| 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ | ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ 3 ᠰᠠᠷ᠎ᠠ ᠶᠢᠨ 1 ᠤ ᠦᠳᠡ ᠶᠢᠨ ᠡᠮᠦᠨ᠎ᠡ ᠲᠥᠪ ᠤᠨ ᠨᠠᠮ ᠤᠨ | ᠰᠤᠷᠭᠠᠭᠤᠯᠢ ᠳᠤ ᠬᠢᠴᠢᠶᠡᠯ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠵᠠᠯᠠᠭᠤ ᠺᠠᠳ᠋ᠷᠴᠤᠳ ᠪᠣᠯ ᠨᠠᠮ ᠪᠠ ᠤᠯᠤᠰ ᠤᠨ | ᠠᠵᠢᠯ ᠦᠢᠯᠡᠰ ᠤᠨ ᠬᠥᠭᠵᠢᠯᠲᠡ ᠶᠢᠨ ᠬᠦᠰᠡᠯ ᠡᠷᠡᠮᠡᠯᠵᠡᠯ ᠮᠥᠨ᠂ ᠡᠷᠬᠡᠪᠰᠢ ᠬᠦᠰᠡᠯᠡᠩ ᠢᠲᠡᠭᠡᠯ ᠪᠢᠰᠢᠷᠡᠯ ᠤᠨ ᠦᠨᠳᠦᠰᠦ ᠰᠠᠭᠤᠷᠢ ᠶᠢ ᠪᠠᠲᠤ ᠴᠣᠭᠴᠠᠯᠠᠵᠤ᠂ | ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠵᠠᠰᠠᠭ ᠤᠨ ᠠᠵᠢᠯ ᠤᠨ ᠪᠦᠲᠦᠮᠵᠢ ᠶᠢᠨ ᠵᠦᠪ | ᠦᠵᠡᠯᠲᠡ ᠶᠢ ᠪᠣᠶ ᠪᠣᠯᠭᠠᠨ ᠦᠶᠯᠡᠳᠦᠯᠭᠡᠵᠢᠭᠦᠯᠵᠤ᠂ ᠤᠯᠠᠨ ᠠᠴᠠ ᠬᠡᠳᠦᠶᠢᠳᠦᠭᠰᠡᠨ ᠡᠷᠳᠡᠮ ᠴᠢᠳᠠᠪᠤᠷᠢ ᠶᠢ ᠪᠦᠷᠢᠳᠦᠬᠦᠯᠵᠦ᠂ ᠡᠭᠦᠷᠭᠡᠯᠡᠯ ᠪᠠ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠵᠠᠩ | ᠴᠢᠨᠠᠷ ᠢ ᠳᠠᠪᠲᠠᠨ ᠪᠣᠯᠪᠠᠰᠤᠷᠠᠭᠤᠯᠵᠤ᠂ ᠠᠷᠠᠳ ᠲᠦᠮᠡᠨ ᠳᠤ ᠤᠰᠤᠯᠳᠠᠬᠤ ᠦᠭᠡᠢ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠪᠣᠶ ᠪᠣᠯᠭᠠᠵᠤ᠂ ᠡᠷᠬᠢᠮ ᠳᠡᠭᠡᠳᠦ | ᠠᠷᠢᠭᠤᠨ ᠴᠡᠪᠡᠷ ᠦᠵᠡᠯ ᠰᠠᠨᠠᠭᠠᠨ ᠤ ᠲᠦᠪᠰᠢᠨ ᠢ ᠬᠥᠭᠡᠭᠡᠴᠡᠯᠳᠦᠵᠤ᠂ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠲᠥᠯᠥᠭᠡ ᠠᠮᠢ ᠴᠦᠯᠡᠨ ᠲᠡᠮᠡᠴᠡᠵᠤ᠂ | ᠰᠢᠨ᠎ᠡ ᠴᠠᠭ ᠦᠶ᠎ᠡ ᠰᠢᠨ᠎ᠡ ᠠᠶᠠᠨ ᠳᠤ ᠦᠯᠦ ᠤᠰᠤᠯᠳᠠᠬᠤ ᠲᠡᠮᠡᠴᠡᠯ ᠤᠨ ᠤᠯᠠ ᠮᠥᠷ ᠢᠶᠠᠨ ᠦᠯᠡᠳᠡᠭᠡᠬᠦ ᠬᠡᠷᠡᠭᠳᠠᠢ ᠭᠡᠵᠤ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ | ᠨᠢᠩ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠠᠢ᠃ | ᠰᠢ ᠶᠢᠨ ᠫᠢᠩ᠂ ᠬᠦᠰᠡᠯᠡᠩ ᠢᠲᠡᠭᠡᠯ ᠪᠢᠰᠢᠷᠡᠯ ᠪᠣᠯ ᠨᠠᠮ ᠢ ᠪᠠᠶᠢᠭᠤᠯᠵᠤ ᠨᠠᠮ ᠢ ᠮᠠᠨᠳᠤᠭᠤᠯᠬᠤ ᠶᠢᠨ ᠰᠠᠭᠤᠷᠢ ᠮᠥᠨ᠂ ᠪᠠᠰᠠ ᠴᠤ ᠨᠠᠮ ᠤᠨ ᠭᠡᠰᠢᠭᠦᠨ | ᠺᠠᠳ᠋ᠷ ᠤᠨ ᠣᠷᠣᠰᠢᠨ ᠲᠣᠭᠲᠠᠨᠢᠬᠤ ᠶᠢᠨ ᠦᠨᠳᠦᠰᠦ ᠮᠥᠨ᠃ ᠵᠠᠯᠠᠭᠤ ᠺᠠᠳ᠋ᠷᠴᠤᠳ ᠠᠵᠢᠯ ᠦᠢᠯᠡᠰ ᠢ ᠰᠠᠶᠢᠳᠤᠷ ᠵᠠᠯᠭᠠᠮᠵᠢᠯᠠᠬᠤ ᠳᠤ᠂ ᠬᠠᠮᠤᠭ ᠤᠨ ᠴᠢᠬᠤᠯᠠ ᠨᠢ | ᠮᠠᠷᠺᠰ ᠤᠨ ᠦᠵᠡᠯ ᠤᠨ ᠢᠲᠡᠭᠡᠯ ᠪᠢᠰᠢᠷᠡᠯ ᠢ ᠪᠠᠷᠢᠮᠲᠠᠯᠠᠬᠤ᠂ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠲᠥᠯᠥᠭᠡ ᠲᠡᠮᠡᠴᠡᠬᠦ ᠦᠢᠯᠡᠰ ᠢ ᠰᠠᠶᠢᠲᠤᠷ ᠵᠠᠯᠭᠠᠮᠵᠢᠯᠠᠬᠤ ᠶᠠᠪᠤᠳᠠᠯ ᠪᠤᠯᠤᠨ᠎ᠠ᠃ ᠨᠠᠮ ᠤᠨ ᠭᠡᠰᠢᠭᠦᠨ ᠺᠠᠳ᠋ᠷ | ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠠᠯᠤᠰ ᠤᠨ ᠵᠣᠷᠢᠯᠲᠠ ᠲᠠᠢ ᠪᠠᠶᠢᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠤ᠂ | ᠠᠮᠢᠳᠤᠷᠠᠬᠤᠢ ᠶᠢᠨ ᠬᠦᠰᠡᠯᠡᠩ ᠢᠶᠠᠨ ᠨᠠᠮ ᠪᠣᠯᠤᠨ ᠠᠷᠠᠳ ᠲᠦᠮᠡᠨ ᠤ ᠦᠢᠯᠡᠰ ᠲᠤ ᠠᠭᠤᠰᠤᠯᠴᠠᠭᠤᠯᠵᠤ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ | ᠲᠡᠮᠡᠴᠡᠬᠦ ᠶᠢ ᠥᠪᠡᠷ ᠤᠨ ᠢᠶᠠᠨ ᠬᠠᠮᠤᠭ ᠤᠨ ᠶᠡᠭᠡ ᠵᠣᠯ ᠵᠢᠷᠭᠠᠯ ᠢᠶᠠᠨ ᠪᠣᠯᠭᠠᠪᠠᠯ ᠰᠠᠶ᠋ᠢ ᠡᠷᠬᠢᠮ ᠳᠡᠭᠡᠳᠦ᠂ ᠤᠳᠬ᠎ᠠ ᠠᠭᠤᠯᠭ᠎ᠠ ᠲᠠᠢ ᠬᠦᠮᠦᠨ ᠤ ᠠᠮᠢᠳᠤᠷᠠᠯ ᠢ | ᠦᠩᠬᠡᠷᠡᠬᠦᠯᠵᠤ ᠴᠢᠳᠠᠨ᠎ᠠ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠤ᠂ ᠡᠷᠬᠡᠪᠰᠢ ᠤᠷᠢᠳ ᠢᠶᠠᠷ ᠮᠡᠳᠡᠵᠦ ᠳᠠᠷᠠᠭ᠎ᠠ ᠨᠢ ᠢᠲᠡᠭᠡᠵᠦ᠂ ᠢᠲᠡᠭᠡᠭᠰᠡᠨ ᠤ | ᠳᠠᠷᠠᠭ᠎ᠠ ᠦᠢᠯᠡᠳᠦᠯᠬᠡᠵᠢᠬᠦᠯᠬᠦ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠪᠣᠯ ᠨᠢᠭᠡᠨ ᠴᠠᠭ ᠤᠨ ᠶᠠᠪᠤᠳᠠᠯ ᠪᠢᠰᠢ ᠬᠠᠷᠢᠨ ᠨᠢᠭᠡ ᠨᠠᠰᠤᠨ ᠤ | ᠶᠠᠪᠤᠳᠠᠯ ᠮᠥᠨ᠂ ᠪᠠᠶᠢᠩᠭᠤ ᠳᠠᠪᠳᠠᠵᠤ ᠪᠠᠶᠢᠩᠭᠤ ᠪᠣᠯᠪᠠᠰᠤᠷᠠᠵᠤ᠂ ᠪᠠᠶᠢᠩᠭᠤ ᠤᠬᠠᠵᠤ ᠪᠠᠶᠢᠩᠭᠤ ᠤᠷᠤᠭᠰᠢᠯᠠᠬᠤ ᠬᠡᠷᠡᠭᠲᠡᠢ᠂ ᠶᠠᠮᠠᠷᠪᠠ ᠴᠠᠭ ᠦᠶ᠎ᠠ ᠳᠤ ᠴᠦ ᠬᠡᠤᠨ | ᠴᠥᠮ ᠬᠤᠪᠢᠷᠠᠰᠢ ᠦᠭᠡᠢ ᠡᠷᠡᠰ ᠪᠠᠲᠤ ᠪᠠᠶᠢᠵᠤ᠂ ᠶᠡᠭᠡ ᠰᠠᠯᠬᠢ ᠳᠠᠪᠠᠯᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠵᠠᠯᠠᠭᠤ ᠺᠠᠳ᠋ᠷᠴᠤᠳ ᠡᠷᠬᠡᠪᠰᠢ ᠠᠷᠢᠭᠤᠨ ᠴᠢᠬᠡᠴᠢ ᠪᠣᠯ ᠵᠢᠷᠭᠠᠯ ᠮᠥᠨ᠂ ᠬᠤᠪᠳᠤᠭ ᠰᠢᠨᠤᠬᠠᠢ ᠪᠣᠯ ᠭᠠᠢ ᠵᠣᠪᠠᠯᠠᠩ ᠮᠥᠨ ᠭᠡᠬᠦ ᠶᠣᠰᠣ ᠶᠢ | ᠪᠠᠲᠤ ᠴᠡᠭᠡᠵᠢᠯᠡᠵᠦ᠂ ᠦᠷᠭᠦᠯᠵᠢ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠬᠠᠷᠭᠤᠭᠤᠯᠵᠤ᠂ ᠨᠠᠮ ᠤᠨ ᠲᠦᠷᠢᠮ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠭᠤᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠲᠠᠢ ᠪᠠᠨ ᠬᠠᠷᠭᠤᠭᠤᠯᠵᠤ᠂ ᠵᠠᠷᠢᠮ ᠤᠴᠢᠷ ᠶᠠᠪᠤᠳᠠᠯ ᠢ ᠬᠢᠬᠦ | ᠴᠢᠬᠤᠯᠠᠳᠠᠢ ᠡᠰᠡᠬᠦ᠂ ᠬᠢᠵᠦ ᠪᠤᠯᠬᠤ ᠡᠰᠡᠬᠦ ᠶᠢ ᠲᠣᠳᠣᠷᠬᠠᠢ ᠲᠠᠨᠢᠵᠤ᠂ ᠴᠠᠭ ᠢᠮᠠᠭᠲᠠ ᠪᠡᠶ᠎ᠡ ᠪᠠᠨ ᠬᠢᠴᠢᠶᠡᠨ ᠲᠤᠩᠭᠠᠨ ᠪᠤᠳᠤᠯᠬᠢᠯᠠᠵᠤ᠂ ᠰᠠᠬᠢᠯᠭ᠎ᠠ ᠪᠠᠲᠤ ᠬᠠᠤᠯᠢ | ᠲᠦᠷᠢᠮ ᠢ ᠴᠢᠩᠭ᠎ᠠ ᠰᠠᠬᠢᠬᠤ ᠬᠡᠷᠡᠭᠲᠡᠢ᠃ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠳᠤ᠂ | ᠬᠠᠮᠤᠭ ᠤᠨ ᠴᠢᠬᠤᠯᠠ ᠨᠢ ᠳᠣᠲᠣᠭᠠᠳᠤ ᠰᠡᠳᠭᠢᠯ ᠢᠶᠠᠨ ᠪᠠᠲᠤ ᠰᠠᠬᠢᠵᠤ᠂ ᠪᠠᠭ᠎ᠠ ᠶᠠᠪᠤᠳᠠᠯ ᠵᠢᠵᠢᠭ ᠤᠴᠢᠷ ᠠᠴᠠ ᠡᠬᠢᠯᠡᠨ ᠰᠠᠬᠢᠵᠤ᠂ ᠰᠡᠳᠭᠢᠯ ᠢᠶᠠᠨ ᠵᠠᠰᠠᠨ ᠶᠣᠰᠣ | ᠤᠴᠢᠷ ᠢ ᠮᠡᠳᠡᠵᠦ᠂ ᠶᠣᠰᠣ ᠮᠣᠷᠠᠯ ᠢ ᠡᠷᠬᠢᠮᠯᠡᠨ ᠪᠡᠶ᠎ᠡ ᠪᠠᠨ ᠬᠦᠨᠳᠦᠳᠭᠡᠵᠦ᠂ ︽ᠦᠵᠡᠯ ᠰᠠᠨᠠᠭᠠᠨ ᠤ ᠲᠣᠭᠤᠰᠣ︾ ᠪᠠᠨ ᠦᠷᠭᠦᠯᠵᠢ ᠭᠦᠪᠢᠵᠦ᠂ ︽ᠬᠤᠪᠳᠤᠭ | ᠰᠢᠨᠤᠯ ᠤᠨ ᠬᠤᠣᠷ ᠬᠦᠨᠦᠬᠡᠯ︾ ᠢ ᠢᠯᠡᠭᠦᠬᠡᠨ ᠪᠣᠳᠣᠯᠬᠢᠯᠠᠵᠤ᠂ ︽ᠰᠡᠳᠭᠢᠯ ᠳᠠᠬᠢ ᠬᠤᠯᠠᠭᠠᠶᠢᠴᠢ︾ ᠪᠠᠨ ᠦᠷᠭᠦᠯᠵᠢ ᠲᠡᠪᠴᠢᠵᠤ᠂ ᠮᠠᠭᠤᠬᠠᠢ ᠪᠤᠳᠤᠯ ᠢ ᠦᠯᠦ | ᠡᠪᠦᠷᠯᠡᠬᠦ ᠪᠠᠯᠠᠢ ᠬᠢᠳᠡᠯ ᠢ ᠦᠯᠦ ᠦᠢᠯᠡᠳᠬᠦ ᠶᠢ ᠪᠠᠳᠤᠯᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠺᠠᠳ᠋ᠷᠴᠤᠳ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠳᠤ᠂ ᠱᠠᠳᠤ | ᠱᠠᠳᠤ ᠪᠠᠷ ᠰᠡᠷᠭᠡᠶᠢᠯᠡᠨ᠂ ᠭᠠᠵᠠᠷ ᠪᠣᠯᠭᠠᠨ ᠳᠤ ᠰᠡᠷᠭᠡᠶᠢᠯᠡᠬᠦ ᠬᠡᠷᠡᠭᠲᠡᠢ᠃ ᠤᠯᠤᠰ ᠲᠦᠷᠦ ᠶᠢᠨ ᠪᠣᠭᠤᠮᠲᠠ ᠶᠢ ᠪᠠᠲᠤ ᠰᠠᠬᠢᠵᠤ᠂ ᠲᠤᠭ ᠲᠡᠮᠳᠡᠭ ᠲᠣᠳᠣᠷᠬᠠᠢ ᠪᠠᠷ | ᠤᠯᠤᠰ ᠲᠦᠷᠦ ᠶᠢ ᠡᠷᠬᠢᠮᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠵᠥᠪ ᠪᠤᠷᠤᠭᠤ ᠠᠰᠠᠭᠤᠳᠠᠯ ᠳᠡᠭᠡᠷ᠎ᠠ᠂ ᠤᠯᠤᠰ ᠲᠦᠷᠦ ᠶᠢᠨ ᠵᠠᠷᠴᠢᠮ ᠤᠨ | ᠠᠰᠠᠭᠤᠳᠠᠯ ᠳᠡᠭᠡᠷ᠎ᠡ ᠲᠠᠷᠢᠬᠢ ᠲᠣᠯᠣᠭᠠᠢ ᠣᠨᠴᠠᠭᠠᠢ ᠰᠡᠷᠭᠡᠭ᠂ ᠵᠣᠭᠰᠣᠯᠲᠠ ᠣᠨᠴᠠᠭᠠᠢ ᠡᠷᠡᠰ ᠪᠠᠲᠤ ᠪᠠᠶᠢᠬᠤ ᠬᠡᠷᠡᠭᠲᠡᠢ᠂ ᠶᠠᠭᠠᠬᠢᠭᠰᠠᠨ ᠴᠤ ᠬᠤᠶᠠᠷ ᠨᠢᠭᠤᠷᠳᠠᠨ᠂ | ᠬᠤᠶᠠᠷ ᠰᠡᠳᠭᠢᠯᠳᠡᠨ ᠪᠤᠯᠵᠤ ᠪᠣᠯᠬᠤ ᠦᠭᠡᠢ᠂ ᠶᠠᠭᠠᠬᠢᠭᠰᠠᠨ ᠴᠤ ᠨᠠᠮ ᠤᠨ ᠵᠠᠷᠴᠢᠮ ᠢᠶᠠᠷ ᠠᠷᠠᠯᠵᠢᠶ᠎ᠠ ᠬᠢᠵᠦ ᠪᠣᠯᠬᠤ ᠦᠭᠡᠢ᠃ ᠡᠷᠬᠡ ᠶᠢᠨ ᠪᠣᠭᠤᠮᠲᠠ ᠶᠢ ᠰᠠᠬᠢᠵᠤ᠂ | ᠡᠷᠬᠡ ᠶᠢᠨ ᠲᠤᠬᠠᠢ ᠪᠢᠰᠢᠷᠡᠨ ᠵᠢᠷᠦᠬᠡᠰᠢᠶᠡᠬᠦ ᠰᠡᠳᠭᠢᠯᠭᠡ ᠪᠠᠨ ᠢᠮᠠᠭᠲᠠ ᠪᠠᠲᠤᠯᠠᠵᠤ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ | ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠢ᠃ ᠶᠠᠪᠤᠯᠴᠠᠭᠠᠨ ᠤ | ᠪᠣᠭᠤᠮᠲᠠ ᠶᠢ ᠰᠠᠬᠢᠵᠤ᠂ ᠶᠠᠪᠤᠯᠴᠠᠭᠠᠨ ᠳᠤ ᠡᠷᠬᠡᠪᠰᠢ ᠵᠠᠷᠴᠢᠮ ᠲᠠᠢ᠂ ᠶᠣᠰᠣ ᠳᠦᠷᠢᠮ ᠲᠠᠢ ᠪᠠᠶᠢᠵᠤ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ | ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ᠃ ᠠᠮᠢᠳᠤᠷᠠᠯ ᠤᠨ ᠪᠣᠭᠤᠮᠲᠠ ᠶᠢ ᠰᠠᠬᠢᠵᠤ᠂ ᠡᠷᠡᠭᠦᠯ ᠰᠠᠶᠢᠬᠠᠨ ᠳᠤᠷ᠎ᠠ | ᠰᠣᠨᠢᠷᠬᠠᠯ ᠢ ᠬᠥᠮᠦᠵᠢᠭᠦᠯᠵᠦ᠂ ᠡᠭᠡᠯ ᠪᠣᠷᠣᠭᠵᠢᠭᠤᠨ ᠠᠮᠢᠳᠤᠷᠠᠯ ᠢ ᠡᠷᠬᠢᠮᠯᠡᠵᠦ᠂ ᠡᠪ ᠬᠠᠮᠲᠤᠴᠤᠳ ᠤᠨ ᠤᠤᠷ ᠴᠢᠨᠠᠷ ᠢᠶᠠᠨ ᠬᠠᠳᠠᠭᠠᠯᠠᠬᠤ ᠬᠡᠷᠡᠭᠲᠡᠢ᠃ ᠲᠥᠷᠥᠯ | ᠰᠠᠳᠤᠨ ᠤ ᠬᠠᠷᠢᠴᠠᠭ᠎ᠠ ᠶᠢᠨ ᠪᠤᠭᠤᠮᠳᠠ ᠶᠢ ᠰᠠᠬᠢᠵᠤ᠂ ᠭᠡᠷ ᠤᠨ ᠰᠤᠷᠭᠠᠯ ᠭᠡᠷ ᠤᠨ ᠰᠤᠷᠲᠠᠯ ᠢ ᠴᠢᠩᠳᠠᠯᠠᠵᠤ᠂ ᠥᠪᠡᠷ ᠢᠶᠠᠨ ᠬᠡᠪ ᠳᠦᠷᠢᠮ ᠪᠣᠯᠬᠤ ᠮᠥᠷᠲᠡᠭᠡᠨ | ᠪᠠᠰᠠ ᠲᠥᠷᠥᠯ ᠰᠠᠳᠤᠨ ᠦᠷ᠎ᠡ ᠬᠡᠦᠬᠡᠳ ᠢᠶᠠᠨ ᠴᠢᠩᠭ᠎ᠠ ᠬᠠᠷᠠᠵᠤ᠂ ᠴᠢᠩᠭ᠎ᠠ ᠬᠠᠮᠢᠶᠠᠷᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠵᠠᠰᠠᠭ ᠤᠨ ᠠᠵᠢᠯ ᠤᠨ ᠪᠦᠲᠦᠮᠵᠢ ᠶᠢᠨ ᠵᠦᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠳᠤ ᠰᠢᠢᠳᠪᠦᠷᠢᠯᠡᠬᠦ ᠴᠢᠨᠠᠷᠲᠠᠢ ᠦᠢᠯᠡᠳᠦᠯ | ᠦᠵᠡᠭᠦᠯᠬᠦ ᠨᠢ ᠨᠠᠮᠴᠢ ᠴᠢᠨᠠᠷ ᠪᠣᠯᠤᠨ᠎ᠠ᠃ ᠨᠠᠮᠴᠢ ᠴᠢᠨᠠᠷ ᠢᠶᠠᠷ ᠴᠢᠩᠭ᠎ᠠ ᠪᠠᠶᠢᠵᠤ᠂ ᠠᠮᠢᠨᠴᠢᠷ ᠰᠠᠨᠠᠭ᠎ᠠ ᠡᠯᠳᠡᠪ ᠤᠨ ᠪᠤᠳᠤᠯ ᠢᠶᠠᠨ ᠲᠠᠶᠠᠭᠳᠠᠪᠠᠯ ᠰᠠᠶ᠋ᠢ ᠵᠠᠰᠠᠭ ᠤᠨ | ᠠᠵᠢᠯ ᠤᠨ ᠪᠦᠲᠦᠮᠵᠢ ᠶᠢᠨ ᠦᠵᠡᠯᠲᠡ ᠬᠠᠵᠠᠭᠠᠶᠢᠳᠠᠬᠤ ᠦᠭᠡᠢ ᠪᠠᠶᠢᠬᠤ ᠶᠢ ᠪᠠᠲᠤᠯᠠᠵᠤ ᠴᠢᠳᠠᠨ᠎ᠠ᠃ ᠠᠷᠠᠳ ᠲᠦᠮᠡᠨ ᠳᠤ ᠪᠤᠶᠠᠨ ᠦᠢᠯᠡᠳᠬᠦ ᠪᠣᠯ ᠬᠠᠮᠤᠭ ᠤᠨ | ᠶᠡᠭᠡ ᠵᠠᠰᠠᠭ ᠤᠨ ᠠᠵᠢᠯ ᠤᠨ ᠪᠦᠲᠦᠮᠵᠢ ᠪᠣᠯᠬᠤ ᠶᠢ ᠡᠪ ᠬᠠᠮᠲᠤᠴᠤᠳ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠪᠢᠳᠡ ᠠᠵᠢᠯ ᠢᠶᠠᠨ ᠲᠥᠯᠥᠪᠵᠢᠭᠦᠯᠦᠨ | ᠠᠬᠢᠭᠤᠯᠬᠤ ᠳᠤ᠂ ᠵᠠᠪᠠᠯ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ | ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠡᠳ᠋ᠯᠡᠭᠦᠯᠬᠦ ᠶᠢ ᠪᠠᠷᠢᠮᠲᠠᠯᠠᠵᠤ᠂ ᠰᠠᠶᠢᠨ ᠶᠠᠪᠤᠳᠠᠯ ᠪᠣᠳᠠᠲᠤ ᠶᠠᠪᠤᠳᠠᠯ ᠢ | ᠤᠯᠠᠨ ᠲᠦᠮᠡᠨ ᠤ ᠰᠡᠳᠭᠢᠯ ᠳᠤ ᠰᠠᠭᠤᠭᠳᠠᠳᠠᠯ᠎ᠠ ᠬᠢᠬᠦ ᠬᠡᠷᠡᠭᠲᠡᠢ᠃ ᠶᠠᠭᠤ ᠶᠢ ᠰᠠᠶᠢᠨ ᠶᠠᠪᠤᠳᠠᠯ ᠪᠣᠳᠠᠲᠤ ᠶᠠᠪᠤᠳᠠᠯ ᠭᠡᠬᠦ ᠶᠢ ᠤᠯᠠᠨ ᠲᠦᠮᠡᠨ ᠤ ᠦᠨᠳᠦᠰᠤᠨ | ᠬᠡᠷᠡᠭᠴᠡᠭᠡ ᠠᠴᠠ ᠪᠣᠳᠣᠯᠬᠢᠯᠠᠬᠤ ᠠᠴᠠ ᠪᠢᠰᠢ᠂ ᠪᠠᠶᠠᠴᠢ ᠲᠠᠯ᠎ᠠ ᠠᠴᠠ ᠪᠠᠨ ᠲᠠᠭᠠᠮᠠᠭᠯᠠᠵᠤ ᠪᠣᠯᠬᠤ ᠦᠭᠡᠢ᠂ ᠳᠥᠭᠦᠮ ᠬᠢᠯᠪᠠᠷ ᠪᠣᠯᠭᠠᠵᠤ᠂ ᠥᠷᠥᠭᠡᠰᠦᠭᠡᠯ ᠲᠡᠯ᠎ᠡ | ᠶᠢᠨ ᠪᠤᠯᠭᠠᠵᠤ ᠪᠣᠯᠬᠤ ᠦᠭᠡᠢ᠃ ᠬᠠᠮᠢᠭ᠎ᠠ ᠠᠷᠠᠳ ᠲᠦᠮᠡᠨ ᠤ ᠬᠡᠷᠡᠭᠴᠡᠭᠡ ᠪᠠᠶᠢᠪᠠᠯ ᠲᠡᠨᠳᠡ ᠳᠠᠷᠤᠢ ᠰᠠᠶᠢᠨ ᠶᠠᠪᠤᠳᠠᠯ ᠪᠣᠳᠠᠲᠤ ᠶᠠᠪᠤᠳᠠᠯ ᠬᠢᠵᠦ᠂ ᠲᠡᠨᠳᠡ ᠳᠠᠷᠤᠢ | ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃ ᠠᠵᠢᠯ ᠤᠨ ᠪᠦᠲᠦᠮᠵᠢ ᠰᠠᠶᠢᠨ ᠪᠠᠶᠢᠬᠤ ᠡᠰᠡᠬᠦ ᠶᠢ ᠤᠯᠠᠨ ᠲᠦᠮᠡᠨ ᠳᠤ ᠦᠭᠬᠦᠭᠰᠡᠨ ᠪᠣᠳᠠᠲᠠᠢ ᠲᠦᠷᠦᠭᠳᠡᠯ ᠠᠴᠠ | ᠦᠵᠡᠵᠦ᠂ ᠤᠯᠠᠨ ᠲᠦᠮᠡᠨ ᠢᠶᠠᠷ ᠦᠨᠡᠯᠡᠭᠦᠯᠬᠦ ᠬᠡᠷᠡᠭᠲᠡᠢ᠃ ᠵᠠᠷᠢᠮ ᠤᠴᠢᠷ ᠶᠠᠪᠤᠳᠠᠯ ᠨᠢ ᠰᠠᠶᠢᠨ ᠶᠠᠪᠤᠳᠠᠯ ᠪᠤᠳᠠᠳᠤ ᠶᠠᠪᠤᠳᠠᠯ ᠮᠥᠨ ᠡᠰᠡᠬᠦ ᠨᠢ ᠵᠥᠪᠬᠡᠨ ᠤᠯᠠᠨ | ᠲᠦᠮᠡᠨ ᠤ ᠨᠢᠳᠤᠨ ᠡᠮᠦᠨᠡᠬᠢ ᠬᠡᠷᠡᠭᠴᠡᠭᠡ ᠶᠢ ᠦᠵᠡᠭᠡᠳ ᠪᠣᠯᠬᠤ ᠦᠭᠡᠢ᠂ ᠪᠠᠰᠠ ᠠᠷᠬᠠᠭ ᠭᠡᠮ ᠦᠯᠡᠳᠡᠭᠡᠬᠦ ᠡᠰᠡᠬᠦ᠂ ︽ᠨᠢᠭᠡ ᠠᠰᠠᠭᠤᠳᠠᠯ ᠢ ᠰᠢᠢᠳᠪᠦᠷᠢᠯᠡᠪᠡᠯ | ᠠᠷᠪᠠᠨ ᠬᠠᠷᠠᠮᠰᠠᠯ ᠦᠯᠡᠳᠡᠭᠡᠬᠦ︾ ᠡᠰᠡᠬᠦ ᠶᠢ ᠦᠵᠡᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠨᠠᠮ ᠤᠨ ᠦᠨᠳᠦᠰᠦᠨ ᠱᠤᠭᠤᠮ ᠢ ᠪᠠᠷᠢᠮᠲᠠᠯᠠᠵᠤ᠂ | ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠳᠠᠢ᠂ ᠭᠡᠪᠡᠴᠦ ᠰᠢᠨ᠎ᠡ ᠪᠠᠶᠢᠳᠠᠯ ᠳᠤᠤᠷᠠᠬᠢ ᠬᠦᠭᠵᠢᠯᠳᠡ ᠨᠢ | ᠰᠢᠨ᠎ᠡ ᠱᠠᠬᠠᠶ ᠡᠮᠦᠰᠴᠦ ᠬᠠᠭᠤᠴᠢᠨ ᠵᠠᠮ ᠢᠶᠠᠷ ᠢᠶᠠᠨ ᠵᠠᠮᠨᠠᠵᠤ ᠪᠣᠯᠬᠤ ᠥᠬᠡᠶ᠂ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ᠃ ᠠᠵᠢᠯ ᠤᠨ ᠠᠮᠵᠢᠯᠲᠠ ᠶᠢ ᠴᠥᠮ ᠬᠢᠵᠦ ᠪᠠᠶᠢᠭᠠᠳ ᠪᠦᠲᠦᠭᠡᠭᠰᠡᠨ ᠶᠤᠮ᠂ ᠦᠨᠡᠨ ᠬᠦ ᠪᠤᠳᠠᠳᠠᠢ ᠠᠵᠢᠯᠯᠠᠪᠠᠯ ᠰᠠᠶ᠋ᠢ ᠦᠨᠡᠨ ᠬᠦ ᠠᠮᠵᠢᠯᠲᠠ | ᠪᠦᠲᠦᠮᠵᠢ ᠭᠠᠷᠭᠠᠵᠤ᠂ ᠵᠢᠩᠭᠢᠨᠢ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠨᠠᠮ ᠤᠨ ᠭᠡᠰᠢᠭᠦᠨ ᠺᠠᠳ᠋ᠷ | ᠡᠷᠬᠡᠪᠰᠢ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠠᠢ ᠴᠢᠳᠡᠪᠦᠷᠢ ᠶᠢ ᠡᠷᠬᠢᠮᠯᠡᠵᠦ᠂ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠪᠣᠳᠠᠲᠠᠢ ᠦᠷ᠎ᠡ | ᠪᠦᠲᠦᠮᠵᠢ ᠶᠢ ᠡᠷᠬᠢᠮᠯᠡᠵᠦ᠂ ᠴᠢᠳᠠᠮᠠᠭᠠᠢ ᠬᠢᠵᠦ ᠰᠠᠶᠢᠲᠤᠷ ᠪᠦᠲᠦᠭᠡᠵᠦ᠂ ᠤᠷᠢᠶ᠎ᠠ ᠬᠠᠰᠬᠢᠷᠬᠤ ᠮᠠᠶ᠋ᠢᠭ ᠤᠨ᠂ ᠣᠪᠣᠷ ᠢᠶᠠᠨ ᠢᠯᠡᠳᠭᠡᠬᠦ ᠮᠠᠶ᠋ᠢᠭ ᠤᠨ᠂ ᠴᠢᠮᠡᠭᠯᠡᠬᠦ | ᠮᠠᠶ᠋ᠢᠭ ᠤᠨ ᠨᠠᠶᠢᠳᠠᠪᠤᠷᠢᠵᠢᠭᠤᠯᠬᠤ ᠠᠷᠭ᠎ᠠ ᠬᠢᠳᠡᠯ ᠢ ᠡᠷᠡᠰ ᠬᠤᠷᠢᠭᠯᠠᠬᠤ ᠬᠡᠷᠡᠭᠲᠡᠢ᠃ ᠲᠠᠷᠤᠢ ᠳᠤᠨᠢ ᠭᠦᠢᠴᠡᠳᠭᠡᠬᠦ ᠪᠠᠴᠢᠮ ᠡᠭᠦᠷᠭᠡ ᠶᠢ ᠪᠤᠯ᠂ ᠲᠠᠷᠤᠢ ᠳᠤᠨᠢ | ᠬᠡᠯᠡᠵᠤ ᠲᠠᠷᠤᠢ ᠳᠤᠨᠢ ᠬᠦᠢᠴᠡᠳᠭᠡᠵᠤ᠂ ᠱᠠᠯᠠᠪᠳᠠᠨ ᠲᠦᠷᠭᠡᠨ ᠬᠢᠬᠦ ᠬᠡᠷᠡᠭᠲᠡᠢ᠂ ᠠᠯᠭᠤᠷᠯᠠᠵᠤ ᠤᠳᠠᠭᠠᠰᠢᠷᠠᠭᠤᠯᠤᠭᠠᠳ ᠪᠠᠶᠢᠵᠤ ᠪᠣᠯᠬᠤ ᠦᠭᠡᠢ᠃ ᠤᠷᠳᠤ | ᠬᠤᠭᠤᠴᠠᠭᠠᠨ ᠤ ᠡᠭᠦᠷᠭᠡ ᠶᠢ ᠪᠤᠯ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠣᠯᠤᠨ ᠲᠡᠰᠪᠦᠷᠢ ᠲᠡᠪᠴᠢᠶᠡᠷᠢ ᠲᠠᠢ ᠪᠠᠶᠢᠵᠤ᠂ ᠵᠢᠷᠤᠭ ᠲᠥᠰᠦᠪ ᠢ | ᠡᠴᠦᠰ ᠲᠤᠨᠢ ᠲᠤᠯᠲᠠᠯ᠎ᠠ ᠵᠢᠷᠤᠭᠯᠠᠨ ᠲᠦᠰᠦᠪᠯᠡᠵᠤ᠂ ᠲᠤᠰᠤᠯ ᠤᠰᠤ ᠪᠠᠷ ᠴᠢᠯᠠᠭᠤ ᠶᠢ ᠴᠤᠭᠤᠯᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠨᠠᠷᠢᠯᠢᠭ | ᠣᠨᠣᠪᠴᠢᠲᠠᠢ ᠰᠡᠳᠭᠢᠬᠦᠢ ᠪᠠᠨ ᠴᠢᠩᠭᠠᠳᠬᠠᠵᠤ᠂ ᠲᠦᠯᠦᠪᠵᠢᠭᠦᠯᠬᠦ ᠳᠡᠭᠡᠨ ᠶᠡᠭᠡ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠬᠡᠷᠡᠭᠵᠢᠭᠦᠯᠬᠦ ᠶᠠᠪᠤᠴᠠ ᠳᠠᠭᠠᠨ ᠨᠠᠷᠢᠯᠢᠭ | ᠣᠨᠣᠪᠴᠢᠲᠠᠢ ᠬᠢᠵᠤ᠂ ᠬᠠᠳᠬᠤᠮᠠᠯ ᠬᠠᠳᠬᠤᠬᠤ ᠰᠢᠬ ᠤᠷᠠᠨ ᠨᠠᠷᠢᠯᠢᠭ ᠢᠶᠠᠷ ᠠᠵᠢᠯ ᠢᠶᠠᠨ ᠯᠠᠪᠳᠠᠭᠤᠨ ᠪᠠᠲᠤᠲᠠᠢ ᠬᠢᠵᠤ᠂ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠠᠯᠠᠭᠤ ᠺᠠᠳ᠋ᠷᠴᠤᠳ ᠤᠳᠤᠷᠢᠳᠬᠤ ᠠᠵᠢᠯ ᠢ ᠡᠭᠦᠷᠭᠡᠯᠡᠬᠦ ᠳᠤ ᠡᠵᠡᠮᠰᠢᠬᠦ ᠴᠢᠬᠤᠯᠠᠲᠠᠢ ᠴᠢᠳᠠᠪᠤᠷᠢ ᠮᠠᠰᠢ ᠤᠯᠠᠨ ᠪᠠᠶᠢᠨ᠎ᠠ᠃ ᠬᠠᠮᠤᠭ ᠤᠨ | ᠦᠨᠳᠦᠰᠦᠨ ᠴᠢᠳᠠᠪᠤᠷᠢ ᠪᠣᠯ ᠣᠨᠣᠯ ᠤᠨ ᠬᠡᠪ ᠪᠣᠯᠪᠠᠰᠤᠷᠠᠯ ᠪᠣᠯᠤᠨ᠎ᠠ᠃ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠣᠯ ᠠᠵᠢᠯ ᠢᠶᠠᠨ ᠰᠠᠶᠢᠲᠤᠷ | ᠬᠢᠬᠦ ᠶᠢᠨ ᠬᠠᠮᠤᠭ ᠤᠨ ᠴᠢᠳᠠᠮᠠᠭᠠᠢ ᠡᠷᠳᠡᠮ ᠮᠥᠨ᠂ ᠪᠢᠳᠡᠨ ᠤ ᠶᠢᠷᠲᠢᠨᠴᠦ ᠶᠢ ᠲᠠᠨᠢᠬᠤ᠂ ᠶᠢᠷᠲᠢᠨᠴᠦ ᠶᠢ ᠥᠭᠡᠷᠡᠴᠢᠯᠡᠬᠦ ᠶᠢ ᠵᠢᠯᠣᠭᠤᠳᠬᠤ ᠬᠦᠴᠦᠷᠬᠡᠭ ᠶᠡᠭᠡ ᠦᠵᠡᠯ | ᠰᠠᠨᠠᠭᠠᠨ ᠤ ᠵᠡᠪᠰᠡᠭ ᠮᠥᠨ᠃ ᠨᠠᠮ ᠤᠨ ᠭᠡᠰᠢᠭᠦᠨ ᠺᠠᠳ᠋ᠷᠴᠤᠳ ᠵᠠᠪᠠᠯ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠤᠨ ᠰᠠᠭᠤᠷᠢ ᠪᠠᠨ ᠪᠠᠲᠤᠳᠬᠠᠵᠤ᠂ | ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠢᠨ᠎ᠡ ᠪᠠᠶᠢᠳᠠᠯ ᠢ ᠠᠵᠢᠭᠯᠠᠵᠤ᠂ ᠰᠢᠨ᠎ᠡ ᠪᠠᠶᠢᠳᠠᠯ ᠢ ᠰᠤᠳᠤᠯᠵᠤ᠂ | ᠰᠢᠨ᠎ᠡ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢᠶᠠᠨ ᠵᠥᠪ ᠴᠢᠭᠯᠡᠯ ᠲᠡᠶᠢᠰᠢ᠂ ᠪᠤᠰᠤᠳᠴᠢ ᠵᠢᠮ᠎ᠡ ᠶᠣᠰᠣ ᠪᠠᠷ ᠠᠬᠢᠭᠤᠯᠬᠤ ᠬᠡᠷᠡᠭᠲᠡᠢ᠃ ᠤᠨᠤᠯ | ᠪᠠ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠳᠤᠮᠳᠠ ᠠᠴᠠ ᠵᠢᠩᠬᠢᠨᠢ ᠮᠡᠳᠡᠯᠭᠡ ᠰᠤᠷᠬᠤ᠂ ᠦᠨᠡᠨ ᠶᠣᠰᠣ ᠶᠢ ᠣᠶᠢᠯᠠᠭᠠᠬᠤ ᠶᠢ | ᠴᠢᠬᠤᠯᠠᠴᠢᠯᠠᠵᠤ᠂ ᠳᠠᠪᠲᠠᠨ ᠪᠣᠯᠪᠠᠰᠤᠷᠠᠬᠤ ᠪᠠᠨ ᠴᠢᠩᠭᠠᠳᠬᠠᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠡᠭᠦᠨ ᠤ ᠵᠠᠩᠭᠢᠯᠠᠭ᠎ᠠ ᠨᠢ ᠳᠠᠷᠤᠤ | ᠬᠢᠴᠢᠶᠡᠩᠭᠦᠢ ᠪᠠᠶᠢᠵᠤ᠂ ᠳᠤᠷᠠᠲᠠᠶ᠎ᠠ ︽ᠪᠠᠭ᠎ᠠ ᠰᠤᠷᠭᠠᠭᠤᠯᠢ ᠶᠢᠨ ᠰᠤᠷᠤᠭᠴᠢ︾ ᠪᠤᠯᠵᠤ᠂ ᠮᠡᠳᠡᠬᠦ ᠦᠭᠡᠢ ᠪᠣᠯ ᠠᠰᠠᠭᠤᠵᠤ᠂ ᠳᠤᠤᠷᠠᠬᠢ ᠬᠦᠮᠦᠨ ᠠᠴᠠ ᠪᠠᠨ | ᠠᠰᠠᠭᠤᠬᠤ ᠠᠴᠠ ᠢᠴᠢᠬᠦ ᠦᠭᠡᠢ ᠪᠠᠶᠢᠵᠤ᠂ ᠪᠡᠶᠡᠴᠢ ᠲᠠᠭᠠᠮᠠᠭᠯᠠᠯ ᠬᠢᠵᠦ᠂ ᠣᠪᠯᠠᠵᠦ ᠮᠡᠳᠡᠮᠡᠬᠡᠶᠢᠷᠡᠵᠦ ᠶᠠᠭᠠᠬᠢᠭᠰᠠᠨ ᠴᠤ ᠪᠣᠯᠬᠤ ᠦᠭᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠪᠦᠬᠦ ᠨᠠᠮ ᠢᠶᠠᠷ ᠢᠶᠠᠨ ᠡᠭᠦᠷᠭᠡᠯᠡᠯ ᠪᠠ ᠲᠡᠮᠡᠴᠡᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠪᠠᠯ ᠰᠠᠶ᠋ᠢ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠶᠢ ᠪᠡᠶᠡᠯᠡᠭᠦᠯᠵᠦ ᠴᠢᠳᠠᠨ᠎ᠠ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢᠯ ᠤᠨ ᠵᠣᠷᠢᠭ | ᠰᠠᠨᠠᠭ᠎ᠠ ᠮᠥᠨ᠂ ᠭᠤᠶᠠᠴᠢ ᠦᠭᠡᠢ ᠵᠠᠩ ᠰᠤᠷᠲᠠᠯ ᠪᠠ ᠰᠦᠷᠳᠡᠰᠢ ᠦᠭᠡᠢ ᠰᠥᠰᠥ ᠵᠣᠷᠢᠭ ᠢ ᠬᠠᠮᠤᠭ ᠠᠴᠠ ᠬᠡᠷᠡᠭᠰᠡᠨ᠎ᠡ᠃ ᠭᠤᠶᠠᠴᠢ ᠦᠭᠡᠢ ᠬᠥᠮᠦᠨ ᠠᠶᠤᠬᠤ | ᠦᠭᠡᠢ᠂ ᠠᠶᠤᠬᠤ ᠦᠭᠡᠢ ᠬᠥᠮᠦᠨ ᠰᠠᠶ᠋ᠢ ᠡᠭᠦᠷᠭᠡᠯᠡᠵᠦ᠂ ᠲᠡᠮᠡᠴᠡᠵᠦ ᠴᠢᠳᠠᠨ᠎ᠠ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢᠯ ᠤᠨ ᠬᠠᠷᠢᠭᠤᠴᠠᠯᠭ᠎ᠠ ᠮᠥᠨ᠂ | ᠵᠣᠷᠢᠭᠲᠠᠢ ᠬᠠᠷᠢᠭᠤᠴᠠᠬᠤ ᠶᠢ ᠰᠠᠶ᠋ᠢ ᠵᠢᠩᠭᠢᠨᠢ ᠡᠭᠦᠷᠭᠡᠯᠡᠯ᠂ ᠵᠢᠩᠭᠢᠨᠢ ᠲᠡᠮᠡᠴᠡᠯ ᠬᠡᠵᠤ ᠬᠡᠯᠡᠨ᠎ᠡ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ | ᠺᠠᠳ᠋ᠷᠴᠤᠳ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠠ ᠲᠣᠬᠢᠶᠠᠯ ᠤᠨ ᠡᠮᠦᠨ᠎ᠡ ᠰᠠᠨᠠᠭᠠᠴᠢᠯᠠᠭ᠎ᠠ ᠠᠴᠠ ᠪᠠᠨ ᠲᠡᠮᠡᠴᠡᠵᠦ᠂ ᠡᠷᠡᠭᠡᠯᠵᠡᠬᠦ | ᠦᠭᠡᠢ᠂ ᠬᠠᠷᠠᠵᠤ ᠰᠠᠭᠤᠬᠤ ᠦᠭᠡᠢ ᠪᠠᠶᠢᠬᠤ ᠬᠡᠷᠡᠭᠲᠡᠢ︔ ᠬᠦᠴᠢᠷ ᠪᠡᠷᠬᠡᠰᠢᠶᠡᠯ ᠤᠨ ᠡᠮᠦᠨ᠎ᠡ ᠬᠦᠴᠢᠷ ᠢ ᠰᠥᠷᠦᠨ ᠤᠷᠤᠭᠰᠢᠯᠠᠵᠤ᠂ ᠬᠠᠷᠢᠯᠴᠠᠨ ᠲᠦᠯᠬᠢᠯᠴᠡᠬᠦ | ᠦᠭᠡᠢ᠂ ᠵᠠᠶᠢᠯᠠᠬᠤ ᠦᠭᠡᠢ ᠪᠠᠶᠢᠬᠤ ᠬᠡᠷᠡᠭᠲᠡᠢ︔ ᠠᠶᠤᠯ ᠲᠦᠭᠰᠢᠭᠦᠷᠢ ᠶᠢ ᠢᠳᠡᠪᠬᠢᠲᠡᠢ ᠠᠷᠭᠠᠴᠠᠭᠠᠵᠤ᠂ ᠵᠢᠷᠦᠬᠡᠰᠢᠶᠡᠬᠦ ᠦᠭᠡᠢ᠂ ᠵᠠᠶᠢᠯᠠᠬᠤ ᠦᠭᠡᠢ ᠪᠠᠶᠢᠬᠤ | ᠬᠡᠷᠡᠭᠲᠡᠢ᠃ ᠡᠭᠦᠷᠭᠡᠯᠡᠯ ᠪᠠ ᠲᠡᠮᠡᠴᠡᠯ ᠪᠣᠯ ᠨᠢᠭᠡ ᠵᠦᠢᠯ ᠤᠨ ᠪᠠᠶᠢᠷᠢᠰᠢᠯ ᠮᠥᠨ᠂ ᠬᠡᠰᠡᠭ ᠲᠠᠯ᠎ᠠ ᠨᠢ ᠪᠦᠬᠦ ᠲᠠᠯ᠎ᠠ ᠶᠢ ᠳᠠᠭᠠᠬᠤ ᠶᠢ ᠪᠠᠷᠢᠮᠲᠠᠯᠠᠵᠤ᠂ | ᠤᠬᠠᠮᠰᠠᠷ ᠠᠴᠠ ᠪᠠᠨ ᠶᠡᠭᠡ ᠲᠠᠯ᠎ᠠ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠨᠢ ᠨᠡᠩ ᠡᠷᠬᠢᠮ ᠨᠠᠨᠳᠢᠨ ᠶᠤᠮ᠃ ᠬᠡᠬᠦᠳᠡᠭ ᠰᠡᠳᠬᠢᠯ ᠳᠡᠭᠡᠨ ︽ᠤᠯᠤᠰ ᠤᠨ ᠶᠡᠭᠡ | ᠶᠠᠪᠤᠳᠠᠯ︾ ᠢ ᠡᠪᠦᠷᠯᠡᠵᠤ᠂ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠠᠰᠠᠭᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠢ ᠬᠢᠵᠦ᠂ | ᠠᠯᠢᠪᠠ ᠠᠵᠢᠯ ᠳᠤ ᠴᠥᠮ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠤᠷᠢᠲᠠᠯ | ᠪᠣᠯᠭᠠᠵᠤ᠂ ᠬᠡᠰᠡᠭ ᠲᠠᠯ᠎ᠠ ᠶᠢᠨ ᠠᠰᠢᠭ ᠲᠤᠰᠠ ᠶᠢᠨ ᠲᠥᠯᠥᠭᠡ ᠪᠦᠬᠦ ᠲᠠᠯ᠎ᠠ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ᠂ ᠲᠦᠷ ᠴᠠᠭ ᠤᠨ ᠠᠰᠢᠭ | ᠲᠤᠰᠠ ᠶᠢᠨ ᠲᠥᠯᠥᠭᠡ ᠦᠨᠳᠦᠰᠦᠨ ᠠᠰᠢᠭ ᠲᠤᠰᠠ ᠪᠠ ᠠᠯᠤᠰ ᠬᠡᠳᠦ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠳᠡᠭᠡᠷ ᠵᠢᠯ ᠤᠳ ᠲᠤ᠂ ᠪᠢᠳᠡ ᠡᠷᠬᠡᠪᠰᠢ ᠮᠠᠰᠢ ᠤᠯᠠᠨ ᠰᠢᠨ᠎ᠡ ᠲᠡᠦᠬᠡ ᠶᠢᠨ ᠣᠨᠴᠠᠯᠢᠭ ᠲᠠᠢ ᠠᠭᠤᠤ ᠶᠡᠭᠡ ᠲᠡᠮᠡᠴᠡᠯ ᠬᠢᠬᠦ ᠪᠠᠷ ᠪᠡᠯᠡᠳᠭᠡᠬᠦ | ᠬᠡᠷᠡᠭᠲᠡᠢ ᠭᠡᠵᠦ ᠴᠢᠬᠤᠯᠠᠴᠢᠯᠠᠪᠠ᠂ ᠶᠠᠭ ᠡᠶᠢᠮᠦ ᠦᠵᠡᠯ ᠰᠠᠨᠠᠭᠠᠨ ᠤ ᠪᠡᠯᠡᠳᠭᠡᠯ ᠲᠠᠢ ᠪᠣᠯᠪᠠᠯ ᠪᠢᠳᠡ ᠰᠠᠶ᠋ᠢ ᠠᠯᠢ ᠤᠯᠠᠨ ᠠᠶᠤᠯ ᠲᠦᠭᠰᠢᠭᠦᠷᠢ ᠶᠢᠨ ᠰᠢᠯᠭᠠᠯᠲᠠ ᠶᠢ | ᠯᠠᠪᠳᠠᠭᠤᠨ ᠢᠶᠠᠷ ᠠᠷᠭᠠᠴᠠᠭᠠᠵᠤ ᠴᠢᠳᠠᠨ᠎ᠠ᠃ ᠭᠠᠭᠴᠠ ᠬᠦ ᠠᠰ ᠲᠤᠯᠤᠨ ᠡᠷᠡᠯᠬᠡᠭᠯᠡᠨ ᠪᠠᠶᠢᠯᠳᠤᠵᠤ ᠢᠯᠠᠯᠳᠠ ᠤᠯᠬᠤ ᠣᠮᠤᠭ ᠵᠤᠷᠢᠭ ᠢᠶᠠᠷ ᠵᠣᠷᠢᠭᠲᠠᠶ ᠲᠡᠮᠡᠴᠡᠵᠦ᠂ | ᠴᠢᠳᠠᠮᠠᠭᠠᠶ ᠲᠡᠮᠡᠴᠡᠪᠡᠯ ᠪᠢᠳᠡ ᠰᠠᠶ᠋ᠢ ᠨᠡᠷ᠎ᠡ ᠬᠦᠨᠳᠦ ᠪᠠᠨ ᠣᠯᠵᠤ᠂ ᠰᠠᠨᠠᠭᠠᠴᠢᠯᠠᠭᠠᠲᠤ ᠪᠠᠶᠢᠷᠢ ᠶᠢ ᠣᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠵᠤ ᠴᠢᠳᠠᠨ᠎ᠠ ᠭᠡᠳᠡᠭ ᠢ ᠲᠤᠭ᠎ᠠ ᠲᠣᠮᠰᠢ ᠥᠬᠡᠶ ᠪᠣᠳᠠᠲᠤ ᠶᠠᠪᠤᠳᠠᠯ ᠪᠢᠳᠡᠨ ᠳᠤ ᠬᠡᠯᠡᠵᠦ ᠥᠭᠪᠡ᠃ | ᠵᠠᠯᠠᠭᠤ ᠺᠠᠳ᠋ᠷᠴᠤᠳ ᠵᠠᠪᠠᠯ ᠨᠢᠷᠤᠭᠤ ᠭᠡᠳᠡᠶᠢᠵᠦ᠂ ᠡᠮᠦᠨ᠎ᠡ ᠨᠢ ᠭᠠᠪᠰᠢᠭᠠᠶᠢᠯᠠᠨ ᠲᠡᠮᠡᠴᠡᠵᠦ᠂ ᠲᠡᠮᠡᠴᠡᠯ ᠤᠨ ᠳᠤᠮᠳᠠ ᠰᠠᠯᠬᠢ ᠪᠣᠷᠣᠭᠠᠨ ᠢ ᠦᠩᠬᠡᠷᠡᠬᠦᠯᠵᠤ᠂ ᠨᠢᠳᠦ | ᠨᠡᠭᠡᠭᠡᠵᠤ ᠬᠠᠷᠠᠭ᠎ᠠ ᠪᠠᠨ ᠦᠷᠬᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠤ ᠴᠢᠬᠤᠯᠠ ᠨᠢᠭᠡ ᠵᠣᠷᠢᠯᠭ᠎ᠠ ᠪᠣᠯ ᠳᠠᠷᠤᠢ ᠪᠦᠬᠦ ᠨᠠᠮ ᠢ ᠬᠥᠮᠦᠵᠢᠭᠦᠯᠦᠨ ᠵᠢᠯᠣᠭᠤᠳᠴᠤ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ | ᠪᠣᠯᠬᠤ᠂ ᠶᠠᠭᠤ ᠬᠢᠬᠦ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠭᠦᠯᠵᠦ᠂ ᠨᠠᠮ ᠪᠣᠯᠤᠨ ᠠᠷᠠᠳ ᠲᠦᠮᠡᠨ ᠤ ᠴᠢᠰᠤ ᠮᠢᠬᠠᠨ ᠤ ᠬᠠᠷᠢᠴᠠᠭ᠎ᠠ ᠶᠢ | ᠢᠮᠠᠭᠲᠠ ᠪᠠᠲᠤᠯᠠᠪᠠ᠃ ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠬᠤ ᠳᠤ ᠡᠩ ᠲᠡᠷᠢᠭᠦᠨ ᠳᠤ ᠣᠯᠠᠨ ᠲᠦᠮᠡᠨ ᠳᠤ ᠬᠠᠶᠢᠷ᠎ᠠ ᠰᠡᠳᠭᠢᠯᠭᠡ ᠲᠠᠢ ᠪᠠᠶᠢᠵᠤ | ᠂ ᠥᠪᠡᠷ ᠢ ᠪᠠᠨ ᠦᠨᠡᠨ ᠬᠦ ᠤᠯᠠᠨ ᠲᠦᠮᠡᠨ ᠤ ᠨᠢᠭᠡ ᠭᠡᠰᠢᠭᠦᠨ ᠢᠶᠠᠷ ᠦᠵᠡᠵᠦ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠬᠤ ᠬᠡᠷᠡᠭᠲᠡᠢ᠃ | ᠰᠢᠨ᠎ᠡ ᠪᠠᠶᠢᠳᠠᠯ ᠳᠣᠣᠷᠠᠬᠢ ᠤᠯᠠᠨ ᠲᠦᠮᠡᠨ ᠤ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠭᠦᠨᠵᠡᠭᠡᠢ ᠰᠤᠳᠤᠯᠤᠨ ᠣᠨᠣᠪᠴᠢᠲᠠᠢ ᠡᠵᠡᠮᠰᠢᠵᠦ᠂ ᠤᠯᠠᠨ ᠲᠦᠮᠡᠨ ᠤ | ᠠᠵᠢᠯ ᠤᠨ ᠠᠷᠭ᠎ᠠ ᠶᠢ ᠰᠠᠶᠢᠵᠢᠷᠠᠭᠤᠯᠤᠨ᠂ ᠤᠯᠠᠨ ᠲᠦᠮᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠪᠣᠯ ᠭᠠᠷ ᠲᠤ | ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠮᠥᠨ᠂ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢᠶᠠᠷ ᠳᠠᠮᠵᠢᠭᠤᠯᠤᠨ ᠤᠯᠠᠨ ᠲᠦᠮᠡᠨ ᠤ ᠬᠦᠰᠡᠯ ᠡᠷᠡᠮᠡᠯᠵᠡᠯ ᠪᠠ | ᠭᠤᠶᠤᠴᠢᠯᠠᠯ ᠱᠠᠭᠠᠷᠳᠠᠯᠭ᠎ᠠ ᠶᠢ ᠲᠣᠳᠣᠷᠬᠠᠢ ᠣᠶᠢᠯᠠᠭᠠᠵᠤ᠂ ᠠᠵᠢᠯ ᠤᠨ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠡᠷᠢᠨ ᠣᠯᠵᠤ᠂ ᠨᠢᠭᠡ ᠠᠴᠠ ᠨᠦᠬᠦᠭᠡ ᠶᠢ | ᠵᠦᠢᠴᠢᠯᠡᠨ ᠮᠡᠳᠡᠵᠤ᠂ ᠬᠠᠯᠠᠨ ᠰᠠᠶᠢᠵᠢᠷᠠᠭᠤᠯᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠤᠳᠤᠷᠢᠳᠬᠤ ᠺᠠᠳ᠋ᠷᠴᠤᠳ ᠰᠦᠯᠵᠢᠶ᠎ᠡ ᠶᠢ | ᠰᠤᠷᠴᠤ᠂ ᠰᠦᠯᠵᠢᠶ᠎ᠡ ᠶᠢ ᠤᠶᠢᠯᠠᠭᠠᠵᠤ᠂ ᠰᠦᠯᠵᠢᠶ᠎ᠡ ᠶᠢ ᠬᠡᠷᠡᠭᠯᠡᠵᠦ᠂ ᠣᠯᠠᠨ ᠲᠦᠮᠡᠨ ᠤ ᠬᠦᠰᠡᠯ ᠪᠣᠳᠣᠯ ᠢ ᠤᠶᠢᠯᠠᠭᠠᠨ᠂ ᠰᠠᠶᠢᠨ ᠪᠣᠳᠣᠯ ᠰᠠᠶᠢᠨ ᠰᠠᠨᠠᠭᠤᠯᠭ᠎ᠠ ᠶᠢ | ᠴᠤᠭᠯᠠᠭᠤᠯᠵᠤ᠂ ᠰᠦᠯᠵᠢᠶᠡᠨ ᠢᠷᠭᠡᠳ ᠤᠨ ᠠᠩᠬᠠᠷᠤᠯ ᠳᠤ ᠢᠳᠡᠪᠬᠢᠲᠡᠶ ᠬᠠᠷᠢᠭᠤ ᠥᠭᠬᠦ ᠬᠡᠷᠡᠭᠲᠡᠶ᠃ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠠᠩᠬᠠᠷᠴᠤ᠂ ᠰᠦᠯᠵᠢᠶ᠎ᠠ ᠪᠠ ᠪᠤᠳᠠᠳᠤ ᠴᠤᠭᠴᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ | ᠦᠵᠡᠯ ᠰᠠᠨᠠᠭ᠎ᠠ ᠶᠢ ᠬᠥᠲᠥᠯᠥᠨ ᠵᠢᠯᠣᠭᠤᠳᠬᠤ ᠪᠠ ᠨᠢᠭᠲᠠᠷᠠᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠴᠧᠨ ᠰᠢ ᠬᠢᠴᠢᠶᠠᠯ ᠡᠬᠢᠯᠡᠬᠦ ᠶᠣᠰᠣᠯᠠᠯ ᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠳᠤ ᠵᠠᠯᠠᠭᠤ ᠺᠠᠳ᠋ᠷᠴᠤᠳ ᠲᠤ ᠲᠠᠯᠪᠢᠭᠰᠠᠨ | ᠴᠢᠩ ᠰᠡᠳᠭᠢᠯ ᠤᠨ ᠬᠦᠰᠡᠯ ᠡᠷᠡᠮᠡᠯᠵᠡᠯ ᠠᠭᠤᠯᠤᠭᠳᠠᠵᠤ᠂ ᠥᠷᠭᠡᠨ ᠤᠯᠠᠨ ᠵᠠᠯᠠᠭᠤ ᠺᠠᠳ᠋ᠷᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠴᠢᠷᠮᠠᠶᠢᠬᠤ ᠴᠢᠭᠯᠡᠯ ᠢ | ᠲᠣᠳᠣᠷᠬᠠᠢ ᠵᠢᠭᠠᠨ ᠦᠭᠴᠡᠢ᠂ ᠭᠦᠨᠵᠡᠭᠡᠢ ᠰᠤᠷᠤᠯᠴᠠᠨ ᠣᠶᠢᠯᠠᠭᠠᠵᠤ᠂ ᠦᠨᠡᠨ ᠬᠦ ᠰᠡᠳᠭᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠲᠡᠭᠡᠷ᠎ᠡ ᠪᠠᠨ ᠢᠯᠡᠷᠡᠭᠦᠯᠬᠦ | ᠬᠡᠷᠡᠭᠲᠡᠢ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ | ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠵᠤ᠂ ᠰᠢᠨ᠎ᠡ ᠠᠶᠠᠨ ᠳᠤ ᠡᠷᠡᠮᠡᠬᠡᠶᠢᠯᠡᠨ | ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠷᠭᠠᠭᠤ ᠬᠠᠲᠠᠭᠤᠵᠢᠯᠲᠠᠢ | ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ ᠭᠡᠵᠦ ᠢᠯᠡᠳᠭᠡᠪᠡ᠃ | ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠪᠠ᠃ | 2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ | ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠰᠤᠷᠤᠯᠭᠠᠲᠠᠳ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠤ᠂ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠢᠴᠢᠶᠡᠯ ᠡᠬᠢᠯᠡᠬᠦ ᠶᠣᠰᠣᠯᠠᠯ ᠳᠤ ᠰᠤᠯᠠ ᠣᠷᠣᠯᠴᠠᠪᠠ᠃ |