ᠰᠤᠷᠭᠠᠨ ᠬᠥᠮᠦᠵᠢᠯ ᠤᠨ ᠶᠠᠮᠤᠨ᠄ ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠶᠢ ᠨᠡᠶᠢᠳᠡᠮ ᠪᠥᠷᠬᠦᠭᠦᠯᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2022/3/7
     ᠰᠤᠷᠪᠤᠯᠵᠢᠯᠠᠭᠴᠢ  8 ᠤ  ᠡᠳᠦᠷ  ᠰᠤᠷᠭᠠᠨ  ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂  ᠰᠤᠷᠭᠠᠨ ᠬᠥᠮᠦᠵᠢᠯ ᠤᠨ ᠶᠠᠮᠤᠨ ᠤ 2022 ᠣᠨ ᠤ ᠠᠵᠢᠯ ᠤᠨ ᠭᠤᠤᠯᠳᠠᠯᠭ᠎ᠠ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠶ᠃ ᠴᠢᠨᠠᠷ  ᠰᠠᠶᠢᠲᠠᠶ ᠪᠥᠭᠡᠳ ᠲᠡᠩᠴᠡᠭᠦᠷᠢᠲᠡᠶ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠰᠠᠨᠠᠯ ᠢ ᠨᠡᠶᠢᠲᠡᠯᠡᠵᠦ᠂ ᠰᠢᠶᠠᠨ ᠤ  ᠬᠡᠪᠴᠢᠶᠡᠨ ᠤ ᠠᠯᠪᠠᠨ  ᠵᠢᠷᠤᠮ ᠤᠨ ᠰᠤᠷᠭᠠᠨ ᠬᠥᠮᠦᠵᠢᠯ ᠢ  ᠴᠢᠨᠠᠷ  ᠰᠠᠶᠢᠲᠠᠶ  ᠪᠥᠭᠡᠳ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃  ᠪᠦᠯᠦᠭᠴᠢᠯᠡᠭᠰᠡᠨ  ᠰᠤᠷᠭᠠᠭᠤᠯᠢ ᠡᠷᠭᠢᠯᠡᠬᠦ ᠵᠢᠯᠣᠭᠤᠳᠬᠤ ᠰᠠᠨᠠᠯ ᠢ ᠰᠤᠳᠤᠯᠤᠨ ᠦᠢᠯᠡᠳᠦᠨ᠎ᠡ᠃ ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠶᠢ ᠪᠦᠷᠢᠨ ᠪᠥᠷᠬᠦᠭᠦᠯᠬᠦ ᠪᠠ ︽ᠪᠦᠬᠦ ᠠᠷᠠᠳ ᠢ ᠠᠳᠠᠯᠢ ᠡᠯᠰᠡᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠰᠤᠷᠭᠠᠭᠤᠯᠢ ᠶᠢ ᠵᠢᠯᠣᠭᠤᠳᠤᠨ ᠬᠡᠰᠡᠭ ᠵᠢᠷᠤᠭᠯᠠᠬᠤ ᠲᠥᠷᠥ ᠶᠢᠨ  ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠵᠢᠯ ᠢ ᠭᠦᠨᠵᠡᠭᠡᠶ ᠰᠠᠶᠢᠲᠤᠷ ᠬᠢᠨ᠎ᠡ᠃ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠤᠨ  ᠨᠡᠶᠢᠲᠡᠯᠡᠵᠦ᠂  ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ ᠭᠡᠵᠡᠢ᠃    
ᠢᠷᠡᠯᠲᠡ᠄ ᠠᠷᠠᠳ ᠤᠨ ᠰᠦᠯᠵᠢᠶ᠎ᠡ