| | ᠰᠢ ᠶᠢᠨ ᠫᠢᠩ ᠸᠠᠩ ᠶᠠᠩ ᠸᠠᠩ ᠬᠤ᠋ ᠨᠢᠩ ᠵᠤᠤ ᠯᠧ ᠵᠶᠢ ᠬᠠᠨ ᠵᠧᠩ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠵᠦ ᠯᠢ ᠵᠠᠨ ᠱᠸ ᠬᠤᠷᠠᠯ ᠢ ᠡᠷᠬᠢᠯᠡᠪᠡ | ᠣᠷᠣᠨ ᠨᠤᠲᠤᠭ ᠤᠨ ᠵᠣᠬᠢᠶᠠᠨ ᠪᠠᠶᠢᠭᠤᠯᠤᠯᠳᠠ ᠶᠢᠨ ᠬᠠᠤᠯᠢ ᠳᠤ ᠵᠠᠰᠠᠪᠤᠷᠢ ᠣᠷᠣᠭᠤᠯᠬᠤ ᠳᠤᠬᠠᠢ ᠲᠥᠰᠦᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠪᠣᠯᠤᠨ ᠰᠣᠩᠭᠤᠭᠤᠯᠢ ᠶᠢᠨ ᠠᠰᠠᠭᠤᠳᠠᠯ ᠤᠨ | ᠲᠣᠭᠲᠠᠭᠠᠯ ᠤᠨ ᠲᠤᠬᠠᠢ ᠲᠥᠰᠦᠯ ᠤᠨ ᠲᠣᠳᠣᠷᠬᠠᠶᠢᠯᠠᠯᠲᠠ ᠵᠡᠷᠭᠡ ᠶᠢ ᠰᠣᠨᠣᠰᠪᠠ | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ 5 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 3000 ᠰᠢᠬᠠᠮ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ | ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠭᠡᠨ᠎ᠡ᠃ | | | 3 ᠰᠠᠷ᠎ᠠ ᠶᠢᠨ 5 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠠᠪᠤᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠨᠠᠮ ᠪᠠ ᠲᠦᠷᠦ ᠶᠢᠨ ᠤᠳᠤᠷᠢᠳᠬᠤ ᠬᠥᠮᠦᠨ ᠰᠢ | ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ ᠸᠠᠩ ᠴᠢ ᠱᠠᠨ ᠨᠠᠷ ᠬᠤᠷᠠᠯ ᠳᠤ ᠣᠷᠣᠯᠴᠠᠵᠤ᠂ ᠯᠢ ᠵᠠᠨ ᠱᠤ᠋ | ᠬᠤᠷᠠᠯ ᠢ ᠡᠷᠬᠢᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | | 3 ᠰᠠᠷ᠎ᠠ ᠶᠢᠨ 5 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ | ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠲᠡᠬᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠦᠨ ᠤ ᠶᠣᠰᠣᠯᠠᠯ ᠤᠨ ᠲᠠᠩᠬᠢᠮ ᠳᠤ ᠠᠭᠤᠷ ᠠᠮᠢᠰᠬᠤᠯ ᠥᠪᠡᠲᠡᠭᠰᠢ ᠶᠡᠭᠡ ᠪᠥᠭᠡᠳ ᠬᠥᠷ | ᠬᠥᠭᠵᠢᠶᠡᠨ ᠢᠶᠠᠷ ᠪᠢᠯᠬᠠᠵᠤ᠂ ᠲᠡᠷᠢᠭᠦᠯᠡᠭᠴᠢᠳ ᠤᠨ ᠲᠠᠶᠢᠰᠠᠨ ᠤ ᠬᠥᠰᠢᠭᠡ ᠶᠢᠨ ᠭᠤᠤᠯ ᠳᠤᠮᠳᠠ ᠡᠯᠬᠦᠭᠳᠡᠭᠰᠡᠨ ᠤᠯᠤᠰ ᠤᠨ ᠰᠦᠯᠳᠡ ᠬᠢᠭᠡᠳ ᠬᠤᠷᠴᠠ ᠤᠯᠠᠭᠠᠨ | ᠲᠤᠭ ᠦᠩᠬᠡ ᠢᠯᠭᠠᠷᠠᠨ ᠬᠡᠷᠡᠯ ᠳᠠᠳᠠᠨ ᠬᠢᠯᠠᠯᠵᠠᠨ᠎ᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠵᠠᠨ ᠱᠸ ᠬᠤᠷᠠᠯ ᠢ ᠡᠷᠬᠢᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ | ᠴᠦᠨ ᠰᠢᠶᠠᠨ᠂ ᠱᠧᠨ ᠶᠤᠸᠠᠢ ᠶᠤᠸᠠᠢ᠂ ᠵᠶᠢ ᠪᠢᠩ ᠰᠢᠤᠸᠠᠨ᠂ ᠡ᠋ᠶᠢᠯᠢᠭᠧᠩ·ᠢᠮᠢᠩᠪᠠᠭ᠋ᠠᠢ᠂ ᠸᠠᠨ ᠧ ᠰᠢᠶᠠᠩ᠂ ᠴᠧᠨ ᠵᠦ᠂ ᠸᠠᠩ ᠳ᠋ᠦᠩ ᠮᠢᠩ᠂ | ᠪᠠᠳᠮᠠᠫᠧᠷᠡᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠸ ᠸᠧᠢ ᠬᠤᠸᠠ᠂ ᠶᠠᠩ ᠵᠧᠨ ᠡᠸ ᠲᠡᠷᠢᠭᠦᠯᠡᠭᠴᠢᠳ ᠤᠨ ᠲᠠᠶᠢᠰᠠᠨ ᠤ | ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ | | 3 ᠰᠠᠷ᠎ᠠ ᠶᠢᠨ 5 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠵᠠᠨ ᠱᠤ᠋ ᠬᠤᠷᠠᠯ ᠢ ᠡᠷᠬᠢᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ ᠸᠠᠩ ᠴᠢ ᠱᠠᠨ ᠪᠣᠯᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃ | ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠤᠷᠤᠯᠴᠠᠬᠤ | ᠶᠤᠰᠤᠳᠠᠢ ᠲᠥᠯᠥᠭᠡᠯᠡᠭᠴᠢ 2951 ᠬᠦᠮᠦᠨ ᠪᠤᠢ᠃ 5 ᠤ ᠦᠳᠡ ᠶᠢᠨ ᠡᠮᠦᠨᠡᠬᠢ ᠬᠤᠷᠠᠯ ᠳᠤ 2790 ᠬᠥᠮᠦᠨ ᠣᠷᠣᠯᠴᠠᠵᠤ᠂ 161 ᠬᠥᠮᠦᠨ ᠣᠷᠣᠯᠴᠠᠭᠰᠠᠨ | ᠥᠬᠡᠶ᠂ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠦᠳᠡ ᠶᠢᠨ ᠡᠮᠦᠨᠡᠬᠢ 9 ᠴᠠᠭ ᠲᠤ ᠯᠢ ᠵᠠᠨ ᠱᠸ᠄ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠯ᠎ᠡ ᠭᠡᠵᠦ ᠨᠡᠶᠢᠲᠡᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ | ᠤᠯᠤᠰ ᠤᠨ ᠰᠦᠯᠳᠡ ᠳᠠᠭᠤᠤ ᠶᠢ ᠬᠠᠩᠬᠢᠨᠠᠳᠠᠯ᠎ᠠ ᠳᠠᠭᠤᠯᠠᠪᠠ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ | ᠬᠤᠷᠢᠶᠠᠨ ᠤ ᠡᠮᠦᠨ᠎ᠡ ᠠᠴᠠ ᠶᠡᠭᠡ ᠬᠤᠷᠠᠯ ᠲᠡᠬᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠵᠡᠢ᠃ ᠢᠯᠡᠳᠭᠡᠯ ᠨᠢ ᠭᠤᠷᠪᠠᠨ ᠬᠡᠰᠡᠭ ᠢᠶᠠᠷ ᠪᠦᠷᠢᠯᠳᠦᠪᠡ᠄ | ᠨᠢᠭᠡ᠂ 2021 ᠣᠨ ᠤ ᠠᠵᠢᠯ ᠤᠨ ᠡᠷᠭᠢᠴᠡᠭᠦᠯᠦᠯ︔ ᠬᠤᠶᠠᠷ᠂ 2022 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠠ | ᠲᠥᠷᠥ ᠶᠢᠨ ᠪᠣᠳᠣᠯᠭ᠎ᠠ ᠶᠢᠨ ᠬᠠᠨᠳᠤᠰᠢ︔ ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ᠃ | ᠯᠢ ᠺᠧ ᠴᠢᠶᠠᠩ ᠢᠯᠡᠳᠭᠡᠯ ᠳᠡᠭᠡᠨ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠡᠮᠳᠡᠭ ᠤᠨ ᠠᠴᠢ | ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠢ | ᠠᠮᠵᠢᠯᠲᠠ ᠲᠠᠢ ᠬᠤᠷᠠᠯᠳᠤᠭᠤᠯᠵᠤ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠢᠶᠠᠨ ᠡᠬᠢᠯᠡᠭᠦᠯᠪᠡ᠃ ᠨᠢᠭᠡ ᠵᠢᠯ ᠤᠨ ᠲᠤᠷᠰᠢ | ᠂ ᠨᠠᠷᠢᠨ ᠪᠤᠳᠤᠯᠢᠶᠠᠨᠲᠠᠶ ᠪᠡᠷᠭᠡ ᠬᠠᠳᠠᠭᠤᠵᠢᠯᠳᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ ᠠᠯᠢ ᠣᠯᠠᠨ ᠠᠶᠤᠯ ᠲᠦᠭᠰᠢᠭᠦᠷᠢ | ᠥᠷᠢᠰᠥᠯᠳᠦᠭᠡᠨ ᠤ ᠡᠮᠦᠨ᠎ᠡ᠂ ᠤᠯᠤᠰ ᠳᠠᠶᠠᠭᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠵᠢᠯ ᠤᠨ ᠭᠤᠤᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠨ ᠰᠠᠶᠢᠬᠠᠨ ᠡᠬᠢᠯᠡᠯᠲᠡ ᠲᠠᠢ ᠪᠣᠯᠭᠠᠵᠤ᠂ ᠮᠠᠨ ᠤ ᠤᠯᠤᠰ ᠤᠨ ᠬᠥᠭᠵᠢᠯᠲᠡ ᠪᠠᠰᠠ ᠴᠢᠬᠤᠯᠠ ᠶᠡᠭᠡ ᠰᠢᠨ᠎ᠡ | ᠠᠮᠵᠢᠯᠲᠠ ᠤᠯᠵᠠᠢ ᠬᠡᠵᠥ ᠵᠢᠭᠠᠵᠥ ᠭᠠᠷᠭᠠᠪᠠ᠃ | ᠯᠢ ᠺᠧ ᠴᠢᠶᠠᠩ ᠢᠯᠡᠳᠬᠡᠯ ᠳᠡᠭᠡᠨ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠷᠸ᠎ᠠ ᠲᠦᠷᠦ ᠶᠢᠨ | ᠪᠤᠳᠤᠯᠭ᠎ᠠ ᠶᠢᠨ ᠦᠶᠡᠯᠡᠯ ᠠᠯᠤᠰᠯᠠᠬᠤ ᠪᠠ ᠦᠶᠡᠯᠡᠯ ᠦᠭᠰᠦᠬᠦ ᠲᠤᠬᠢᠷᠠᠭᠤᠯᠤᠯᠳᠠ ᠶᠢ ᠴᠢᠬᠤᠯᠠᠴᠢᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠠᠷᠭᠠᠴᠠᠭᠠᠵᠤ᠂ ᠭᠤᠣᠯᠳᠠᠭᠤ ᠳᠣᠣᠷᠠᠬᠢ ᠠᠵᠢᠯ ᠢ ᠬᠢᠪᠡ᠄ ᠨᠢᠭᠡ ᠳᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ | ᠬᠠᠨᠳᠤᠯᠭᠠᠲᠤ ᠴᠢᠨᠠᠷ ᠢ ᠪᠠᠲᠤᠯᠠᠵᠤ᠂ ᠠᠵᠤ ᠠᠬᠤᠢ ᠶᠢᠨ ᠡᠷᠬᠢᠯᠳᠠ ᠵᠣᠬᠢᠰᠲᠠᠢ ᠬᠡᠪᠴᠢᠶᠡᠨ ᠳᠤ ᠪᠠᠶᠢᠬᠤ ᠶᠢ ᠠᠬᠢᠭᠤᠯᠪᠠ︔ ᠬᠤᠶᠠᠷ ᠲᠤ᠂ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠠᠴᠠ ᠮᠤᠯᠳᠤᠷᠠᠭᠤᠯᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠰᠡᠷᠭᠦᠯᠲᠡ ᠶᠢᠨ | ᠰᠠᠭᠤᠷᠢ ᠶᠢ ᠪᠠᠬᠢᠵᠢᠭᠦᠯᠪᠠ︔ ᠭᠤᠷᠪᠠ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ︔ ᠳᠥᠷᠪᠡ ᠳᠤ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠶᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ︔ ᠲᠠᠪᠤ ᠳᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠵᠤ᠂ ᠠᠵᠤ ᠠᠬᠤᠢ ᠶᠢᠨ ᠪᠠᠶᠢᠷᠢᠰᠢᠭᠤᠯᠤᠯᠳᠠ ᠶᠢ ᠲᠠᠰᠤᠷᠠᠯᠳᠠ ᠦᠭᠡᠢ ᠰᠢᠯᠢᠳᠡᠭᠵᠢᠭᠦᠯᠪᠠ︔ ᠵᠢᠷᠭᠤᠭ᠎ᠠ ᠳᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ︔ ᠲᠤᠯᠤᠭ᠎ᠠ ᠳᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ | ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠢ ᠲᠦᠷᠭᠡᠳᠭᠡᠨ ᠬᠦᠭᠵᠢᠬᠦᠯᠪᠠ︔ ᠨᠠᠢᠮᠠ ᠳᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠ | ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠵᠠᠢ ᠭᠡᠵᠤ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠭᠡᠯ ᠳᠡᠭᠡᠨ᠂ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠠ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠣᠯᠤᠨ | ᠥᠷᠢᠰᠥᠯᠳᠦᠭᠡᠨ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠥᠷᠢᠰᠥᠯᠳᠦᠭᠡᠨ ᠳᠤ | ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ | ᠦᠭᠡᠢ ᠪᠠᠶᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠯᠢ ᠺᠧ ᠴᠢᠶᠠᠩ ᠢᠯᠡᠳᠭᠡᠯ ᠳᠡᠭᠡᠨ᠂ 2022 ᠣᠨ ᠤ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ ᠪᠦᠬᠦ ᠵᠢᠯ ᠳᠤ 5.5% ᠶᠢᠨ ᠳᠣᠲᠣᠷ᠎ᠠ ᠡᠵᠡᠮᠳᠡᠨ᠎ᠡ︔ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ | ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠢᠵᠢᠯᠢ ᠠᠯᠬᠤᠮ ᠲᠠᠢ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠤᠨ | ᠪᠠᠶᠢᠳᠠᠯ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ | ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ︔ ᠠᠮᠢ ᠠᠬᠤᠢ ᠣᠷᠴᠢᠨ ᠲᠤᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠵᠤ᠂ ᠭᠤᠣᠯ ᠪᠤᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ︔ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠨᠢᠭᠡᠳᠦᠯᠲᠡᠶ ᠲᠥᠯᠥᠪᠵᠢᠬᠦᠯᠤᠨ ᠬᠢᠨᠡᠨ ᠪᠠᠶᠢᠴᠠᠭᠠᠬᠤ ᠶᠢᠨ ᠬᠠᠮᠲᠤ ᠵᠣᠬᠢᠰᠲᠠᠶ ᠬᠠᠷᠢᠮᠠᠬᠠᠶ ᠴᠢᠨᠠᠷ ᠦᠯᠡᠳᠡᠭᠡᠵᠦ᠂ ᠰᠢᠨ᠎ᠡ ᠪᠠᠷ ᠨᠡᠮᠡᠭᠳᠡᠬᠦ ᠲᠠᠬᠢᠯᠳᠠ ᠡᠨᠧᠷᠭᠢ ᠪᠠ | ᠲᠦᠭᠦᠬᠡᠶ ᠮᠠᠲ᠋ᠧᠷᠢᠶᠠᠯ ᠤᠨ ᠬᠡᠷᠡᠭᠯᠡᠬᠦ ᠡᠨᠧᠷᠭᠢ ᠶᠢ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠳᠤ ᠣᠷᠣᠭᠤᠯᠬᠤ ᠥᠬᠡᠶ ᠭᠡᠵᠤ ᠲᠤᠷᠠᠳᠪᠠ᠃ | ᠯᠢ ᠺᠧ ᠴᠢᠶᠠᠩ ᠢᠯᠡᠳᠭᠡᠯ ᠳᠡᠭᠡᠨ᠂ 2022 ᠣᠨ ᠳᠤ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠄ ᠬᠤᠷᠸ᠎ᠠ ᠠᠵᠤ | ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠨ᠎ᠠ︔ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠨ᠂ ᠬᠤᠷᠸ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠤᠨ᠎ᠠ︔ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠨ᠎ᠡ︔ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠦᠭᠵᠢᠯᠳᠠ ᠶᠢᠨ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ︔ | ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ | ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠬᠢᠭᠤᠯᠤᠨ᠎ᠠ︔ ᠲᠠᠷᠢᠶᠠᠯᠠᠩ ᠤᠨ ᠦᠶᠯᠡᠳᠪᠦᠷᠢᠯᠡᠯ ᠢ ᠬᠦᠴᠤᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︔ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠭᠠᠳᠠᠭᠠᠳᠤ ᠠᠷᠠᠯᠵᠢᠶ᠎ᠠ | ᠭᠠᠳᠠᠭᠠᠳᠤ ᠪᠡᠯᠡ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ︔ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠥᠬᠡᠶ | ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠨ ᠰᠢᠨ᠎ᠡ ᠶᠢ ᠡᠭᠦᠳᠦᠨ᠎ᠡ ᠭᠡᠵᠤ ᠵᠢᠭᠠᠵᠤ ᠭᠠᠷᠭᠠᠪᠠ᠃ | ᠢᠯᠡᠳᠭᠡᠯ ᠳᠤ᠂ ᠯᠢ ᠺᠧ ᠴᠢᠶᠠᠩ ᠪᠠᠰᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ᠂ ᠦᠨᠳᠦᠰᠦᠲᠡᠨ᠂ ᠱᠠᠰᠢᠨ ᠰᠤᠷᠲᠠᠬᠤᠨ ᠪᠣᠯᠤᠨ | ᠬᠠᠷᠢᠶᠠᠲᠤ ᠨᠠᠷ ᠤᠨ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ᠂ ᠰᠢᠶᠠᠩᠭᠠᠩ᠂ ᠣᠣᠮᠧᠨ ᠤ ᠬᠥᠭᠵᠢᠯᠲᠡ ᠪᠣᠯᠤᠨ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠵᠡᠷᠭᠡ ᠶᠢᠨ ᠲᠤᠬᠠᠢ | ᠲᠣᠳᠣᠷᠬᠠᠶᠢᠯᠠᠨ ᠥᠭᠦᠯᠡᠵᠡᠢ᠃ | ᠬᠤᠷᠠᠯ ᠤᠨ ᠵᠥᠪᠯᠡᠬᠦ ᠵᠦᠶᠯ ᠢ ᠦᠨᠳᠦᠰᠦᠯᠡᠨ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ 2021 ᠣᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ᠵᠢᠴᠢ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠦᠯ᠂ ᠲᠥᠷᠥ ᠶᠢᠨ ᠶᠠᠪᠤᠳᠠᠯ ᠤᠨ ᠬᠤᠷᠢᠶᠠᠨ ᠤ 2021 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ | ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠵᠢᠴᠢ 2022 ᠣᠨ ᠤ | ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠨ᠎ᠠ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠸᠠᠩ ᠴᠧᠨ ᠲᠤᠰ ᠲᠤᠰ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ | ᠪᠠᠶᠢᠭᠤᠯᠤᠯᠳᠠ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠥᠰᠦᠯ ᠤᠨ ᠲᠣᠳᠣᠷᠬᠠᠶᠢᠯᠠᠯᠲᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠷᠤᠨ ᠲᠤᠭ᠎ᠠ ᠪᠣᠯᠤᠨ ᠰᠣᠩᠭᠤᠭᠤᠯᠢ ᠶᠢᠨ ᠠᠰᠠᠭᠤᠳᠠᠯ ᠤᠨ ᠲᠤᠭᠲᠠᠭᠠᠯ ᠤᠨ ᠲᠤᠬᠠᠢ | ᠲᠥᠰᠦᠯ ᠤᠨ ᠲᠣᠳᠣᠷᠬᠠᠶᠢᠯᠠᠯᠲᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠤᠬᠠᠢ ᠲᠥᠰᠦᠯ ᠤᠨ ᠲᠣᠳᠣᠷᠬᠠᠶᠢᠯᠠᠯᠲᠠ᠂ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ | ᠰᠣᠩᠭᠤᠬᠤ ᠠᠷᠭ᠎ᠠ ᠶᠢᠨ ᠲᠤᠬᠠᠢ ᠲᠥᠰᠦᠯ ᠤᠨ ᠲᠣᠳᠣᠷᠬᠠᠶᠢᠯᠠᠯᠲᠠ ᠬᠢᠪᠡ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠳᠠ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠥᠰᠦᠯ ᠤᠨ ᠲᠣᠳᠣᠷᠬᠠᠶᠢᠯᠠᠯᠲᠠ ᠳᠤ᠂ ᠣᠷᠣᠨ ᠨᠤᠲᠤᠭ ᠤᠨ | ᠵᠣᠬᠢᠶᠠᠨ ᠪᠠᠶᠢᠭᠤᠯᠤᠯᠳᠠ ᠶᠢᠨ ᠬᠠᠤᠯᠢ ᠪᠣᠯ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠷᠣᠨ ᠨᠤᠲᠤᠭ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠤᠯᠲᠠ ᠪᠠ ᠠᠵᠢᠯ ᠤᠨ ᠳᠦᠷᠢᠮ ᠤᠨ ᠲᠤᠬᠠᠢ ᠦᠨᠳᠦᠰᠦᠨ ᠬᠠᠤᠯᠢ ᠴᠠᠭᠠᠵᠠ ᠮᠥᠨ᠂ ᠣᠷᠣᠨ ᠨᠤᠲᠤᠭ ᠤᠨ ᠵᠠᠰᠠᠭ ᠤᠨ ᠡᠷᠬᠡ ᠶᠢᠨ | ᠪᠠᠶᠢᠭᠤᠯᠤᠯᠲᠠ ᠶᠢᠨ ᠲᠤᠬᠠᠢ ᠦᠨᠳᠦᠰᠦᠨ ᠬᠠᠤᠯᠢ ᠶᠢᠨ ᠬᠠᠤᠯᠢ ᠲᠣᠭᠲᠠᠭᠠᠯᠲᠠ ᠶᠢᠨ ᠬᠡᠷᠡᠭᠵᠢᠭᠦᠯᠦᠯᠲᠡ ᠮᠥᠨ᠂ ᠣᠷᠣᠨ ᠨᠤᠲᠤᠭ ᠤᠨ ᠡᠯ᠎ᠡ ᠱᠠᠲᠤᠨ ᠤ ᠤᠯᠤᠰ ᠤᠨ | ᠡᠷᠬᠡᠲᠦ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠬᠤᠯᠠ | ᠲᠦᠷᠢᠮ ᠤᠨ ᠪᠠᠲᠤᠯᠠᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠤᠯᠤᠰ ᠤᠨ ᠲᠦᠷᠦ ᠶᠢᠨ ᠡᠷᠬᠡᠲᠦ ᠪᠠᠶᠢᠭᠤᠯᠭ᠎ᠠ ᠶᠢᠨ ᠠᠵᠢᠯ ᠪᠣᠯᠤᠨ ᠪᠦᠲᠦᠭᠡᠡ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ | ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠵᠠᠢ | ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ | ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠠ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠳᠤ᠂ ᠦᠢᠯᠡᠳᠦᠯᠭᠡ ᠶᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠭᠰᠡᠨ ᠰᠠᠭᠤᠷᠢᠨ ᠳᠡᠭᠡᠷ᠎ᠡ᠂ ᠣᠷᠣᠨ ᠨᠤᠲᠤᠭ ᠤᠨ ᠵᠣᠬᠢᠶᠠᠨ | ᠪᠠᠶᠢᠭᠤᠯᠤᠯᠲᠠ ᠶᠢᠨ ᠬᠠᠤᠯᠢ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠭᠡᠵᠤ ᠵᠢᠭᠠᠵᠤ ᠭᠠᠷᠭᠠᠪᠠ᠃ ᠲᠥᠰᠦᠯ ᠳᠤ ᠨᠡᠶᠢᠳᠡ 48 ᠵᠦᠢᠯ ᠪᠤᠢ᠂ | ᠭᠤᠣᠯ ᠵᠠᠰᠠᠪᠤᠷᠢ ᠣᠷᠣᠭᠤᠯᠬᠤ ᠠᠭᠤᠯᠭ᠎ᠠ ᠳᠤ᠄ ︽ᠶᠡᠷᠦᠩᠬᠡᠢ ᠲᠦᠷᠢᠮ︾ ᠭᠡᠬᠦ ᠪᠦᠯᠦᠭ ᠤᠨ ᠠᠭᠤᠯᠭ᠎ᠠ ᠶᠢ ᠲᠡᠭᠦᠯᠳᠡᠷᠵᠢᠭᠦᠯᠦᠨ᠎ᠡ︔ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠵᠣᠬᠢᠶᠠᠨ ᠪᠠᠶᠢᠭᠤᠯᠬᠤ᠂ ᠡᠷᠬᠡ ᠲᠤᠰᠢᠶᠠᠯ ᠵᠡᠷᠭᠡ | ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ︔ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ᠂ | ᠡᠷᠬᠡ ᠲᠤᠰᠢᠶᠠᠯ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ︔ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠵᠣᠬᠢᠴᠠᠬᠤ | ᠬᠤᠯᠪᠣᠭᠳᠠᠯ ᠪᠦᠬᠦᠢ ᠠᠭᠤᠯᠭ᠎ᠠ ᠶᠢ ᠨᠡᠮᠡᠬᠦ ᠴᠢᠬᠤᠯᠠᠲᠠᠢ︔ ᠣᠷᠣᠨ ᠪᠦᠰᠡ ᠶᠢᠨ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢ ᠲᠣᠳᠣᠷᠬᠠᠶᠢᠯᠠᠨ᠎ᠠ︔ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠠᠭᠤᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠬᠤᠯᠪᠣᠭᠳᠠᠯ | ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠷᠤᠨ ᠲᠤᠭ᠎ᠠ | ᠪᠣᠯᠤᠨ ᠰᠣᠩᠭᠤᠭᠤᠯᠢ ᠶᠢᠨ ᠠᠰᠠᠭᠤᠳᠠᠯ ᠤᠨ ᠲᠣᠭᠲᠠᠭᠠᠯ ᠤᠨ ᠲᠤᠬᠠᠢ ᠲᠥᠰᠦᠯ ᠤᠨ ᠲᠣᠳᠣᠷᠬᠠᠶᠢᠯᠠᠯᠲᠠ ᠳᠤ᠂ ᠦᠨᠳᠦᠰᠦᠨ ᠬᠠᠤᠯᠢ ᠪᠣᠯᠤᠨ ᠬᠤᠯᠪᠣᠭᠳᠠᠯ ᠪᠦᠬᠦᠢ | ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠤᠰᠢᠶᠠᠯ ᠤᠨ ᠬᠤᠭᠤᠴᠠᠭ᠎ᠠ ᠨᠢ 2023 ᠣᠨ ᠤ 3 ᠰᠠᠷ᠎ᠠ ᠳᠤ ᠳᠠᠭᠤᠰᠴᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 2023 ᠣᠨ ᠤ 1 ᠰᠠᠷ᠎ᠠ ᠳᠤ ᠰᠣᠩᠭᠤᠨ ᠭᠠᠷᠭᠠᠨ᠎ᠠ᠃ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠢ ᠰᠠᠶᠢᠲᠤᠷ ᠬᠢᠬᠦ ᠨᠢ ᠨᠠᠮ ᠪᠠ ᠲᠦᠷᠦ ᠶᠢᠨ ᠤᠯᠤᠰ ᠲᠥᠷᠥ ᠶᠢᠨ | ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠂ ᠨᠠᠮ ᠤᠨ ᠣᠷᠳᠣ ᠬᠤᠭᠤᠴᠠᠭ᠎ᠠ ᠪᠠᠷ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ᠂ ᠤᠯᠤᠰ ᠤᠨ ᠲᠦᠷᠦ ᠶᠢᠨ | ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ᠂ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠦᠨᠳᠦᠰᠦᠨ ᠬᠠᠤᠯᠢ᠂ ᠰᠣᠩᠭᠤᠭᠤᠯᠢ ᠶᠢᠨ ᠬᠠᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠶᠠᠨ ᠳᠠᠷᠤᠭ᠎ᠠ ᠶᠢᠨ ᠬᠤᠷᠠᠯ ᠠᠴᠠ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠪᠣᠯᠤᠨ ᠰᠣᠩᠭᠤᠭᠤᠯᠢ ᠶᠢᠨ ᠠᠰᠠᠭᠤᠳᠠᠯ ᠤᠨ | ᠲᠣᠭᠲᠠᠭᠠᠯ ᠤᠨ ᠲᠤᠬᠠᠢ ᠲᠥᠰᠦᠯ ᠢ ᠲᠤᠭᠤᠷᠪᠢᠵᠤ᠂ 2021 ᠣᠨ ᠤ 12 ᠰᠠᠷ᠎ᠠ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠬᠤᠷᠠᠯ ᠠᠴᠠ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠳᠡᠪᠰᠢᠭᠦᠯᠦᠨ ᠬᠢᠨᠠᠨ | ᠵᠥᠪᠯᠡᠭᠦᠯᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃ | ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠤᠬᠠᠢ ᠲᠥᠰᠦᠯ ᠤᠨ ᠲᠣᠳᠣᠷᠬᠠᠶᠢᠯᠠᠯᠲᠠ ᠪᠠ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ | ᠲᠤᠬᠠᠢ ᠲᠥᠰᠦᠯ ᠤᠨ ᠲᠣᠳᠣᠷᠬᠠᠶᠢᠯᠠᠯᠲᠠ ᠳᠤ᠂ ᠰᠣᠩᠭᠤᠭᠤᠯᠢ ᠶᠢᠨ ᠬᠠᠤᠯᠢ ᠶᠢᠨ ᠲᠣᠭᠲᠠᠭᠠᠯ ᠶᠣᠰᠣᠭᠠᠷ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ | ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠬᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠳᠤ ᠤᠷᠤᠯᠴᠠᠬᠤ | ᠲᠥᠯᠥᠭᠡᠯᠡᠭᠴᠢ ᠶᠢᠨ ᠤᠷᠤᠨ ᠲᠤᠭ᠎ᠠ ᠪᠠ ᠲᠥᠯᠥᠭᠡᠯᠡᠭᠴᠢ ᠶᠢ ᠰᠣᠩᠭᠤᠨ ᠭᠠᠷᠭᠠᠬᠤ ᠠᠷᠭ᠎ᠠ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠠᠰ ᠲᠤᠨᠢ ᠲᠣᠭᠲᠠᠭᠠᠨ᠎ᠠ᠃ ᠡᠶᠢᠮᠦ ᠠᠴᠠ᠂ ᠲᠤᠰ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ᠂ ᠰᠢᠶᠠᠩᠭᠠᠩ᠂ ᠣᠣᠮᠧᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢ ᠲᠣᠭᠲᠠᠭᠠᠬᠤ ᠴᠢᠬᠤᠯᠠᠲᠠᠢ᠃ ᠬᠤᠯᠪᠣᠭᠳᠠᠯ ᠪᠦᠬᠦᠢ ᠠᠵᠢᠯ ᠤᠨ | ᠲᠤᠬᠢᠷᠠᠭᠤᠯᠤᠯᠲᠠ ᠶᠢ ᠦᠨᠳᠦᠰᠦᠯᠡᠵᠦ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠠᠵᠢᠯ ᠤᠨ ᠬᠤᠷᠢᠶ᠎ᠠ᠂ ᠰᠢᠶᠠᠩᠭᠠᠩ ᠣᠣᠮᠧᠨ ᠤ ᠦᠨᠳᠦᠰᠦ ᠪᠤᠯᠬᠤ ᠬᠠᠤᠯᠢ ᠴᠠᠭᠠᠵᠠ ᠶᠢᠨ ᠬᠤᠷᠢᠶ᠎ᠠ ᠲᠥᠪ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠥᠰᠦᠯ ᠢ ᠬᠠᠮᠲᠤ ᠪᠠᠷ | ᠰᠤᠳᠤᠯᠤᠨ ᠲᠤᠭᠤᠷᠪᠢᠭᠰᠠᠨ ᠪᠥᠭᠡᠳ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ᠂ ᠣᠣᠮᠧᠨ ᠤᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠪᠠ ᠣᠣᠮᠧᠨ ᠤᠨᠴᠠᠭᠠᠢ ᠵᠠᠰᠠᠭ ᠵᠠᠬᠢᠷᠭᠠᠨ ᠤ | ᠣᠷᠣᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠠᠴᠠ ᠰᠠᠨᠠᠯ ᠬᠤᠷᠢᠶᠠᠵᠠᠢ ᠭᠡᠵᠦ ᠵᠢᠭᠠᠵᠤ ᠭᠠᠷᠭᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ | ᠯᠢ ᠴᠢᠶᠠᠩ᠂ ᠯᠢ ᠬᠤᠩ ᠵᠥᠩ᠂ ᠶᠠᠩ ᠵᠢᠶᠧ ᠤᠤᠢ᠂ ᠶᠠᠩ ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ | ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠨ᠂ ᠸᠧᠶ ᠹᠧᠩ ᠾᠧ᠂ ᠸᠠᠩ ᠶᠦᠩ᠂ ᠸᠠᠩ ᠢ᠂ ᠰᠢᠶᠣᠤ ᠵᠢᠶᠧ᠂ | ᠵᠣᠣ ᠺᠧ ᡁᠢ᠂ ᠵᠧᠸ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠣᠣ᠂ ᠫᠠᠪᠠᠯᠠ·ᠭᠧᠯᠧᠭᠨᠡᠮᠵᠢᠯ᠂ ᠸᠠᠨ ᠭᠠᠩ᠂ ᠾᠧ ᠾᠧᠦ ᠬᠤᠸᠠ᠂ ᠯᠦ ᠵᠠᠨ | ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠣᠣ ᠯᠦᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ | ᠰᠤ᠋ ᠬᠤᠶ᠂ ᠵᠧᠩ ᠵᠢᠶᠠᠨ ᠪᠠᠩ᠂ ᠭᠦ ᠱᠧᠩ ᠽᠤ᠋᠂ ᠯᠢᠦ ᠰᠢᠨ ᠴᠧᠩ᠂ ᠾᠧ ᠸᠧᠶ᠂ ᠱᠤᠤ ᠬᠤᠩ᠂ ᠭᠤᠤ ᠶᠦᠨ ᠯᠦᠩ ᠵᠢᠴᠢ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠭᠡᠰᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠨᠡᠷ ᠪᠤᠢ᠃ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ ᠰᠤᠯᠠ ᠣᠷᠣᠯᠴᠠᠭᠰᠠᠨ ᠪᠥᠭᠡᠳ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ | ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠵᠠᠢ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ᠂ ᠡᠯ᠎ᠡ | ᠠᠷᠠᠳ ᠤᠨ ᠪᠦᠯᠬᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠭᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠴᠠᠢ᠃ | |