ᠡᠳᠡᠭᠡᠷ ᠨᠥᠬᠦᠪᠥᠷᠢ ᠶᠢ ᠨᠡᠶᠢᠭᠡᠮ ᠤᠨ ᠪᠠᠲᠤᠯᠠᠭ᠎ᠠ ᠶᠢᠨ ᠺᠠᠷᠲ ᠳᠡᠭᠡᠷ᠎ᠡ ᠠᠴᠠ ᠠᠪᠴᠤ ᠪᠣᠯᠤᠨ᠎ᠠ
ᠨᠡᠶᠢᠲᠡᠯᠡᠭᠰᠡᠨ ᠴᠠᠭ᠄
2022/3/7
     1. ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠬᠦᠷᠢᠶᠡᠨ ᠳᠤ                  ︵1︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠠᠪᠴᠤ ᠪᠣᠯᠣᠨ᠎ᠠ                  ︵2︶ ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠪᠤᠶᠤ ᠠᠮᠢᠳᠤᠷᠠᠯ ᠤᠨ ᠵᠠᠷᠤᠳᠠᠯ ᠤᠨ ᠨᠥᠬᠦᠪᠥᠷᠢ  ᠠᠪᠴᠤ ᠪᠣᠯᠣᠨ᠎ᠠ                  ︵3︶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠥᠷᠢ ᠠᠪᠴᠤ ᠪᠣᠯᠣᠨ᠎ᠠ                  ︵4︶ ᠨᠡᠶᠢᠭᠡᠮ ᠤᠨ ᠳᠠᠭᠠᠳᠬᠠᠯ ᠤᠨ ᠨᠥᠬᠦᠪᠥᠷᠢ ︵ᠠᠮᠢᠳᠤᠯᠢᠭ ᠢᠶᠠᠷ ᠠᠵᠢᠯ ᠣᠯᠤᠭᠰᠠᠳ︶ ᠠᠪᠴᠤ ᠪᠣᠯᠣᠨ᠎ᠠ         ︵5︶ ᠨᠢᠭᠡ ᠯᠡ ᠤᠳᠠᠭ᠎ᠠ ᠶᠢᠨ ᠴᠢᠨᠠᠷᠲᠠᠶ ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠥᠬᠦᠪᠥᠷᠢ ᠠᠪᠴᠤ ᠪᠣᠯᠣᠨ᠎ᠠ                ︵6︶ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ ᠲᠤᠰ ᠺᠠᠷᠲ ᠢᠶᠠᠷ ᠢᠶᠠᠨ ᠳᠠᠮᠵᠢᠨ ᠠᠪᠴᠤ ᠪᠣᠯᠣᠨ᠎ᠠ                  2.ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠶᠢᠨ ᠬᠦᠷᠢᠶᠡᠨ ᠳᠤ                   ︵1︶ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠣᠯᠣᠨ᠎ᠠ                 ︵2︶ ᠮᠡᠷᠭᠡᠵᠢᠯ ᠴᠢᠳᠠᠪᠤᠷᠢ ᠳᠡᠭᠡᠭᠰᠢᠯᠡᠭᠦᠯᠬᠦ ᠨᠥᠬᠦᠪᠥᠷᠢ ᠠᠪᠴᠤ ᠪᠣᠯᠣᠨ᠎ᠠ                   ︵3︶ ᠲᠠᠷᠢᠶᠠᠴᠢᠨ ᠤ ᠭᠡᠷ᠎ᠡ ᠶᠢᠨ ᠳᠦᠷᠢᠮᠲᠦ ᠠᠵᠢᠯᠴᠢᠨ ᠤ ᠨᠢᠭᠡ ᠯᠡ ᠤᠳᠠᠭ᠎ᠠ ᠶᠢᠨ ᠴᠢᠨᠠᠷᠲᠠᠢ  ᠠᠮᠢᠳᠤᠷᠠᠯ ᠤᠨ ᠨᠥᠬᠦᠪᠥᠷᠢ ᠶᠢ ᠠᠪᠴᠤ ᠪᠣᠯᠣᠨ᠎ᠠ                ︵4︶ ᠠᠵᠢᠯ ᠠᠯᠳᠠᠭᠰᠠᠳ ᠤᠨ ᠲᠡᠳᠬᠦᠮᠵᠢ ᠶᠢᠨ ᠮᠥᠩᠭᠦ᠂ ᠭᠡᠷᠡᠲᠦ ᠬᠥᠯᠥᠰᠥᠨ ᠠᠵᠢᠯᠴᠢᠨ ᠤ  ᠲᠦᠷ  ᠴᠠᠭ ᠤᠨ ᠠᠮᠢᠳᠤᠷᠠᠯ ᠤᠨ ᠨᠥᠬᠦᠪᠥᠷᠢ ᠠᠪᠴᠤ ᠪᠣᠯᠣᠨ᠎ᠠ            3. ᠴᠢᠳᠠᠪᠤᠷᠢᠲᠠᠨ ᠬᠢᠭᠡᠳ ᠠᠵᠢᠯᠳᠠᠨ ᠤ ᠶᠠᠪᠤᠳᠠᠯ ᠤᠨ ᠬᠦᠷᠢᠶᠡᠨ ᠳᠤ                ︵1︶ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠮᠢᠳᠤᠷᠠᠯ ᠤᠨ ᠵᠠᠷᠤᠳᠠᠯ ︵ᠵᠠᠮ ᠬᠠᠷᠢᠯᠴᠠᠭᠠᠨ ᠤ ᠵᠠᠷᠤᠳᠠᠯ ᠪᠠᠭᠲᠠᠨ᠎ᠠ︶ ᠤᠨ ᠨᠥᠬᠦᠪᠥᠷᠢ ᠠᠪᠴᠤ ᠪᠣᠯᠣᠨ᠎ᠠ                 ︵2︶ ᠠᠷᠠᠳ ᠤᠨ ᠠᠮᠢᠳᠤᠷᠠᠯ ᠢ ᠪᠠᠲᠤᠯᠠᠬᠤ ᠪᠤᠰᠤᠳ ᠬᠦᠷᠢᠶᠡᠨ ᠳᠠᠬᠢ ᠨᠦᠬᠦᠪᠤᠷᠢ᠃     
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ