| ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 19 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠡᠷᠬᠢᠯᠡᠭᠴᠢ ᠰᠢ ᠶᠢᠨ ᠫᠢᠩ 4 ᠰᠠᠷ᠎ᠠ ᠶᠢᠨ 19 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠵᠢᠯᠣᠭᠤᠳᠬᠤ ᠰᠠᠨᠠᠯ︾᠂ ︽ᠮᠤᠵᠢ ᠶᠢᠨ ᠱᠠᠳᠤᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠠᠵᠢᠯ ᠢ ᠤᠯᠠᠮ ᠴᠢᠨᠠᠬᠰᠢᠳᠠ ᠠᠬᠢᠭᠤᠯᠬᠤ ᠲᠤᠬᠠᠶ ᠵᠢᠯᠣᠭᠤᠳᠬᠤ ᠰᠠᠨᠠᠯ︾᠂ ︽ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠵᠤ ᠦᠨᠡᠯᠡᠬᠦ ᠭᠦᠶᠴᠡᠳᠭᠡᠯ ᠲᠣᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠠᠨᠠᠯ | ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠥᠩᠭᠦᠨ ᠭᠦᠶᠯᠭᠡᠭᠡ ᠪᠠᠷ ᠰᠢᠨ᠎ᠡ ᠶᠢ ᠡᠭᠦᠳᠬᠦ ᠶᠢ ᠳᠡᠮᠵᠢᠬᠦ | ᠰᠢᠰᠲ᠋ᠧᠮ ᠢ ᠲᠡᠭᠦᠯᠳᠡᠷᠵᠢᠭᠦᠯᠬᠦ ᠠᠵᠢᠯ ᠤᠨ ᠲᠥᠰᠦᠯ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ | ᠲᠤᠬᠠᠶ ᠰᠠᠨᠠᠯ ᠤᠳ︾ ᠢ ᠬᠢᠨᠠᠨ ᠵᠦᠪᠯᠡᠵᠥ ᠪᠠᠳᠤᠯᠠᠪᠠ᠃ | ᠰᠢ ᠶᠢᠨ ᠫᠢᠩ ᠬᠤᠷᠠᠯ ᠡᠷᠬᠢᠯᠡᠬᠦ ᠳᠡᠭᠡᠨ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠲᠣᠭᠠᠴᠢᠯᠠᠭᠰᠠᠨ ᠮᠡᠷᠭᠡᠵᠢᠯ ᠢ ᠵᠠᠰᠠᠭ ᠤᠨ ᠣᠷᠳᠣᠨ ᠤ ᠬᠠᠮᠢᠶᠠᠷᠤᠯᠲᠠ ᠦᠢᠯᠡᠴᠢᠯᠡᠭᠡ ᠳᠤ ᠥᠷᠭᠡᠨ ᠢᠶᠠᠷ ᠬᠡᠷᠡᠭᠯᠡᠵᠦ᠂ ᠵᠠᠰᠠᠭ ᠤᠨ ᠣᠷᠳᠣᠨ ᠤ ᠲᠣᠭᠠᠴᠢᠯᠠᠭᠰᠠᠨ | ᠤᠶᠤᠨᠴᠢᠯᠠᠬᠰᠠᠨ ᠠᠵᠢᠯᠯᠠᠭ᠎ᠠ ᠶᠢ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠮᠤᠵᠢ ᠶᠢᠨ ᠱᠠᠲᠤᠨ ᠠᠴᠠ ᠳᠣᠷᠣᠭᠰᠢᠬᠢ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ | ᠵᠠᠰᠠᠭ ᠤᠨ ᠬᠠᠷᠢᠴᠠᠭ᠎ᠠ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠶᠢᠨ ᠲᠤᠬᠢᠷᠠᠭᠤᠯᠤᠯᠳᠠ ᠶᠢ ᠨᠡᠩ ᠵᠦᠢ ᠵᠣᠬᠢᠰᠲᠠᠢ ᠪᠣᠯᠭᠠᠵᠤ᠂ ᠣᠷᠣᠯᠭ᠎ᠠ ᠶᠢᠨ | ᠬᠤᠪᠢᠶᠠᠷᠢᠯᠠᠯ ᠢ ᠨᠡᠩ ᠵᠢᠷᠤᠮᠵᠢᠯ ᠲᠠᠢ ᠪᠣᠯᠭᠠᠵᠤ᠂ ᠡᠳ᠋ ᠤᠨ ᠬᠦᠴᠦᠨ ᠤ ᠲᠠᠷᠬᠠᠯᠲᠠ ᠶᠢ ᠬᠠᠷᠢᠴᠠᠩᠭᠤᠢ ᠲᠡᠩᠴᠡᠭᠦᠷᠢᠲᠡᠢ ᠪᠣᠯᠭᠠᠵᠤ᠂ ᠦᠨᠳᠦᠰᠦᠨ ᠱᠠᠲᠤᠨ ᠤ | ᠪᠠᠲᠤᠯᠠᠭ᠎ᠠ ᠶᠢ ᠨᠡᠩ ᠬᠦᠴᠦᠲᠡᠢ ᠪᠣᠯᠭᠠᠵᠤ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠲᠦᠷᠭᠡᠪᠴᠢᠯᠡᠨ ᠪᠦᠳᠦᠭᠡᠨ ᠪᠠᠶᠢᠭᠤᠯᠬᠤ ᠶᠢ ᠠᠬᠢᠭᠤᠯᠵᠤ᠂ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠳᠡᠩᠴᠡᠬᠦᠷᠢᠰᠢᠬᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠤᠯᠢ | ᠲᠣᠭᠲᠠᠭᠠᠯ ᠶᠣᠰᠣᠭᠠᠷ᠂ ᠪᠤᠰᠤᠳᠴᠢ ᠲᠥᠪ ᠭᠤᠣᠯᠴᠢ᠂ ᠰᠢᠨᠵᠢᠯᠡᠬᠦ ᠤᠬᠠᠭᠠᠨᠴᠢ ᠪᠠᠷ ᠮᠠᠭᠠᠳᠯᠠᠨ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠢ | ᠪᠠᠶᠢᠯᠭᠠᠬᠤ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠠᠷᠴᠢᠮ ᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠵᠦᠢ ᠵᠣᠬᠢᠰᠲᠠᠢ | ᠬᠢᠨᠠᠨ ᠪᠤᠳᠤᠯᠳᠠ ᠶᠢᠨ ᠦᠨᠡᠯᠡᠯᠲᠡ ᠬᠢᠬᠦ ᠭᠦᠢᠴᠡᠳᠭᠡᠯ ᠲᠣᠭᠠᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ | ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠲᠠ ᠪᠠ ᠠᠮᠢ ᠠᠬᠤᠢ ᠣᠷᠴᠢᠨ ᠳᠤᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠶᠢ | ᠠᠬᠢᠭᠤᠯᠬᠤ ᠬᠡᠷᠡᠭᠲᠡᠢ᠃ ᠮᠥᠩᠭᠦᠨ ᠭᠦᠶᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠦᠢᠯᠡᠴᠢᠯᠡᠬᠦ ᠳᠤᠲᠠᠭᠤᠳᠠᠯ ᠪᠠᠭᠤᠷᠠᠶ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠶᠯᠭᠡᠭᠡ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠮᠥᠩᠭᠦᠨ | ᠭᠦᠶᠯᠭᠡᠭᠡᠨ ᠤ ᠰᠢᠰᠲ᠋ᠧᠮ ᠤᠨ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠳᠤ ᠨᠠᠩ ᠰᠠᠶᠢᠲᠤᠷ | ᠵᠣᠬᠢᠴᠠᠬᠤ ᠶᠢ ᠠᠬᠢᠭᠤᠯᠬᠤ ᠬᠡᠷᠡᠭᠲᠡᠶ᠃ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠢ ᠶᠢᠨ | ᠭᠤᠣᠯ ᠲᠠᠶᠢᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ | ᠮᠡᠨᠳᠤ ᠳᠤ ᠬᠠᠨᠳᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠰᠡᠳᠭᠢᠯ ᠰᠢᠭᠤᠳᠤᠨ ᠰᠤᠳᠤᠯᠬᠤ᠂ ᠦᠷᠳᠡᠭ ᠢ ᠡᠭᠦᠳᠦᠨ | ᠪᠦᠲᠦᠭᠡᠬᠦ ᠤᠷᠮᠠᠰᠢᠭᠤᠯᠬᠤ ᠤᠳᠤᠷᠢᠳᠤᠮᠵᠢ ᠶᠢ ᠪᠤᠢ ᠪᠣᠯᠭᠠᠵᠤ᠂ ᠤᠤᠭᠠᠯ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠦᠲᠦᠮᠵᠢᠲᠡᠢ ᠤᠨᠳᠤᠤᠰᠢᠭᠤᠯᠬᠤ ᠳᠤ ᠠᠰᠢᠭᠲᠠᠢ ᠰᠢᠨ᠎ᠡ ᠶᠢ ᠡᠭᠦᠳᠬᠦ ᠠᠮᠢ ᠠᠬᠤᠢ ᠶᠢ ᠪᠤᠢ | ᠪᠣᠯᠭᠠᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠭᠦᠢᠴᠡᠳ | ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠵᠠᠢ᠃ | ᠬᠤᠷᠠᠯ ᠠᠴᠠ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠵᠠᠰᠠᠭ ᠤᠨ ᠣᠷᠳᠣᠨ ᠤ ᠵᠠᠰᠠᠯᠲᠠ ᠶᠢᠨ | ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ ᠮᠥᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠭᠡᠨ | ᠬᠤᠪᠢᠷᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ᠂ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠵᠡᠷᠭᠡ ᠶᠢ ᠬᠡᠷᠡᠭᠵᠢᠭᠦᠯᠬᠦ ᠶᠢᠨ ᠲᠣᠭᠤᠷᠢᠨ ᠳᠤ | ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠡᠯ᠎ᠡ ᠲᠠᠯ᠎ᠠ ᠶᠢᠨ ᠠᠵᠢᠯ ᠰᠢᠨ᠎ᠡ ᠠᠬᠢᠴᠠ ᠲᠠᠢ ᠪᠣᠯᠪᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠵᠥᠪ | ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶᠢ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠷᠢᠯᠲᠠ ᠪᠠ ᠲᠤᠰᠤᠯᠳᠠ ᠪᠣᠯᠭᠠᠵᠤ᠂ ᠲᠦᠭᠡᠮᠡᠯ ᠬᠦᠷᠳᠡᠵᠤ ᠳᠡᠶᠢᠯᠬᠦ᠂ ᠤᠶᠤᠨᠴᠢ ᠳᠥᠭᠦᠮ ᠳᠥᠲᠡ | ᠂ ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ ᠲᠣᠭᠠᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ ᠤᠯᠠᠨ ᠢ ᠳᠤᠲᠠᠭᠤ ᠭᠦᠶᠦᠯᠭᠡᠵᠦ᠂ ᠲᠤᠭ᠎ᠠ | ᠪᠠᠷᠢᠮᠲᠠ ᠶᠢ ᠢᠯᠡᠭᠦᠦ ᠭᠦᠶᠦᠯᠭᠡᠬᠦ ᠬᠡᠷᠡᠭᠲᠡᠢ᠃ ᠲᠣᠭᠠᠴᠢᠯᠠᠭᠰᠠᠨ ᠥᠭᠡᠷᠡᠴᠢᠯᠡᠯᠲᠡ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠳᠤ | ᠬᠦᠴᠦᠨ ᠨᠡᠮᠡᠷᠢᠯᠡᠵᠦ᠂ ᠡᠯ᠎ᠡ ᠠᠵᠢᠯ ᠲᠥᠷᠥᠯ ᠡᠯ᠎ᠡ ᠬᠦᠷᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠰᠢᠰᠲ᠋ᠧᠮ ᠤᠨ ᠡᠷᠴᠢᠮᠵᠢᠭᠰᠡᠨ ᠪᠠᠶᠢᠭᠤᠯᠤᠯᠲᠠ᠂ | ᠬᠤᠯᠪᠣᠯᠳᠤᠨ ᠨᠡᠪᠲᠡᠷᠡᠯᠴᠡᠬᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠠᠵᠤ | ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠶᠯᠡᠴᠢᠯᠡᠭᠡ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠡᠭᠦᠷᠭᠡ ᠴᠢᠳᠠᠪᠬᠢ ᠪᠠᠨ ᠭᠦᠶᠴᠡᠳᠭᠡᠬᠦ ᠴᠢᠬᠤᠯᠠ ᠲᠤᠯᠭᠠᠭᠤᠷᠢᠯᠠᠬᠤ ᠦᠶᠯᠡᠳᠦᠯ ᠢ ᠪᠠᠳᠠᠷᠠᠭᠤᠯᠵᠤ᠂ | ᠬᠠᠮᠵᠢᠯᠴᠠᠬᠰᠠᠨ ᠥᠨᠳᠥᠷ ᠪᠦᠲᠦᠮᠵᠢᠲᠡᠶ ᠵᠠᠰᠠᠭ ᠤᠨ ᠣᠷᠳᠣᠨ ᠤ ᠲᠣᠭᠠᠴᠢᠯᠠᠯᠳᠠ ᠪᠠᠷ ᠡᠭᠦᠷᠭᠡ ᠲᠤᠰᠢᠶᠠᠯ ᠢᠶᠠᠨ ᠬᠦᠢᠴᠡᠳᠭᠡᠬᠦ ᠰᠢᠰᠲ᠋ᠧᠮ ᠢ ᠪᠠᠶᠢᠭᠤᠯᠬᠤ ᠬᠡᠷᠡᠭᠲᠡᠶ᠃ | ᠰᠢᠰᠲ᠋ᠧᠮᠳᠦ ᠦᠵᠡᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠷᠢᠮ ᠤᠨ | ᠰᠢᠰᠲ᠋ᠧᠮ ᠢ ᠪᠦᠷᠢᠨᠰᠢᠬᠦᠯᠵᠥ᠂ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠢ ᠬᠠᠮᠲᠤ ᠪᠠᠷ ᠡᠳ᠋ᠯᠡᠬᠦ ᠪᠠ ᠡᠮᠬᠢ ᠵᠢᠷᠤᠮ ᠲᠠᠢ ᠨᠡᠭᠡᠭᠡᠨ ᠠᠰᠢᠭᠯᠠᠬᠤ ᠶᠢ ᠬᠠᠤᠯᠢ | ᠲᠣᠭᠲᠠᠭᠠᠯ ᠶᠣᠰᠣᠭᠠᠷ ᠠᠬᠢᠭᠤᠯᠵᠤ᠂ ᠮᠡᠷᠭᠡᠵᠢᠯ ᠤᠨ ᠠᠭᠤᠰᠤᠯᠴᠠᠯ᠂ ᠠᠵᠢᠯ ᠲᠦᠷᠦᠯ ᠤᠨ ᠠᠭᠤᠰᠤᠯᠴᠠᠯ᠂ ᠲᠤᠭ᠎ᠠ ᠪᠠᠷᠢᠮᠲᠠ ᠶᠢᠨ ᠠᠭᠤᠰᠤᠯᠴᠠᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠱᠠᠳᠤ ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠬᠠᠮᠵᠢᠯᠴᠠᠨ ᠬᠠᠮᠢᠶᠠᠷᠬᠤ ᠪᠠ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠲᠤᠭ᠎ᠠ ᠪᠠᠷᠢᠮᠲᠠ ᠶᠢᠨ | ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠶᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠭᠠᠰᠢ᠂ ᠪᠢᠳᠡ ᠡᠳ᠋ ᠤᠨ | ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠲᠥᠪ ᠪᠤᠯᠤᠨ ᠣᠷᠣᠨ ᠨᠤᠲᠤᠭ ᠤᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ | ᠲᠥᠪ ᠪᠤᠯᠤᠨ ᠣᠷᠣᠨ ᠨᠤᠲᠤᠭ ᠤᠨ ᠣᠷᠣᠯᠭ᠎ᠠ ᠶᠢᠨ ᠬᠤᠪᠢᠶᠠᠷᠢᠯᠠᠯ ᠢ ᠤᠯᠠᠮ ᠴᠢᠨᠠᠬᠰᠢᠳᠠ ᠰᠢᠯᠤᠭᠤᠳᠬᠠᠵᠤ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ | ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ | ᠲᠡᠩᠴᠡᠭᠦᠷᠢᠲᠡᠶ ᠪᠠᠶᠢᠬᠤ ᠲᠥᠪ ᠪᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠲᠥᠪ ᠪᠤᠯᠤᠨ ᠣᠷᠣᠨ ᠨᠤᠲᠤᠭ ᠤᠨ ᠭᠠᠶᠢᠯᠢ ᠶᠢ ᠰᠠᠯᠭᠠᠬᠤ ᠲᠦᠷᠢᠮ ᠤᠨ | ᠵᠠᠷᠴᠢᠮ ᠤᠨ ᠪᠣᠷᠣ ᠲᠥᠯᠥᠪ ᠤᠨ ᠳᠣᠲᠣᠷ᠎ᠠ᠂ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠬᠠᠷᠢᠴᠠᠭ᠎ᠠ ᠶᠢ ᠪᠦᠷᠢᠨᠰᠢᠬᠦᠯᠬᠦ ᠦᠨᠳᠦᠰᠦᠨ | ᠵᠠᠷᠴᠢᠮ ᠢ ᠵᠢᠷᠤᠮᠯᠠᠵᠤ᠂ ᠮᠤᠵᠢ ᠶᠢᠨ ᠱᠠᠳᠤᠨ ᠠᠴᠠ ᠳᠣᠷᠤᠬᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠲᠣᠳᠣᠷᠬᠠᠢ ᠵᠠᠭᠠᠭᠯᠠᠨ ᠲᠣᠭᠲᠠᠭᠠᠵᠤ᠂ ᠮᠤᠵᠢ ᠶᠢᠨ ᠱᠠᠳᠤᠨ ᠠᠴᠠ ᠳᠤᠷᠤᠬᠰᠢᠬᠢ ᠵᠠᠰᠠᠭ ᠤᠨ ᠣᠷᠳᠣᠨ ᠤ ᠬᠤᠭᠤᠷᠣᠨᠳᠣᠬᠢ ᠣᠷᠣᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠵᠤ᠂ ᠮᠤᠵᠢ ᠶᠢᠨ ᠱᠠᠳᠤᠨ ᠠᠴᠠ ᠲᠤᠷᠤᠬᠰᠢᠬᠢ ᠰᠢᠯᠵᠢᠭᠦᠯᠦᠨ ᠲᠤᠭᠠᠴᠠᠭ᠎ᠠ ᠬᠢᠬᠦ ᠲᠦᠷᠢᠮ ᠢ ᠲᠡᠭᠦᠯᠳᠡᠷᠵᠢᠭᠦᠯᠵᠦ᠂ ᠮᠤᠵᠢ ᠶᠢᠨ ᠱᠠᠳᠤᠨ ᠠᠴᠠ | ᠳᠤᠷᠤᠬᠰᠢᠬᠢ ᠡᠳ᠋ ᠤᠨ ᠵᠠᠰᠠᠭ ᠤᠨ ᠪᠠᠶᠢᠭᠤᠯᠤᠮᠵᠢ ᠳᠤ ᠲᠤᠬᠢᠷᠠᠭᠤᠯᠤᠯᠳᠠ ᠬᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠮᠤᠵᠢ ᠶᠢᠨ ᠱᠠᠳᠤᠨ ᠠᠴᠠ | ᠳᠣᠷᠤᠬᠰᠢᠬᠢ ᠡᠳ᠋ ᠤᠨ ᠵᠠᠰᠠᠭ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠲᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ | ᠣᠷᠣᠨ ᠨᠤᠲᠤᠭ ᠤᠨ ᠬᠠᠮᠠᠭᠠᠯᠠᠬᠤ ᠦᠵᠡᠯ ᠢ ᠠᠷᠢᠯᠭᠠᠵᠤ᠂ ᠵᠠᠬ᠎ᠠ ᠳᠡᠯᠭᠡᠭᠦᠷ ᠤᠨ ᠪᠠᠬᠢᠯᠡᠯᠲᠡ ᠶᠢ ᠠᠷᠢᠯᠭᠠᠨ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ | ᠲᠡᠩᠴᠡᠬᠦᠷᠢᠰᠢᠬᠦᠯᠬᠦ ᠶᠢ ᠦᠷᠭᠦᠯᠵᠢᠯᠡᠨ ᠠᠬᠢᠭᠤᠯᠬᠤ ᠪᠠᠲᠤᠯᠠᠭ᠎ᠠ ᠶᠢᠨ ᠲᠦᠷᠢᠮ ᠪᠠ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠵᠤ᠂ ᠬᠤᠪᠢᠰᠬᠠᠯ ᠤᠨ ᠡᠷᠳᠡ | ᠴᠢᠯᠦᠭᠡᠯᠡᠭᠳᠡᠭᠰᠡᠨ ᠤᠷᠤᠨ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠬᠥᠭᠵᠢᠭᠡᠳᠦᠢ ᠭᠠᠵᠠᠷ ᠣᠷᠣᠨ ᠳᠠᠬᠢ ᠡᠳ᠋ ᠤᠨ ᠵᠠᠰᠠᠭ ᠤᠨ | ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠂ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠢᠶᠠᠨ ᠤ ᠱᠠᠲᠤᠨ ᠤ | ᠡᠳ᠋ ᠤᠨ ᠬᠦᠴᠦᠨ ᠤ ᠤᠷᠳᠤ ᠬᠤᠭᠤᠴᠠᠭᠠᠨ ᠤ ᠪᠦᠲᠦᠮᠵᠢᠲᠡᠢ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ | ᠡᠯ᠎ᠡ ᠱᠠᠲᠤᠨ ᠤ ᠵᠠᠰᠠᠭ ᠤᠨ ᠣᠷᠳᠣᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠯᠳᠠ ᠥᠷᠢ ᠥᠭᠴᠡᠭᠡ ᠶᠢᠨ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠳᠠᠯᠳᠠ ᠥᠷᠢ ᠥᠭᠴᠡᠭᠡ ᠶᠢᠨ | ᠨᠡᠮᠡᠭᠳᠡᠬᠦ ᠶᠢ ᠡᠷᠡᠰ ᠬᠤᠷᠢᠭᠯᠠᠵᠤ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠴᠤ ᠪᠡᠯᠡ ᠮᠦᠩᠬᠦ ᠴᠤᠬᠯᠠᠭᠤᠯᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠶᠳᠪᠦᠷᠢᠯᠡᠬᠦ ᠬᠡᠷᠡᠭᠲᠡᠶ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠡᠮᠬᠢ ᠵᠢᠷᠤᠮ ᠢ | ᠬᠠᠮᠠᠭᠠᠯᠠᠨ᠂ ᠡᠳ᠋ ᠤᠨ ᠶᠠᠪᠤᠳᠠᠯ ᠪᠠ ᠨᠢᠭᠲᠠᠯᠠᠨ ᠪᠤᠳᠤᠯᠳᠠ ᠶᠢᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠬᠢᠨᠠᠨ ᠪᠤᠳᠤᠬᠤ | ᠳᠦᠷᠢᠮ ᠢ ᠪᠠᠶᠢᠭᠤᠯᠵᠤ᠂ 2015 ᠣᠨ ᠠᠴᠠ ᠲᠤᠷᠰᠢᠯᠲᠠ ᠶᠢᠨ ᠠᠵᠢᠯ ᠢ ᠥᠷᠨᠢᠭᠦᠯᠵᠦ᠂ 2017 ᠣᠨ ᠪᠣᠯᠲᠠᠯ᠎ᠠ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ | ᠠᠬᠤᠢ ᠶᠢᠨ ᠪᠣᠯᠪᠠᠰᠤᠨ ᠤ ᠳᠦᠷᠢᠮ ᠢ ᠴᠢᠩᠭ᠎ᠠ ᠬᠡᠷᠡᠭᠵᠢᠭᠦᠯᠬᠦ ᠲᠠᠯ᠎ᠠ ᠪᠠᠷ ᠴᠢᠩᠭ᠎ᠠ ᠬᠦᠴᠦᠲᠡᠢ ᠳᠦᠷᠢᠮ ᠤᠨ ᠬᠢᠵᠠᠭᠠᠷᠯᠠᠯ ᠢ ᠪᠦᠷᠢᠯᠳᠦᠭᠦᠯᠪᠠ᠃ ᠤᠳᠤᠷᠢᠳᠬᠤ | ᠺᠠᠳ᠋ᠷ ᠤᠨ ᠡᠬᠢ ᠪᠠᠶᠠᠯᠢᠭ ᠣᠷᠴᠢᠨ ᠲᠣᠭᠤᠷᠢᠨ ᠤ ᠬᠤᠯᠪᠤᠬᠳᠠᠯ ᠪᠦᠬᠦᠢ ᠰᠢᠢᠳᠪᠦᠷᠢᠲᠦ ᠪᠤᠳᠤᠯᠭ᠎ᠠ ᠪᠣᠯᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠦᠨᠡᠯᠡᠯᠲᠡ ᠶᠢᠨ ᠪᠠᠷᠢᠮᠵᠢᠶ᠎ᠠ ᠶᠢ ᠪᠦᠷᠢᠨᠰᠢᠬᠦᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢᠨ ᠬᠡᠮᠵᠢᠶ᠎ᠠ ᠶᠢ ᠪᠠᠭᠤᠷᠠᠭᠤᠯᠬᠤ᠂ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ ᠲᠦᠷᠢᠮ ᠵᠡᠷᠭᠡ ᠨᠠᠮ ᠤᠨ ᠲᠥᠪ ᠬᠤᠷᠢᠶᠠᠨ ᠤ | ᠴᠢᠬᠤᠯᠠ ᠶᠡᠭᠡ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠯᠪᠤᠬᠳᠠᠯ ᠪᠦᠬᠦᠢ ᠦᠨᠡᠯᠡᠯᠲᠡ ᠶᠢᠨ ᠭᠦᠢᠴᠡᠳᠭᠡᠯ ᠲᠤᠭ᠎ᠠ ᠳᠤ | ᠠᠭᠤᠰᠤᠯᠴᠠᠭᠤᠯᠬᠤ ᠬᠡᠷᠡᠭᠲᠡᠢ᠃ ᠦᠨᠡᠯᠡᠯᠳᠠ ᠬᠢᠬᠦ ᠭᠦᠶᠴᠡᠳᠭᠡᠯ ᠲᠤᠭ᠎ᠠ ᠶᠢᠨ ᠬᠦᠨᠳᠦ ᠶᠢᠨ ᠵᠢᠩ ᠪᠠ ᠬᠤᠪᠢ ᠲᠣᠭᠲᠠᠭᠠᠬᠤ ᠠᠷᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠣᠳᠠᠲᠤ ᠪᠣᠳᠠᠰ ᠤᠨ ᠬᠡᠮᠵᠢᠶ᠎ᠡ᠂ ᠠᠮᠢ ᠠᠬᠤᠶ ᠣᠷᠴᠢᠨ ᠲᠣᠭᠤᠷᠢᠨ ᠤ | ᠶᠠᠰᠤ ᠴᠢᠨᠠᠷ ᠵᠡᠷᠭᠡ ᠵᠠᠩᠭᠢᠯᠠᠭ᠎ᠠ ᠶᠢᠨ ᠴᠢᠨᠠᠷᠲᠠᠶ ᠭᠦᠶᠴᠡᠳᠭᠡᠯ ᠲᠤᠭ᠎ᠠ ᠶᠢᠨ ᠬᠥᠲᠥᠯᠥᠨ ᠵᠢᠯᠣᠭᠤᠳᠬᠤ ᠦᠶᠯᠡᠳᠦᠯ ᠢ ᠴᠢᠩᠭᠠᠳᠬᠠᠵᠤ᠂ ᠤᠯᠤᠰ ᠠᠴᠠ | ᠲᠥᠯᠥᠪᠵᠢᠭᠦᠯᠦᠨ ᠲᠣᠭᠲᠠᠭᠠᠭᠰᠠᠨ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠬᠤ ᠴᠢᠨᠠᠷᠲᠠᠶ ᠭᠦᠶᠴᠡᠳᠭᠡᠯ ᠲᠤᠭ᠎ᠠ ᠶᠢ ᠳᠣᠪᠣᠶᠢᠯᠭᠠᠬᠤ ᠬᠡᠷᠡᠭᠲᠡᠶ᠃ ᠡᠯ᠎ᠡ | ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠣᠨᠴᠠᠯᠢᠭ ᠪᠣᠯᠤᠨ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠵᠥᠷᠢᠶ᠎ᠡ ᠶᠢ ᠨᠢᠭᠡᠳᠦᠯᠲᠡᠢ | ᠲᠥᠯᠥᠪᠵᠢᠭᠦᠯᠦᠨ ᠪᠣᠳᠣᠯᠬᠢᠯᠠᠵᠤ᠂ ᠭᠦᠢᠴᠡᠳᠭᠡᠯ ᠲᠤᠭ᠎ᠠ ᠶᠢ ᠲᠤᠬᠢᠷᠠᠭᠤᠯᠬᠤ ᠲᠠᠯ᠎ᠠ ᠪᠠᠷ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ | ᠃ ᠬᠢᠨᠠᠨ ᠪᠣᠳᠣᠬᠤ ᠬᠡᠪᠴᠢᠶ᠎ᠡ ᠪᠣᠯᠤᠨ ᠠᠭᠤᠯᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠪᠠᠶᠢᠴᠠᠭᠠᠨ ᠭᠡᠷᠡᠴᠢᠯᠡᠭᠰᠡᠨ ᠪᠣᠳᠠᠲᠤ ᠶᠠᠪᠤᠳᠠᠯ ᠢᠶᠠᠷ ᠰᠠᠭᠤᠷᠢ ᠪᠣᠯᠭᠠᠨ᠂ | ᠬᠢᠨᠠᠨ ᠪᠣᠳᠣᠵᠤ ᠦᠨᠡᠯᠡᠭᠰᠡᠨ ᠦᠷ᠎ᠡ ᠳ᠋ᠦᠩ ᠨᠢ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠵᠦᠢᠯ ᠤᠨ | ᠬᠢᠨᠠᠯᠲᠠ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠠᠬᠢᠭᠤᠯᠵᠤ᠂ ᠬᠢᠨᠠᠨ ᠪᠤᠳᠤᠭᠰᠠᠨ ᠦᠷ᠎ᠡ ᠳ᠋ᠦᠩ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ | ᠲᠣᠷᠭᠠᠬᠤ ᠶᠢᠨ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠥᠬᠦᠶ ᠮᠠᠲ᠋ᠧᠷᠢᠶᠠᠯ ᠪᠠ ᠲᠤᠭ᠎ᠠ ᠪᠠᠷᠢᠮᠲᠠ ᠶᠢᠨ | ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠵᠤ᠂ ᠡᠬᠢ ᠪᠠᠶᠠᠯᠢᠭ ᠣᠷᠴᠢᠨ ᠠᠬᠤᠶ ᠶᠢᠨ ᠲᠤᠭ᠎ᠠ ᠪᠠᠷᠢᠮᠲᠠ ᠶᠢ | ᠬᠠᠭᠤᠷᠮᠠᠭᠯᠠᠨ ᠵᠣᠬᠢᠶᠠᠭᠰᠠᠨ ᠦᠶᠯᠡ ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠮᠥᠩᠭᠦᠨ ᠭᠦᠢᠯᠭᠡᠭᠡ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠲᠡᠭᠡᠮᠵᠢᠲᠦ ᠵᠢᠭᠡᠯᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠭᠡᠭᠡᠨ ᠬᠥᠭᠵᠢᠭᠦᠯᠬᠦ ᠴᠢᠨᠠᠷᠳᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠦᠶᠯᠡᠳᠦᠯ ᠳᠤ ᠦᠶᠯᠡᠴᠢᠯᠡᠬᠦ ᠶᠢ ᠴᠢᠩᠭᠠᠷᠠᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠯᠤᠰ ᠤᠨ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ ᠶᠢ ᠡᠭᠦᠷᠭᠡᠯᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠵᠦ᠂ | ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠰᠢᠭᠤᠳ ᠪᠠᠯᠠ ᠮᠦᠩᠬᠦ ᠴᠤᠬᠯᠠᠭᠤᠯᠬᠤ ᠴᠢᠳᠠᠮᠵᠢ ᠶᠢ ᠳᠡᠭᠡᠭᠰᠢᠯᠡᠭᠦᠯᠵᠦ᠂ ᠳᠠᠭᠠᠳᠬᠠᠯ ᠪᠠ | ᠪᠠᠯᠠ ᠮᠦᠩᠬᠦ ᠴᠤᠬᠯᠠᠭᠤᠯᠬᠤ ᠪᠠᠳᠤᠯᠠᠨ ᠳᠠᠭᠠᠭᠠᠬᠤ ᠪᠠᠶᠢᠭᠤᠯᠤᠮᠵᠢ ᠶᠢᠨ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠦᠶᠯᠡᠳᠦᠯ ᠢ ᠪᠠᠳᠠᠷᠠᠭᠤᠯᠵᠤ᠂ ᠮᠥᠩᠭᠦᠨ | ᠭᠦᠢᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠭᠠᠳᠠᠭᠠᠳᠤ ᠲᠤᠯᠭᠠᠭᠤᠷᠢᠯᠠᠯ ᠢ ᠴᠢᠩᠭᠠᠳᠬᠠᠬᠤ ᠭᠡᠷᠡᠭᠲᠡᠢ᠃ | ᠬᠤᠷᠢᠭ᠎ᠠ ᠱᠤᠭᠤᠮ ᠤᠨ ᠰᠡᠳᠭᠢᠬᠦᠶ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠠᠮᠤᠷ ᠲᠦᠪᠰᠢᠨ ᠲᠣᠭᠲᠠᠭᠤᠨ ᠢ ᠪᠠᠲᠤᠯᠠᠬᠤ ᠳᠤ ᠰᠠᠭᠤᠷᠢᠯᠠᠵᠤ᠂ ᠮᠥᠩᠭᠦᠨ ᠭᠦᠶᠯᠭᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠳᠡᠮᠵᠢᠬᠦ ᠪᠠ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠳᠦᠯᠲᠡᠶ ᠲᠥᠯᠥᠪᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠮᠠᠰᠢᠭᠤᠯᠤᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠬᠤ ᠴᠢᠬᠤᠯᠠ ᠪᠠᠲᠤᠯᠠᠭ᠎ᠠ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠯᠳᠠ ᠬᠦᠴᠦᠨ ᠢ ᠬᠥᠭᠵᠢᠭᠡᠬᠦ᠂ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠴᠢᠬᠤᠯᠠ ᠦᠶᠯᠡᠳᠦᠯ ᠲᠠᠢ ᠶᠤᠮ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ | ᠤᠯᠤᠰ ᠢᠶᠠᠨ ᠬᠠᠶᠢᠷᠠᠯᠠᠬᠤ ᠰᠡᠳᠭᠢᠯ ᠢᠶᠠᠨ ᠪᠠᠲᠤᠳᠬᠠᠵᠤ᠂ ᠤᠯᠤᠰ ᠲᠠᠭᠠᠨ ᠵᠢᠳᠬᠦᠬᠦ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠭᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠡᠶᠡᠯᠡᠭᠦᠯᠬᠦ᠂ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠬᠤ ᠬᠡᠷᠡᠭᠲᠡᠢ᠃ | ᠤᠶᠦᠠ ᠰᠠᠨᠠᠭᠠᠨ ᠤ ᠤᠷᠮᠠᠰᠢᠭᠤᠯᠤᠯ ᠪᠠ ᠡᠳ᠋ ᠪᠣᠳᠠᠰ ᠤᠨ ᠤᠷᠮᠠᠰᠢᠭᠤᠯᠤᠯ ᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠪᠠᠴᠢᠮ ᠬᠡᠷᠡᠭᠴᠡᠭᠡ ᠪᠠ ᠠᠯᠤᠰ | ᠭᠡᠳᠦ ᠶᠢᠨ ᠬᠡᠷᠡᠭᠴᠡᠭᠡ ᠠᠴᠠ ᠡᠭᠦᠰᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠪᠰᠢᠯᠳᠠ᠂ ᠠᠵᠤ ᠠᠬᠤᠢ ᠨᠡᠶᠢᠭᠡᠮ ᠤᠨ ᠬᠥᠭᠵᠢᠯᠲᠡ᠂ ᠤᠯᠤᠰ ᠤᠨ | ᠪᠠᠶᠢᠯᠳᠤᠬᠤ ᠪᠤᠳᠦᠯᠭ᠎ᠠ ᠶᠢᠨ ᠠᠮᠤᠷ ᠲᠦᠪᠰᠢᠨ ᠵᠡᠷᠭᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠡᠳᠡᠭᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠯᠬᠦᠮ ᠪᠠ ᠠᠵᠢᠯᠳᠡᠠ ᠢ ᠭᠤᠣᠯᠳᠠᠯᠭ᠎ᠠ ᠲᠠᠢ ᠪᠠᠷ ᠬᠥᠬᠢᠭᠦᠯᠦᠨ ᠱᠠᠩᠨᠠᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠵᠣᠬᠢᠶᠠᠨ | ᠪᠠᠶᠢᠭᠤᠯᠵᠤ ᠬᠠᠮᠢᠶᠠᠷᠬᠤ ᠲᠣᠭᠲᠠᠴᠠ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠴᠠᠭ ᠢ ᠪᠠᠲᠤᠯᠠᠵᠤ᠂ ᠨᠢᠭᠡ ᠰᠡᠳᠭᠢᠯ ᠨᠢᠭᠡ ᠵᠣᠷᠢᠭ ᠢᠶᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠪᠠᠳᠤᠯᠠᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠠᠵᠢᠯᠲᠠᠳ ᠢ ᠤᠷᠮᠠᠰᠢᠭᠤᠯᠤᠨ ᠵᠣᠷᠢᠭᠵᠢᠭᠤᠯᠬᠤ ᠪᠠᠨ ᠴᠢᠩᠭᠠᠳᠬᠠᠵᠤ᠂ ᠵᠠᠯᠠᠭᠤᠴᠤᠳ ᠲᠤ ᠵᠣᠷᠢᠭᠲᠠᠢ ᠪᠠᠷ | ᠶᠡᠭᠡ ᠡᠭᠦᠷᠭᠡ ᠶᠢ ᠡᠭᠦᠷᠭᠡᠯᠡᠬᠦ ᠲᠣᠬᠢᠶᠠᠯ ᠣᠯᠭᠤᠵᠤ᠂ ᠵᠠᠯᠠᠭᠤ ᠴᠢᠳᠠᠪᠤᠷᠢᠲᠠᠨ ᠤ ᠴᠣᠯᠭᠤᠷᠠᠨ ᠭᠠᠷᠬᠤ ᠳᠤ ᠠᠰᠢᠭᠲᠠᠢ ᠣᠷᠴᠢᠨ ᠨᠥᠬᠦᠴᠡᠯ ᠢ ᠪᠤᠢ ᠪᠣᠯᠭᠠᠵᠤ ᠥᠭᠬᠦ | ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠲᠣᠭᠲᠠᠭᠤᠨ ᠢᠶᠠᠷ ᠳᠡᠮᠵᠢᠬᠦ ᠲᠣᠭᠲᠠᠴᠠ ᠶᠢ ᠪᠦᠷᠢᠨᠰᠢᠬᠦᠯᠵᠥ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠤᠨ ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠳᠤᠯᠭᠠᠨ ᠤ ᠴᠢᠭᠯᠡᠯ ᠤᠨ ᠲᠠᠯ᠎ᠠ ᠪᠠᠷ ︽ᠤᠯᠠᠨ ᠵᠢᠯ ᠤᠨ | ᠬᠠᠳᠠᠭᠤᠵᠢᠯ︾ ᠭᠠᠷᠭᠠᠬᠤ ᠶᠢ ᠴᠥᠬᠦᠷᠡᠰᠢ ᠦᠭᠡᠢ ᠳᠡᠮᠵᠢᠬᠦ ᠬᠡᠷᠡᠭᠲᠡᠢ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ | ᠪᠦᠲᠦᠮᠵᠢᠲᠡᠶ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ |