| | ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠨᠠᠭᠰᠢᠳᠠ ᠰᠠᠶᠢᠲᠤᠷ ᠠᠳᠬᠤᠵᠤ ᠠᠮᠤ ᠪᠤᠳᠠᠭᠠᠨ ᠤ ᠡᠯᠪᠡᠭ | ᠬᠤᠷᠢᠶᠠᠯᠲᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ ᠲᠤᠬᠠᠢ ᠪᠠᠶᠢᠷᠢᠯᠠᠭᠤᠯᠪᠠ | ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ ᠡᠨᠧᠷᠭᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 20 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ | ᠴᠢᠶᠠᠩ 4 ᠰᠠᠷ᠎ᠠ ᠶᠢᠨ 20 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ | ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠨᠠᠭᠰᠢᠳᠠ ᠰᠠᠶᠢᠲᠤᠷ ᠠᠳᠬᠤᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ ᠲᠤᠬᠠᠢ ᠪᠠᠶᠢᠷᠢᠯᠠᠭᠤᠯᠪᠠ︔ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠨᠡᠮᠡᠭᠳᠡᠭᠦᠯᠬᠦ | ᠠᠷᠭ᠎ᠠ ᠬᠡᠮᠵᠢᠶ᠎ᠡ ᠶᠢ ᠲᠣᠭᠲᠠᠭᠠᠵᠤ᠂ ᠡᠨᠧᠷᠭᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠪᠡ᠃ | ᠬᠤᠷᠠᠯ ᠠᠴᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠣᠯ ᠴᠦᠮ ᠠᠵᠤ ᠠᠬᠤᠢ ᠶᠢᠨ | ᠡᠷᠭᠢᠯᠲᠡ ᠶᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠭᠤᠣᠯ ᠲᠤᠯᠭᠠᠭᠤᠷᠢᠯᠠᠯ ᠪᠣᠯᠤᠨ᠎ᠠ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠬᠠᠩᠭᠠᠯᠭ᠎ᠠ ᠶᠢ ᠲᠣᠭᠲᠠᠪᠤᠷᠢᠵᠢᠭᠤᠯᠬᠤ ᠨᠢ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠢᠯᠠᠩᠭᠤᠶ᠎ᠠ ᠪᠠᠷᠠᠭᠠᠨ ᠤ | ᠦᠨ᠎ᠡ ᠶᠢ ᠲᠣᠭᠲᠠᠭᠤᠨ ᠪᠠᠶᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠬᠦᠨᠳᠦ ᠴᠢᠬᠤᠯᠠ ᠦᠢᠯᠡᠳᠦᠯ ᠲᠠᠢ ᠪᠠᠶᠢᠵᠤ᠂ ᠣᠳᠣᠬᠠᠨ ᠤ ᠤᠯᠠᠨ ᠤᠯᠤᠰ ᠤᠨ | ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠠᠯᠲᠤ ᠪᠤᠰᠤ ᠴᠢᠨᠠᠷ ᠨᠡᠮᠡᠭᠳᠡᠵᠦ᠂ ᠵᠠᠷᠢᠮ ᠤᠯᠤᠰ ᠤᠨ ᠵᠣᠭᠤᠰ ᠶᠡᠭᠡ ᠪᠠᠷ ᠮᠠᠭᠤᠳᠠᠬᠤ ᠪᠠᠶᠢᠳᠠᠯ ᠳᠣᠣᠷ᠎ᠠ ᠨᠡᠩ ᠴᠤ | ᠴᠢᠬᠤᠯᠠ ᠪᠠᠶᠢᠳᠠᠭ᠃ ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠪᠠ ᠨᠥᠭᠡᠴᠡ ᠭᠦᠢᠴᠡᠳ ᠪᠠᠶᠢᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ | ᠯᠠᠪᠳᠠᠭᠤᠨ ᠢᠶᠠᠷ ᠥᠷᠨᠢᠵᠦ᠂ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠢ ᠭᠦᠨᠵᠡᠭᠡᠢ ᠰᠠᠶᠢᠲᠤᠷ ᠠᠳᠬᠤᠵᠤ᠂ ᠪᠦᠬᠦ ᠵᠢᠯ ᠤᠨ | ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ᠃ ᠨᠢᠭᠡ ᠳᠤ ᠪᠦᠬᠦ ᠵᠢᠯ ᠤᠨ ᠠᠮᠤ ᠪᠤᠳᠠᠭ᠎ᠠ ᠲᠠᠷᠢᠬᠤ ᠲᠠᠯᠠᠪᠠᠶ ᠪᠣᠯᠤᠨ ᠤᠨᠠᠯᠲᠠ ᠶᠢ ᠱᠠᠲᠤ | ᠱᠠᠲᠤ ᠪᠠᠷ ᠨᠠᠷᠢᠯᠢᠭ ᠬᠤᠪᠢᠶᠠᠷᠢᠯᠠᠵᠤ᠂ ᠣᠷᠣᠨ ᠨᠤᠲᠤᠭ ᠤᠨ ᠬᠢᠨ ᠢ ᠰᠢᠮᠳᠠᠭᠤᠯᠵᠤ ᠪᠠᠶᠢᠭᠠᠳ ᠭᠦᠢᠴᠡᠳ ᠲᠠᠷᠢᠵᠤ ᠲᠦᠭᠦᠷᠡᠳᠡᠯ᠎ᠡ ᠲᠠᠷᠢᠵᠤ ᠲᠠᠷᠢᠬᠤ ᠳᠤ | ᠲᠣᠬᠢᠷᠠᠮᠵᠢᠲᠠᠶ ᠬᠤᠭᠤᠴᠠᠭᠠᠨ ᠳᠤ ᠲᠠᠷᠢᠵᠤ ᠭᠦᠢᠴᠡᠭᠡᠬᠦ ᠬᠡᠷᠡᠭᠲᠡᠶ᠂ ᠠᠲᠠᠷᠰᠢᠭᠤᠯᠵᠤ ᠪᠣᠯᠬᠤ ᠦᠭᠡᠶ᠂ ᠡᠭᠦᠷᠭᠡ ᠪᠠᠨ ᠪᠡᠶᠡᠯᠡᠭᠦᠯᠦᠭᠰᠡᠨ ᠦᠭᠡᠢ ᠪᠣᠯ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠡᠯ᠎ᠡ ᠭᠠᠵᠠᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠶᠯᠡᠳᠪᠦᠷᠢᠯᠡᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ | ᠬᠢᠬᠦ ᠶᠢ ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠬᠠᠪᠤᠷ ᠤᠨ ᠤᠯᠠᠷᠢᠯ ᠤᠨ | ᠲᠠᠷᠢᠶᠠᠯᠠᠩ ᠤᠨ ᠦᠶᠯᠡᠳᠪᠦᠷᠢᠯᠡᠯ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠲᠠᠷᠢᠶᠠᠯᠠᠩ ᠤᠨ | ᠪᠦᠲᠦᠭᠡᠭᠳᠡᠬᠦᠨ ᠤ ᠦᠶᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠰᠠᠶᠢᠲᠤᠷ ᠠᠳᠬᠤᠬᠤ | ᠬᠡᠷᠡᠭᠲᠡᠶ᠃ ᠵᠣᠨ ᠤ ᠠᠮᠤ ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠵᠢᠯᠣᠭᠤᠳᠣᠯᠭ᠎ᠠ ᠶᠢ ᠴᠢᠩᠭᠠᠳᠬᠠᠵᠤ᠂ ᠴᠢᠭᠢᠭ ᠴᠢᠬᠢ ᠶᠢᠨ ᠤᠷᠭᠤᠯᠲᠠ ᠶᠢ ᠠᠮᠵᠢᠨ | ᠪᠣᠷᠲᠣᠭᠤᠷ ᠣᠷᠣᠭᠤᠯᠤᠨ ᠤᠰᠤᠯᠠᠵᠤ᠂ ᠲᠠᠷᠢᠶᠠᠯᠠᠩ ᠤᠨ ᠭᠠᠶ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠬᠡᠷᠡᠭᠳᠡᠢ᠃ ᠬᠦᠮᠦᠨ ᠭᠠᠵᠠᠷ ᠢ ᠨᠢᠭᠡ ᠴᠠᠭ ᠰᠠᠭᠠᠳᠠᠭᠠᠪᠠᠯ᠂ | ᠭᠠᠵᠠᠷ ᠬᠦᠮᠦᠨ ᠢ ᠨᠢᠭᠡ ᠵᠢᠯ ᠰᠠᠭᠠᠳᠠᠭᠠᠨᠠ᠃ ᠣᠳᠣᠬᠠᠨ ᠪᠣᠯ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠬᠤᠷ ᠲᠠᠷᠢᠶᠠᠴᠢᠳ ᠢ ᠬᠥᠲᠥᠯᠥᠨ | ᠵᠢᠯᠣᠭᠤᠳᠴᠤ ᠪᠠᠶᠢᠭᠠᠳ ᠭᠠᠵᠠᠷ ᠲᠡᠭᠰᠢᠯᠡᠭᠦ ᠪᠠ ᠲᠠᠷᠢᠵᠤ ᠴᠢᠬᠢ ᠪᠣᠶᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠨ᠎ᠡ ᠬᠡᠯᠪᠡᠷᠢ ᠶᠢᠨ ᠬᠥᠳᠡᠭᠡ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠤᠷᠤᠯᠠᠨ ᠬᠠᠭᠠᠯᠪᠤᠷᠢᠯᠠᠵᠤ ᠣᠷᠣᠯᠠᠨ ᠲᠠᠷᠢᠬᠤ ᠵᠡᠷᠭᠡ ᠦᠢᠯᠡᠴᠢᠯᠡᠭᠡ | ᠬᠠᠩᠭᠠᠵᠤ᠂ ᠵᠢᠵᠢᠭ ᠲᠠᠷᠢᠶᠠᠴᠢᠨ ᠡᠷᠦᠬᠡ ᠪᠣᠯᠤᠨ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶ᠎ᠠ ᠶᠢ ᠨᠢ | ᠲᠠᠷᠢᠬᠤ ᠬᠡᠷᠡᠭᠳᠡᠢ᠃ ᠬᠤᠶᠠᠷ ᠲᠤ᠂ ᠬᠠᠪᠤᠷ ᠤᠨ ᠲᠠᠷᠢᠶᠠᠯᠠᠭ᠎ᠠ ᠶᠢᠨ ᠶᠠᠪᠤᠳᠠᠯ ᠤᠨ ᠠᠵᠢᠯᠯᠠᠭ᠎ᠠ ᠶᠢᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ | ᠃ ᠵᠣᠬᠢᠶᠠᠨ ᠪᠠᠶᠢᠭᠤᠯᠬᠤ ᠪᠠ ᠬᠥᠲᠥᠯᠥᠨ ᠵᠢᠯᠣᠭᠤᠳᠬᠤ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠶ ᠪᠠᠷ | ᠭᠠᠳᠠᠭᠰᠢ ᠭᠠᠷᠤᠭᠰᠠᠨ ᠲᠠᠷᠢᠶᠠᠴᠢᠳ ᠤᠨ ᠨᠤᠲᠤᠭ ᠲᠠᠭᠠᠨ ᠪᠤᠴᠠᠵᠤ ᠲᠠᠷᠢᠶᠠᠨ ᠠᠵᠢᠯ ᠬᠢᠬᠦ᠂ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠲᠤ ᠣᠷᠣᠵᠤ | ᠲᠣᠰᠬᠤᠨ ᠳᠤ ᠣᠷᠣᠬᠤ᠂ ᠲᠠᠷᠢᠶᠠᠯᠠᠩ ᠤᠨ ᠮᠠᠰᠢᠨ ᠨᠡᠪᠲᠡᠷᠡᠬᠦ᠂ ᠲᠠᠷᠢᠶᠠᠯᠠᠩ ᠤᠨ ᠮᠡᠷᠭᠡᠵᠢᠯᠳᠡᠨ ᠢ ᠦᠨᠳᠦᠰᠦᠨ ᠱᠠᠲᠤᠨ ᠳᠤ ᠪᠠᠭᠤᠯᠭᠠᠨ ᠦᠢᠯᠡᠴᠢᠯᠡᠭᠦᠯᠬᠦ ᠶᠢ | ᠪᠠᠲᠤᠯᠠᠬᠤ ᠬᠡᠷᠡᠭᠲᠡᠶ᠃ ᠲᠠᠷᠢᠶᠠᠯᠠᠩ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠠ ᠲᠦᠭᠦᠬᠡᠢ ᠮᠠᠲ᠋ᠧᠷᠢᠶᠠᠯ᠂ ᠡᠨᠧᠷᠭᠢ ᠵᠡᠷᠭᠡ ᠶᠢᠨ ᠬᠠᠩᠭᠠᠯᠭ᠎ᠠ ᠶᠢ | ᠪᠠᠲᠤᠯᠠᠬᠤ ᠬᠡᠷᠡᠭᠳᠡᠢ᠃ ᠭᠤᠷᠪᠠ ᠳᠤ᠂ ︽ᠨᠤᠭᠤᠭ᠎ᠠ ᠶᠢᠨ ᠰᠠᠬᠰᠤ︾ ᠶᠢ ᠰᠠᠶᠢᠲᠤᠷ ᠠᠳᠬᠤᠬᠤ ᠬᠡᠷᠡᠭᠲᠡᠢ᠃ ᠠᠮᠢᠳᠤ ᠰᠣᠷᠭᠤᠭ ᠲᠠᠷᠢᠶᠠᠯᠠᠩ ᠤᠨ | ᠪᠦᠲᠦᠭᠡᠭᠳᠡᠬᠦᠨ ᠢ ᠲᠡᠭᠡᠭᠡᠪᠦᠷᠢᠯᠡᠬᠦ ᠰᠠᠭᠠᠳ ᠦᠭᠡᠶ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠢᠳᠡᠰᠢᠨ ᠨᠣᠭᠤᠭ᠎ᠠ ᠵᠡᠷᠭᠡ | ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠶ ᠭᠦᠢᠯᠭᠡᠭᠡ ᠶᠢ ᠠᠬᠢᠭᠤᠯᠬᠤ ᠬᠡᠷᠡᠭᠲᠡᠶ᠃ ᠳᠥᠷᠪᠡ ᠳᠤ᠂ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ | ᠬᠦᠷᠲᠡᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠦᠶᠯᠡᠳᠪᠦᠷᠢᠯᠡᠯ ᠢ ᠲᠡᠳᠬᠦᠬᠦ ᠪᠡᠯᠡ ᠮᠥᠩᠭᠦ ᠶᠢ | ᠲᠠᠷᠢᠶᠠᠴᠢᠳ ᠲᠤ ᠲᠦᠷᠭᠡᠬᠡᠨ ᠣᠯᠭᠤᠵᠤ᠂ ᠪᠤᠭᠤᠳᠠᠶ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠰᠢᠨ᠎ᠡ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃ ᠲᠠᠪᠤ ᠳᠤ᠂ ᠲᠠᠷᠢᠶᠠᠯᠠᠩ ᠤᠨ ᠬᠡᠷᠡᠭᠰᠡᠯ ᠤᠨ ᠨᠥᠬᠦᠪᠥᠷᠢ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠠᠮᠤ | ᠪᠤᠳᠠᠭ᠎ᠠ ᠶᠢ ᠪᠠᠳᠤᠯᠠᠭ᠎ᠠ ᠲᠠᠢ ᠬᠤᠳᠠᠯᠳᠤᠨ ᠠᠪᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ | ᠬᠠᠮᠠᠭᠠᠯᠠᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠨᠧᠷᠭᠢ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠮᠥᠨ᠃ ᠮᠠᠨ ᠤ ᠤᠯᠤᠰ ᠤᠨ ᠤᠯᠤᠰ ᠤᠨ | ᠪᠠᠶᠢᠳᠠᠯ ᠳᠤ ᠰᠠᠭᠤᠷᠢᠯᠠᠨ᠂ ᠭᠠᠳᠠᠭᠠᠳᠤ ᠣᠷᠴᠢᠨ ᠨᠥᠬᠦᠴᠡᠯ ᠤᠨ ᠰᠢᠨ᠎ᠡ ᠦᠷᠢᠰᠦᠯᠳᠥᠭᠡᠨ ᠢ ᠠᠷᠭᠠᠴᠡᠭᠠᠵᠤ᠂ ᠭᠤᠣᠯᠳᠠᠯᠭ᠎ᠠ ᠶᠢ ᠠᠳᠬᠤᠨ᠂ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠵᠤ᠂ ᠨᠥᠬᠦᠴᠡᠯ ᠨᠢ ᠪᠣᠯᠪᠠᠰᠤᠷᠠᠩᠭᠤᠢ ᠪᠣᠯᠤᠬᠰᠠᠨ᠂ ᠬᠥᠭᠵᠢᠯᠲᠡ ᠳᠤ ᠬᠡᠷᠡᠭᠴᠡᠭᠡ ᠲᠠᠢ | ᠡᠨᠧᠷᠭᠢ ᠶᠢᠨ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠡᠨᠧᠷᠭᠢ ᠶᠢᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ | ᠠᠬᠢᠭᠤᠯᠬᠤ ᠬᠡᠷᠡᠭᠲᠡᠢ᠃ ᠡᠨᠡ ᠨᠢ ᠪᠠᠰᠠ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠭᠡᠬᠦ ᠪᠠ ᠠᠵᠢᠯ ᠣᠯᠭᠤᠯᠲᠠ ᠶᠢ ᠳᠠᠶᠢᠴᠢᠯᠠᠵᠤ᠂ ᠣᠳᠣᠬᠠᠨ ᠳᠤ | ᠠᠰᠢᠭᠲᠠᠶ ᠮᠥᠷᠲᠡᠭᠡᠨ ᠠᠯᠤᠰ ᠬᠡᠲᠦ ᠳᠤ ᠠᠰᠢᠭᠲᠠᠶ ᠶᠤᠮ᠃ ᠨᠢᠭᠡ ᠳᠤ᠂ ᠨᠡᠭᠦᠷᠡᠰᠦᠨ ᠤ ᠭᠤᠣᠯ ᠴᠣᠭᠴᠠ ᠶᠢᠨ ᠡᠨᠧᠷᠭᠢ ᠶᠢᠨ ᠦᠢᠯᠡᠳᠦᠯ ᠢ ᠪᠠᠳᠠᠷᠠᠭᠤᠯᠬᠤ | ᠬᠡᠷᠡᠭᠲᠡᠢ᠃ ᠨᠡᠭᠦᠷᠡᠰᠦᠨ ᠤ ᠠᠵᠤ ᠠᠬᠤᠶᠢᠯᠠᠯ ᠤᠨ ᠦᠶᠯᠡᠳᠪᠦᠷᠢᠯᠡᠯ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠶᠢᠨ ᠬᠠᠷᠭᠤᠭᠤᠯᠤᠨ ᠵᠥᠪᠰᠢᠶᠡᠷᠡᠬᠦ | ᠲᠥᠷᠥ ᠶᠢᠨ ᠪᠣᠳᠣᠯᠭ᠎ᠠ ᠶᠢ ᠬᠦᠴᠦᠯᠡᠨ ᠬᠠᠮᠲᠤᠳᠬᠠᠨ ᠰᠢᠯᠢᠳᠡᠭᠵᠢᠭᠦᠯᠵᠤ᠂ ᠣᠷᠣᠨ ᠨᠤᠲᠤᠭ ᠤᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠡᠷᠢᠭᠦᠨ ᠤ ᠦᠶᠯᠡᠳᠪᠦᠷᠢᠯᠡᠬᠦ ᠴᠢᠳᠠᠪᠬᠢ ᠶᠢ ᠭᠦᠶᠴᠡᠳ ᠪᠠᠳᠠᠷᠠᠭᠤᠯᠬᠤ ᠬᠡᠷᠡᠭᠳᠡᠢ᠃ ᠦᠢᠯᠡᠳᠪᠦᠷᠢᠯᠡᠯ ᠤᠨ | ᠴᠢᠳᠠᠪᠤᠷᠢ ᠶᠢ ᠵᠦᠪᠰᠢᠶᠡᠷᠡᠨ ᠨᠡᠮᠡᠭᠳᠡᠭᠦᠯᠬᠦ᠂ ᠭᠠᠷᠤᠯᠲᠠ ᠶᠢ ᠥᠷᠭᠡᠳᠭᠡᠬᠦ᠂ ᠰᠢᠨ᠎ᠡ ᠪᠠᠷ ᠠᠰᠢᠭᠯᠠᠯᠲᠠ ᠳᠤ ᠣᠷᠣᠭᠤᠯᠬᠤ ᠵᠡᠷᠭᠡ ᠪᠠᠷ ᠳᠠᠮᠵᠢᠭᠤᠯᠤᠨ᠂ ᠡᠨᠡ ᠵᠢᠯ | ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ 3 ᠳ᠋ᠦᠩᠰᠢᠭᠤᠷ ᠲᠣᠨ ᠰᠢᠨ᠎ᠡ ᠪᠠᠷ ᠨᠡᠮᠡᠭᠳᠡᠭᠦᠯᠦᠨ᠎ᠡ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ | ᠠᠰᠢᠭᠯᠠᠬᠤ ᠶᠢ ᠠᠬᠢᠭᠤᠯᠵᠤ᠂ ᠨᠥᠭᠡᠴᠡᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠬ᠎ᠠ ᠳᠡᠯᠭᠡᠭᠦᠷᠴᠢᠯᠡᠬᠦ ᠪᠠ ᠬᠠᠤᠯᠢᠵᠢᠬᠰᠠᠨ | ᠠᠷᠭ᠎ᠠ ᠬᠡᠮᠵᠢᠶ᠎ᠡ ᠶᠢ ᠬᠡᠷᠡᠭᠯᠡᠨ᠂ ᠨᠡᠭᠦᠷᠡᠰᠦᠨ ᠤ ᠦᠨ᠎ᠡ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠬᠥᠳᠤᠯᠤᠨ ᠵᠢᠯᠣᠭᠤᠳᠤᠨ᠎ᠠ᠃ | ᠬᠤᠶᠠᠷ ᠲᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠳᠠᠢ | ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠪᠦᠬᠦ ᠵᠢᠯ ᠤᠨ ᠥᠭᠡᠷᠡᠴᠢᠯᠡᠯᠲᠡ ᠶᠢᠨ | ᠬᠡᠪᠴᠢᠶ᠎ᠡ ᠶᠢ 2.2 ᠳ᠋ᠦᠩᠰᠢᠭᠤᠷ ᠺᠢᠯᠦᠸᠠᠲ ᠠᠴᠠ ᠳᠠᠪᠠᠭᠤᠯᠬᠤ ᠬᠡᠷᠡᠭᠲᠡᠢ᠃ ᠥᠭᠡᠷᠡᠴᠢᠯᠡᠬᠦ ᠳᠡᠭᠡᠨ ᠮᠠᠰᠢᠨ ᠴᠣᠭᠴᠠᠯᠠᠪᠤᠷᠢ ᠶᠢᠨ ᠬᠡᠪ ᠤᠨ ᠶᠡᠭᠡ ᠵᠠᠰᠠᠯᠲᠠ ᠵᠡᠷᠭᠡ | ᠴᠠᠭ ᠬᠤᠭᠤᠴᠠᠭ᠎ᠠ ᠶᠢ ᠰᠣᠩᠭᠤᠵᠤ᠂ ᠴᠠᠬᠢᠯᠭᠠᠨ ᠬᠦᠴᠦᠨ ᠤ ᠲᠣᠭᠲᠠᠭᠤᠨ ᠬᠠᠩᠭᠠᠯᠭ᠎ᠠ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠶ᠃ ᠨᠡᠭᠦᠷᠡᠰᠦ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠥᠭᠡᠷᠡᠴᠢᠯᠡᠯᠲᠡ ᠶᠢ ᠳᠡᠮᠵᠢᠬᠦ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠭᠤᠷᠪᠠ ᠳᠤ᠂ | ᠴᠢᠩᠭ᠎ᠠ ᠬᠢᠨᠠᠨ ᠬᠠᠮᠢᠶᠠᠷᠴᠤ᠂ ᠯᠠᠪᠲᠠᠶ ᠠᠶᠤᠯᠭᠦᠶ ᠪᠠᠶᠢᠬᠤ ᠶᠢ ᠪᠠᠲᠤᠯᠠᠭᠰᠠᠨ ᠤᠷᠢᠲᠠᠯ ᠳᠤᠤᠷ᠎ᠠ ᠴᠥᠮ᠎ᠡ ᠶᠢᠨ ᠴᠠᠬᠢᠯᠭᠠᠨ ᠢ ᠡᠮᠬᠢ ᠵᠢᠷᠤᠮ ᠲᠠᠢ ᠪᠠᠷ ᠬᠥᠭᠵᠢᠭᠦᠯᠬᠦ | ᠬᠡᠷᠡᠭᠲᠡᠶ᠃ ᠣᠯᠠᠨ ᠵᠢᠯ ᠤᠨ ᠪᠡᠯᠡᠳᠭᠡᠯ ᠪᠠ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ᠂ ᠨᠢᠭᠡᠨᠲᠡ ᠤᠯᠤᠰ ᠤᠨ | ᠲᠥᠯᠥᠪᠵᠢᠭᠦᠯᠭᠡ ᠳᠤ ᠣᠷᠣᠭᠤᠯᠤᠭᠰᠠᠨ ᠵᠧᠵᠢᠶᠠᠩ ᠤᠨ ᠰᠠᠨ ᠮᠧᠨ᠂ ᠱᠠᠨᠳᠦ᠋ᠩ ᠤᠨ ᠬᠠᠶ ᠶᠠᠩ᠂ ᠭᠤᠸᠠᠩᠳᠦ᠋ᠩ ᠤᠨ ᠯᠦ ᠹᠧᠩ ᠵᠡᠷᠭᠡ ᠭᠤᠷᠪᠠᠨ ᠴᠥᠮ᠎ᠡ ᠶᠢᠨ | ᠴᠠᠬᠢᠯᠭᠠᠨ ᠤ ᠰᠢᠨ᠎ᠡ ᠪᠠᠷ ᠪᠠᠶᠢᠭᠤᠯᠬᠤ ᠮᠠᠰᠢᠨ ᠴᠣᠭᠴᠠᠯᠠᠪᠤᠷᠢ ᠶᠢᠨ ᠲᠦᠷᠦᠯ ᠵᠦᠢᠯ ᠢ ᠬᠢᠨᠠᠨ ᠵᠥᠪᠰᠢᠶᠡᠷᠡᠪᠡ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ | |