| ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠴᠢᠩᠭᠠᠳᠬᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ | ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠳᠤᠲᠠᠭᠤᠳᠠᠯ ᠢ | ᠨᠥᠬᠦᠪᠦᠷᠢᠯᠡᠨ ᠰᠡᠯᠭᠦᠬᠦ ᠬᠦᠴᠦᠨ ᠢ ᠨᠡᠮᠡᠭᠳᠡᠭᠦᠯᠬᠦ ᠪᠠ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠢ ᠪᠠᠶᠢᠷᠢᠯᠠᠭᠤᠯᠪᠠ | ᠨᠢᠭᠡ ᠪᠦᠯᠦᠭ ᠨᠥᠬᠦᠴᠡᠯ ᠪᠦᠷᠢᠳᠦᠭᠰᠡᠨ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨ᠎ᠡ ᠪᠠᠷ ᠠᠵᠢᠯ ᠡᠬᠢᠯᠡᠭᠦᠯᠵᠦ᠂ ᠤᠰᠤᠨ ᠤ ᠡᠬᠢ ᠪᠠᠶᠠᠯᠢᠭ ᠢ | ᠪᠠᠲᠤᠯᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 29 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ︔ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠳᠤᠲᠠᠭᠤᠳᠠᠯ ᠢ ᠨᠥᠬᠦᠪᠦᠷᠢᠯᠡᠨ ᠰᠡᠯᠭᠦᠬᠦ ᠬᠦᠴᠦᠨ ᠢ ᠨᠡᠮᠡᠭᠳᠡᠭᠦᠯᠬᠦ ᠪᠠ ᠠᠵᠤ ᠠᠬᠤᠢ ᠶᠢᠨ ᠲᠣᠭᠲᠠᠭᠤᠨ | ᠨᠡᠮᠡᠭᠳᠡᠯ ᠢ ᠠᠬᠢᠭᠤᠯᠬᠤ ᠲᠤᠬᠠᠢ ᠪᠠᠶᠢᠷᠢᠯᠠᠭᠤᠯᠪᠠ︔ ᠨᠢᠭᠡ ᠪᠦᠯᠦᠭ ᠨᠥᠬᠦᠴᠡᠯ ᠪᠦᠷᠢᠳᠦᠭᠰᠡᠨ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨ᠎ᠡ ᠪᠠᠷ ᠠᠵᠢᠯ | ᠡᠬᠢᠯᠡᠭᠦᠯᠵᠦ᠂ ᠤᠰᠤᠨ ᠤ ᠡᠬᠢ ᠪᠠᠶᠠᠯᠢᠭ ᠢ ᠪᠠᠲᠤᠯᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠣᠭᠲᠠᠪᠠ᠃ | ᠬᠤᠷᠠᠯ ᠡᠬᠢᠯᠡᠬᠦ ᠦᠶ᠎ᠡ ᠳᠤ᠂ ᠪᠥᠬᠦ ᠨᠥᠬᠦᠳ ᠪᠣᠰᠴᠤ ᠵᠣᠭᠰᠣᠨ᠂ ︽3 · 21︾ ᠤ ᠳᠣᠷᠣᠨᠠᠲᠤ ᠶᠢᠨ ᠠᠭᠠᠷ ᠤᠨ ᠠᠶᠠᠯᠠᠯ ᠤᠨ ᠺᠣᠮᠫᠠᠨᠢ ᠶᠢᠨ | MU5735 ᠨᠢᠰᠬᠡᠯ ᠤᠨ ᠠᠳᠡᠯ ᠳᠤ ᠠᠳᠡᠭᠳᠡᠭᠰᠡᠨ ᠠᠬ᠎ᠠ ᠳᠡᠭᠦᠦ ᠨᠠᠷ ᠢ ᠨᠠᠮᠠᠨᠴᠢᠯᠠᠨ ᠭᠠᠰᠢᠭᠤᠳᠠᠪᠠ᠃ ᠬᠤᠷᠠᠯ ᠠᠴᠠ ᠱᠠᠭᠠᠷᠳᠠᠬᠤ ᠳᠤ ᠪᠠᠨ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠳᠡᠭᠰᠡᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ᠂ | ᠲᠥᠯᠥᠪᠦᠷᠢ ᠥᠭᠬᠦ ᠵᠡᠷᠭᠡ ᠬᠤᠶᠢᠰᠢᠳᠠ ᠶᠢᠨ ᠶᠠᠪᠤᠳᠠᠯ ᠢ ᠰᠠᠶᠢᠲᠤᠷ ᠬᠢᠵᠦ᠂ ᠠᠳᠡᠯ ᠤᠨ ᠰᠢᠯᠲᠠᠭᠠᠨ ᠢ ᠦᠨᠡᠨ ᠮᠥᠨ ᠢᠶᠠᠷ ᠨᠢ ᠪᠠᠶᠢᠴᠠᠭᠠᠨ ᠲᠣᠳᠣᠯᠠᠬᠤ ᠬᠡᠷᠡᠭᠲᠡᠢ᠃ | ᠠᠶᠤᠯ ᠦᠭᠡᠢ ᠦᠢᠯᠡᠳᠪᠦᠷᠢᠯᠡᠯ ᠢ ᠪᠦᠬᠦ ᠲᠠᠯ᠎ᠠ ᠪᠠᠷ ᠴᠢᠩᠭᠠᠳᠬᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ | ᠵᠥᠪᠯᠡᠯ ᠠᠴᠠ ᠤᠯᠠᠮ ᠴᠢᠨᠠᠭᠰᠢᠳᠠ ᠪᠣᠳᠠᠲᠠᠢ ᠲᠣᠬᠢᠷᠠᠭᠤᠯᠤᠯᠲᠠ ᠬᠢᠵᠦ᠂ ᠵᠢᠭᠠᠨ ᠵᠢᠯᠤᠭᠤᠳᠴᠤ ᠱᠠᠯᠠᠪᠳᠠᠭᠤᠯᠬᠤ ᠪᠠᠨ ᠴᠢᠩᠭᠠᠳᠬᠠᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠪᠠᠶᠢᠴᠠᠭᠠᠨ ᠴᠡᠭᠴᠡᠯᠡᠵᠦ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠣᠯᠵᠤ᠂ ᠤᠯᠤᠰ ᠤᠨ | ᠳᠣᠲᠣᠭᠠᠳᠤ ᠶᠢᠨ ᠬᠥᠭᠵᠢᠯᠲᠡ ᠰᠢᠨ᠎ᠡ ᠥᠷᠢᠰᠦᠯᠳᠦᠭᠡᠨ ᠳᠤ ᠲᠤᠯᠭᠠᠷᠠᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠤᠯᠠᠮ ᠴᠢᠨᠠᠭᠰᠢᠳᠠ ᠨᠡᠮᠡᠭᠳᠡᠵᠦ | ᠪᠠᠶᠢᠨ᠎ᠠ᠃ ᠡᠨᠡ ᠵᠢᠯ ᠤᠨ ᠬᠤᠷᠸ᠎ᠠ ᠲᠦᠷᠦ ᠶᠢᠨ ᠪᠣᠳᠣᠯᠭ᠎ᠠ ᠶᠢ ᠲᠣᠭᠲᠠᠭᠠᠬᠤ ᠦᠶ᠎ᠡ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠤᠨ | ᠮᠠᠰᠢ ᠤᠯᠠᠨ ᠬᠤᠪᠢᠷᠠᠯᠲᠠ ᠶᠢ ᠤᠷᠢᠳᠴᠢᠯᠠᠨ ᠪᠣᠳᠣᠯᠬᠢᠯᠠᠭᠰᠠᠨ ᠪᠠᠶᠢᠨ᠎ᠠ᠃ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ ᠵᠢᠯ ᠳᠤ ᠠᠵᠤ ᠠᠬᠤᠢ ᠶᠢᠨ ᠲᠣᠭᠲᠠᠭᠤᠨ | ᠡᠷᠭᠢᠯᠲᠡ ᠶᠢ ᠪᠠᠲᠤᠯᠠᠬᠤ ᠨᠢ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠲᠤᠶᠢᠯ ᠤᠨ ᠴᠢᠬᠤᠯᠠ ᠶᠤᠮ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠪᠣᠯᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ | ᠪᠠᠲᠤᠳᠬᠠᠨ᠂ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠡᠮᠡᠭᠳᠡᠯ ᠢ | ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠲᠦᠯᠲᠡᠢ ᠲᠥᠯᠥᠪᠯᠡᠵᠦ᠂ ᠠᠵᠤ ᠠᠬᠤᠢ ᠶᠢ | ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠡᠷᠲᠡᠬᠡᠨ ᠲᠣᠭᠲᠠᠭᠠᠬᠤ ᠪᠠ ᠲᠦᠷᠭᠡᠨ ᠨᠡᠶᠢᠲᠡᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠳᠤ ᠠᠰᠢᠭ ᠦᠭᠡᠢ ᠠᠷᠭ᠎ᠠ ᠬᠡᠮᠵᠢᠶ᠎ᠡ ᠶᠢ ᠨᠡᠶᠢᠲᠡᠯᠡᠬᠦ ᠦᠭᠡᠢ᠂ ᠨᠡᠩ ᠶᠡᠭᠡ ᠲᠣᠭᠲᠠᠪᠤᠷᠢᠲᠤ ᠪᠤᠰᠤ ᠴᠢᠨᠠᠷ ᠢ ᠠᠷᠭᠠᠴᠠᠭᠠᠬᠤ ᠤᠷᠢᠳᠴᠢᠯᠠᠭᠰᠠᠨ | ᠲᠥᠰᠥᠯ ᠢ ᠲᠣᠭᠲᠠᠭᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠵᠦ ᠪᠦᠲᠦᠮᠵᠢᠲᠡᠢ ᠪᠡᠯᠡ ᠣᠷᠣᠭᠤᠯᠤᠯᠲᠠ ᠶᠢ | ᠥᠷᠭᠡᠳᠬᠡᠬᠦ ᠪᠣᠯ ᠬᠡᠷᠡᠭᠯᠡᠭᠡ ᠶᠢ ᠲᠠᠶᠢᠴᠢᠯᠠᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠢᠯ ᠣᠯᠭᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠷᠸ᠎ᠠ ᠬᠥᠰᠢᠭᠦᠷᠭᠡ ᠶᠢᠨ ᠨᠤᠷᠮ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠵᠠᠷᠴᠢᠮ ᠤᠨ ᠶᠣᠰᠣᠭᠠᠷ᠂ ᠡᠨᠡ | ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢ 3.65 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃ | ᠦᠶᠡᠯᠡᠯ ᠤᠨ ᠴᠢᠨᠠᠷᠲᠠᠢ ᠲᠣᠬᠢᠷᠠᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠨᠢᠳᠤᠨᠤᠨ ᠤ ᠵᠢᠯ ᠤᠨ ᠡᠴᠦᠰ ᠲᠤ ᠨᠢᠭᠡᠨᠲᠡ ᠬᠠᠤᠯᠢ ᠶᠣᠰᠣᠭᠠᠷ 1.46 ᠲᠦᠮᠡᠨ | ᠳ᠋ᠦᠩᠰᠢᠭᠤᠷ ᠲᠥᠭᠦᠷᠢᠭ ᠢ ᠤᠷᠢᠳᠴᠢᠯᠠᠨ ᠪᠠᠭᠤᠯᠭᠠᠪᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠦᠯᠡᠳᠡᠭᠰᠡᠨ ᠲᠤᠰᠬᠠᠢ ᠵᠦᠢᠯ ᠤᠨ ᠵᠢᠭᠡᠯᠡᠯᠭᠡ ᠶᠢᠨ ᠲᠤᠭ᠎ᠠ | ᠬᠡᠮᠵᠢᠶ᠎ᠡ ᠶᠢ ᠱᠠᠯᠠᠪᠳᠠᠨ ᠪᠠᠭᠤᠯᠭᠠᠵᠤ᠂ ᠥᠷᠢ ᠳᠥᠯᠥᠬᠦ ᠴᠢᠳᠠᠪᠤᠷᠢ ᠪᠠᠷ ᠴᠢᠩᠭ᠎ᠠ᠂ ᠲᠥᠷᠥᠯ ᠵᠦᠢᠯ ᠤᠨ ᠨᠥᠭᠡᠴᠡ ᠭᠦᠢᠴᠡᠳ ᠭᠠᠵᠠᠷ ᠣᠷᠣᠨ ᠲᠡᠶᠢᠰᠢ | ᠬᠡᠯᠪᠡᠶᠢᠯᠭᠡᠬᠦ ᠬᠡᠷᠡᠭᠲᠡᠢ᠃ ᠨᠢᠳᠤᠨᠤᠨ ᠤ ᠤᠷᠢᠳᠴᠢᠯᠠᠨ ᠪᠠᠭᠤᠯᠭᠠᠭᠰᠠᠨ ᠲᠤᠭ᠎ᠠ ᠬᠡᠮᠵᠢᠶ᠎ᠡ ᠶᠢ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠬᠠᠭᠠᠨ | ᠳᠠᠭᠤᠰᠬᠠᠵᠤ᠂ ᠡᠨᠡ ᠵᠢᠯ ᠤᠨ ᠪᠠᠭᠤᠯᠭᠠᠭᠰᠠᠨ ᠲᠤᠭ᠎ᠠ ᠬᠡᠮᠵᠢᠶ᠎ᠡ ᠶᠢ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠬᠠᠭᠠᠵᠤ ᠳᠠᠭᠤᠰᠬᠠᠨ᠎ᠠ᠃ ᠬᠤᠶᠠᠷ ᠲᠤ᠂ | ᠲᠤᠰᠬᠠᠢ ᠵᠦᠢᠯ ᠤᠨ ᠵᠢᠭᠡᠯᠡᠯᠭᠡ ᠶᠢᠨ ᠦᠢᠯᠡᠳᠦᠯ ᠴᠢᠳᠠᠪᠤᠷᠢ ᠶᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ ᠣᠳᠣᠬᠠᠨ ᠳᠤ ᠠᠰᠢᠭᠲᠠᠢ ᠮᠥᠷᠲᠡᠭᠡᠨ ᠠᠯᠤᠰ | ᠢᠷᠡᠭᠡᠳᠦᠢ ᠳᠤ ᠴᠦ ᠠᠰᠢᠭ ᠬᠦᠷᠲᠡᠭᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠤᠲᠠᠭᠤᠳᠠᠯ ᠢ ᠨᠥᠬᠦᠪᠦᠷᠢᠯᠡᠬᠦ ᠵᠡᠷᠭᠡ | ᠬᠦᠷᠢᠶᠡᠨ ᠳᠠᠬᠢ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠨᠥᠭᠡᠴᠡ ᠬᠦᠴᠦᠨ ᠢ ᠨᠡᠮᠡᠭᠳᠡᠭᠦᠯᠦᠨ᠂ ᠬᠢᠷᠢ | ᠲᠦᠪᠰᠢᠨ ᠢ ᠳᠡᠭᠡᠭᠰᠢᠯᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ ᠲᠤᠰᠬᠠᠢ ᠵᠦᠢᠯ ᠤᠨ ᠵᠢᠭᠡᠯᠡᠯᠭᠡ ᠶᠢ ᠬᠡᠷᠡᠭᠯᠡᠬᠦ ᠬᠡᠪᠴᠢᠶ᠎ᠡ ᠶᠢ ᠵᠦᠢ | ᠵᠣᠬᠢᠰᠲᠠᠢ ᠥᠷᠭᠡᠳᠬᠡᠵᠦ᠂ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠪᠠᠲᠤᠯᠠᠭ᠎ᠠ ᠶᠢᠨ | ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠵᠡᠷᠭᠡ ᠬᠦᠷᠢᠶᠡᠨ ᠳᠠᠬᠢ ᠲᠥᠷᠥᠯ ᠵᠦᠢᠯ ᠳᠤ ᠭᠤᠣᠯᠳᠠᠯᠭ᠎ᠠ ᠲᠠᠢ ᠪᠠᠷ ᠬᠡᠷᠡᠭᠯᠡᠭᠰᠡᠨ ᠤ ᠰᠠᠭᠤᠷᠢᠨ ᠳᠡᠭᠡᠷ᠎ᠡ᠂ | ᠵᠣᠬᠢᠬᠤ ᠠᠰᠢᠭ ᠣᠷᠣᠯᠭ᠎ᠠ ᠲᠠᠢ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠥᠷᠥᠯ ᠵᠦᠢᠯ ᠢ ᠲᠡᠮᠵᠢᠨ᠎ᠠ᠃ ᠪᠡᠯᠡ ᠮᠥᠩᠭᠦ ᠨᠢ ᠲᠥᠷᠥᠯ ᠵᠦᠢᠯ ᠢᠶᠠᠨ ᠳᠠᠭᠠᠬᠤ ᠶᠢ | ᠪᠠᠷᠢᠮᠲᠠᠯᠠᠵᠤ᠂ ᠲᠥᠷᠥᠯ ᠵᠦᠢᠯ ᠤᠨ ᠠᠵᠢᠯ ᠢ ᠡᠬᠢᠯᠡᠭᠦᠯᠬᠦ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠳᠠᠲᠤ ᠵᠦᠢᠯᠡᠰ ᠤᠨ ᠠᠵᠢᠯ ᠤᠨ ᠬᠡᠮᠵᠢᠶ᠎ᠡ ᠶᠢ | ᠠᠯᠢ ᠲᠦᠷᠭᠡᠨ ᠢᠶᠠᠷ ᠪᠤᠢ ᠪᠣᠯᠭᠠᠨ᠎ᠠ᠃ ᠭᠤᠷᠪᠠ ᠳᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠵᠠᠬ᠎ᠠ ᠳᠡᠯᠭᠡᠭᠦᠷ ᠤᠨ ᠠᠷᠭ᠎ᠠ ᠪᠠᠷ ᠲᠤᠰᠬᠠᠢ ᠵᠦᠢᠯ ᠤᠨ | ᠵᠢᠭᠡᠯᠡᠯᠭᠡ ᠶᠢᠨ ︽ᠬᠥᠰᠢᠭᠦᠷᠭᠡ︾ ᠶᠢᠨ ᠦᠢᠯᠡᠳᠦᠯ ᠢ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠲᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠳᠡᠮᠵᠢᠬᠦ ᠬᠡᠷᠡᠭᠲᠡᠢ᠃ ᠳᠥᠷᠪᠡ ᠳᠤ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ | ᠰᠤᠯᠠ ᠲᠠᠯᠪᠢᠬᠤ ᠶᠢ ᠰᠡᠷᠭᠡᠶᠢᠯᠡᠵᠦ᠂ ᠲᠣᠭᠲᠠᠭᠠᠯ ᠢ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠪᠠ ᠥᠩᠭᠡᠨ ᠲᠠᠯ᠎ᠠ ᠶᠢᠨ ᠢᠨᠵᠧᠨᠧᠷᠢᠩ ᠪᠠᠶᠢᠭᠤᠯᠬᠤ ᠶᠢ | ᠴᠢᠩᠭ᠎ᠠ ᠴᠠᠭᠠᠵᠠᠯᠠᠬᠤ ᠬᠡᠷᠡᠭᠲᠡᠢ᠃ ᠲᠠᠪᠤ ᠳᠤ᠂ ᠤᠯᠤᠰ ᠤᠨ ᠵᠢᠭᠡᠯᠡᠯᠭᠡ᠂ ᠣᠷᠣᠨ ᠨᠤᠲᠤᠭ ᠤᠨ ᠵᠢᠭᠡᠯᠡᠯᠭᠡ ᠶᠢᠨ ᠲᠠᠷᠬᠠᠭᠠᠯᠲᠠ ᠶᠢ ᠨᠢᠭᠡᠳᠦᠯᠲᠡᠢ ᠲᠥᠯᠥᠪᠵᠢᠭᠦᠯᠦᠨ | ᠡᠵᠡᠮᠳᠡᠵᠦ᠂ ᠤᠯᠤᠰ ᠤᠨ ᠰᠠᠩ ᠤᠨ ᠪᠡᠯᠡ ᠮᠥᠩᠭᠦ ᠶᠢᠨ ᠵᠣᠬᠢᠰᠲᠠᠢ ᠬᠡᠪᠴᠢᠶ᠎ᠡ ᠶᠢ ᠪᠠᠲᠤᠯᠠᠵᠤ᠂ ᠦᠨᠳᠦᠰᠦᠨ ᠱᠠᠲᠤᠨ ᠤ ᠭᠠᠶᠢᠯᠢ ᠶᠢ ᠪᠤᠴᠠᠭᠠᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠪᠣᠯᠣᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠬᠡᠷᠡᠭᠰᠡᠬᠦ ᠡᠳ᠋ ᠤᠨ ᠬᠦᠴᠦᠨ ᠢ | ᠪᠠᠲᠤᠯᠠᠵᠤ᠂ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠬᠢᠯᠢ ᠶᠢᠨ ᠭᠠᠳᠠᠨᠠᠬᠢ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢᠨ | ᠤᠯᠤᠰ ᠤᠨ ᠵᠢᠭᠡᠯᠡᠯᠭᠡ ᠬᠤᠳᠠᠯᠳᠤᠨ ᠠᠪᠬᠤ ᠶᠢ ᠵᠣᠷᠢᠭᠵᠢᠭᠤᠯᠵᠤ᠂ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠤᠨ ᠵᠢᠭᠡᠯᠡᠯᠭᠡ ᠶᠢ ᠡᠮᠬᠢ | ᠵᠢᠷᠤᠮ ᠲᠠᠢ ᠪᠠᠷ ᠲᠠᠷᠬᠠᠭᠠᠬᠤ ᠶᠢ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠲᠣᠬᠢᠷᠠᠭᠤᠯᠤᠯᠲᠠ ᠶᠢ ᠳᠡᠮᠵᠢᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠤᠰᠤᠨ ᠠᠰᠢᠭᠯᠠᠯᠲᠠ ᠶᠢᠨ ᠢᠨᠵᠧᠨᠧᠷᠢᠩ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠥᠭᠵᠢᠯᠲᠡ ᠶᠢᠨ | ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ ᠪᠣᠯᠣᠨ᠎ᠠ᠃ ᠡᠨᠡ ᠵᠢᠯ ᠪᠠᠰᠠ ᠨᠢᠭᠡ ᠪᠦᠯᠦᠭ ᠲᠥᠯᠥᠪᠵᠢᠭᠦᠯᠭᠡ ᠳᠤ ᠣᠷᠣᠭᠤᠯᠤᠭᠰᠠᠨ᠂ ᠨᠥᠬᠦᠴᠡᠯ | ᠪᠦᠷᠢᠳᠦᠭᠰᠡᠨ ᠲᠥᠷᠥᠯ ᠵᠦᠢᠯ ᠤᠨ ᠠᠵᠢᠯ ᠢ ᠡᠬᠢᠯᠡᠭᠦᠯᠦᠨ᠎ᠡ᠃ ᠡᠭᠦᠨ ᠳᠤ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠪᠠᠷᠢᠯᠭ᠎ᠠ ᠵᠡᠷᠭᠡ ᠤᠰᠤ ᠲᠠᠲᠠᠵᠤ | ᠲᠣᠬᠢᠷᠠᠭᠤᠯᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠡᠮᠵᠡᠭ ᠠᠶᠤᠯᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠤᠰᠤᠯᠠᠯᠲᠠ ᠶᠢᠨ | ᠣᠷᠣᠨ ᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ ᠵᠠᠰᠠᠬᠤ ᠵᠡᠷᠭᠡ ᠴᠠᠶᠢᠬᠤᠯᠠ ᠶᠡᠭᠡ ᠢᠨᠵᠧᠨᠧᠷᠢᠩ ᠢ ᠪᠠᠭᠲᠠᠭᠠᠨ᠎ᠠ᠃ ᠡᠳᠡᠭᠡᠷ ᠪᠠᠷᠢᠯᠭ᠎ᠠ ᠶᠢᠨ ᠳᠡᠭᠡᠷ᠎ᠡ ᠪᠤᠰᠤᠳ | ᠤᠰᠤᠨ ᠠᠰᠢᠭᠯᠠᠯᠲᠠ ᠶᠢᠨ ᠲᠥᠷᠥᠯ ᠵᠦᠢᠯ ᠢ ᠨᠡᠮᠡᠪᠡᠯ᠂ ᠪᠦᠬᠦ ᠵᠢᠯ ᠳᠤ ᠪᠠᠷᠤᠭ 8000 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ | ᠪᠣᠯᠣᠨ᠎ᠠ ᠭᠡᠵᠡᠢ᠃ ᠬᠤᠷᠠᠯ ᠠᠴᠠ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠲᠦᠷᠦᠯ ᠵᠦᠢᠯ ᠤᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |