| ᠯᠢ ᠺᠧ ᠴᠢᠶᠠᠩ ᠸᠠᠩ ᠬᠣ᠋ ᠨᠢᠩ ᠬᠠᠨ ᠵᠧᠩ ᠣᠷᠣᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠡᠷᠬᠢᠯᠡᠭᠴᠢ ᠰᠢ | ᠶᠢᠨ ᠫᠢᠩ 4 ᠰᠠᠷ᠎ᠠ ᠶᠢᠨ 26 ᠤ ᠡᠳᠦᠷ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠰᠠᠭᠤᠳᠠᠯ ᠢ ᠰᠤᠳᠤᠯᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠬᠤᠷᠠᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠳᠤᠯᠪᠠ᠃ ᠰᠢ ᠶᠢᠨ ᠫᠢᠩ᠂ ᠰᠠᠭᠤᠷᠢ ᠲᠥᠬᠦᠭᠡᠷᠦᠮᠵᠢ ᠪᠣᠯ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠶᠢᠨ | ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠣᠯᠤᠨ ᠬᠥᠭᠵᠢᠯᠲᠡ ᠶᠢᠨ ᠵᠠᠭᠪᠤᠷ ᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ | ᠦᠭᠬᠦ ᠬᠡᠷᠡᠭᠲᠡᠢ︔ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠪᠣᠯ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠠᠵᠢᠯ ᠢ ᠤᠳᠤᠷᠢᠳᠬᠤ | ᠴᠢᠬᠤᠯᠠ ᠲᠦᠷᠢᠮ ᠤᠨ ᠲᠣᠬᠢᠷᠠᠭᠤᠯᠤᠯᠲᠠ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ | ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠵᠤ᠂ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠪᠤᠲᠠᠲᠠᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ | ᠭᠡᠰᠢᠭᠦᠨ ᠸᠠᠩ ᠬᠣ᠋ ᠨᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠬᠠᠨ ᠵᠧᠩ ᠬᠤᠷᠠᠯ ᠳᠤ ᠣᠷᠣᠯᠴᠠᠪᠠ᠃ | ᠬᠤᠷᠠᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠬᠤ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠤᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠬᠤᠷᠠᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠬᠦᠭᠡᠷᠦᠮᠵᠢ᠂ ᠤᠰᠤᠨ ᠠᠰᠢᠭᠯᠠᠯᠲᠠ ᠶᠢᠨ ᠢᠨᠵᠧᠨᠧᠷᠢᠩ᠂ ᠵᠠᠮ ᠬᠠᠷᠢᠯᠴᠠᠭᠠᠨ ᠤ ᠬᠦᠢᠰᠦ᠂ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ᠂ | ᠤᠯᠤᠰ ᠤᠨ ᠪᠠᠶᠢᠯᠳᠤᠬᠤ ᠪᠤᠳᠤᠯᠭ᠎ᠠ ᠶᠢᠨ ᠨᠥᠭᠡᠴᠡ ᠵᠡᠷᠭᠡ ᠲᠠᠯ᠎ᠠ ᠪᠠᠷ ᠨᠢᠭᠡ ᠪᠦᠯᠦᠭ ᠳᠡᠯᠡᠬᠡᠢ ᠶᠢᠨ ᠲᠡᠷᠢᠭᠦᠨ ᠤ ᠦᠷ᠎ᠡ ᠪᠦᠲᠦᠭᠡᠯ ᠢ ᠡᠬᠦᠳᠴᠤ᠂ ᠰᠠᠭᠤᠷᠢ | ᠲᠥᠬᠦᠭᠡᠷᠦᠮᠵᠢ ᠶᠢᠨ ᠪᠦᠬᠦᠯᠢ ᠴᠣᠭᠴᠠ ᠶᠢᠨ ᠲᠦᠪᠰᠢᠨ ᠲᠠᠪᠠᠯᠳᠠᠳᠤ ᠮᠠᠶ᠋ᠢᠭ ᠤᠨ ᠳᠡᠭᠡᠭᠰᠢᠯᠡᠯᠲᠡ ᠶᠢ ᠪᠡᠶᠡᠯᠡᠭᠦᠯᠪᠡ᠃ ᠡᠭᠦᠨ ᠤ ᠬᠠᠮᠲᠤ᠂ ᠮᠠᠨ ᠤ ᠤᠯᠤᠰ ᠤᠨ | ᠰᠠᠭᠤᠷᠢ ᠲᠥᠬᠦᠭᠡᠷᠦᠮᠵᠢ ᠨᠢ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠪᠠᠲᠤᠯᠠᠭ᠎ᠠ ᠶᠢᠨ ᠬᠡᠷᠡᠭᠴᠡᠭᠡ ᠲᠠᠢ ᠬᠠᠷᠢᠴᠠᠭᠤᠯᠪᠠᠯ ᠪᠠᠰᠠ ᠵᠣᠬᠢᠴᠠᠬᠤ ᠦᠭᠡᠢ | ᠪᠠᠶᠢᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠨᠢ ᠤᠯᠤᠰ ᠤᠨ ᠠᠮᠤᠷ ᠲᠦᠪᠰᠢᠨ ᠢ ᠪᠠᠲᠤᠯᠠᠬᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠠᠬᠢᠭᠤᠯᠬᠤ᠂ ᠳᠣᠲᠣᠭᠠᠳᠤ | ᠬᠡᠷᠡᠭᠴᠡᠭᠡ ᠶᠢ ᠥᠷᠭᠡᠳᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠡᠷᠬᠡᠪᠰᠢ ᠲᠠᠨᠢᠵᠤ | ᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠥᠯᠥᠪᠵᠢᠭᠦᠯᠵᠤ᠂ ᠰᠢᠰᠲ᠋ᠧᠮ ᠲᠠᠢ ᠲᠦᠯᠦᠪᠵᠢᠭᠦᠯᠦᠨ᠂ ᠪᠦᠬᠦᠯᠢ ᠴᠣᠭᠴᠠ ᠪᠠᠷ ᠬᠠᠮᠵᠢᠯᠴᠠᠵᠤ᠂ ᠤᠨᠢᠨ ᠲᠡᠭᠡᠷ᠎ᠡ ᠨᠢ ᠳᠤᠲᠠᠭᠤᠳᠠᠯ ᠢ | ᠨᠥᠬᠦᠪᠥᠷᠢᠯᠡᠨ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠵᠤ᠂ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠠ ᠬᠥᠭᠵᠢᠯᠲᠡ ᠶᠢᠨ | ᠵᠠᠭᠪᠤᠷ ᠢ ᠰᠢᠯᠢᠳᠡᠭᠵᠢᠭᠦᠯᠵᠤ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠤ᠂ | ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ᠂ ᠠᠮᠤᠷ ᠲᠦᠪᠰᠢᠨ ᠤ ᠦᠷ᠎ᠡ ᠠᠰᠢᠭ ᠢ ᠨᠢᠭᠡᠳᠭᠡᠬᠦ ᠶᠢ | ᠪᠡᠶᠡᠯᠡᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠶᠯᠡᠴᠢᠯᠡᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ᠃ ᠠᠯᠤᠰ ᠬᠡᠳᠦ ᠠᠴᠠ | ᠪᠤᠳᠤᠯᠬᠢᠯᠠᠵᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ᠂ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠪᠣᠯᠤᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠠᠬᠢ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠲᠤᠯᠭᠠᠭᠤᠷᠢᠯᠠᠯ ᠢ | ᠴᠢᠩᠭᠠᠳᠬᠠᠵᠤ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠤᠯᠠᠮᠵᠢᠯᠠᠯᠲᠤ ᠰᠠᠭᠤᠷᠢ ᠲᠥᠬᠦᠭᠡᠷᠦᠮᠵᠢ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠣᠬᠢᠰᠲᠠᠢ ᠪᠠᠷ ᠤᠷᠢᠳᠴᠢᠯᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠪᠠ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠳᠤ ᠠᠰᠢᠭᠲᠠᠢ ᠰᠠᠭᠤᠷᠢ ᠲᠥᠬᠦᠭᠡᠷᠦᠮᠵᠢ ᠶᠢ ᠪᠠᠶᠢᠷᠢᠰᠢᠭᠤᠯᠬᠤ ᠶᠢᠨ ᠬᠠᠮᠲᠤ ᠤᠷᠢᠳᠴᠢᠯᠠᠨ ᠪᠦᠳᠦᠭᠡᠨ ᠪᠠᠶᠢᠭᠤᠯᠬᠤ ᠬᠡᠮ | ᠬᠡᠮᠵᠢᠶ᠎ᠠ ᠶᠢ ᠰᠠᠶᠢᠲᠤᠷ ᠡᠵᠡᠮᠳᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ | ᠂ ᠪᠦᠬᠦ ᠠᠮᠢ ᠨᠠᠰᠤᠨ ᠤ ᠦᠶᠡᠯᠡᠯ ᠳᠤ ᠰᠠᠭᠤᠷᠢᠯᠠᠨ᠂ ᠡᠯ᠎ᠡ ᠲᠦᠷᠦᠯ ᠤᠨ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠬᠦ ᠬᠡᠷᠡᠭᠲᠡᠢ᠃ ᠣᠯᠠᠨ | ᠲᠠᠯ᠎ᠠ ᠪᠠᠷ ᠬᠥᠳᠡᠯᠭᠡᠭᠦᠷ ᠪᠣᠯᠭᠠᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠲᠥᠪ ᠪᠠ ᠣᠷᠣᠨ ᠨᠤᠲᠤᠭ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ | ᠨᠡᠶᠢᠭᠡᠮ ᠤᠨ ᠡᠳ᠋ ᠬᠥᠷᠥᠩᠭᠡ ᠵᠡᠷᠭᠡ ᠣᠯᠠᠨ ᠲᠠᠯ᠎ᠠ ᠶᠢᠨ ᠦᠶᠯᠡᠳᠦᠯ ᠢ ᠪᠠᠳᠠᠷᠠᠭᠤᠯᠵᠤ᠂ ᠳᠠᠪᠬᠤᠷᠭ᠎ᠠ ᠬᠤᠪᠢᠶᠠᠨ ᠲᠥᠷᠥᠯ ᠬᠤᠪᠢᠶᠠᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠦᠷ᠎ᠡ ᠠᠰᠢᠭ ᠢ ᠴᠢᠬᠤᠯᠠᠴᠢᠯᠠᠵᠤ᠂ ᠠᠵᠤ ᠠᠬᠤᠶ ᠶᠢᠨ ᠲᠠᠩᠰᠠ ᠶᠢ ᠪᠤᠳᠤᠬᠤ ᠮᠥᠷᠲᠡᠭᠡᠨ ᠪᠠᠰᠠ | ᠶᠡᠷᠦᠩᠬᠡᠢ ᠲᠠᠩᠰᠠ ᠶᠢ ᠪᠤᠳᠤᠵᠤ᠂ ᠰᠠᠭᠤᠷᠢ ᠲᠥᠬᠦᠭᠡᠷᠦᠮᠵᠢ ᠶᠢᠨ ᠪᠥᠬᠦ ᠠᠮᠢ ᠨᠠᠰᠤᠨ ᠤ ᠦᠶᠡᠯᠡᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ | ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠰᠦᠯᠵᠢᠶᠡᠨ ᠤ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶ᠎ᠡ ᠶᠢ ᠬᠤᠯᠪᠣᠬᠤ᠂ ᠰᠦᠯᠵᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠶᠢ ᠪᠦᠲᠦᠭᠡᠨ | ᠪᠠᠶᠢᠭᠤᠯᠤᠯᠲᠠ ᠶᠢᠨ ᠭᠤᠣᠯᠳᠠᠯᠭ᠎ᠠ ᠪᠣᠯᠭᠠᠵᠤ᠂ ᠰᠦᠯᠵᠢᠶᠡᠨ ᠤ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠶᠡᠷᠦᠩᠬᠡᠶᠢᠯᠡᠭᠰᠡᠨ | ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠭᠤᠣᠯ ᠠᠷᠤᠭ ᠶᠠᠰᠤ ᠶᠢ ᠲᠦᠷᠭᠡᠳᠭᠡᠨ ᠪᠠᠶᠢᠭᠤᠯᠵᠤ᠂ ᠳᠠᠯᠠᠢ ᠳᠠᠭᠠᠤ ᠪᠠ ᠳᠣᠲᠣᠭᠠᠳᠤ ᠭᠤᠣᠯ ᠮᠥᠷᠡᠨ ᠤ | ᠭᠠᠷᠠᠮ ᠤᠨ ᠤᠰᠤᠨ ᠵᠠᠮ ᠤᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠤᠯᠤᠰ ᠤᠨ ᠤᠰᠤᠨ ᠲᠡᠭᠡᠭᠡᠪᠦᠷᠢ ᠶᠢᠨ | ᠲᠥᠬᠦᠭᠡᠷᠦᠮᠵᠢ ᠶᠢᠨ ᠲᠣᠣᠷ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠬᠡᠷᠡᠭᠳᠠᠢ᠃ ᠲᠠᠷᠬᠠᠮᠠᠯ ᠮᠠᠶ᠋ᠢᠭ ᠤᠨ ᠣᠶᠤᠨᠴᠢᠯᠠᠭᠰᠠᠨ ᠴᠠᠬᠢᠯᠭᠠᠨ ᠲᠣᠣᠷ ᠢ ᠬᠥᠭᠵᠢᠭᠦᠯᠵᠦ᠂ | ᠨᠢᠭᠡ ᠪᠦᠯᠦᠭ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠲᠣᠰᠣ ᠬᠡᠢ ᠶᠢᠨ | ᠬᠤᠭᠤᠯᠠᠢ ᠶᠢᠨ ᠲᠣᠣᠷ ᠢ ᠲᠦᠷᠭᠡᠳᠭᠡᠨ ᠲᠡᠭᠦᠯᠳᠡᠷᠵᠢᠭᠦᠯᠬᠦ ᠬᠡᠷᠡᠭᠳᠠᠢ᠃ ᠤᠯᠤᠰ ᠤᠨ ᠤᠰᠤᠨ ᠤ ᠲᠤᠤᠷ ᠤᠨ ᠭᠤᠤᠯ ᠠᠷᠤᠭ ᠶᠠᠰᠤ ᠪᠠ ᠲᠣᠮᠣ ᠯᠤᠭᠰᠢᠭᠤᠨ | ᠰᠤᠳᠠᠯ ᠢ ᠲᠦᠷᠭᠡᠳᠭᠡᠨ ᠪᠠᠶᠢᠭᠤᠯᠵᠤ᠂ ᠭᠤᠤᠯᠳᠠᠯᠭ᠎ᠠ ᠲᠠᠢ ᠤᠰᠤᠨ ᠰᠤᠷᠪᠤᠯᠵᠢ᠂ ᠤᠰᠤᠯᠠᠯᠲᠠ ᠶᠢᠨ ᠣᠷᠣᠨ᠂ ᠦᠶᠡᠷ ᠢ ᠲᠣᠭᠲᠠᠭᠠᠨ ᠬᠤᠷᠢᠭᠯᠠᠬᠤ ᠣᠷᠣᠨ ᠤ | ᠪᠥᠲᠥᠭᠡᠨ ᠪᠠᠶᠢᠭᠤᠯᠤᠯᠲᠠ ᠪᠠ ᠣᠳᠣᠬᠢᠴᠢᠯᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠳᠠᠢ᠃ ᠮᠡᠳᠡᠭᠡ ᠵᠠᠩᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠰᠠᠭᠤᠷᠢ ᠲᠥᠬᠦᠭᠡᠷᠦᠮᠵᠢ ᠪᠠᠨ ᠳᠡᠰ ᠳᠡᠪᠰᠢᠭᠦᠯᠬᠦ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠨᠢᠭᠡ | ᠦᠶ᠎ᠡ ᠶᠢᠨ ᠭᠡᠳᠦ ᠪᠤᠳᠤᠯᠳᠠ᠂ ᠡᠭᠦᠯᠡᠨ ᠪᠤᠳᠤᠯᠳᠠ᠂ ᠵᠣᠬᠢᠶᠠᠮᠠᠯ ᠤᠶᠤᠨ ᠴᠢᠳᠠᠪᠤᠷᠢ ᠶᠢᠨ ᠲᠠᠪᠴᠠᠩ᠂ ᠥᠷᠭᠡᠨ ᠪᠦᠰᠡᠲᠦ ᠰᠠᠭᠤᠷᠢ ᠰᠦᠯᠵᠢᠶ᠎ᠠ ᠵᠡᠷᠭᠡ | ᠲᠥᠬᠦᠭᠡᠷᠦᠮᠵᠢ ᠶᠢ ᠪᠠᠶᠢᠷᠢᠰᠢᠭᠤᠯᠤᠨ ᠪᠦᠳᠦᠭᠡᠨ ᠪᠠᠶᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ | ᠪᠠᠶᠢᠷᠢᠰᠢᠭᠤᠯᠤᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠢᠴᠢ ᠲᠥᠪᠯᠡᠷᠡᠭᠦᠯᠦᠨ ᠲᠠᠷᠬᠠᠭᠠᠵᠤ ᠵᠥᠭᠡᠭᠡᠪᠦᠷᠢᠯᠡᠬᠦ | ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ᠂ ᠨᠡᠶᠢᠳᠡᠮ ᠤᠨ ᠬᠡᠷᠡᠭᠯᠡᠭᠡᠨ ᠤ | ᠨᠢᠰᠭᠡᠯ ᠤᠨ ᠪᠠᠭᠤᠳᠠᠯ ᠪᠣᠯᠤᠨ ᠪᠠᠷᠠᠭᠠᠨ ᠤ ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠢ ᠪᠠᠶᠢᠷᠢᠰᠢᠭᠤᠯᠤᠨ ᠪᠦᠳᠦᠭᠡᠨ ᠪᠠᠶᠢᠭᠤᠯᠬᠤ ᠬᠡᠷᠡᠭᠲᠡᠢ᠃ ᠬᠤᠲᠠ ᠶᠢᠨ | ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠠᠮᠢᠳᠤᠷᠠᠯ ᠤᠨ ᠣᠷᠣᠨ ᠵᠠᠶ ᠶᠢ ᠴᠤᠭᠴᠠᠯᠠᠵᠤ᠂ ᠬᠤᠲᠠ ᠶᠢᠨ | ᠪᠦᠯᠦᠭᠵᠢᠯ ᠤᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠳᠥᠭᠦᠮ ᠲᠦᠷᠬᠡᠨ ᠥᠨᠳᠥᠷ ᠪᠦᠲᠦᠮᠵᠢᠲᠡᠶ ᠬᠤᠲᠠ ᠶᠢᠨ ᠬᠤᠭᠤᠷᠣᠨᠳᠣᠬᠢ | ᠲᠡᠮᠦᠷ ᠵᠠᠮ ᠤᠨ ᠲᠤᠤᠷ ᠢ ᠪᠥᠲᠥᠭᠡᠨ ᠪᠠᠶᠢᠭᠤᠯᠵᠤ᠂ ᠬᠤᠲᠠ ᠶᠢᠨ ᠲᠣᠭᠤᠷᠢᠭ ︵ᠲᠡᠭᠦᠷᠭᠡ︶ ᠤᠨ ᠲᠡᠮᠦᠷ ᠵᠠᠮ ᠪᠣᠯᠤᠨ ᠬᠤᠲᠠ ᠶᠢᠨ ᠵᠢᠮᠳᠤ ᠵᠠᠮ ᠬᠠᠷᠢᠯᠴᠠᠭ᠎ᠠ ᠶᠢ | ᠬᠥᠭᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ ᠭᠠᠵᠠᠷ ᠳᠤᠤᠷᠠᠬᠢ | ᠶᠡᠷᠦᠩᠬᠡᠶᠢᠯᠡᠭᠰᠡᠨ ᠬᠤᠭᠤᠯᠠᠶ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ | ᠭᠠᠳᠠᠭᠰᠢᠯᠠᠭᠤᠯᠬᠤ᠂ ᠪᠣᠬᠢᠷ ᠤᠰᠤ ᠪᠣᠯᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠡᠭᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠶᠤᠨᠲᠤ ᠵᠠᠮ᠂ ᠤᠶᠤᠨᠲᠤ ᠴᠠᠬᠢᠯᠭᠠᠨ | ᠡᠭᠦᠰᠭᠡᠭᠴᠢ᠂ ᠤᠶᠤᠨᠲᠤ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠤᠶᠤᠨᠴᠢ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ | ᠬᠡᠷᠡᠭᠳᠠᠢ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠦᠳᠦᠭᠡᠨ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠬᠤᠳᠠ ᠬᠥᠳᠡᠭᠡ ᠶᠢᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠬᠡᠪᠴᠢᠶᠡᠵᠢᠭᠦᠯᠦᠭᠰᠡᠨ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠦᠨ᠂ ᠬᠥᠳᠡᠭᠡ ᠲᠣᠰᠬᠤᠨ ᠤ ᠪᠣᠬᠢᠷ ᠤᠰᠤ ᠪᠠ ᠬᠤᠭ ᠨᠣᠪᠰᠢ ᠶᠢ | ᠴᠤᠭᠯᠠᠭᠤᠯᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠣᠳᠣᠬᠢᠴᠢᠯᠠᠯᠲᠠ ᠪᠠᠷ ᠬᠦᠳᠡᠭᠡ | ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠠᠴᠢᠨ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ | ᠲᠥᠪ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠡᠯ᠎ᠡ ᠬᠦᠷᠢᠶ᠎ᠡ᠂ ᠡᠯ᠎ᠡ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠪᠣᠯᠤᠨ ᠪᠦᠳᠦᠭᠡᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠠᠵᠠᠷ ᠰᠢᠷᠦᠢ ᠶᠢ ᠬᠡᠷᠡᠭᠯᠡᠬᠦ᠂ ᠲᠠᠯᠠᠢ ᠲᠠᠩᠬᠢᠰ ᠢ ᠬᠡᠷᠡᠭᠯᠡᠬᠦ᠂ ᠡᠨᠧᠷᠭᠢ ᠶᠢ ᠬᠡᠷᠡᠭᠯᠡᠬᠦ ᠵᠡᠷᠭᠡ ᠡᠬᠢ ᠪᠠᠶᠠᠯᠢᠭ ᠤᠨ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠬᠤᠷᠠᠮᠳᠤᠭᠤᠯᠬᠤ ᠬᠡᠷᠡᠭᠴᠡᠭᠡ ᠳᠤ | ᠵᠣᠬᠢᠴᠠᠭᠤᠯᠤᠨ᠂ ᠤᠷᠳᠤ ᠬᠤᠭᠤᠴᠠᠭᠠᠨ ᠤ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠭᠡᠵᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ | ᠨᠡᠮᠡᠭᠳᠡᠭᠦᠯᠦᠨ᠂ ᠤᠯᠤᠰ ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ ᠨᠡᠩ ᠰᠠᠶᠢᠲᠤᠷ | ᠲᠥᠪᠯᠡᠷᠡᠭᠦᠯᠦᠨ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠳ᠋ ᠬᠦᠷᠦᠩᠭᠡ ᠶᠢᠨ ᠬᠠᠮᠲᠤᠷᠠᠯᠴᠠᠭᠠᠨ ᠤ ᠵᠠᠭᠪᠤᠷ ᠤᠨ ᠵᠢᠷᠤᠮᠵᠢᠭᠰᠠᠨ | ᠬᠥᠭᠵᠢᠯᠲᠡ᠂ ᠢᠯᠠ ᠪᠠᠷ ᠬᠡᠷᠡᠭᠵᠢᠬᠦᠯᠬᠦ ᠶᠢ ᠠᠬᠢᠭᠤᠯᠵᠤ᠂ ᠨᠡᠶᠢᠭᠡᠮ ᠤᠨ ᠡᠳ᠋ ᠬᠦᠷᠦᠩᠭᠡ ᠶᠢᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠶᠢᠨ ᠡᠵᠡᠩᠨᠡᠯᠲᠡ ᠳᠤ ᠣᠷᠣᠯᠴᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠵᠤ | ᠡᠵᠡᠮᠳᠡᠵᠦ ᠪᠣᠯᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠤᠨᠳᠠᠭ ᠶᠡᠭᠡ ᠬᠡᠪᠴᠢᠶ᠎ᠡ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢ ᠪᠤᠢ ᠪᠣᠯᠭᠠᠵᠤ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠦᠯᠡᠮᠵᠢ ᠤᠯᠠᠨ ᠰᠢᠯᠭᠠᠷᠠᠭᠰᠠᠨ ᠢᠨᠵᠧᠨᠧᠷ ᠢ | ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠨᠢᠭᠡ ᠪᠦᠯᠦᠭ | ᠦᠨᠳᠦᠰᠦᠨ ᠪᠠ ᠠᠯᠤᠰ ᠢᠷᠡᠭᠡᠳᠦᠢ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠵᠤ᠂ ᠪᠠᠶᠢᠯᠳᠤᠬᠤ ᠪᠤᠳᠤᠯᠭ᠎ᠠ ᠶᠢᠨ ᠬᠦᠳᠦᠯᠦᠨ | ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠪᠠ᠃ ᠠᠵᠤ ᠠᠬᠤᠢ ᠶᠢᠨ ᠠᠵᠢᠯ ᠳᠠᠬᠢ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠶᠢ ᠴᠢᠩᠭᠠᠳᠬᠠᠬᠤ ᠳᠤ᠂ | ᠤᠯᠤᠰ ᠲᠦᠷᠦ ᠪᠠᠷ ᠬᠦᠲᠦᠯᠦᠨ ᠳᠠᠭᠠᠭᠤᠯᠬᠤ᠂ ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠨᠢ ᠳᠠᠭᠠᠯᠳᠤᠨ ᠰᠢᠢᠳᠪᠦᠷᠢᠯᠡᠭᠳᠡᠬᠦ ᠶᠢ ᠴᠢᠬᠤᠯᠠᠴᠢᠯᠠᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠳᠤᠯᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠶᠢ ᠴᠢᠬᠤᠯᠠᠴᠢᠯᠠᠵᠤ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ ᠤᠨᠤᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠬᠤᠯᠠ | ᠤᠢᠢᠷ᠎ᠠ ᠶᠢ ᠤᠶᠠᠯᠳᠤᠭᠤᠯᠬᠤ᠂ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠦ᠂ ᠬᠤᠷᠢᠭ᠎ᠠ ᠱᠤᠭᠤᠮ ᠤᠨ ᠰᠡᠳᠭᠢᠬᠦᠶ ᠶᠢ | ᠪᠠᠲᠤ ᠪᠣᠶ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ | ᠦᠨᠡᠨ ᠬᠦ ᠲᠤᠰᠠᠳᠠᠢ ᠠᠷᠭᠠᠴᠠᠭᠠᠬᠤ ᠲᠥᠰᠦᠯ ᠵᠢᠴᠢ ᠪᠣᠳᠠᠲᠠᠶ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠶ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠵᠣᠷᠢᠭ | ᠰᠠᠨᠠᠭ᠎ᠠ ᠶᠢ ᠣᠨᠣᠪᠴᠢᠲᠠᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠦᠨᠡᠯᠡᠨ ᠵᠢᠱᠢᠵᠦ | ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠶᠡᠷᠦᠩᠬᠡᠶᠢᠯᠡᠨ ᠲᠡᠩᠴᠡᠭᠦᠷᠢᠰᠢᠭᠦᠯᠬᠦ ᠠᠵᠢᠯ ᠢ ᠰᠠᠶᠢᠲᠤᠷ ᠬᠢᠵᠦ᠂ ᠠᠰᠠᠭᠤᠳᠠᠯ ᠪᠠᠶᠢᠪᠠᠯ ᠴᠠᠭ ᠲᠤᠬᠠᠢ ᠳᠤᠨᠢ | ᠵᠠᠯᠠᠷᠠᠭᠤᠯᠬᠤ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠦᠷ᠎ᠡ ᠪᠦᠳᠦᠮᠵᠢᠳᠤ ᠴᠢᠨᠠᠷ ᠢ ᠴᠢᠩᠭᠠᠳᠬᠠᠵᠤ᠂ ᠦᠢᠯᠡᠳᠦᠯᠭᠡ ᠶᠢᠨ ᠦᠷ᠎ᠡ ᠳ᠋ᠦᠩ ᠢᠶᠠᠷ | ᠡᠯ᠎ᠡ ᠲᠠᠯ᠎ᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠵᠢᠱᠢᠯᠲᠡ ᠶᠢ ᠰᠠᠶᠢᠲᠤᠷ | ᠬᠦᠳᠦᠯᠦᠨ ᠵᠢᠯᠣᠭᠤᠳᠴᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠵᠠᠷᠴᠢᠮ ᠢ ᠲᠣᠳᠣᠷᠬᠠᠢ ᠶᠠᠷᠢᠵᠤ᠂ ᠵᠠᠬ᠎ᠠ ᠳᠡᠯᠭᠡᠭᠦᠷ ᠤᠨ ᠢᠲᠡᠭᠡᠯ ᠢ | ᠲᠣᠭᠲᠠᠪᠤᠷᠢᠵᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | |