| 4 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ | ᠪᠣᠳᠠᠲᠠᠢ ᠪᠠᠷ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠬᠠᠮᠲᠤ ᠳᠤ ᠪᠠᠨ ᠣᠶᠢᠯᠠᠭᠠᠶ᠎ᠠ︕ | ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠰᠡᠷᠭᠡᠶᠢᠯᠡᠨ ᠡᠵᠡᠮᠳᠡᠬᠦ ᠳᠤ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ | ᠪᠠᠶᠢᠨ᠎ᠠ | ᠣᠳᠣᠬᠠᠨ ᠳᠤ᠂ ᠪᠥᠬᠦ ᠤᠯᠤᠰ ᠲᠤ ᠰᠢᠨ᠎ᠡ ᠪᠠᠷ ᠨᠡᠮᠡᠭᠳᠡᠬᠦ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ ᠶᠢᠨ ᠲᠤᠭ᠎ᠠ ᠲᠦᠷᠭᠡᠨ ᠢᠶᠠᠷ ᠨᠡᠮᠡᠭᠳᠡᠵᠦ᠂ ᠬᠡᠰᠡᠭ ᠭᠠᠵᠠᠷ ᠣᠷᠣᠨ ᠤ ᠨᠡᠶᠢᠭᠡᠮ ᠲᠣᠭᠤᠷᠢᠭ ᠤᠨ ᠲᠠᠷᠬᠠᠯᠲᠠ ᠶᠢ ᠮᠥᠨ ᠬᠦ ᠬᠤᠷᠢᠭᠯᠠᠵᠤ | ᠳᠡᠶᠢᠯᠦᠭᠡᠳᠦᠢ᠂ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠰᠡᠷᠭᠡᠶᠢᠯᠡᠨ ᠡᠵᠡᠮᠳᠡᠬᠦ ᠳᠤ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ | ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠦᠷᠭᠦᠯᠵᠢᠯᠡᠨ ᠡᠷᠡᠭᠡᠯᠵᠡᠰᠢ ᠦᠭᠡᠢ ᠬᠡᠷᠡᠭᠵᠢᠭᠦᠯᠵᠦ᠂ ᠲᠦᠷᠭᠡᠨ ᠪᠠᠶᠢᠬᠤ ᠶᠢ ᠲᠡᠷᠢᠭᠦᠨ ᠳᠤ ᠲᠠᠯᠪᠢᠵᠤ᠂ | ᠭᠤᠣᠯᠳᠠᠯᠭ᠎ᠠ ᠲᠠᠢ ᠭᠠᠵᠠᠷ ᠣᠷᠣᠨ ᠤ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ | ᠲᠤᠰᠠᠭᠠᠷᠯᠠᠬᠤ ᠶᠣᠰᠣᠲᠠᠢ ᠶᠢ ᠨᠢ ᠪᠦᠬᠦᠨ ᠢ ᠲᠤᠰᠠᠭᠠᠷᠯᠠᠵᠤ᠂ ᠡᠮᠴᠢᠯᠡᠬᠦ ᠶᠣᠰᠣᠲᠠᠢ ᠶᠢ ᠨᠢ ᠪᠦᠬᠦᠨ ᠢ ᠡᠮᠴᠢᠯᠡᠬᠦ ᠶᠢ ᠱᠠᠯᠠᠪᠳᠠᠨ ᠠᠬᠢᠭᠤᠯᠬᠤ ᠬᠡᠷᠡᠭᠲᠡᠢ᠃ ᠡᠯ᠎ᠡ | ᠭᠠᠵᠠᠷ ᠣᠷᠣᠨ ᠤ ᠬᠢᠨ ᠲᠤᠰᠠᠭᠠᠷᠯᠠᠬᠤ ᠴᠡᠭ ᠪᠠ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠨᠥᠭᠡᠴᠡ ᠪᠠᠨ ᠴᠢᠩᠭᠠᠳᠬᠠᠵᠤ᠂ ᠬᠡᠪᠴᠢᠶᠡᠲᠦ ᠴᠢᠨᠠᠷᠲᠠᠢ ᠬᠢᠵᠢᠭ ᠤᠨ | ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ | ᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠬᠦ ᠬᠡᠷᠡᠭᠴᠡᠭᠡ ᠶᠢ ᠪᠠᠲᠤᠯᠠᠬᠤ ᠬᠡᠷᠡᠭᠲᠡᠢ᠃ | ᠱᠠᠩᠬᠠᠢ ᠪᠣᠯᠣᠨ ᠭᠢᠷᠢᠨ ᠤ ᠬᠢᠵᠢᠭ ᠤᠨ ᠪᠠᠶᠢᠳᠠᠯ ᠮᠥᠨ ᠬᠦ ᠨᠡᠮᠡᠭᠳᠡᠯ ᠤᠨ ᠪᠠᠶᠢᠳᠠᠯ ᠳᠤ ᠣᠷᠣᠰᠢᠵᠤ ᠪᠠᠶᠢᠨ᠎ᠠ | 3 ᠳ᠋ᠤᠭᠠᠷ ᠰᠠᠷ᠎ᠠ ᠶᠢᠨ 1 ᠤ ᠡᠳᠦᠷ ᠠᠴᠠ 4 ᠳ᠋ᠦ᠋ᠭᠡᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠲᠤ ᠲᠤᠬᠠᠢ ᠶᠢᠨ ᠭᠠᠵᠠᠷ ᠤᠨ ᠲᠣᠳᠣᠯᠠᠭᠰᠠᠨ | ᠡᠪᠡᠳᠴᠢᠨ ᠤ ᠵᠢᠱᠢᠶ᠎ᠡ ᠨᠡᠶᠢᠲᠡ 176455 ᠮᠡᠳᠡᠭᠦᠯᠵᠦ᠂ 29 ᠮᠤᠵᠢ ᠶᠢ ᠬᠠᠮᠤᠷᠴᠤ᠂ ᠶᠡᠷᠦᠩᠬᠡᠢ ᠳᠤ ᠪᠠᠨ ᠥᠷᠭᠡᠨ ᠬᠡᠪᠴᠢᠶ᠎ᠡ ᠪᠠᠷ ᠳᠡᠯᠭᠡᠷᠡᠭᠰᠡᠨ᠂ | ᠬᠡᠪᠴᠢᠶᠡᠵᠢᠭᠰᠡᠨ ᠴᠢᠨᠠᠷᠲᠠᠢ ᠬᠢᠵᠢᠭ ᠤᠨ ᠪᠠᠶᠢᠳᠠᠯ ᠪᠠ ᠥᠷᠭᠡᠨ ᠲᠠᠷᠬᠠᠭᠰᠠᠨ ᠬᠢᠵᠢᠭ ᠤᠨ ᠪᠠᠶᠢᠳᠠᠯ ᠰᠣᠯᠪᠢᠴᠠᠵᠤ᠂ ᠭᠠᠳᠠᠭᠰᠢ ᠯᠡᠪᠡᠷᠡᠭᠰᠡᠨ ᠡᠪᠡᠳᠴᠢᠨ ᠤ ᠵᠢᠱᠢᠶ᠎ᠡ | ᠵᠢᠴᠢ ᠦᠷᠭᠦᠯᠵᠢᠯᠡᠨ ᠲᠠᠷᠬᠠᠭᠰᠠᠨ ᠬᠢᠵᠢᠭ ᠤᠨ ᠪᠠᠶᠢᠳᠠᠯ ᠣᠯᠠᠨ ᠡᠭᠦᠰᠬᠦ ᠵᠡᠷᠭᠡ ᠣᠨᠴᠠᠯᠢᠭ ᠢᠯᠡᠷᠡᠵᠡᠢ᠃ | 3 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠳᠠᠭᠠᠯᠳᠤᠨ᠂ ᠡᠭᠦᠨ ᠠᠴᠠ ᠡᠮᠦᠨ᠎ᠡ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠭᠰᠠᠨ 5 ᠮᠤᠵᠢ ᠬᠤᠲᠠ ᠶᠢᠨ ᠳᠣᠲᠣᠷ᠎ᠠ | ᠭᠤᠸᠠᠩᠳᠦ᠋ᠩ᠂ ᠱᠠᠨᠳᠦ᠋ᠩ᠂ ᠾᠧᠪᠧᠢ ᠵᠡᠷᠭᠡ ᠮᠤᠵᠢ ᠬᠤᠲᠠ ᠶᠢᠨ ᠬᠢᠵᠢᠭ ᠤᠨ ᠪᠠᠶᠢᠳᠠᠯ ᠴᠥᠮ ᠰᠠᠶᠢᠵᠢᠷᠠᠬᠤ ᠬᠠᠨᠳᠤᠰᠢ ᠲᠠᠢ ᠪᠣᠯᠤᠭᠰᠠᠨ ᠪᠣᠯᠪᠠᠴᠤ ᠱᠠᠩᠬᠠᠢ | ᠪᠣᠯᠣᠨ ᠭᠢᠷᠢᠨ ᠤ ᠬᠢᠵᠢᠭ ᠤᠨ ᠪᠠᠶᠢᠳᠠᠯ ᠮᠥᠨ ᠬᠦ ᠨᠡᠮᠡᠭᠳᠡᠯ ᠤᠨ ᠪᠠᠶᠢᠳᠠᠯ ᠳᠤ ᠣᠷᠣᠰᠢᠭᠰᠠᠭᠠᠷ ᠪᠠᠶᠢᠨ᠎ᠠ᠃ | ●ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠣᠷᠭᠢᠯ ᠤᠨ ᠦᠶ᠎ᠡ ᠳᠤ ᠪᠠᠨ ᠬᠦᠷᠴᠦ᠂ ᠮᠡᠳᠡᠭᠦᠯᠦᠭᠰᠡᠨ ᠬᠠᠯᠳᠠᠪᠤᠷᠢᠯᠠᠭᠰᠠᠳ ᠨᠡᠶᠢᠲᠡ 90000 | ᠭᠠᠷᠤᠢ ᠶᠢ ᠳᠠᠪᠠᠵᠤ᠂ ᠨᠡᠶᠢᠭᠡᠮ ᠲᠣᠭᠤᠷᠢᠭ ᠤᠨ ᠲᠠᠷᠬᠠᠯᠲᠠ ᠨᠡᠯᠢᠶᠡᠳ ᠥᠷᠭᠡᠨ ᠪᠥᠭᠡᠳ ᠣᠯᠠᠨ ᠮᠤᠵᠢ ᠣᠯᠠᠨ ᠬᠤᠲᠠ ᠳᠤ ᠯᠡᠪᠡᠷᠡᠨ ᠬᠠᠯᠳᠠᠪᠤᠷᠢᠯᠠᠵᠤ᠂ | ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠬᠡᠴᠡᠭᠦᠦ ᠪᠠᠶᠢᠨ᠎ᠠ᠃ | ●ᠭᠢᠷᠢᠨ ᠮᠤᠵᠢ ᠨᠡᠶᠢᠲᠡ 60000 ᠭᠠᠷᠤᠢ ᠬᠠᠯᠳᠠᠪᠤᠷᠢᠯᠠᠭᠰᠠᠳ ᠢ ᠮᠡᠳᠡᠭᠦᠯᠵᠦ᠂ ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ ᠦᠷᠭᠦᠯᠵᠢᠯᠡᠨ | ᠬᠦᠨᠳᠦᠷᠡᠵᠦ᠂ ᠮᠥᠨ ᠬᠦ ᠥᠨᠳᠥᠷ ᠪᠠᠶᠢᠷᠢᠨ ᠳᠤ ᠣᠷᠣᠰᠢᠵᠤ ᠪᠤᠢ᠃ ᠭᠢᠷᠢᠨ ᠬᠤᠲᠠ ᠶᠢᠨ ᠭᠤᠣᠯ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠪᠠᠭᠤᠷᠠᠵᠤ | ᠡᠬᠢᠯᠡᠪᠡ᠃ | ᠸᠠᠺᠼᠢᠨ ᠤ ᠲᠠᠷᠢᠯᠭ᠎ᠠ ᠬᠢᠬᠦ ᠪᠣᠯ ᠬᠦᠨᠳᠦ ᠡᠪᠡᠳᠴᠢᠨ ᠢ ᠪᠠᠭᠠᠰᠬᠠᠬᠤ᠂ ᠦᠬᠦᠬᠦ ᠨᠤᠷᠮ᠎ᠠ ᠶᠢ ᠪᠠᠭᠠᠰᠬᠠᠬᠤ ᠬᠠᠮᠤᠭ ᠤᠨ ᠰᠠᠶᠢᠨ ᠠᠷᠭ᠎ᠠ ᠬᠡᠮᠵᠢᠶ᠎ᠡ ᠮᠥᠨ | ᠭᠢᠷᠢᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠡᠪᠡᠳᠴᠢᠲᠡᠨ ᠢ ᠡᠮᠨᠡᠨ ᠵᠠᠰᠠᠬᠤ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠦᠨᠳᠦ ᠪᠠ | ᠬᠦᠨᠳᠦ ᠲᠦᠭᠰᠢᠭᠦᠷᠢᠲᠡᠢ ᠡᠪᠡᠳᠴᠢᠲᠡᠨ ᠤ ᠳᠣᠲᠣᠷ᠎ᠠ᠂ ᠸᠠᠺᠼᠢᠨ ᠤ ᠲᠠᠷᠢᠯᠭ᠎ᠠ ᠶᠢᠨ ᠬᠤᠶᠠᠷ ᠵᠡᠭᠦᠦ ᠲᠠᠷᠢᠭᠰᠠᠨ ᠬᠠᠷᠢᠴᠠᠯ ᠨᠢ ᠵᠥᠪᠬᠡᠨ 15% ᠣᠷᠴᠢᠮ ᠪᠠᠶᠢᠵᠤ᠂ | ᠪᠥᠬᠦ ᠤᠯᠤᠰ ᠤᠨ ᠲᠠᠷᠢᠯᠭ᠎ᠠ ᠬᠢᠭᠰᠡᠨ ᠨᠣᠷᠮ᠎ᠠ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠬᠦᠨᠳᠦ ᠡᠪᠡᠳᠴᠢᠲᠡᠨ ᠳᠤ ᠪᠠᠰᠠ ᠸᠠᠺᠼᠢᠨ ᠤ ᠲᠠᠷᠢᠯᠭ᠎ᠠ | ᠲᠠᠷᠢᠭᠰᠠᠨ ᠦᠭᠡᠢ ᠠᠬᠢᠮᠠᠭ ᠨᠠᠰᠤᠨ ᠤ ᠬᠥᠮᠥᠨ ᠪᠠ ᠠᠬᠢᠮᠠᠭ ᠨᠠᠰᠤᠨ ᠤ ᠬᠥᠮᠥᠰ ᠤᠨ ᠳᠣᠲᠣᠷ᠎ᠠ ᠤᠳᠠᠭᠠᠨ ᠴᠢᠨᠠᠷᠲᠠᠢ ᠪᠠ ᠰᠠᠭᠤᠷᠢ ᠴᠢᠨᠠᠷᠲᠠᠢ ᠡᠪᠡᠳᠴᠢᠨ ᠳᠤ | ᠨᠡᠷᠪᠡᠭᠳᠡᠭᠰᠡᠨ ᠣᠨᠴᠠᠯᠢᠭ ᠢᠯᠡᠷᠡᠭᠰᠡᠨ ᠪᠠᠶᠢᠨ᠎ᠠ᠃ | ᠣᠮᠢᠺᠷᠦᠨ ᠣᠨᠳᠣᠣᠰᠢᠭᠰᠠᠨ ᠸᠢᠷᠦ᠋ᠰ ᠨᠢ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ ᠪᠠᠶᠢᠬᠤ ᠠᠴᠠ ᠭᠠᠳᠠᠨ᠎ᠠ ᠲᠠᠷᠬᠠᠬᠤ | ᠶᠠᠪᠤᠴᠠ ᠨᠢ ᠳᠠᠯᠳᠠ ᠨᠢᠭᠤᠴᠠᠭᠠᠢ ᠴᠢᠨᠠᠷᠲᠠᠢ ᠪᠠᠶᠢᠳᠠᠭ᠃ ᠡᠳᠡᠭᠡᠷ ᠬᠦᠴᠦᠨ ᠵᠦᠢᠯ ᠨᠢ ᠴᠥᠮ ᠰᠡᠭᠦᠯᠴᠢ ᠶᠢᠨ ᠬᠤᠭᠤᠴᠠᠭᠠᠨ ᠳᠤ ᠬᠠᠯᠳᠠᠪᠤᠷᠢᠯᠠᠬᠤ ᠲᠦᠭᠰᠢᠭᠦᠷᠢ ᠶᠢ | ᠨᠡᠮᠡᠭᠳᠡᠭᠦᠯᠵᠦ ᠮᠡᠳᠡᠨ᠎ᠡ᠃ ᠨᠠᠰᠤᠲᠠᠶᠢᠴᠤᠳ ᠪᠠ ᠰᠠᠭᠤᠷᠢ ᠡᠪᠡᠳᠴᠢᠨ ᠲᠠᠢ ᠬᠥᠮᠥᠰ ᠲᠤ ᠠᠪᠴᠤ ᠬᠡᠯᠡᠪᠡᠯ᠂ ᠬᠦᠨᠳᠦ ᠡᠪᠡᠳᠴᠢᠨ ᠢ ᠪᠠᠭᠠᠰᠬᠠᠬᠤ᠂ ᠦᠬᠦᠬᠦ | ᠨᠤᠷᠮ᠎ᠠ ᠶᠢ ᠪᠠᠭᠠᠰᠬᠠᠬᠤ ᠬᠠᠮᠤᠭ ᠤᠨ ᠰᠠᠶᠢᠨ ᠠᠷᠭ᠎ᠠ ᠬᠡᠮᠵᠢᠶ᠎ᠡ ᠪᠣᠯ ᠬᠠᠰᠢ ᠯᠠ ᠸᠠᠺᠼᠢᠨ ᠤ ᠲᠠᠷᠢᠯᠭ᠎ᠠ ᠬᠢᠬᠦ ᠶᠠᠪᠤᠳᠠᠯ ᠪᠣᠯᠣᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠣᠷ᠎ᠠ ᠣᠯᠠᠨ ᠨᠡᠶᠢᠲᠡ ᠶᠢᠨ ᠦᠨᠳᠦᠰᠦᠨ ᠡᠮᠴᠢᠯᠡᠭᠡᠨ ᠤ ᠱᠠᠭᠠᠷᠳᠠᠯᠭ᠎ᠠ ᠶᠢ ᠰᠢᠢᠳᠪᠦᠷᠢᠯᠡᠬᠦ | ᠬᠡᠷᠡᠭᠲᠡᠢ᠂ ᠣᠨᠴᠠᠭᠠᠶᠢᠯᠠᠨ ᠬᠦᠨᠳᠦ ᠲᠦᠭᠰᠢᠭᠦᠷᠢᠲᠡᠢ ᠡᠪᠡᠳᠴᠢᠲᠡᠨ ᠢ ᠡᠮᠨᠡᠨ ᠵᠠᠰᠠᠬᠤ ᠲᠠᠯ᠎ᠠ ᠪᠠᠷ ᠠᠩᠬᠠᠷᠬᠤ ᠬᠡᠷᠡᠭᠲᠡᠢ | ᠬᠢᠵᠢᠭ ᠤᠨ ᠬᠤᠭᠤᠴᠠᠭᠠᠨ ᠳᠤ᠂ ᠪᠢᠲᠡᠭᠦᠮᠵᠢᠯᠡᠨ ᠬᠢᠵᠠᠭᠠᠷᠯᠠᠬᠤ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠣᠯᠠᠨ ᠲᠦᠮᠡᠨ ᠤ ᠡᠪᠡᠳᠴᠢᠨ ᠦᠵᠡᠭᠦᠯᠬᠦ | ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ ᠪᠥᠭᠡᠳ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠡᠳᠡᠭᠡᠷ ᠡᠪᠡᠳᠴᠢᠲᠡᠨ ᠢ ᠴᠠᠭ | ᠲᠤᠬᠠᠢ ᠳᠤ ᠨᠢ ᠪᠦᠲᠦᠮᠵᠢᠲᠡᠶ ᠡᠮᠨᠡᠨ ᠵᠠᠰᠠᠬᠤ ᠶᠢ ᠪᠠᠲᠤᠯᠠᠬᠤ ᠬᠡᠷᠡᠭᠲᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠡᠮᠴᠢᠯᠡᠭᠡᠨ ᠤ | ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠳᠤ ᠵᠣᠬᠢᠬᠤ ᠱᠠᠭᠠᠷᠳᠠᠯᠭ᠎ᠠ ᠳᠤᠷᠠᠳᠬᠤ ᠶᠢ ᠴᠢᠬᠤᠯᠠᠴᠢᠯᠠᠪᠠ᠄ | ●ᠲᠦᠷᠭᠡᠨ ᠡᠮᠨᠡᠬᠦ ᠲᠦᠷᠭᠡᠨ ᠠᠪᠤᠷᠠᠬᠤ ᠲᠠᠰᠤᠭ᠂ ᠮᠡᠰᠡ ᠵᠠᠰᠠᠯ ᠤᠨ ᠲᠠᠰᠤᠭ᠂ ᠡᠪᠡᠳᠴᠢᠲᠡᠨ ᠤ ᠥᠷᠥᠭᠡ ᠵᠢᠴᠢ ᠬᠥᠩᠭᠡᠵᠢᠭᠦᠯᠬᠦ ᠰᠠᠯᠠᠭ᠎ᠠ ᠳᠤ ᠵᠣᠬᠢᠬᠤ | ᠪᠠᠴᠢᠮ ᠪᠠᠶᠢᠳᠠᠯ ᠢ ᠠᠷᠭᠠᠴᠠᠭᠠᠬᠤ ᠣᠷᠣᠨ ᠪᠤᠶᠤ ᠨᠠᠮᠳᠠᠭᠤᠯᠬᠤ ᠣᠷᠣᠨ ᠲᠣᠬᠢᠷᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ | ᠡᠮᠦᠨ᠎ᠡ ᠬᠦᠨᠳᠦ ᠲᠦᠭᠰᠢᠭᠦᠷᠢᠲᠡᠢ ᠡᠪᠡᠳᠴᠢᠲᠡᠨ ᠢ ᠠᠪᠤᠷᠠᠨ ᠵᠠᠰᠠᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ●ᠡᠯ᠎ᠡ ᠭᠠᠵᠠᠷ ᠤᠨ ᠬᠢᠨ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠨᠡᠪᠴᠢᠭᠦᠯᠦᠨ ᠢᠯᠭᠠᠷᠠᠭᠤᠯᠬᠤ ᠵᠠᠰᠠᠯᠭ᠎ᠠ ᠬᠢᠬᠦ ᠬᠦᠮᠦᠰ᠂ ᠰᠠᠴᠤᠷᠠᠭ ᠬᠢᠮᠢ ᠶᠢᠨ | ᠵᠠᠰᠠᠯᠭ᠎ᠠ ᠬᠢᠬᠦ ᠬᠥᠮᠥᠰ ᠤᠨ ᠦᠨᠳᠦᠰᠦᠨ ᠰᠠᠭᠤᠷᠢ ᠲᠤᠭ᠎ᠠ ᠶᠢ ᠪᠦᠷᠢᠳᠬᠡᠵᠦ᠂ ᠦᠨᠳᠦᠰᠦᠨ ᠰᠠᠭᠤᠷᠢ ᠪᠠᠶᠢᠳᠠᠯ ᠢ ᠨᠢ ᠲᠣᠳᠣᠷᠬᠠᠢ ᠣᠶᠢᠯᠠᠭᠠᠵᠤ᠂ ᠨᠠᠷᠢᠨ ᠳᠠᠩᠰᠠ | ᠪᠠᠶᠢᠭᠤᠯᠤᠨ᠂ ᠡᠳᠡᠭᠡᠷ ᠡᠪᠡᠳᠴᠢᠲᠡᠨ ᠢ ᠪᠦᠲᠦᠮᠵᠢᠲᠡᠶ ᠪᠠᠷ ᠮᠥᠷᠳᠡᠨ ᠳᠠᠭᠠᠵᠤ᠂ ᠡᠮᠨᠡᠨ ᠵᠠᠰᠠᠬᠤ ᠴᠢᠬᠤᠯᠠᠲᠠᠢ ᠦᠶ᠎ᠡ ᠳᠤ ᠴᠠᠭ ᠲᠤᠬᠠᠢ ᠳᠤ ᠨᠢ ᠡᠮᠨᠡᠨ ᠵᠠᠰᠠᠬᠤ | ᠬᠡᠷᠡᠭᠲᠡᠢ ᠭᠡᠵᠦ ᠱᠠᠭᠠᠷᠳᠠᠵᠠᠢ᠃ | ●ᠤᠳᠠᠭᠠᠨ ᠴᠢᠨᠠᠷᠲᠠᠢ ᠤᠷᠲᠤ ᠬᠤᠭᠤᠴᠠᠭ᠎ᠠ ᠪᠠᠷ ᠡᠮ ᠬᠡᠷᠡᠭᠯᠡᠵᠦ ᠪᠠᠶᠢᠭ᠎ᠠ ᠡᠪᠡᠳᠴᠢᠲᠡᠨ ᠳᠤ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠶᠢ | ᠲᠣᠬᠢᠷᠠᠭᠤᠯᠵᠤ ᠵᠣᠬᠢᠬᠤ ᠡᠮ ᠤᠨ ᠵᠣᠷ ᠥᠭᠭᠦᠨ᠎ᠡ᠂ ᠵᠠᠷᠢᠮ ᠤᠳᠠᠭᠠᠨ ᠴᠢᠨᠠᠷᠲᠠᠢ ᠡᠪᠡᠳᠴᠢᠲᠡᠨ ᠳᠤ ᠡᠪᠡᠳᠴᠢᠨ ᠤ ᠪᠠᠶᠢᠳᠠᠯ ᠲᠠᠢ ᠨᠢ ᠤᠶᠠᠯᠳᠤᠭᠤᠯᠤᠨ ᠡᠮ ᠤᠨ | ᠵᠣᠷ ᠢ ᠨᠢ 12 ᠭᠠᠷᠠᠭ ᠪᠣᠯᠲᠠᠯ᠎ᠠ ᠤᠷᠲᠤᠳᠬᠠᠵᠤ ᠪᠣᠯᠬᠤ ᠪᠥᠭᠡᠳ ᠭᠡᠷ ᠲᠤ ᠨᠢ ᠬᠦᠷᠴᠦ ᠡᠮ ᠬᠦᠷᠭᠡᠬᠦ ᠦᠢᠯᠡᠴᠢᠯᠡᠭᠡ ᠬᠠᠩᠭᠠᠬᠤ ᠶᠢ ᠰᠠᠨᠠᠭᠤᠯᠵᠤ ᠪᠠᠶᠢᠨ᠎ᠠ᠃ | ᠣᠮᠢᠺᠷᠦᠨ ᠤ ᠬᠤᠣᠷ ᠬᠥᠨᠥᠭᠡᠯ ᠨᠢ ᠬᠠᠯᠳᠠᠪᠤᠷᠢᠲᠤ ᠲᠠᠭᠰᠢᠭᠤᠷ ᠠᠴᠠ ᠶᠡᠭᠡ ᠪᠠᠶᠢᠳᠠᠭ᠂ ᠭᠤᠷᠪᠠ ᠤᠳᠠᠭᠠᠨ ᠤ ᠸᠠᠺᠼᠢᠨ ᠤ ᠲᠠᠷᠢᠯᠭ᠎ᠠ ᠶᠢ ᠲᠠᠷᠢᠬᠤ ᠨᠢ | ᠣᠮᠢᠺᠷᠦᠨ ᠳᠤ ᠬᠠᠯᠳᠠᠪᠤᠷᠢᠯᠠᠭᠳᠠᠭᠰᠠᠨ ᠤ ᠳᠠᠷᠠᠭᠠᠬᠢ ᠡᠪᠡᠳᠴᠢᠨ ᠢᠶᠠᠷ ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ | ᠣᠮᠢᠺᠷᠦᠨ ᠤ ᠬᠤᠣᠷᠲᠤ ᠴᠢᠨᠠᠷ ᠪᠠᠭᠤᠷᠠᠭᠰᠠᠨ ᠪᠠᠶᠢᠳᠠᠯ ᠪᠣᠯ ᠥᠩᠭᠡᠷᠡᠭᠰᠡᠨ ᠤ ᠬᠤᠣᠷᠲᠤ ᠸᠢᠷᠦ᠋ᠰ ᠲᠠᠢ ᠬᠠᠷᠢᠴᠠᠭᠤᠯᠵᠤ ᠬᠡᠯᠡᠭᠰᠡᠨ ᠶᠤᠮ᠃ ᠣᠳᠣᠬᠠᠨ ᠳᠤ | ᠲᠡᠭᠦᠨ ᠤ ᠬᠤᠣᠷᠲᠤ ᠴᠢᠨᠠᠷ ᠨᠢ ᠮᠥᠨ ᠯᠡ ᠬᠠᠯᠳᠠᠪᠤᠷᠢᠲᠤ ᠲᠠᠭᠰᠢᠭᠤᠷ ᠠᠴᠠ ᠥᠨᠳᠥᠷ ᠪᠠᠶᠢᠭᠰᠠᠭᠠᠷ᠂ ᠢᠯᠠᠩᠭᠤᠶ᠎ᠠ ᠸᠠᠺᠼᠢᠨ ᠤ ᠲᠠᠷᠢᠯᠭ᠎ᠠ ᠬᠢᠭᠰᠡᠨ ᠦᠭᠡᠢ ᠪᠤᠶᠤ | ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠦᠭᠡᠢ ᠨᠠᠰᠤᠲᠠᠶᠢᠴᠤᠳ ᠲᠤ ᠠᠪᠴᠤ ᠬᠡᠯᠡᠪᠡᠯ ᠨᠠᠩ ᠶᠡᠭᠡ ᠬᠤᠣᠷ ᠬᠥᠨᠥᠭᠡᠯ ᠲᠠᠢ ᠶᠤᠮ᠃ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠣᠳᠣᠬᠠᠨ ᠳᠤ 110 ᠭᠠᠷᠤᠢ ᠲᠦᠮᠡᠨ ᠬᠠᠯᠳᠠᠪᠤᠷᠢᠯᠠᠭᠰᠠᠳ ᠤᠨ | ᠳᠣᠲᠣᠷ᠎ᠠ 8000 ᠭᠠᠷᠤᠢ ᠬᠥᠮᠥᠨ ᠦᠬᠦᠵᠦ᠂ ᠡᠪᠡᠳᠴᠢᠨ ᠢᠶᠠᠷ ᠦᠬᠦᠭᠰᠡᠨ ᠨᠣᠷᠮ᠎ᠠ ᠨᠢ 0.7% ᠶᠢ ᠡᠵᠡᠯᠡᠨ᠂ ᠡᠨᠡ ᠬᠦ ᠡᠪᠡᠳᠴᠢᠨ ᠢᠶᠠᠷ ᠦᠬᠦᠭᠰᠡᠨ ᠨᠣᠷᠮ᠎ᠠ | ᠨᠢ ᠬᠠᠯᠳᠠᠪᠤᠷᠢᠲᠤ ᠲᠠᠭᠰᠢᠭᠤᠷ ᠤᠨ ᠡᠪᠡᠳᠴᠢᠨ ᠢᠶᠠᠷ ᠦᠬᠦᠭᠰᠡᠨ ᠨᠣᠷᠮ᠎ᠠ ᠠᠴᠠ ᠬᠤᠯᠠ ᠥᠨᠳᠥᠷ ᠪᠠᠶᠢᠨ᠎ᠠ᠃ ᠡᠭᠦᠨ ᠠᠴᠠ ᠭᠠᠳᠠᠨ᠎ᠠ᠂ ᠰᠢᠶᠠᠩᠭᠠᠩ ᠤᠨ | ᠬᠢᠵᠢᠭ ᠤᠨ ᠪᠠᠶᠢᠳᠠᠯ ᠤᠨ ᠲᠤᠭ᠎ᠠ ᠪᠠᠷᠢᠮᠲᠠ ᠠᠴᠠ ᠪᠢᠳᠡᠨ ᠳᠤ ᠸᠠᠺᠼᠢᠨ ᠤ ᠲᠠᠷᠢᠯᠭ᠎ᠠ ᠬᠢᠬᠦ ᠡᠰᠡᠬᠦ ᠨᠢ ᠡᠪᠡᠳᠴᠢᠨ ᠢᠶᠠᠷ ᠦᠬᠦᠬᠦ ᠨᠣᠷᠮ᠎ᠠ ᠲᠠᠢ ᠨᠢᠭᠲᠠ | ᠬᠤᠯᠪᠣᠭ᠎ᠠ ᠲᠠᠢ ᠭᠡᠳᠡᠭ ᠮᠠᠰᠢ ᠴᠢᠬᠤᠯᠠ ᠰᠠᠨᠠᠭᠤᠯᠤᠮᠵᠢ ᠥᠭᠴᠡᠢ᠃ ᠰᠢᠶᠠᠩᠭᠠᠩ ᠤᠨ ᠡᠪᠡᠳᠴᠢᠨ ᠢᠶᠠᠷ ᠦᠬᠦᠭᠰᠡᠨ ᠬᠥᠮᠥᠰ ᠤᠨ ᠲᠤᠭ᠎ᠠ ᠪᠠᠷᠢᠮᠲᠠ ᠠᠴᠠ ᠦᠵᠡᠪᠡᠯ᠂ | ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠨ ᠤ ᠦᠬᠦᠬᠦ ᠨᠣᠷᠮ᠎ᠠ ᠨᠢ 3.2%᠂ ᠨᠢᠭᠡ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.96%᠂ | ᠬᠤᠶᠠᠷ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.14%᠂ ᠭᠤᠷᠪᠠᠨ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.03% ᠬᠦᠷᠴᠦ ᠪᠤᠢ | ᠃ ᠡᠲᠡᠭᠡᠷ ᠲᠤᠭ᠎ᠠ ᠪᠠᠷᠢᠮᠲᠠ ᠠᠴᠠ ᠦᠵᠡᠪᠡᠯ᠂ ᠭᠤᠷᠪᠠ ᠤᠳᠠᠭᠠᠨ ᠤ ᠸᠠᠺᠼᠢᠨ ᠤ ᠲᠠᠷᠢᠯᠭ᠎ᠠ ᠬᠢᠬᠦ ᠨᠢ ᠣᠮᠢᠺᠷᠦᠨ ᠳᠤ ᠬᠠᠯᠳᠠᠪᠤᠷᠢᠯᠠᠭᠳᠠᠭᠰᠠᠨ ᠤ ᠳᠠᠷᠠᠭᠠᠬᠢ | ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ | ᠴᠡᠴᠡᠭ ᠤᠨ ᠲᠣᠭᠤᠰᠣᠨ ᠳᠤ ᠬᠠᠷᠰᠢᠬᠤ ᠨᠢ ᠸᠠᠺᠽᠢᠨ ᠤ ᠲᠠᠷᠢᠯᠭ᠎ᠠ ᠶᠢᠨ ᠴᠡᠭᠡᠷ ᠲᠤ ᠪᠠᠭᠲᠠᠬᠤ ᠦᠭᠡᠢ | ᠬᠠᠪᠤᠷ ᠤᠨ ᠤᠯᠠᠷᠢᠯ ᠳᠤ ᠴᠡᠴᠡᠭ ᠳᠡᠯᠭᠡᠷᠡᠬᠦ ᠦᠶ᠎ᠡ ᠳᠤ᠂ ᠥᠩᠭᠡᠷᠡᠭᠰᠡᠨ ᠳᠤ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠨ ᠤ ᠲᠡᠦᠬᠡ ᠲᠠᠢ | ᠪᠠᠶᠢᠭᠰᠠᠨ ᠵᠠᠷᠢᠮ ᠬᠥᠮᠥᠰ ᠡᠬᠢᠯᠡᠨ ᠡᠪᠡᠳᠴᠢᠯᠡᠳᠡᠭ᠂ ᠡᠭᠦᠨ ᠳᠤ ᠨᠢᠳᠦ ᠵᠠᠭᠠᠲᠤᠨᠠᠬᠤ᠂ ᠨᠠᠶᠢᠲᠠᠭᠠᠬᠤ᠂ ᠬᠠᠨᠢᠶᠠᠬᠤ ᠵᠡᠷᠭᠡ ᠪᠠᠭᠲᠠᠨ᠎ᠠ᠂ ᠬᠦᠨᠳᠦᠷᠡᠬᠦ ᠳᠤ ᠪᠠᠨ ᠪᠠᠰᠠ | ᠠᠭᠰᠠᠭ᠎ᠠ ᠳᠠᠪᠬᠤᠴᠠᠬᠤ ᠡᠪᠡᠳᠴᠢᠨ ᠢᠯᠡᠷᠡᠨ᠎ᠡ᠃ ᠵᠠᠷᠢᠮ ᠠᠷᠭ᠎ᠠ ᠬᠡᠮᠵᠢᠶ᠎ᠡ ᠨᠢ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠨ ᠡᠭᠦᠰᠬᠦ ᠶᠢ ᠰᠡᠷᠭᠡᠶᠢᠯᠡᠵᠦ | ᠴᠢᠳᠠᠨ᠎ᠠ᠃ ᠡᠭᠦᠨ ᠳᠤ ᠠᠮᠠᠪᠴᠢ ᠵᠡᠭᠦᠬᠦ᠂ ᠴᠡᠴᠡᠭ ᠤᠨ ᠲᠣᠭᠤᠰᠣᠨ ᠤ ᠣᠷᠴᠢᠨ ᠠᠴᠠ ᠬᠤᠯᠠ ᠵᠠᠶᠢᠳᠠᠬᠤ ᠵᠡᠷᠭᠡ ᠪᠠᠭᠲᠠᠨ᠎ᠠ᠃ ᠬᠡᠷᠪᠡ ᠶᠠᠭ ᠴᠡᠴᠡᠭ ᠤᠨ | ᠲᠣᠭᠤᠰᠣᠨ ᠳᠤ ᠬᠠᠷᠰᠢᠬᠤ ᠪᠠᠶᠢᠳᠠᠯ ᠭᠠᠷᠴᠤ ᠪᠠᠶᠢᠪᠠᠯ ᠪᠠᠰᠠ ᠵᠠᠷᠢᠮ ᠡᠮ ᠢᠶᠠᠷ ᠡᠪᠡᠳᠴᠢᠨ ᠤ ᠢᠯᠡᠷᠡᠯ ᠢ ᠨᠠᠮᠳᠠᠭᠤᠯᠵᠤ ᠪᠣᠯᠣᠨ᠎ᠠ᠃ ᠰᠢᠨ᠎ᠡ ᠲᠢᠲᠢᠮᠯᠢᠭ ᠠᠭᠤᠰᠬᠢᠨ | ᠥᠷᠪᠢᠰᠦᠯ ᠤᠨ ᠸᠠᠺᠼᠢᠨ ᠳᠤ ᠭᠤᠣᠯᠳᠠᠭᠤ ᠲᠠᠪᠤᠨ ᠵᠦᠢᠯ ᠤᠨ ᠴᠡᠭᠡᠷᠯᠡᠬᠦ ᠡᠪᠡᠳᠴᠢᠨ ᠪᠣᠶ᠂ ᠴᠡᠴᠡᠭ ᠤᠨ ᠲᠣᠭᠤᠰᠣᠨ ᠤ ᠬᠠᠷᠰᠢᠯ ᠨᠢ ᠸᠠᠺᠼᠢᠨ ᠤ ᠲᠠᠷᠢᠯᠭ᠎ᠠ ᠶᠢᠨ | ᠴᠡᠭᠡᠷ ᠲᠤ ᠪᠠᠭᠲᠠᠬᠤ ᠦᠭᠡᠢ᠃ ᠸᠠᠺᠼᠢᠨ ᠤ ᠲᠠᠷᠢᠯᠭ᠎ᠠ ᠬᠢᠬᠦ ᠦᠶ᠎ᠡ ᠳᠤ᠂ ᠬᠡᠷᠪᠡ ᠶᠠᠭ ᠰᠠᠶᠢᠬᠠᠨ ᠴᠡᠴᠡᠭ ᠤᠨ ᠲᠣᠭᠤᠰᠣᠨ ᠳᠤ ᠬᠠᠷᠰᠢᠬᠤ ᠲᠦᠷᠭᠡᠨ ᠴᠢᠨᠠᠷᠲᠠᠢ | ᠡᠪᠡᠳᠴᠢᠨ ᠬᠥᠳᠡᠯᠬᠦ ᠬᠤᠭᠤᠴᠠᠭᠠᠨ ᠳᠤ ᠪᠠᠶᠢᠵᠤ᠂ ᠢᠯᠠᠩᠭᠤᠶ᠎ᠠ ᠬᠦᠨᠳᠦ ᠨᠣᠴᠢᠲᠠᠢ ᠳᠠᠪᠬᠤᠴᠠᠭᠰᠠᠨ ᠡᠪᠡᠳᠴᠢᠨ ᠳᠤ ᠨᠡᠷᠪᠡᠭᠳᠡᠪᠡᠯ᠂ ᠰᠢᠨ᠎ᠡ ᠲᠢᠲᠢᠮᠯᠢᠭ ᠠᠭᠤᠰᠬᠢᠨ | ᠥᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠶᠢ ᠬᠤᠶᠢᠰᠢᠯᠠᠭᠤᠯᠬᠤ ᠶᠢ ᠰᠠᠨᠠᠭᠤᠯᠵᠤ ᠪᠠᠶᠢᠨ᠎ᠠ᠃ |