ᠯᠢ ᠯᠢ ᠡᠵᠡᠨ ᠬᠤᠷᠤᠭ᠎ᠠ ᠬᠤᠰᠢᠭᠤ ᠲᠠᠯᠠᠳ ᠬᠤᠰᠢᠭᠤᠨ ᠳᠤ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2022/4/11
            ᠦᠢᠷ᠎ᠡ ᠶᠢᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠤᠷᠢᠳ ᠬᠤᠵᠢᠳ ᠡᠵᠡᠨ ᠬᠤᠷᠤᠭ᠎ᠠ ᠬᠤᠰᠢᠭᠤ᠂ ᠲᠠᠯᠠᠳ ᠬᠤᠰᠢᠭᠤᠨ ᠳᠤ ᠬᠦᠷᠴᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠲᠦᠪ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠭᠤᠷᠪᠠᠳᠤᠭᠠᠷ ᠲᠤᠭᠤᠶᠢᠯᠠᠩ ᠠᠴᠠ ᠰᠢᠢᠳᠪᠤᠷᠢᠯᠡᠬᠦ ᠪᠠᠷ ᠲᠤᠰᠢᠶᠠᠭᠰᠡᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠬᠦᠯᠤᠭ᠍ᠰᠡᠨ ᠬᠡᠷᠡᠭ ᠢ ᠰᠢᠢᠳᠪᠤᠷᠢᠯᠡᠭᠰᠡᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠠᠩ ᠸᠧᠢ ᠪᠠᠶᠢᠴᠠᠭᠠᠨ‌‍ᠰᠤᠳᠤᠯᠤᠯᠳᠠ ᠳᠤ ᠤᠷᠤᠯᠴᠠᠪᠠ᠃     ᠡᠵᠡᠨ ᠬᠤᠷᠤᠭ᠎ᠠ ᠬᠤᠰᠢᠭᠤᠨ ᠤ ᠶᠢᠨ ᠹᠧᠩ ᠼᠤᠤ ᠲᠠ ᠨᠡᠬᠦᠷᠠᠰᠤᠨ ᠠᠭᠤᠷᠬᠠᠢ ᠶᠢᠨ ᠠᠮᠢ ᠠᠬᠤᠢ ᠶᠢ ᠰᠡᠷᠬᠦᠬᠡᠨ ᠵᠠᠰᠠᠭᠰᠡᠨ ᠪᠠᠶᠢᠳᠠᠯ  ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠱᠧᠨ ᠢ ᠨᠡᠬᠦᠷᠡᠰᠤᠨ ᠠᠭᠤᠷᠬᠠᠢ ᠳᠤ᠂ ᠲᠡᠷᠬᠡᠨ ᠠᠴᠠ ᠪᠠᠭᠤᠮᠠᠭᠴᠠ ᠲᠠᠷᠡ ᠲᠦᠭ ᠶᠡᠭᠡ ᠠᠭᠤᠷᠬᠠᠢ ᠶᠢᠨ ᠨᠦᠬᠡ ᠤᠩᠭᠤᠶᠢᠵᠤ ᠪᠠᠶᠢᠬᠤ ᠶᠢ ᠤᠯᠵᠤ ᠬᠠᠷᠠᠭᠠᠳ᠂ ᠠᠰᠠᠭᠤᠳᠠᠯ ᠡᠬᠦᠰᠤᠬᠡᠳ ᠡᠶᠢᠮᠤ ᠤᠷᠳᠤ ᠬᠤᠭᠤᠴᠠᠭ᠎ᠠ ᠪᠤᠯᠤᠭᠰᠨ ᠪᠠᠶᠢᠳᠠᠯ᠎ᠠ ᠴᠡᠭᠴᠡᠯᠡᠨ ᠰᠠᠶᠢᠵᠢᠷᠠᠭᠤᠯᠬᠤ ᠠᠬᠢᠴᠠ ᠶᠠᠭᠠᠬᠢᠭᠠᠳ ᠡᠶᠢᠮᠤ ᠤᠷᠳᠤ ᠬᠤᠭᠤᠴᠠᠭ᠎ᠠ ᠪᠤᠯᠤᠭᠰᠡᠨ ᠪᠠᠶᠢᠳᠠᠯ᠎ᠠ ᠴᠡᠭᠴᠡᠯᠡᠨ ᠰᠠᠶᠢᠵᠢᠷᠠᠭᠤᠯᠬᠤ ᠠᠬᠢᠴᠠ ᠶᠠᠭᠠᠬᠢᠭᠠᠳ ᠡᠶᠢᠮᠤ ᠤᠳᠠᠭᠠᠨ ᠪᠠᠶᠢᠬᠤ ᠪᠤᠢ︖ ᠡᠬᠦᠷᠬᠡ ᠴᠢᠳᠠᠪᠤᠷᠢᠳᠤ ᠰᠠᠯᠠᠭ᠎ᠠ ᠮᠦᠴᠢᠷ ᠨᠢ ᠴᠤᠬᠤᠮ ᠶᠠᠭᠠᠬᠢᠵᠤ ᠬᠢᠨᠠᠨ ᠬᠠᠮᠢᠶᠠᠷᠤᠭᠰᠡᠨ ᠪᠤᠢ︖ ᠪᠤᠴᠠᠭᠰᠠᠨ ᠰᠢᠷᠤᠢ ᠬᠠᠮᠢᠭ᠎ᠠ ᠠᠴᠠ ᠢᠷᠡᠭᠰᠡᠨ ᠪᠤᠢ︖ ᠬᠡᠵᠢᠶ᠎ᠡ ᠪᠤᠯᠠᠵᠤ ᠪᠠᠷᠠᠬᠤ ᠪᠤᠢ︖ ᠬᠡᠵᠤ ᠨᠠᠷᠢᠨ ᠬᠢᠨᠠᠮᠠᠭᠠᠢ ᠠᠰᠠᠭᠤᠪᠠ᠃ ᠲᠠᠷᠠ ᠤᠯᠤᠰ ᠲᠦᠷᠤ ᠶᠢᠨ ᠲᠠᠯ᠎ᠠ ᠪᠠᠷ ᠦᠵᠡᠵᠤ᠂ ᠤᠯᠤᠰ ᠲᠦᠷᠤ ᠶᠢᠨ ᠲᠠᠯ᠎ᠠ ᠪᠠᠷ ᠰᠢᠢᠳᠪᠤᠷᠢᠯᠡᠬᠦ  ᠶᠢ ᠪᠠᠷᠢᠮᠳᠠᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠯᠤᠰ ᠲᠦᠷᠤ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠵᠤ᠂ ᠲᠡᠮᠤᠷ ᠮᠡᠳᠤ ᠬᠠᠳᠠᠭᠤ ᠵᠣᠷᠢᠭ᠂ ᠲᠠᠮᠤᠷ ᠮᠡᠳᠤ ᠬᠠᠳᠠᠭᠤ ᠰᠠᠬᠢᠯᠭ᠎ᠠ ᠪᠠᠳᠤ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠬᠡᠨ ᠠᠬᠢᠭᠤᠯᠵᠤ᠂ ᠶᠠᠭᠠᠬᠢᠵᠤ ᠴᠡᠭᠴᠡᠯᠡᠨ ᠰᠠᠶᠢᠵᠢᠷᠠᠭᠤᠯᠭᠤ᠂ ᠬᠡᠵᠢᠶ᠎ᠡ ᠴᠡᠭᠴᠡᠯᠡᠨ ᠰᠠᠶᠢᠵᠢᠷᠠᠭᠤᠯᠵᠤ ᠲᠠᠭᠤᠰᠬᠠᠬᠤ ᠪᠠᠨ ᠴᠦᠮ ᠲᠤᠳᠤᠷ᠎ᠠ ᠪᠠᠨ ᠲᠤᠭ᠎ᠠ ᠲᠠᠢ ᠪᠠᠶᠢᠬᠤ ᠬᠡᠷᠡᠭᠳᠡᠢ᠂ ᠲᠦᠰᠤᠯ ᠲᠤᠭᠳᠠᠭᠠᠬᠤ ᠳᠤ ᠯᠠ ᠵᠤᠭᠰᠤᠩᠬᠢᠷᠠᠭᠠᠳ ᠪᠠᠶᠢᠵᠤ ᠪᠤᠯᠬᠤ ᠦᠬᠡᠢ᠂ ᠪᠤᠳᠠᠳᠤ ᠠᠵᠢᠯᠯᠠᠭ᠎ᠠ ᠦᠬᠡᠢ ᠪᠤᠯ ᠶᠠᠭᠠᠬᠢᠭᠰᠡᠨ ᠴᠤ ᠪᠤᠯᠬᠤ ᠦᠬᠡᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ《 ᠬᠡᠢ ᠬᠤᠭᠤᠰᠤᠨ ᠵᠤᠶᠢᠯ》 ᠪᠤᠯᠭᠠᠵᠤ ᠶᠠᠭᠠᠬᠢᠭᠰᠡᠨ ᠴᠤ ᠪᠤᠯᠬᠤ ᠦᠬᠡᠢ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠵᠤ᠂ ᠦᠩᠬᠡᠨ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠶᠠᠭᠠᠬᠢᠭᠰᠡᠨ ᠴᠤ ᠪᠤᠯᠬᠤ ᠦᠬᠡᠢ᠃ ᠤᠰᠤᠨ ᠠᠰᠢᠭᠯᠠᠯᠳᠠ ᠵᠡᠷᠬᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠬᠢᠨᠡᠨ ᠬᠠᠮᠢᠶᠠᠷᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠤᠯᠳᠠ  ᠶᠢᠨ ᠪᠠᠶᠢᠴᠠᠭᠠᠯᠳᠠ ᠶᠢ ᠦᠷᠬᠦᠯᠵᠢᠯᠡᠨ ᠴᠢᠩᠭᠠᠳᠬᠠᠵᠤ᠂ ᠡᠯ᠎ᠡ ᠲᠦᠷᠤᠯ ᠤᠨ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠬᠡᠬᠦ ᠬᠡᠷᠡᠭᠳᠡᠢ ᠬᠡᠵᠤ ᠴᠢᠬᠤᠯᠴᠢᠯᠡᠪᠡ᠃          ᠤᠯᠠᠭᠠᠨᠮᠦ᠋ᠷᠡᠨ ᠪᠠᠯᠭᠠᠰᠤᠨ ᠤ ᠤᠯᠠᠭᠠᠨᠮᠦ᠋ᠷᠡᠨ ᠭᠤᠤᠯ ᠤᠨ ᠭᠤᠮ ᠬᠠᠰᠢᠯᠭ᠎ᠠ ᠳᠤ᠂ ᠲᠡᠷᠡ ᠭᠤᠤᠯ ᠤᠨ ᠵᠠᠮ ᠤᠨ ᠵᠠᠰᠠᠯᠳᠠ᠂ ᠠᠮᠢ ᠠᠬᠤᠢ ᠶᠢᠨ ᠰᠠᠭᠤᠷᠢ ᠤᠷᠤᠰᠬᠠᠯ ᠤᠨ ᠤᠰᠤ ᠨᠦᠬᠦᠪᠤᠷᠢᠯᠡᠬᠦ ᠵᠡᠷᠬᠡ ᠪᠠᠶᠢᠳᠠᠯ ᠢ ᠨᠠᠷᠢᠨ ᠦᠢᠯᠠᠭᠠᠵᠤ᠂ ᠬᠠᠳᠤᠨ ᠭᠤᠤᠯ ᠤᠨ ᠰᠠᠪᠠ ᠭᠠᠵᠠᠷ  ᠤᠨ ᠠᠮᠢ ᠠᠬᠤᠢ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠠ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠤ᠂ ᠭᠤᠤᠯ ᠤᠨ ᠵᠠᠮ ᠤᠨ ᠵᠠᠰᠠᠯᠳᠠ ᠶᠢ ᠦᠷᠬᠦᠯᠵᠢᠯᠡᠨ ᠴᠢᠩᠭᠠᠳᠬᠠᠵᠤ᠂ ᠤᠷᠳᠤ ᠬᠤᠭᠤᠴᠠᠭᠠᠨ ᠤ ᠪᠦᠳᠤᠮᠵᠢᠳᠡᠢ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠤ᠂ ᠭᠤᠤᠯ ᠤᠨ ᠵᠠᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ ᠬᠡᠵᠤ ᠴᠢᠬᠤᠯᠠᠴᠢᠯᠠᠪᠠ᠃       ᠲᠠᠯᠠᠳ ᠬᠤᠰᠢᠭᠤᠨ ᠤ ᠱᠠᠭᠵᠠᠮᠤᠨᠢ ᠪᠠᠯᠭᠠᠰᠤᠨ ᠤ ᠨᠡᠬᠦᠷᠠᠰᠤ ᠵᠦᠬᠡᠬᠡᠪᠤᠷᠢᠯᠡᠬᠦ ᠲᠤᠰᠬᠠᠢ ᠰᠤᠭᠤᠮ ᠤᠨ ᠲᠤᠭᠤᠰᠤ ᠰᠢᠷᠤᠢ ᠶᠢᠨ ᠪᠤᠬᠢᠷᠳᠤᠯ ᠪᠤᠯᠤᠨ ᠠᠵᠤ ᠠᠬᠤᠶᠢᠯᠠᠯ ᠤᠨ ᠤᠰᠤ ᠬᠡᠷᠡᠭᠯᠡᠭᠰᠡᠨ ᠠᠴᠠ ᠪᠤᠯᠵᠤ ᠤᠰᠤᠨ ᠤ ᠲᠦᠪᠰᠢᠨ ᠲᠤᠷᠤᠭᠰᠢᠯᠠᠭᠰᠡᠨ ᠠᠰᠠᠭᠤᠳᠠᠯ ᠢ ᠤᠯᠡᠨ ᠲᠦᠮᠡᠨ ᠠᠴᠠ ᠤᠯᠡᠨ ᠤᠳᠠᠭ᠎ᠠ ᠲᠤᠰᠬᠠᠵᠤ ᠦᠩᠬᠡᠷᠡᠪᠡ᠃ ᠯᠢ ᠯᠢ ᠤᠷᠢᠳ ᠬᠤᠵᠢᠳ ᠲᠠᠯᠠᠳ ᠬᠤᠰᠢᠭᠤᠨ ᠤ ᠤᠯᠤᠰ ᠤᠨ ᠡᠨᠧᠷᠬᠢ ᠶᠢᠨ ᠢ ᠯᠢ ᠴᠠᠬᠢᠯᠭᠠᠨ ᠤ ᠦᠢᠯᠡᠳᠪᠤᠷᠢ᠂ ᠲᠤᠮᠳᠠᠳᠤ ᠤᠯᠤᠰ ᠤᠨ ᠬᠤᠸᠠ ᠨᠧᠩ ᠤᠮᠠᠷᠠᠳᠤ ᠶᠢᠨ ᠬᠠᠮᠳᠤᠷᠠᠭᠰᠡᠨ ᠴᠡᠬᠢᠯᠭᠠᠨ  ᠦᠢᠯᠡᠳᠪᠤᠷᠢ ᠳᠤ ᠬᠦᠷᠴᠤ᠂ ᠦᠢᠯᠡᠳᠪᠤᠷᠢ ᠶᠢᠨ ᠲᠤᠭᠤᠷᠢᠭ ᠤᠨ ᠡᠷᠬᠢᠨ ᠲᠤᠭᠤᠷᠢᠨ ᠳᠤ ᠲᠤᠭᠤᠰᠤ ᠰᠢᠷᠤᠢ ᠲᠡᠭᠳᠡᠵᠤ᠂ ᠵᠠᠮ ᠲᠠᠬᠡᠷ᠎ᠡ ᠪᠤᠬᠢᠷ ᠤᠰᠤ ᠰᠢᠪᠠᠷ ᠱᠠᠯᠴᠢᠭ ᠲᠠᠢ ᠪᠠᠶᠢᠬᠤ ᠶᠢ ᠤᠯᠵᠤ ᠬᠠᠷᠠᠭᠠᠳ᠂ ᠠᠵᠤ ᠠᠬᠤᠶᠢᠯᠠᠯ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠢᠵᠢ ᠪᠦᠷᠢᠳᠤᠭ᠍ᠰᠡᠨ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ᠂ ᠲᠦᠬᠦᠬᠡᠢ ᠮᠡᠲ᠋ᠧᠷᠢᠶᠠᠯ ᠤᠨ ᠲᠠᠬᠡᠬᠡᠪᠤᠷᠢ ᠵᠢᠴᠢ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠵᠡᠷᠬᠡ ᠪᠠᠶᠢᠳᠠᠯ ᠢ ᠴᠢᠩᠭ᠎ᠠ ᠨᠢᠮᠪᠠᠢ ᠠᠰᠠᠭᠤᠨ ᠯᠠᠪᠯᠠᠵᠠᠢ᠃ ᠲᠠᠷᠡ ᠤᠯᠡᠨ ᠲᠦᠮᠡᠨ ᠤ ᠲᠤᠰᠬᠠᠭᠰᠡᠨ ᠠᠰᠠᠭᠤᠳᠠᠯ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠶᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ  ᠪᠦᠳᠤᠮᠵᠢᠳᠠᠢ ᠭᠠᠷᠳᠠᠴᠠ ᠪᠤᠯᠭᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠦᠢᠯᠡᠳᠤᠯᠬᠡᠵᠢᠬᠦᠯᠬᠦ ᠪᠤᠳᠠᠳᠠᠢ ᠶᠠᠪᠤᠳᠠᠯ ᠢ ᠪᠠᠶᠢᠴᠠᠭᠠᠨ ᠲᠤᠳᠤᠷᠬᠠᠶᠢᠯᠠᠵᠤ᠂ ᠤᠨᠢᠨ ᠲᠡᠬᠡᠷ᠎ᠡ ᠨᠢ ᠲᠦᠷᠤ ᠶᠢᠨ ᠪᠤᠳᠤᠯᠭ᠎ᠠ ᠶᠢ ᠬᠡᠷᠡᠭᠵᠢᠬᠦᠯᠵᠤ᠂ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠳᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠳᠤ ᠲᠤᠯᠤᠭᠠᠢ ᠡᠪᠡᠳᠪᠡᠯ ᠲᠤᠯᠤᠭᠠᠢ ᠶᠢ ᠨᠢ ᠡᠮᠨᠡᠵᠤ᠂ ᠬᠦᠯ ᠡᠪᠡᠳᠪᠠᠯ ᠬᠦᠯ ᠢ ᠨᠢ ᠡᠮᠨᠠᠵᠤ ᠪᠤᠯᠬᠤ ᠦᠬᠡᠢ᠂ ᠡᠷᠬᠡᠪᠰᠢ ᠨᠢᠬᠡ  ᠠᠴᠠ ᠨᠦᠬᠦᠬᠡ ᠶᠢ ᠵᠦᠢᠴᠢᠯᠡᠨ ᠮᠡᠳᠡᠬᠦ ᠦᠩᠬᠡᠨ ᠲᠠᠯ᠎ᠠ ᠪᠠ ᠦᠨᠳᠤᠰᠤᠨ ᠠᠴᠠ ᠨᠢ ᠵᠡᠷᠬᠡ ᠪᠠᠷ ᠵᠠᠰᠠᠬᠤ ᠶᠢ ᠪᠠᠷᠢᠮᠳᠠᠯᠠᠨ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠣᠯᠠᠬᠤ ᠲᠠᠶᠢᠯᠠᠯᠳᠤᠭᠠᠨ ᠢ ᠬᠦᠨᠵᠡᠬᠡᠢ ᠰᠠᠶᠢᠳᠤᠷ ᠬᠢᠵᠤ᠂ ᠲᠤᠭᠤᠰᠤ ᠰᠢᠷᠤᠢ ᠶᠢᠨ ᠵᠠᠰᠠᠯᠳᠠ ᠶᠢ ᠦᠷᠬᠦᠯᠵᠢᠯᠡᠨ ᠴᠢᠩᠭᠠᠳᠬᠠᠵᠤ᠂ ᠲᠠᠬᠡᠬᠡᠪᠤᠷᠢ ᠶᠢᠨ ᠪᠦᠳᠤᠴᠡ ᠶᠢ ᠲᠦᠷᠬᠡᠳᠬᠡᠨ ᠲᠤᠬᠢᠷᠠᠭᠤᠯᠵᠤ᠂ ᠠᠮᠢ ᠠᠬᠤᠢ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠬᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ ᠬᠡᠵᠤ ᠴᠢᠬᠤᠯᠴᠢᠯᠠᠪᠠ᠃      ᠡᠷᠬᠢᠨ ᠲᠤᠭᠤᠷᠢᠨ ᠤ ᠠᠮᠢ ᠠᠬᠤᠢ ᠤᠷᠴᠢᠨ ᠲᠤᠭᠤᠷᠢᠨ ᠶᠠᠮᠠᠷ ᠵᠡᠷᠬᠡ ᠪᠠᠶᠢᠳᠠᠭ ᠪᠤᠢ︖ ᠤᠰᠤᠨ ᠤ ᠴᠢᠨᠠᠷ ᠰᠠᠶᠢᠨ ᠡᠰᠡᠬᠦ ᠶᠢ ᠯᠢ ᠯᠢ ᠮᠠᠰᠢ ᠠᠩᠬᠠᠷᠴᠤ ᠪᠠᠶᠢᠪᠠ᠃ ᠲᠠᠷᠠᠭ᠎ᠠ ᠳᠤᠨᠢ᠂ ᠲᠠᠷᠡ ᠤᠷᠢᠳᠴᠢᠯᠠᠨ ᠮᠡᠳᠡᠭᠳᠡᠭᠰᠡᠨ ᠦᠬᠡᠢ ᠪᠠᠷ ᠭᠤᠸᠠᠨ ᠨᠢᠶᠠᠨ ᠹᠠᠩ ᠲᠤᠰᠬᠤᠨ ᠤ ᠶᠠᠩ ᠴᠠᠩ ᠸᠠᠨ ᠬᠤᠷᠰᠢᠶ᠎ᠠ ᠳᠤ ᠬᠦᠷᠴᠤ᠂ ᠲᠤᠰᠬᠤᠨ ᠤ ᠤᠷᠴᠢᠨ ᠲᠤᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠦᠬᠡᠳ ᠲᠤᠰᠬᠤᠨ ᠤ ᠠᠷᠠᠳ ᠤᠨ ᠬᠡᠷ ᠲᠤ ᠬᠦᠷᠴᠤ᠂  ᠲᠤᠰᠬᠤᠨ ᠤ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠵᠡᠷᠬᠡ ᠪᠠᠶᠢᠳᠠᠯ ᠢ ᠪᠠᠶᠢᠴᠠᠭᠠᠨ ᠦᠵᠡᠵᠤ᠂ ᠲᠤᠰᠬᠤᠨ ᠤ ᠠᠷᠠᠳ ᠤᠨ ᠬᠦᠰᠠᠯ ᠱᠠᠭᠠᠷᠳᠠᠯᠭ᠎ᠠ ᠶᠢ ᠨᠢᠭᠤᠷᠳᠠᠨ ᠰᠤᠨᠤᠰᠴᠠᠢ᠃ ᠯᠢ ᠯᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠤ ᠡᠨᠡ ᠬᠦ ᠴᠢᠬᠤᠯᠠ ᠶᠡᠭᠡ ᠠᠰᠠᠭᠤᠳᠠᠯ ᠢ ᠤᠯᠤᠰ ᠲᠦᠷᠤ ᠪᠠ ᠪᠦᠬᠦ ᠲᠠᠯ᠎ᠠ ᠶᠢᠨ ᠦᠨᠳᠤᠷᠴᠡ ᠠᠴᠠ ᠲᠠᠨᠢᠨ ᠡᠵᠡᠮᠳᠡᠵᠤ᠂ ᠤᠯᠡᠨ ᠲᠦᠮᠡᠨ ᠤ ᠤᠴᠢᠷ ᠶᠠᠪᠤᠳᠠᠯ ᠢ ᠦᠨᠡᠨ ᠬᠦ ᠰᠡᠳᠬᠢᠯ ᠳᠡᠭᠡᠨ ᠪᠤᠳᠤᠵᠤ᠂ ᠦᠪᠡᠷ ᠤᠨ ᠶᠠᠪᠤᠳᠠᠯ ᠢᠶᠠᠨ ᠪᠤᠯᠭᠠᠵᠤ᠂ ᠤᠯᠡᠨ ᠲᠦᠮᠡᠨ ᠤ ᠪᠠᠴᠢᠮᠳᠠᠵᠤ ᠲᠦᠪᠡᠭᠳᠡᠵᠤ ᠰᠠᠨᠠᠭᠠᠰᠢᠷᠠᠵᠤ ᠬᠦᠰᠡᠵᠤ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ ᠰᠠᠶᠢᠳᠤᠷ ᠰᠢᠢᠳᠪᠤᠷᠢᠯᠡᠬᠦ ᠬᠡᠷᠡᠭᠳᠡᠢ᠃ ᠡᠬᠢ ᠡᠬᠦᠰᠤᠯ ᠠᠴᠠ ᠨᠢ ᠵᠠᠰᠠᠬᠤ ᠶᠢ ᠴᠢᠩᠭᠠᠳᠬᠠᠵᠤ᠂ ᠰᠢᠰᠲ᠋ᠧᠮ ᠲᠠᠢ ᠰᠢᠢᠳᠪᠤᠷᠢᠯᠡᠬᠦ ᠲᠦᠰᠤᠯ ᠢ ᠲᠦᠷᠬᠡᠨ ᠭᠠᠷᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠠᠷᠡ ᠢᠶᠠᠷ ᠨᠢ ᠰᠠᠶᠢᠳᠤᠷ ᠠᠳᠬᠤᠨ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠴᠡᠭᠴᠡᠯᠡᠵᠤ᠂ ᠡᠯ᠎ᠡ ᠲᠦᠷᠤᠯ ᠤᠨ ᠠᠰᠠᠭᠤᠳᠠᠯ ᠲᠦᠢᠯᠪᠤᠷᠢᠳᠡᠢ ᠴᠡᠭᠴᠡᠯᠡᠨ ᠰᠠᠶᠢᠵᠢᠷᠠᠭᠤᠯᠵᠤ ᠤᠯᠡᠨ ᠲᠦᠮᠡᠨ ᠢ ᠬᠠᠨᠤᠮᠵᠢᠳᠡᠢ ᠪᠤᠯᠭᠠᠵᠤ᠂ ᠤᠯᠡᠨ ᠲᠦᠮᠡᠨ ᠢ ᠰᠠᠨᠠᠭ᠎ᠠ ᠠᠮᠤᠷ ᠪᠠᠶᠢᠯᠭᠠᠬᠤ ᠬᠡᠷᠡᠭᠳᠡᠢ ᠬᠡᠵᠤ ᠲᠦᠪ ᠴᠢᠩᠭ᠎ᠠ ᠪᠠᠷ ᠱᠠᠭᠠᠷᠳᠠᠭᠰᠡᠨ ᠪᠠᠶᠢᠨ᠎ᠡ᠃  
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ