ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠥ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠥᠲᠥᠭᠡᠨ ᠪᠠᠶᠢᠭᠤᠯᠵᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠤᠬᠴᠠᠯᠠᠬᠤ ᠬᠡᠷᠡᠭᠳᠡᠢ
ᠨᠡᠶᠢᠲᠡᠯᠡᠭᠰᠡᠨ ᠴᠠᠭ᠄
2022/3/8
      ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠥ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠥ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠳᠤᠳᠬᠠᠬᠤ᠂ ᠤᠢᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠳᠤ ᠪᠤᠢ ᠪᠤᠯᠭᠠᠵᠥ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠥ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠥ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠥ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠤᠬᠴᠠᠯᠠᠵᠥ᠂ ᠲᠣᠭᠲᠠᠭᠤᠨ ᠪᠥᠭᠡᠳ ᠡᠷᠡᠭᠦᠯ ᠠᠵᠤ ᠠᠬᠤᠢ ᠶᠢᠨ ᠣᠷᠴᠢᠨ ᠳᠤᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠣᠷᠴᠢᠨ ᠲᠣᠭᠤᠷᠢᠨ ᠢ ᠬᠦᠴᠦᠯᠡᠨ ᠪᠠᠷᠢᠮᠳᠠᠯᠠᠵᠥ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠡᠢ ᠬᠡᠵᠥ ᠴᠢᠬᠤᠯᠠᠴᠢᠯᠠᠪᠠ᠃
     111.png
        3 ᠰᠠᠷ᠎ᠠ ᠶᠢᠨ 5 ᠤ ᠡᠳᠤᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠬᠦᠳᠡᠷᠯᠡᠪᠡ      ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠬᠥᠷ ᠬᠥᠭᠵᠢᠶᠡᠨ ᠲᠠᠢ ᠬᠢᠨᠠᠨ ᠵᠦᠪᠯᠡᠵᠥ ᠶᠠᠷᠢᠯᠴᠠᠵᠠᠭᠠᠪᠠ᠃ ᠵᠠᠩ ᠯᠸᠢ᠂ ᠭᠦᠸᠧ ᠶᠠᠨ ᠯᠢᠩ᠂ ᠵᠢᠶᠠ ᠷᠦᠨ ᠠᠨ᠂ ᠸᠠᠩ ᠰᠢᠶᠤᠤ ᠬᠤᠩ᠂ ᠹᠧᠩ ᠶᠠᠨ ᠯᠢ᠂ ᠵᠣᠣ ᠬᠤᠶ ᠵᠢᠶᠧ᠂ ᠱᠢ ᠢᠦᠢ ᠳ᠋ᠦᠩ ᠵᠡᠷᠭᠡ 7 ᠲᠥᠯᠥᠭᠡᠯᠡᠭᠴᠢ ᠲᠣᠰ ᠲᠣᠰ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠬᠤ᠂ ᠲᠠᠯ᠎ᠠ ᠨᠤᠲᠤᠭ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠬᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠡᠷᠭᠢᠯᠡᠵᠤ ᠰᠤᠷᠭᠠᠭᠤᠯᠢ ᠶᠢ ᠵᠠᠰᠠᠬᠤ ᠪᠢᠴᠢᠭ ᠵᠢᠭᠠᠵᠤ ᠬᠥᠮᠦᠨ ᠬᠥᠮᠦᠵᠢᠭᠦᠯᠬᠦ ᠪᠥᠬᠦ ᠶᠠᠪᠤᠴᠠ ᠳᠤ ᠠᠭᠤᠰᠤᠯᠴᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠠᠨᠰᠠᠷ ᠤᠨ ᠠᠶᠠᠯᠠᠯ ᠤᠨ ᠬᠦᠴᠦᠨ ᠴᠢᠳᠠᠯ ᠢᠶᠠᠨ ᠡᠷᠭᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠲᠡᠨ ᠤ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠠᠰᠠᠭᠤᠳᠠᠯ ᠤᠨ ᠲᠤᠬᠠᠶ ᠦᠭᠡ ᠬᠡᠯᠡᠪᠡ᠃ ᠰᠢ ᠶᠢᠨ ᠫᠢᠩ ᠪᠠᠶᠢᠨ ᠳᠠᠬᠢᠨ ᠦᠭᠡ ᠬᠠᠪᠴᠢᠭᠤᠯᠵᠤ ᠲᠡᠮᠳᠡᠭᠯᠡᠯ ᠬᠢᠵᠦ ᠪᠠᠶᠢᠯ᠎ᠠ᠃      ᠣᠯᠠᠨ ᠤ ᠬᠡᠯᠡᠬᠦ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠵᠥᠪᠰᠢᠶᠡᠷᠡᠵᠦ ᠪᠠᠶᠢᠬᠤ ᠪᠠᠨ ᠢᠯᠡᠳᠭᠡᠵᠥ᠂ ᠥᠪᠥᠷ ᠮᠣᠩᠭᠤᠯ ᠤᠨ ᠨᠢᠭᠡ ᠵᠢᠯ ᠤᠨ ᠲᠤᠷᠰᠢᠬᠢ ᠠᠵᠢᠯ ᠢ ᠨᠤᠲᠠᠯᠠᠵᠥ᠂ ᠥᠪᠥᠷ ᠮᠣᠩᠭᠤᠯ ᠤᠨ ᠨᠥᠬᠦᠳ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠥ᠂ ᠠᠮᠢ ᠠᠬᠤᠶ ᠶᠢ ᠤᠷᠢᠳ ᠢᠶᠠᠷ ᠪᠤᠳᠤᠯᠬᠢᠯᠬᠠᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠥ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠪᠠᠳᠤᠯᠠᠨ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠵᠥ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠥ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠵᠥ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠰᠤᠭᠡᠢ ᠬᠡᠵᠥ ᠬᠦᠰᠡᠪᠡ᠃      ᠰᠢ ᠶᠢᠨ ᠫᠢᠩ᠂ 2021 ᠣᠨ ᠳᠤ᠂ ᠪᠢᠳᠡ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠴᠢᠬᠤᠯᠠ ᠶᠡᠭᠡ ᠰᠢᠨ᠎ᠡ ᠠᠮᠵᠢᠯᠲᠠ ᠤᠯᠬᠤ ᠶᠢ ᠠᠬᠢᠭᠤᠯᠪᠠ᠃ ᠪᠢᠳᠡ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠤᠭᠰᠠᠨ ᠪᠥᠭᠡᠳ ᠨᠠᠮ ᠤᠨ ᠭᠤᠷᠪᠠᠳᠤᠭᠠᠷ ᠲᠡᠦᠬᠡ ᠶᠢᠨ ᠰᠢᠢᠳᠪᠦᠷᠢ ᠶᠢ ᠭᠠᠷᠭᠠᠪᠠ᠃ ᠪᠢᠳᠡ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠲᠡᠮᠡᠴᠡᠬᠦ ᠰᠢᠨ᠎ᠡ ᠠᠶᠠᠨ ᠢᠶᠠᠨ ᠡᠬᠢᠯᠡᠭᠦᠯᠵᠡᠢ᠃ ᠪᠢᠳᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠭᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠬᠥᠳᠡᠯᠦᠩᠭᠦᠢ ᠪᠠᠷ ᠪᠦᠬᠦᠨ ᠢ ᠠᠷᠢᠯᠭᠠᠬᠤ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠢᠮᠠᠭᠲᠠ ᠪᠣᠯᠭᠤᠮᠵᠢᠲᠠᠢ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠪᠢᠳᠡ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠳᠡᠯᠡᠬᠡᠢ ᠳ᠋ᠠᠬᠢᠨ ᠳᠤ ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠬᠠᠨᠳᠢᠪᠯᠠᠵᠤ᠂ ᠮᠠᠨ ᠤ ᠤᠯᠤᠰ ᠤᠨ ᠲᠠᠮᠢᠷᠴᠢᠳ ᠡᠷᠡᠮᠡᠭᠡᠶᠢᠯᠡᠨ ᠲᠡᠮᠡᠴᠡᠵᠦ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠵᠠᠢ᠃ ᠡᠳᠡᠭᠡᠷ ᠠᠮᠵᠢᠯᠲᠠ ᠪᠦᠲᠦᠮᠵᠢ ᠨᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠪᠣᠯᠤᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠭᠰᠠᠨ ᠥᠩᠭᠡᠷᠡᠯᠲᠡ ᠶᠢ ᠡᠷᠭᠢᠴᠡᠭᠦᠯᠪᠡᠯ᠂ ᠪᠢᠳᠡ ᠳᠣᠣᠷᠠᠬᠢ ᠴᠢᠬᠤᠯᠠ ᠲᠠᠨᠢᠯᠲᠠ ᠶᠢ ᠨᠡᠩ ᠪᠠᠲᠤᠳᠬᠠᠪᠠ᠃ ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠳᠠᠭ ᠯᠠ ᠶᠤᠮ ᠪᠣᠯ᠂ ᠪᠢᠳᠠ ᠯᠠᠪᠲᠠᠢ ᠪᠦᠬᠦ ᠨᠠᠮ ᠪᠦᠬᠦ ᠤᠯᠤᠰ ᠢᠶᠠᠷ ᠢᠶᠠᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ ᠲᠠᠢ᠂ ᠬᠥᠭᠵᠢᠯᠲᠡ ᠶᠢᠨ ᠢᠲᠡᠭᠡᠯ ᠵᠣᠷᠢᠭ ᠲᠠᠢ ᠪᠠᠶᠢᠬᠤ ᠶᠢ ᠪᠠᠲᠤᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠵᠤ᠂ ᠰᠠᠯᠬᠢ ᠪᠣᠷᠣᠭᠠᠨ ᠤ ᠲᠠᠭᠠᠷᠢᠯᠳᠡ ᠳᠤ ᠪᠦᠬᠦ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠶᠢ ᠪᠦᠷᠢᠯᠳᠦᠭᠦᠯᠵᠦ ᠴᠢᠳᠠᠨ᠎ᠠ᠃ ᠬᠤᠶᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠢᠮᠠᠭᠲᠠ ᠭᠤᠶᠢᠪᠢᠰᠢ ᠦᠭᠡᠢ ᠵᠠᠮᠨᠠᠳᠠᠭ ᠯᠠ ᠶᠤᠮ ᠪᠣᠯ ᠪᠢᠳᠡ ᠯᠠᠪᠲᠠᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠲᠠᠰᠤᠷᠠᠯᠲᠠ ᠦᠭᠡᠢ ᠠᠬᠢᠭᠤᠯᠵᠤ ᠴᠢᠳᠠᠨ᠎ᠠ᠃ ᠭᠤᠷᠪᠠ ᠳᠤ ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃ ᠨᠠᠮ ᠤᠨ ᠤᠳᠤᠷᠢᠳᠤᠯᠭ᠎ᠠ ᠳᠣᠣᠷ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠲᠦᠮᠡᠨ ᠤ ᠵᠤᠷᠢᠭ ᠢ ᠨᠢᠭᠡᠳᠬᠡᠵᠤ ᠲᠠᠮᠤᠷ ᠭᠡᠷᠡᠮ ᠮᠡᠳᠤ ᠪᠤᠯᠵᠤ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠳᠡᠭ ᠯᠡ ᠶᠤᠮ ᠪᠣᠯ᠂ ᠪᠢᠳᠡ ᠯᠠᠪᠲᠠᠢ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠬᠥᠮᠦᠰ ᠤᠨ ᠠᠩᠬᠠᠷᠤᠯ ᠢ ᠲᠠᠲᠠᠭᠰᠠᠨ ᠰᠢᠨ᠎ᠡ ᠭᠠᠶᠢᠬᠠᠮᠰᠢᠭ ᠢ ᠦᠷᠭᠦᠯᠵᠢᠯᠡᠨ ᠡᠭᠦᠳᠴᠦ ᠴᠢᠳᠠᠨ᠎ᠠ᠃ ᠲᠦᠷᠪᠡ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠳᠡᠭ ᠯᠡ ᠶᠤᠮ ᠪᠤᠯ ᠪᠢᠳᠠ ᠯᠠᠪᠲᠠᠢ ᠮᠠᠨ ᠤ ᠤᠯᠤᠰ ᠤᠨ ᠬᠥᠭᠵᠢᠯᠲᠡ ᠶᠢᠨ ᠦᠷᠢᠰᠦᠯᠳᠦᠬᠦ ᠬᠦᠴᠦᠨ ᠪᠣᠯᠤᠨ ᠦᠷᠭᠦᠯᠵᠢᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠤᠯᠠᠨ ᠤᠯᠤᠰ ᠤᠨ ᠥᠷᠢᠰᠥᠯᠳᠦᠭᠡᠨ ᠤ ᠳᠤᠮᠳᠠ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠢᠷᠡᠭᠡᠳᠦᠢ ᠶᠢ ᠣᠯᠵᠤ ᠴᠢᠳᠠᠨ᠎ᠠ᠃ ᠲᠠᠪᠤ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠵᠤ᠂ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠵᠠᠶᠢᠯᠠᠰᠢ ᠦᠭᠡᠢ ᠵᠠᠮ ᠮᠥᠨ᠃ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ  ᠨᠢ ᠨᠠᠮ ᠳᠤ ᠪᠤᠢ᠂ ᠵᠠᠩᠭᠢᠯᠠᠭ᠎ᠠ ᠨᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠪᠤᠢ᠃ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠳᠠᠨ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠤᠣᠷᠲᠠᠢ ᠡᠯᠧᠮᠧᠨ᠋ᠲ ᠢ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ᠂ ᠨᠠᠮ ᠤᠨ ᠡᠷᠡᠭᠦᠯ ᠴᠢᠭᠢᠷᠠᠭ ᠪᠡᠶ᠎ᠡ ᠴᠣᠭᠴᠠ ᠶᠢ ᠬᠤᠬᠢᠷᠠᠭᠤᠯᠬᠤ ᠠᠯᠢᠪᠠ ᠡᠪᠡᠳᠴᠢᠨ ᠡᠭᠦᠰᠭᠡᠭᠴᠢ ᠶᠢ ᠲᠠᠰᠤᠷᠠᠯᠲᠠ ᠦᠭᠡᠢ ᠴᠡᠪᠡᠷᠯᠡᠨ ᠠᠷᠢᠯᠭᠠᠳᠠᠭ ᠯᠠ ᠶᠤᠮ ᠪᠣᠯ᠂ ᠪᠢᠳᠡ ᠯᠠᠪᠲᠠᠢ ᠨᠠᠮ ᠤᠨ ᠴᠢᠨᠠᠷ ᠬᠤᠪᠢᠷᠠᠬᠤ ᠦᠭᠡᠢ᠂ ᠢᠷᠠᠭᠤ ᠠᠯᠲᠠᠷᠲᠦ ᠤᠯᠠᠮᠵᠢᠯᠠᠯ ᠬᠤᠪᠢᠷᠠᠬᠤ ᠦᠭᠡᠢ᠂ ᠰᠢᠯᠢᠲᠡᠭ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠵᠤ ᠴᠢᠳᠠᠨ᠎ᠠ ᠭᠡᠵᠤ ᠴᠢᠬᠤᠯᠠᠴᠢᠯᠠᠪᠠ᠃      ᠰᠢ ᠶᠢᠨ ᠫᠢᠩ᠂ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠂ ᠦᠨᠳᠦᠰᠦᠲᠡᠨ ᠨᠦᠭᠦᠳ ᠪᠦᠯᠬᠦᠮᠳᠡᠯ ᠲᠠᠢ ᠡᠶ᠎ᠡ ᠵᠣᠬᠢᠴᠠᠩᠭᠤᠢ ᠪᠠᠶᠢᠪᠠᠯ ᠤᠯᠤᠰ ᠣᠷᠣᠨ ᠬᠥᠭᠵᠢᠨ ᠮᠠᠨᠳᠤᠵᠤ᠂ ᠨᠡᠶᠢᠭᠡᠮ ᠠᠮᠤᠷ ᠲᠣᠭᠲᠠᠭᠤᠨ᠂ ᠠᠷᠠᠳ ᠲᠦᠮᠡᠨ ᠵᠣᠯ ᠵᠢᠷᠭᠠᠯ ᠲᠠᠢ ᠠᠮᠢᠲᠤᠷᠠᠵᠦ ᠴᠢᠲᠠᠨ᠎ᠠ︔ ᠡᠭᠦᠨ ᠤ ᠡᠰᠡᠷᠭᠦ ᠪᠠᠷ ᠬᠢᠪᠠᠯ ᠤᠯᠤᠰ ᠣᠷᠣᠨ ᠲᠤᠷᠦᠶᠢᠳᠡᠵᠦ᠂ ᠨᠡᠶᠢᠭᠡᠮ ᠲᠣᠭᠲᠠᠭᠤᠨ ᠪᠤᠰᠤ ᠪᠤᠯᠵᠦ᠂ ᠠᠷᠠᠳ ᠲᠦᠮᠡᠨ ᠵᠣᠪᠠᠯᠠᠩ ᠠᠮᠰᠠᠬᠤ ᠪᠣᠯᠤᠨ᠎ᠠ᠃ ᠨᠠᠮ ᠤᠨ ᠲᠥᠪ ᠬᠤᠷᠢᠶ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠠᠨᠳᠤᠭᠤᠯᠤᠬᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠬᠤ ᠪᠥᠭᠡᠳ ᠲᠡᠦᠬᠡ ᠶᠢᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠳ᠋ᠦᠩᠨᠡᠭᠡᠳ ᠣᠯᠤᠭᠰᠠᠨ ᠴᠢᠬᠤᠯᠠ ᠳ᠋ᠦᠩᠨᠡᠯᠲᠡ ᠪᠣᠯᠤᠨ᠎ᠠ ᠭᠡᠵᠦ ᠵᠢᠭᠠᠵᠦ ᠭᠠᠷᠭᠠᠵᠠᠢ᠃      ᠰᠢ ᠶᠢᠨ ᠫᠢᠩ᠂ ᠥᠪᠥᠷ ᠮᠣᠩᠭᠤᠯ ᠤᠨ ᠥᠨᠥᠳᠦᠷ ᠪᠣᠯ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ ᠂ ᠥᠪᠥᠷ ᠮᠣᠩᠭᠤᠯ ᠤᠨ ᠮᠠᠷᠭᠠᠰᠢ ᠮᠥᠨ ᠬᠦ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠬᠦ ᠶᠢ ᠱᠠᠭᠠᠷᠳᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠳᠤ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠵᠢᠯ ᠢ ᠬᠢᠬᠦ ᠮᠥᠷᠲᠡᠭᠡᠨ ᠪᠠᠰᠠ ᠶᠡᠭᠡ ᠬᠡᠮᠵᠢᠶᠡᠨ ᠤ ︽ᠵᠦᠭᠡᠯᠡᠨ ᠪᠤᠷᠤᠭ᠎ᠠ ᠲᠦᠮᠡᠨ ᠪᠤᠳᠠᠰ ᠢ ᠤᠮᠳᠠᠯᠠᠬᠤ︾ ᠶᠠᠪᠤᠳᠠᠯ ᠢ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ᠂ ᠨᠠᠷᠢᠯᠢᠭ ᠬᠢᠵᠦ᠂ ᠳᠦᠷᠰᠦᠯᠢᠭ᠂ ᠰᠡᠳᠬᠢᠯᠭᠡ ᠲᠠᠢ᠂ ᠪᠦᠲᠦᠮᠵᠢᠲᠡᠢ ᠲᠠᠢ ᠪᠠᠶᠢᠯᠭᠠᠬᠤ ᠬᠡᠷᠡᠭᠲᠡᠢ ᠃ ᠦᠨᠳᠦᠰᠦᠲᠡᠨ ᠨᠦᠭᠦᠳ ᠤᠨ ᠺᠠᠳ᠋ᠷᠴᠤᠳ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠤᠢᠢᠯᠠᠭᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ᠂ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠶᠢᠨ ᠦᠨᠳᠦᠷᠴᠡ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠠᠵᠢᠯ ᠢ ᠠᠳᠬᠤᠬᠤ ᠬᠡᠷᠡᠭᠲᠡᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭᠲᠠᠢ ᠠᠵᠢᠯ ᠯᠠ ᠶᠤᠮ ᠪᠣᠯ ᠢᠯᠡᠭᠦᠬᠡᠨ ᠬᠢᠬᠦ ᠬᠡᠷᠡᠭᠲᠡᠢ ᠪᠥᠭᠡᠳ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭ ᠦᠭᠡᠢ ᠶᠠᠪᠤᠳᠠᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠱᠠᠭᠠᠷᠳᠠᠯᠭ᠎ᠠ ᠶᠢ ᠪᠦᠬᠦ ᠣᠷᠣᠨ ᠤ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠲᠡᠯᠭᠡᠨ ᠦᠵᠡᠭᠦᠯᠭᠡ ᠵᠡᠷᠭᠡ ᠬᠤᠯᠪᠣᠭᠳᠠᠯ ᠪᠦᠬᠦᠢ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠣᠶᠣᠯ ᠪᠣᠯᠤᠨ ᠲᠤᠰ ᠦᠨᠳᠦᠰᠦᠲᠡᠨ ᠤ ᠰᠣᠶᠣᠯ ᠤᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠦᠵᠡᠯ ᠰᠠᠨᠠᠭ᠎ᠠ ᠰᠣᠶᠣᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠥᠪᠥᠷ ᠮᠣᠩᠭᠤᠯ ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠮᠥᠨ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠴᠢᠬᠤᠯᠠ ᠶᠡᠭᠡ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠪᠠᠭ᠎ᠠ ᠠᠴᠠ ᠶᠡᠭᠡ ᠶᠢ ᠮᠡᠳᠡᠵᠦ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠰᠡᠳᠭᠢᠬᠦᠶ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠡᠯ᠎ᠡ ᠵᠦᠶᠯ ᠤᠨ ᠠᠶᠤᠯ ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠭᠡᠨᠡᠳᠲᠡ ᠡᠭᠦᠰᠭᠦ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠭᠤᠤᠯᠳᠠᠯᠭ᠎ᠠ ᠶᠢ ᠳᠣᠪᠣᠶᠢᠯᠭᠠᠵᠤ᠂ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠠᠬᠢᠨ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠰᠠᠬᠢᠬᠤ ᠬᠡᠷᠡᠭᠲᠡᠶ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠨᠡᠭᠦᠷᠡᠰᠦ ᠡᠯᠪᠡᠭ᠂ ᠴᠢᠯᠠᠭᠤᠨ ᠲᠤᠰᠤ ᠴᠥᠭᠡᠨ᠂ ᠰᠢᠲᠠᠮᠠᠬᠠᠢ ᠬᠡᠢ ᠪᠠᠭ᠎ᠠ ᠪᠠᠶᠢᠬᠤ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠵᠦ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠣᠰᠣᠭᠠᠷ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠯᠬᠤᠮ ᠠᠯᠬᠤᠮ ᠢᠶᠠᠷ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢᠨ ᠬᠡᠮᠵᠢᠶ᠎ᠡ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ᠂ ᠨᠡᠮᠡᠭᠳᠡᠯ ᠢ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢᠨ ᠬᠡᠮᠵᠢᠶ᠎ᠡ ᠶᠢ ᠪᠠᠭᠤᠷᠠᠭᠤᠯᠬᠤ ᠶᠢᠨ ᠬᠠᠮᠲᠤ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠤᠯᠠᠨ ᠲᠦᠮᠡᠨ ᠤ ᠬᠡᠪ ᠤᠨ ᠠᠮᠢᠳᠤᠷᠠᠯ ᠢ ᠪᠠᠲᠤᠯᠠᠵᠦ᠂ ᠪᠣᠳᠠᠲᠠᠢ ᠠᠴᠠ ᠰᠠᠯᠤᠩᠭᠢᠷᠠᠵᠤ᠂ ᠠᠮᠵᠢᠯᠲᠠ ᠤᠯᠬᠤ ᠪᠠᠷ ᠶᠠᠭᠠᠷᠠᠵᠤ ᠪᠣᠯᠬᠤ ᠦᠭᠡᠢ᠃ ᠢᠯᠵᠠᠷᠠᠯ ᠢ ᠡᠰᠡᠷᠭᠦᠴᠡᠬᠦ ᠠᠵᠢᠯ ᠡᠭᠦᠷᠢᠳᠡ ᠵᠤᠬᠰᠤᠰᠢ ᠦᠭᠡᠢ ᠪᠠᠶᠢᠬᠤ ᠶᠠᠪᠤᠴᠠ ᠳᠠᠬᠢ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠣᠷᠲᠤ ᠬᠠᠪᠤᠳᠠᠷ ᠢ ᠡᠷᠡᠰ ᠠᠷᠢᠯᠭᠠᠵᠦ᠂ ᠢᠯᠵᠠᠷᠠᠯ ᠤᠨ ᠡᠬᠢ ᠡᠭᠦᠰᠦᠯ ᠢ ᠠᠷᠢᠯᠭᠠᠵᠤ᠂ ᠲᠠᠷᠬᠠᠭᠠᠭᠰᠠᠨ ᠬᠤᠣᠷ ᠨᠦᠯᠦᠭᠡ ᠶᠢ ᠠᠷᠢᠯᠭᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠡᠷᠡᠭᠦᠯ ᠪᠥᠭᠡᠳ ᠵᠢᠷᠤᠮᠵᠢᠭᠰᠠᠨ ᠵᠠᠮ ᠳᠤ ᠪᠦᠬᠦ ᠲᠠᠯ᠎ᠠ ᠪᠠᠷ ᠪᠤᠴᠠᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠪᠠᠶᠢᠩᠭᠤᠵᠢᠭᠰᠠᠨ ᠤᠷᠲᠤ ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠶᠢ ᠪᠠᠶᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠡᠦᠬᠡ ᠶᠢ ᠰᠤᠷᠤᠯᠴᠠᠨ᠂ ᠨᠠᠮ ᠤᠨ ᠲᠡᠦᠬᠡ ᠪᠠᠷ ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ ᠪᠣᠯᠭᠠᠵᠤ᠂ ᠲᠡᠦᠬᠡ ᠶᠢᠨ ᠢᠲᠡᠭᠡᠯ ᠢᠶᠠᠨ ᠲᠠᠰᠤᠷᠠᠯᠲᠠ ᠦᠭᠡᠢ ᠪᠠᠲᠤᠳᠬᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠢᠲᠡᠭᠡᠯ ᠲᠡᠭᠦᠯᠳᠡᠷ ᠢᠶᠠᠷ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ ᠭᠡᠵᠦ ᠤᠨᠴᠠᠭᠠᠶᠢᠯᠠᠨ ᠴᠢᠬᠤᠯᠠᠴᠢᠯᠠᠪᠠ᠃      ᠳ᠋ᠢᠩ ᠰᠢᠤᠸᠠᠢ ᠰᠢᠶᠠᠩ᠂ ᠾᠧ ᠯᠢ ᠹᠧᠩ ᠨᠠᠷ ᠣᠷᠣᠯᠴᠠᠵᠠᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ