| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠤᠶᠠᠳᠣᠭᠠᠷ ᠰᠠᠷ᠎ᠠ ᠶᠢᠨ 28 ᠤ ᠡᠳᠦᠷ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠡᠦᠬᠡᠳ ᠠᠪᠬᠤ ᠤᠯᠤᠰ ᠤᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ | ᠬᠢᠨ ᠡᠨᠡ ᠵᠢᠯ ᠠᠯᠪᠠᠨ ᠵᠢᠷᠤᠮ ᠤᠨ ᠰᠤᠷᠭᠠᠨ ᠬᠥᠮᠦᠵᠢᠯ ᠦᠨᠰᠤᠷᠭᠠᠭᠤᠯᠢ ᠶᠢᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ | ᠭᠠᠵᠠᠷ ᠡᠯ᠎ᠡ ᠰᠤᠷᠭᠠᠭᠤᠯᠢ ᠵᠢᠨᠬᠤᠶᠠᠷ ᠬᠡᠦᠬᠡᠳ ᠲᠠᠢ ᠭᠡᠷ ᠪᠦᠯᠢ ᠭᠤᠷᠪᠠᠳᠣᠭᠠᠷ ᠬᠡᠦᠬᠡᠳ ᠢᠶᠠᠨ ᠬᠤᠶᠠᠳᠣᠭᠠᠷ ᠬᠡᠦᠬᠡᠳ ᠲᠠᠢ ᠪᠠᠨ ᠨᠢᠭᠡ ᠰᠤᠷᠭᠠᠭᠤᠯᠢ ᠳᠤ | ᠣᠷᠣᠭᠤᠯᠬᠤ ᠶᠢ ᠳᠡᠮᠵᠢᠨ᠎ᠡ ᠬᠡᠵᠠᠢ᠃ | ᠣᠶᠢᠯᠠᠭᠠᠭᠰᠠᠨ ᠢᠶᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠳᠤ | ︽ᠰᠤᠷᠭᠠᠭᠤᠯᠢ ᠶᠢᠨ ᠪᠠᠶᠢᠷᠢᠰᠢᠯ ᠬᠤᠪᠢᠶᠠᠨ ᠰᠣᠷᠣᠭᠴᠢ ᠡᠯᠰᠡᠬᠦ᠂ ᠰᠣᠷᠣᠭᠴᠢ ᠰᠠᠭᠤᠭ᠎ᠠ ᠭᠠᠵᠠᠷ ᠤᠨ ᠣᠶᠢᠷᠠᠯᠴᠠᠭ᠎ᠠ ᠰᠤᠷᠭᠠᠭᠤᠯᠢ ᠳᠠᠭᠠᠨ ᠣᠷᠣᠬᠤ︾ ᠦᠨᠳᠦᠰᠦᠨ | ᠵᠠᠷᠴᠢᠮ ᠢ ᠪᠠᠷᠢᠮᠲᠠᠯᠠᠭᠰᠠᠭᠠᠷ ᠢᠷᠡᠵᠡᠶ᠃ ᠣᠶᠢᠷ᠎ᠠ ᠵᠢᠨᠵᠢᠯ ᠳᠤ᠂ ᠬᠤᠶᠠᠷ ᠠᠴᠠ ᠭᠤᠷᠪᠠᠨ ᠬᠡᠦᠬᠡᠳ ᠠᠪᠬᠤ ᠭᠡᠷ ᠪᠦᠯᠢ ᠣᠯᠠᠰᠢᠷᠠᠬᠤ ᠶᠢ ᠳᠠᠭᠠᠯᠳᠤᠨ᠂ ᠵᠠᠷᠢᠮ ᠭᠡᠷ | ᠪᠦᠯᠢ ᠶᠢᠨ ᠬᠢᠨ ᠰᠤᠷᠭᠠᠭᠤᠯᠢ ᠶᠢᠨ ᠪᠠᠶᠢᠷᠢ ᠬᠤᠪᠢᠶᠠᠷᠢᠯᠠᠯ ᠳᠤ ᠬᠤᠪᠢᠷᠠᠯᠲᠠ ᠭᠠᠷᠤᠭᠰᠠᠨ ᠠᠴᠠ ᠪᠣᠯᠵᠤ ᠬᠡᠦᠬᠡᠳ ᠤᠳ ᠨᠢ ᠨᠢᠭᠡ ᠰᠤᠷᠭᠠᠭᠤᠯᠢ ᠳᠤ ᠰᠤᠷᠤᠯᠴᠠᠵᠤ | ᠳᠡᠶᠢᠯᠬᠦ ᠦᠭᠡᠢ ᠪᠣᠯᠵᠤ᠂ ᠭᠡᠷ ᠤᠨ ᠠᠬᠠᠮᠠᠳ ᠤᠨ ᠬᠡᠦᠭᠡᠳ ᠢᠶᠠᠨ ᠲᠣᠰᠴᠤ ᠬᠦᠷᠭᠡᠬᠦ ᠳᠤ ᠶᠠᠷᠰᠢᠬᠳᠠᠢ ᠠᠰᠠᠭᠤᠳᠠᠯᠲ᠋ᠤᠯᠭᠠᠷᠠᠵᠠᠢ᠃ | ᠡᠨᠡ ᠬᠦ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠠᠯᠪᠠᠨ ᠵᠢᠷᠤᠮ ᠤᠨᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠠᠷᠢᠶ᠎ᠠᠣᠷᠣᠨ ᠤ ᠰᠤᠷᠭᠠᠭᠤᠯᠢ ᠶᠢᠨ ᠪᠠᠶᠢᠷᠢ ᠬᠤᠪᠢᠶᠠᠷᠢᠯᠠᠯ ᠳᠤ ᠬᠤᠪᠢᠷᠠᠯᠲᠠ | ᠭᠠᠷᠤᠭᠰᠠᠨ ᠠᠴᠠ ᠪᠣᠯᠵᠤ ᠬᠤᠶᠠᠳᠣᠭᠠᠷ᠂ ᠭᠤᠷᠪᠠᠳᠣᠭᠠᠷ ᠬᠡᠦᠬᠡᠳ ᠨᠢ ᠬᠠᠮᠲᠤ ᠨᠢᠬᠡᠨ ᠰᠤᠷᠭᠠᠭᠤᠯᠢ ᠳᠤ ᠰᠤᠷᠤᠯᠴᠠᠵᠤ ᠳᠡᠶᠢᠯᠬᠦ ᠦᠭᠡᠢ ᠪᠠᠶᠢᠪᠠᠯ᠂ ᠭᠡᠷ ᠤᠨ | ᠠᠬᠠᠮᠠᠳ ︽ᠨᠢᠭᠡᠰᠤᠷᠭᠠᠭᠤᠯᠢ ᠳᠤ ᠣᠷᠣᠭᠤᠯᠬᠤ︾ ᠭᠤᠶᠤᠴᠢᠯᠠᠯ ᠭᠠᠷᠭᠠᠵᠤ ᠪᠣᠯᠣᠨ᠎ᠠ᠃ ᠢᠭᠡᠷ᠎ᠡ ᠬᠡᠦᠬᠡᠳ᠂ ᠣᠯᠠᠨ ᠬᠡᠦᠬᠡᠳ ᠲᠠᠢ ᠭᠡᠷ ᠪᠦᠯᠢ ᠳᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠺᠣᠮᠫᠢᠦ᠋ᠲ᠋ᠧᠷ ᠢᠶᠠᠷ ᠰᠣᠷᠭᠠᠭᠤᠯᠢ ᠳᠣᠬᠢᠷᠠᠭᠤᠯᠬᠤ ᠶᠢ ᠬᠡᠷᠡᠭᠵᠢᠭᠦᠯᠵᠦ᠂ ᠢᠯᠡ ᠪᠠᠷ ᠠᠩᠭᠢ ᠬᠤᠪᠢᠶᠠᠬᠤ | ᠦᠶ᠎ᠡ ᠳᠤ ᠪᠠᠰᠠ ᠢᠭᠡᠷ᠎ᠡ ᠬᠡᠦᠬᠡᠳ᠂ ᠣᠯᠠᠨ ᠬᠡᠦᠬᠡᠳ ᠢ ᠨᠡᠶᠢᠯᠡᠭᠦᠯᠦᠨ ᠰᠣᠷᠭᠠᠭᠤᠯᠢ ᠳᠣᠬᠢᠷᠠᠭᠤᠯᠬᠤ ᠭᠤᠶᠤᠴᠢᠯᠠᠯ ᠭᠠᠷᠭᠠᠵᠤ ᠪᠤᠯᠬᠤ ᠶᠤᠮ ᠪᠠᠶᠢᠨ᠎ᠠ᠃ | |