ | ᠵᠦᠪ ᠤᠨᠤᠪᠴᠢᠳᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠪᠦᠳᠦᠮᠵᠢᠳᠠᠢ ᠬᠠᠨᠭ᠍ᠭᠠᠯᠭ᠎ᠠ ᠶᠢ ᠨᠡᠮᠡᠭᠳᠡᠭᠦᠯᠬᠦ᠂ ᠬᠦᠭᠵᠢᠯᠳᠡ ᠶᠢᠨ ᠲᠤᠳᠠᠭᠤᠳᠠᠯ ᠢ ᠨᠦᠬᠦᠪᠤᠷᠢᠯᠡᠬᠦ᠂ | ᠬᠦᠭᠵᠢᠯᠳᠡ ᠶᠢᠨ ᠨᠦᠭᠡᠴᠨ ᠬᠦᠴᠦᠨ ᠢ ᠬᠤᠷᠠᠮᠳᠤᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠤ ᠬᠦᠴᠦᠨ ᠢᠶᠠᠨ ᠲᠦᠪᠯᠡᠷᠡᠭᠦᠯᠤᠨ᠂ ᠪᠦᠬᠦ ᠤᠷᠤᠨ ᠤ ᠠᠵᠤ | ᠠᠬᠤᠢ ᠶᠢᠨ ᠲᠤᠬᠳᠠᠭᠤᠨ ᠨᠡᠮᠡᠭᠳᠡᠯ ᠪᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠠᠯ᠎ᠠ ᠪᠠᠷ ᠠᠵᠤ ᠠᠬᠤᠢ ᠶᠢᠨ ᠲᠤᠮᠤ ᠬᠤᠳᠠ ᠵᠢᠨᠬᠠᠷᠢᠭᠤᠴᠠᠯᠠᠭᠠ | ᠡᠭᠦᠷᠭᠡᠯᠡᠯ ᠢ ᠦᠨᠡᠨ ᠬᠦ ᠢᠯᠡᠷᠡᠭᠦᠯᠵᠤ᠂ ᠠᠵᠤ ᠠᠬᠤᠢ ᠶᠢᠨ ᠲᠤᠮᠤ ᠬᠤᠳᠠ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠶᠢᠨ ᠲᠤᠮᠤ ᠬᠤᠳᠠ ᠶᠢᠨ | ᠬᠦᠴᠦᠨ ᠴᠢᠳᠠᠯ ᠢᠶᠠᠨ ᠡᠷᠭᠦᠵᠤ᠂ ᠪᠦᠬᠦ ᠤᠷᠤᠨ ᠤ ᠠᠵᠤ ᠠᠬᠤᠢ ᠶᠢᠨ ᠬᠦᠭᠵᠢᠯᠳᠡ ᠶᠢᠨ ︿ ᠲᠤᠬᠳᠠᠪᠤᠷᠢᠵᠢᠭᠤᠯᠤᠬᠴᠢ﹀᠂ ︿ᠤᠷᠤᠬᠰᠢᠯᠡᠨ ᠲᠠᠪᠰᠢᠬᠤ﹀ ᠶᠢᠨ | ᠲᠠᠭᠠᠭᠤᠯᠤᠬᠴᠢ ᠪᠤᠯᠬᠤ ᠬᠡᠷᠡᠭᠳᠠᠢ ᠭᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠢᠤᠢ ᠯᠢ ᠰᠢᠶᠠ᠂ ᠵᠠᠩ ᠱᠤᠤ ᠴᠦᠨ ᠵᠢᠴᠢ ᠬᠤᠯᠪᠤᠬᠳᠠᠯ ᠪᠦᠭᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠡᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃ | |