| | ᠲᠦᠷᠦ ᠶᠢᠨ ᠪᠣᠳᠣᠯᠭ᠎ᠠ Q&A | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ ᠰᠠᠷ᠎ᠠ ᠶᠢᠨ 25 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ ᠬᠢᠵᠦ᠂ ︽ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠥᠭᠵᠢᠯᠲᠡ ᠶᠢ ᠠᠬᠢᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ ᠶᠠᠭᠠᠬᠢᠵᠤ ᠳᠠᠩᠰᠠ ᠪᠠᠶᠢᠭᠤᠯᠵᠤ᠂ ᠶᠠᠭᠠᠬᠢᠵᠤ ᠭᠠᠷᠭᠠᠨ | ᠠᠪᠬᠤ ᠪᠤᠢ︖ ᠬᠠᠮᠲᠤ ᠪᠠᠷ ᠠᠩᠬᠠᠷᠴᠠᠭᠠᠶ᠎ᠠ︕ | Q1 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ︖ | A᠄ ᠲᠥᠪ ᠠᠴᠠ ᠲᠣᠳᠣᠷᠬᠠᠢ ᠱᠠᠭᠠᠷᠳᠠᠭᠰᠠᠨ ᠨᠢ᠂ ᠮᠠᠨ ᠤ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠣᠯᠠᠨ ᠤᠯᠤᠰ ᠤᠨ ᠲᠤᠷᠰᠢᠯᠭ᠎ᠠ ᠪᠠᠷ | ᠲᠣᠯᠢᠯᠠᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠷ ᠰᠠᠭᠤᠷᠢᠯᠠᠭᠰᠠᠨ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ | ᠣᠨ ᠤ ᠮᠥᠩᠭᠦ ᠪᠠᠷ ᠨᠥᠬᠦᠪᠦᠷᠢᠯᠡᠭᠰᠡᠨ᠂ ᠬᠤᠪᠢ ᠬᠥᠮᠥᠨ ᠤ ᠬᠠᠳᠠᠭᠠᠯᠠᠮᠵᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠳᠠᠯᠳᠤᠭᠠᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠠᠢ ᠵᠣᠯᠭᠠᠭᠤᠯᠤᠭᠰᠠᠨ ︽ᠭᠤᠷᠪᠠᠨ ᠲᠤᠯᠭᠠᠭᠤᠷᠢᠲᠤ︾ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠲᠣᠭᠲᠠᠯᠴᠠᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃ | ᠨᠢᠭᠡᠳᠦᠭᠡᠷ ᠲᠤᠯᠭᠠᠭᠤᠷᠢ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠᠶᠢᠵᠤ᠂ ᠬᠤᠳᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ | ᠪᠠᠭᠲᠠᠭᠠᠨ᠎ᠠ᠃ ᠨᠢᠭᠡᠳᠦᠭᠡᠷ ᠲᠤᠯᠭᠠᠭᠤᠷᠢ ᠨᠢ ᠭᠤᠣᠯᠳᠠᠭᠤ ᠦᠨᠳᠦᠰᠦᠨ ᠵᠦᠢᠯ ᠢ ᠪᠠᠲᠤᠯᠠᠬᠤ ᠳᠤ ᠰᠠᠭᠤᠷᠢᠯᠠᠵᠤ᠂ ᠨᠡᠶᠢᠭᠡᠮ ᠠᠴᠠ ᠨᠢᠭᠡᠳᠦᠯᠲᠡᠢ ᠴᠤᠭᠯᠠᠭᠤᠯᠬᠤ ᠪᠠ | ᠬᠤᠪᠢ ᠬᠥᠮᠥᠨ ᠤ ᠲᠠᠩᠰᠠᠨ ᠡᠷᠦᠭᠡ ᠶᠢ ᠤᠶᠠᠯᠳᠤᠭᠤᠯᠬᠤ ᠵᠠᠭᠪᠤᠷ ᠢ ᠬᠡᠷᠡᠭᠯᠡᠵᠦ᠂ ᠭᠤᠣᠯᠳᠠᠭᠤ ᠨᠡᠶᠢᠭᠡᠮ ᠤᠨ ᠬᠠᠷᠢᠯᠴᠠᠨ ᠲᠤᠰᠠᠯᠠᠯᠴᠠᠬᠤ ᠶᠢ ᠬᠠᠷᠠᠭᠤᠯᠤᠨ᠎ᠠ᠃ | ᠣᠳᠣᠬᠠᠨ ᠳᠤ ᠡᠨᠡ ᠬᠦ ᠳᠦᠷᠢᠮ ᠤᠨ ᠬᠥᠭᠵᠢᠯᠲᠡ ᠨᠢ ᠬᠠᠷᠢᠴᠠᠩᠭᠤᠢ ᠨᠡᠯᠢᠶᠡᠳ ᠲᠡᠭᠦᠯᠳᠡᠷᠵᠢᠵᠦ᠂ ᠬᠠᠷᠢᠴᠠᠩᠭᠤᠢ ᠪᠦᠷᠢᠨ ᠲᠥᠬᠦᠷ ᠳᠦᠷᠢᠮ ᠤᠨ | ᠲᠣᠭᠲᠠᠯᠴᠠᠭ᠎ᠠ ᠶᠢ ᠪᠦᠷᠢᠯᠳᠦᠭᠦᠯᠦᠭᠰᠡᠨ ᠪᠥᠭᠡᠳ ᠬᠠᠮᠤᠷᠬᠤ ᠬᠡᠪᠴᠢᠶ᠎ᠡ ᠨᠢ ᠴᠦ ᠦᠷᠭᠦᠯᠵᠢᠯᠡᠨ ᠥᠷᠭᠡᠵᠢᠵᠦ ᠪᠠᠶᠢᠨ᠎ᠠ᠃ 3 ᠳ᠋ᠤᠭᠠᠷ ᠰᠠᠷ᠎ᠠ ᠶᠢᠨ ᠡᠴᠦᠰ ᠲᠤ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 10.3 ᠳ᠋ᠦᠩᠰᠢᠭᠤᠷ ᠲᠤ ᠬᠥᠷᠥᠭᠰᠡᠨ ᠤ ᠬᠠᠮᠲᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠨ ᠤ ᠣᠷᠣᠯᠭ᠎ᠠ ᠵᠠᠷᠤᠯᠭ᠎ᠠ ᠶᠢᠨ ᠬᠡᠪᠴᠢᠶ᠎ᠡ 12.6 ᠲᠦᠮᠡᠨ ᠳ᠋ᠦᠩᠰᠢᠭᠤᠷ ᠲᠥᠭᠦᠷᠢᠭ ᠲᠤ | ᠬᠦᠷᠴᠦ᠂ ᠨᠡᠶᠢᠲᠡ ᠦᠯᠡᠳᠡᠪᠦᠷᠢ ᠨᠢ 6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ ᠮᠥᠩᠭᠦ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ | ᠪᠠᠶᠢᠵᠤ᠂ ᠣᠯᠭᠤᠮᠵᠢ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠲᠠᠷᠬᠠᠭᠠᠭᠰᠠᠨ ᠪᠢᠯᠡ᠃ | ᠬᠤᠶᠠᠳᠤᠭᠠᠷ ᠲᠤᠯᠭᠠᠭᠤᠷᠢ ᠨᠢ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠪᠠᠶᠢᠵᠤ᠂ ᠲᠡᠷᠡ ᠨᠢ ᠭᠤᠣᠯᠳᠠᠭᠤ | ᠨᠥᠬᠦᠪᠦᠷᠢᠯᠡᠬᠦ ᠦᠢᠯᠡᠳᠦᠯ ᠢ ᠪᠠᠳᠠᠷᠠᠭᠤᠯᠵᠤ᠂ ᠬᠥᠮᠥᠨ ᠬᠡᠷᠡᠭᠯᠡᠬᠦ ᠨᠢᠭᠡᠴᠢ ᠵᠢᠴᠢ ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ ᠮᠠᠰᠢ ᠰᠠᠶᠢᠨ ᠬᠥᠭᠵᠢᠯᠲᠡ ᠶᠢᠨ | ᠰᠠᠭᠤᠷᠢ ᠲᠠᠢ ᠪᠣᠯᠪᠠ᠃ 3 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠳᠤ | ᠣᠷᠣᠯᠴᠠᠭᠰᠠᠨ ᠠᠵᠢᠯᠲᠠᠨ ᠠᠵᠢᠯᠴᠢᠨ 7200 ᠲᠦᠮᠡ ᠪᠠᠶᠢᠵᠤ᠂ 4.5 ᠲᠦᠮᠡᠨ ᠳ᠋ᠦᠩᠰᠢᠭᠤᠷ ᠲᠥᠭᠦᠷᠢᠭ ᠤᠨ ᠰᠠᠭᠤᠷᠢ ᠮᠥᠩᠭᠦ ᠬᠤᠷᠠᠮᠳᠤᠭᠤᠯᠵᠤ᠂ | ᠨᠠᠰᠤᠵᠢᠯ ᠤᠨ ᠠᠰᠠᠷᠠᠮᠵᠢ ᠶᠢ ᠨᠥᠬᠦᠪᠦᠷᠢᠯᠡᠬᠦ ᠦᠢᠯᠡᠳᠦᠯ ᠨᠢ ᠠᠩᠬ᠎ᠠ ᠠᠯᠬᠤᠮ ᠢᠯᠡᠷᠡᠪᠡ᠃ | ᠭᠤᠷᠪᠠᠳᠤᠭᠠᠷ ᠲᠤᠯᠭᠠᠭᠤᠷᠢ ᠨᠢ ᠡᠭᠦᠨ ᠠᠴᠠ ᠡᠮᠦᠨ᠎ᠡ ᠲᠣᠬᠢᠷᠠᠯᠴᠠᠭᠰᠠᠨ ᠳᠦᠷᠢᠮ ᠤᠨ ᠲᠣᠬᠢᠷᠠᠭᠤᠯᠤᠯᠲᠠ ᠪᠠᠶᠢᠭᠰᠠᠨ ᠦᠭᠡᠢ᠃ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠦᠷᠦᠭᠦᠬᠡᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠯᠪᠠᠨ ᠶᠣᠰᠣᠭᠠᠷ | ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠲᠣᠰ ᠲᠥᠷᠥ ᠶᠢᠨ ᠪᠣᠳᠣᠯᠭ᠎ᠠ ᠶᠢ ᠡᠬᠢᠯᠡᠵᠦ ᠬᠡᠷᠡᠭᠵᠢᠭᠦᠯᠪᠡ᠃ ᠲᠣᠳᠣᠷᠬᠠᠶᠢᠯᠠᠬᠤ ᠴᠢᠬᠤᠯᠠᠲᠠᠢ ᠨᠢ᠂ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠤᠯᠤᠰ ᠤᠨ ᠭᠤᠷᠪᠠᠳᠤᠭᠠᠷ ᠲᠤᠯᠭᠠᠭᠤᠷᠢ ᠶᠢᠨ ᠲᠤᠬᠠᠢ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠠᠶᠢᠵᠤ | ᠂ ᠭᠤᠷᠪᠠᠳᠤᠭᠠᠷ ᠲᠤᠯᠭᠠᠭᠤᠷᠢ ᠳᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠠᠴᠠ ᠭᠠᠳᠠᠨ᠎ᠠ ᠪᠤᠰᠤᠳ ᠬᠤᠪᠢ ᠬᠥᠮᠥᠨ ᠤ ᠬᠤᠳᠠᠯᠳᠤᠭᠠᠨ ᠤ | ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠪᠠᠶᠢᠳᠠᠭ᠃ | Q2 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠤ | ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠠᠴᠠ ᠶᠠᠮᠠᠷ ᠢᠯᠭᠠᠭ᠎ᠠ ᠪᠠᠶᠢᠬᠤ ᠪᠤᠶ︖ | A᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠠᠴᠠ ᠣᠨᠳᠣᠣ | ᠪᠠᠶᠢᠳᠠᠭ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠤᠯᠤᠰ ᠠᠴᠠ ᠠᠯᠪᠠᠳᠠᠯᠭ᠎ᠠ ᠪᠠᠷ ᠬᠡᠷᠡᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠨᠢ ᠥᠪᠡᠷ ᠤᠨ ᠳᠤᠷ᠎ᠠ ᠠᠴᠠ ᠪᠠᠨ ᠣᠷᠣᠯᠴᠠᠳᠠᠭ᠃ ᠠᠵᠤ ᠠᠬᠤᠶᠢᠯᠠᠯ ᠤᠨ ᠣᠨ ᠤ ᠮᠥᠩᠭᠦ᠂ ᠠᠵᠢᠯ ᠮᠡᠷᠭᠡᠵᠢᠯ ᠤᠨ ᠣᠨ ᠤ ᠮᠥᠩᠭᠦ ᠶᠢ | ᠬᠥᠮᠥᠨ ᠬᠡᠷᠡᠭᠯᠡᠬᠦ ᠨᠢᠭᠡᠴᠢ ᠵᠢᠴᠢ ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ ᠬᠠᠮᠲᠤ ᠪᠠᠷ ᠰᠦᠢᠳᠬᠡᠯ ᠲᠤᠰᠢᠶᠠᠬᠤ ᠠᠴᠠ ᠣᠨᠳᠣᠣ ᠪᠠᠶᠢᠵᠤ᠂ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠥᠪᠬᠡᠨ ᠬᠤᠪᠢ ᠬᠥᠮᠥᠨ ᠲᠤᠰᠢᠶᠠᠨ᠎ᠠ᠃ | Q3 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠣᠷᠤᠯᠴᠠᠬᠤ ᠨᠢ ᠶᠠᠮᠠᠷ ᠰᠠᠶᠢᠨ ᠲᠠᠯ᠎ᠠ ᠪᠠᠶᠢᠬᠤ ᠪᠣᠢ︖ | A᠄ 1. ᠬᠤᠪᠢ ᠬᠥᠮᠥᠨ ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠣᠷᠤᠯᠴᠠᠬᠤ ᠶᠢᠨ ᠰᠢᠭᠤᠳ ᠬᠦᠷᠲᠡᠬᠦ ᠰᠠᠶᠢᠨ | ᠲᠠᠯ᠎ᠠ ᠨᠢ ᠳᠠᠷᠤᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ | 2. ᠨᠢᠭᠡᠳᠦᠭᠡᠷ ᠲᠤᠯᠭᠠᠭᠤᠷᠢ ᠪᠣᠯᠬᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠨᠢ ᠦᠨᠳᠦᠰᠦᠨ ᠠᠮᠢᠳᠤᠷᠠᠯ ᠢ ᠪᠠᠲᠤᠯᠠᠵᠤ᠂ ᠬᠤᠶᠠᠳᠤᠭᠠᠷ | ᠲᠤᠯᠭᠠᠭᠤᠷᠢ ᠪᠣᠯᠬᠤ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠨᠢ ᠨᠢᠭᠡᠴᠢ ᠠᠴᠠ ᠪᠠᠶᠢᠭᠤᠯᠤᠭᠰᠠᠨ ᠪᠣᠯᠬᠤᠷ ᠨᠠᠰᠤᠵᠢᠯ ᠤᠨ | ᠠᠰᠠᠷᠠᠮᠵᠢ ᠳᠤ ᠨᠥᠬᠦᠪᠦᠷᠢ ᠦᠢᠯᠡᠳᠦᠯ ᠦᠵᠡᠭᠦᠯᠳᠡᠭ᠃ ᠣᠲᠣ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠮᠡᠵᠦ ᠪᠠᠶᠢᠭᠤᠯᠤᠭᠰᠠᠨ ᠨᠢ | ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ ᠬᠥᠮᠥᠰ ᠲᠤ ᠨᠠᠰᠤᠵᠢᠯ ᠤᠨ ᠠᠰᠠᠷᠠᠮᠵᠢ ᠶᠢ ᠨᠥᠬᠦᠪᠦᠷᠢᠯᠡᠬᠦ ᠠᠷᠭ᠎ᠠ ᠵᠠᠮ ᠨᠡᠮᠡᠵᠦ ᠥᠭᠭᠦᠭᠰᠡᠨ ᠢᠶᠠᠷ ᠪᠠᠷᠠᠬᠤ ᠦᠭᠡᠢ᠂ | ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ ᠦᠭᠡᠢ ᠬᠥᠮᠥᠰ ᠲᠤ ᠠᠪᠴᠤ ᠬᠡᠯᠡᠪᠡᠴᠦ ᠨᠠᠰᠤᠵᠢᠯ ᠤᠨ ᠠᠰᠠᠷᠠᠮᠵᠢ ᠪᠠᠨ ᠨᠥᠬᠦᠪᠦᠷᠢᠯᠡᠬᠦ ᠠᠷᠭ᠎ᠠ ᠵᠠᠮ ᠨᠡᠮᠡᠵᠦ | ᠥᠭᠪᠡ᠃ | 3. ᠬᠤᠪᠢ ᠬᠥᠮᠥᠨ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ ᠲᠥᠯᠥᠪᠵᠢᠭᠦᠯᠵᠦ ᠪᠣᠯᠣᠨ᠎ᠠ᠃ ᠰᠦᠢᠳᠬᠡᠯ ᠲᠤᠰᠢᠶᠠᠬᠤ | ᠱᠠᠲᠤᠨ ᠳᠤ ᠣᠷᠣᠭᠤᠯᠬᠤ ᠠᠴᠠ ᠪᠢᠰᠢ ᠭᠠᠷᠭᠠᠬᠤ ᠦᠭᠡᠢ᠂ ᠬᠤᠪᠢ ᠬᠥᠮᠥᠨ ᠤ ᠲᠤᠰᠢᠶᠠᠭᠰᠠᠨ ᠰᠦᠢᠳᠬᠡᠯ ᠪᠠ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠶᠢ | ᠴᠥᠮ ᠳᠠᠩᠰᠠᠨ ᠡᠷᠦᠬᠡ ᠳᠤ ᠬᠠᠳᠠᠭᠠᠯᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠥᠩᠭᠦ ᠪᠠᠨ ᠠᠪᠬᠤ ᠨᠠᠰᠤᠨ ᠳᠤ ᠬᠥᠷᠥᠭᠰᠡᠨ ᠵᠡᠷᠭᠡ ᠨᠥᠬᠦᠴᠡᠯ ᠳᠤ | ᠨᠡᠶᠢᠴᠡᠪᠡᠯ ᠳᠠᠷᠤᠢ ᠠᠪᠴᠤ ᠪᠣᠯᠣᠨ᠎ᠠ᠃ ᠥᠭᠡᠷ᠎ᠡ ᠪᠠᠷ ᠬᠡᠯᠡᠪᠡᠯ ᠳᠦᠷᠢᠮ ᠤᠨ ᠲᠠᠯ᠎ᠠ ᠠᠴᠠ ᠣᠷᠣᠯᠴᠠᠭᠴᠢ ᠶᠢ ᠬᠠᠪᠰᠤᠷᠤᠨ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ︽ᠭᠠᠳᠠᠭᠰᠢ ᠭᠠᠷᠭᠠᠬᠤ︾ ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ ᠲᠥᠯᠥᠪᠵᠢᠭᠦᠯᠵᠦ | ᠂ ᠪᠡᠯᠡ ᠣᠷᠣᠭᠤᠯᠤᠯᠲᠠ ᠶᠢᠨ ᠦᠢᠯᠡᠳᠬᠦᠨ ᠪᠠ ᠪᠡᠯᠡ ᠣᠷᠣᠭᠤᠯᠤᠯᠲᠠ ᠶᠢᠨ ᠬᠤᠭᠤᠴᠠᠭ᠎ᠠ ᠶᠢ ᠵᠣᠬᠢᠰᠲᠠᠢ ᠰᠣᠩᠭᠤᠵᠤ᠂ ᠤᠷᠢᠳᠴᠢᠯᠠᠨ ᠭᠠᠷᠭᠠᠨ ᠠᠪᠬᠤ ᠠᠴᠠ | ᠵᠠᠶᠢᠯᠠᠰᠬᠢᠵᠦ᠂ ᠡᠭᠦᠨ ᠤ ᠤᠯᠠᠮ ᠠᠴᠠ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠥᠬᠦᠪᠦᠷᠢᠯᠡᠬᠦ ᠦᠢᠯᠡᠳᠦᠯ ᠢ ᠦᠨᠡᠨ ᠬᠦ ᠪᠠᠳᠠᠷᠠᠭᠤᠯᠬᠤ ᠳᠤ ᠠᠰᠢᠭᠲᠠᠢ ᠶᠤᠮ᠃ | Q4 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠶᠠᠮᠠᠷ ᠬᠥᠮᠥᠨ ᠣᠷᠣᠯᠴᠠᠵᠤ ᠪᠣᠯᠬᠤ ᠪᠤᠶ︖ | A᠄ ᠠᠵᠢᠯ ᠳᠤ ᠪᠠᠶᠢᠭ᠎ᠠ ᠬᠥᠮᠥᠰ ᠶᠠᠮᠠᠷ ᠶᠠᠩᠵᠤ ᠶᠢᠨ ᠠᠵᠢᠯ ᠣᠯᠭᠤᠯᠲᠠ ᠶᠢᠨ ᠬᠡᠯᠪᠡᠷᠢ ᠲᠠᠢ ᠪᠠᠶᠢᠭᠰᠠᠨ ᠢ ᠬᠠᠮᠢᠶᠠᠷᠬᠤ ᠦᠭᠡᠢ᠂ ᠲᠤᠬᠠᠶᠢᠯᠠᠪᠠᠯ ᠨᠢᠭᠡᠴᠢ ᠳᠤ | ᠠᠵᠢᠯᠯᠠᠭᠰᠠᠳ ᠴᠤ ᠲᠡᠷᠡ᠂ ᠠᠮᠢᠳᠤᠯᠢᠭ ᠢᠶᠠᠷ ᠠᠵᠢᠯᠯᠠᠭᠰᠠᠳ ᠴᠦ ᠲᠡᠷᠡ᠂ ᠠᠵᠢᠯ ᠣᠯᠣᠭᠰᠠᠨ ᠭᠠᠵᠠᠷ ᠣᠷᠣᠨ᠂ ᠡᠷᠦᠭᠡ ᠠᠮᠠ ᠶᠢᠨ ᠲᠠᠩᠰᠠ ᠶᠢᠨ ᠬᠢᠵᠠᠭᠠᠷᠯᠠᠯ ᠢ | ᠬᠦᠯᠢᠶᠡᠬᠦ ᠦᠭᠡᠢ᠂ ᠬᠤᠪᠢ ᠬᠥᠮᠥᠨ ᠰᠠᠶᠢᠨ ᠳᠤᠷ᠎ᠠ ᠠᠴᠠ ᠪᠠᠨ ᠴᠥᠮ ᠲᠣᠰ ᠳᠦᠷᠢᠮ ᠳᠤ ᠡᠷᠬᠡ ᠲᠡᠭᠰᠢ ᠪᠠᠷ ᠣᠷᠣᠯᠴᠠᠵᠤ ᠪᠣᠯᠣᠨ᠎ᠠ᠃ ᠮᠤᠵᠢ ᠣᠷᠣᠨ ᠠᠯᠤᠰᠯᠠᠨ | ᠰᠢᠯᠵᠢᠭᠦᠯᠬᠦ ᠦᠶ᠎ᠡ ᠳᠤ ᠴᠦ ᠬᠤᠪᠢ ᠬᠥᠮᠥᠨ ᠤ ᠡᠷᠬᠡ ᠠᠰᠢᠭ ᠨᠥᠯᠥᠭᠡᠯᠡᠭᠳᠡᠬᠦ ᠦᠭᠡᠢ᠃ | Q5 | Q᠄ ᠣᠷᠤᠯᠴᠠᠬᠤ ᠬᠡᠯᠪᠡᠷᠢ ᠨᠢ ᠶᠠᠮᠠᠷ ᠪᠣᠯ︖ | A᠄ ᠣᠷᠣᠯᠴᠠᠭᠴᠢ ᠪᠥᠬᠦ ᠶᠠᠪᠤᠴᠠ ᠳᠤ ᠣᠷᠤᠯᠴᠠᠬᠤ ᠶᠤᠮ ᠦᠦ ᠣᠨ ᠢᠶᠠᠷ ᠣᠷᠤᠯᠴᠠᠬᠤ ᠶᠤᠮ ᠦᠦ ᠭᠡᠳᠡᠭ ᠢᠶᠠᠨ ᠥᠪᠡᠰᠦᠪᠡᠨ ᠲᠣᠭᠲᠠᠭᠠᠨ᠎ᠠ᠃ | ᠡᠬᠢᠯᠡᠯᠲᠡ ᠶᠢᠨ ᠱᠠᠲᠤᠨ ᠳᠤ 1.2 ᠲᠦᠮᠡᠨ ᠲᠥᠭᠦᠷᠢᠭ ᠤᠨ ᠣᠨ ᠤ ᠰᠦᠢᠳᠬᠡᠯ ᠲᠤᠰᠢᠶᠠᠬᠤ ᠳᠡᠭᠡᠳᠦ ᠬᠢᠵᠠᠭᠠᠷ ᠠᠴᠠ ᠬᠡᠲᠦᠷᠡᠬᠦ ᠦᠭᠡᠢ ᠯᠡ ᠶᠤᠮ ᠪᠣᠯ᠂ | ᠣᠷᠣᠯᠴᠠᠭᠴᠢ ᠬᠡᠳᠦᠢ ᠲᠤᠰᠢᠶᠠᠬᠤ ᠪᠠᠨ ᠥᠪᠡᠰᠦᠪᠡᠨ ᠲᠣᠭᠲᠠᠭᠠᠵᠤ ᠪᠣᠯᠣᠨ᠎ᠠ᠃ ᠲᠣᠰ ᠣᠨ ᠳᠤ ᠨᠢᠭᠡ ᠯᠡ ᠤᠳᠠᠭ᠎ᠠ ᠳᠤ ᠲᠤᠰᠢᠶᠠᠵᠤ ᠪᠣᠯᠬᠤ ᠮᠥᠷᠲᠡᠭᠡᠨ ᠪᠠᠰᠠ | ᠤᠳᠠᠭ᠎ᠠ ᠬᠤᠪᠢᠶᠠᠨ ᠲᠤᠰᠢᠶᠠᠵᠤ ᠪᠣᠯᠣᠨ᠎ᠠ᠃ | Q6 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠪᠠᠨ ᠬᠡᠷᠬᠢᠨ ᠪᠠᠶᠢᠭᠤᠯᠬᠤ ᠪᠣᠢ︖ | A᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠣᠷᠤᠯᠴᠠᠬᠤ ᠳᠤ ᠬᠤᠶᠠᠷ ᠳᠠᠩᠰᠠᠨ ᠡᠷᠦᠬᠡ ᠭᠠᠷᠭᠠᠬᠤ ᠬᠡᠷᠡᠭᠲᠡᠢ᠄ ᠨᠢᠭᠡ ᠨᠢ ᠮᠡᠳᠡᠭᠡ | ᠵᠠᠩᠭᠢ ᠶᠢᠨ ᠲᠠᠪᠴᠠᠩ ᠳᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠪᠠᠶᠢᠭᠤᠯᠵᠤ᠂ ᠮᠡᠳᠡᠭᠡ ᠵᠠᠩᠭᠢ ᠲᠡᠮᠳᠡᠭᠯᠡᠬᠦ᠂ ᠬᠠᠶᠢᠵᠤ | ᠯᠠᠪᠯᠠᠬᠤ ᠪᠠ ᠦᠢᠯᠡᠴᠢᠯᠡᠬᠦ ᠵᠡᠷᠭᠡ ᠳᠤ ᠬᠡᠷᠡᠭᠯᠡᠨ᠎ᠡ︔ ᠨᠦᠭᠦᠭᠡ ᠨᠢ ᠪᠠᠩᠬᠢ ᠳᠤ ᠪᠠᠶᠢᠭᠤᠯᠤᠭᠰᠠᠨ ᠪᠤᠶᠤ ᠲᠣᠭᠲᠠᠭᠠᠭᠰᠠᠨ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠪᠡᠯᠡ ᠮᠥᠩᠭᠦᠨ ᠤ ᠳᠠᠩᠰᠠᠨ ᠡᠷᠦᠬᠡ ᠪᠣᠯᠣᠨ᠎ᠠ᠃ ᠡᠭᠦᠨ ᠢ ᠰᠦᠢᠳᠬᠡᠯ ᠲᠤᠰᠢᠶᠠᠬᠤ᠂ ᠦᠢᠯᠡᠳᠬᠦᠨ ᠬᠤᠳᠠᠯᠳᠤᠨ ᠠᠪᠬᠤ᠂ ᠠᠰᠢᠭ | ᠣᠷᠣᠯᠭ᠎ᠠ ᠴᠤᠭᠯᠠᠭᠤᠯᠬᠤ ᠵᠡᠷᠭᠡ ᠳᠤ ᠬᠡᠷᠡᠭᠯᠡᠨ᠎ᠡ᠃ ᠡᠨᠡ ᠬᠤᠶᠠᠷ ᠳᠠᠩᠰᠠᠨ ᠡᠷᠦᠬᠡ ᠬᠤᠭᠤᠷᠣᠨᠳᠤ ᠪᠠᠨ ᠵᠣᠬᠢᠴᠠᠯᠳᠤᠵᠤ᠂ ᠣᠷᠣᠯᠴᠠᠭᠴᠢ ᠲᠣᠰ ᠲᠣᠰ ᠤᠯᠤᠰ ᠤᠨ | ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ︽ᠠᠯᠠᠭᠠᠨ ᠳᠡᠭᠡᠷᠡᠬᠢ 12333︾ | ᠂ ᠬᠤᠳᠠᠯᠳᠤᠭᠠᠨ ᠤ ᠪᠠᠩᠬᠢ ᠵᠡᠷᠭᠡ ᠣᠯᠠᠨ ᠠᠷᠭ᠎ᠠ ᠪᠠᠷ ᠪᠠᠶᠢᠭᠤᠯᠵᠤ ᠪᠣᠯᠣᠨ᠎ᠠ᠃ ᠡᠭᠦᠨ ᠳᠤ ᠬᠤᠳᠠᠯᠳᠤᠭᠠᠨ ᠤ ᠪᠠᠩᠬᠢ ᠪᠠᠷ ᠡᠨᠡ ᠬᠤᠶᠠᠷ ᠲᠠᠩᠰᠠᠨ ᠡᠷᠦᠬᠡ ᠶᠢ | ᠨᠢᠭᠡ ᠯᠡ ᠤᠳᠠᠭ᠎ᠠ ᠳᠤ ᠪᠥᠬᠦᠨ ᠢ ᠪᠠᠶᠢᠭᠤᠯᠵᠤ ᠪᠣᠯᠣᠨ᠎ᠠ᠃ | Q7 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠬᠡᠷᠬᠢᠨ ᠪᠡᠯᠡ ᠣᠷᠤᠭᠤᠯᠤᠯᠲᠠ ᠬᠢᠬᠦ ᠪᠣᠢ︖ | A᠄ ᠣᠷᠣᠯᠴᠠᠭᠴᠢ ᠳᠤᠷᠠᠰᠢᠯ ᠢᠶᠠᠨ ᠦᠨᠳᠦᠰᠦᠯᠡᠵᠦ᠂ ᠪᠠᠩᠬᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠠᠳᠠᠭᠠᠯᠠᠮᠵᠢ᠂ ᠬᠤᠳᠠᠯᠳᠤᠭᠠᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠢᠯᠡ ᠪᠠᠷ ᠴᠤᠭᠯᠠᠭᠤᠯᠤᠭᠰᠠᠨ ᠰᠠᠭᠤᠷᠢ ᠮᠥᠩᠭᠦ ᠵᠡᠷᠭᠡ ᠶᠢ ᠥᠪᠡᠰᠦᠪᠡᠨ ᠰᠣᠩᠭᠤᠵᠤ ᠪᠣᠯᠬᠤ ᠮᠥᠷᠲᠡᠭᠡᠨ ᠣᠬᠤᠷ᠂ | ᠳᠤᠮᠳᠠ ᠪᠠ ᠣᠷᠳᠣ ᠬᠤᠭᠤᠴᠠᠭᠠᠨ ᠤ ᠬᠢ ᠶᠢ ᠨᠡᠶᠢᠯᠡᠭᠦᠯᠵᠦ ᠪᠣᠯᠣᠨ᠎ᠠ᠃ ᠡᠲᠡᠭᠡᠷ ᠠᠵᠢᠯᠯᠠᠭ᠎ᠠ ᠶᠢ ᠴᠥᠮ ᠪᠡᠯᠡ ᠮᠥᠩᠭᠦᠨ ᠤ ᠲᠠᠩᠰᠠᠨ ᠡᠷᠦᠬᠡ ᠳᠤ ᠪᠡᠶᠡᠯᠡᠭᠦᠯᠵᠦ | ᠪᠣᠯᠬᠤ ᠲᠤᠯᠠ ᠣᠯᠠᠨ ᠰᠠᠯᠠᠭ᠎ᠠ ᠮᠥᠴᠢᠷ ᠪᠠ ᠪᠠᠶᠢᠭᠤᠯᠤᠮᠵᠢ ᠪᠠᠷ ᠭᠦᠶᠦᠭᠰᠡᠨ ᠤ ᠬᠡᠷᠡᠭ ᠦᠭᠡᠢ᠃ | Q8 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠡᠷᠬᠢᠨ ᠭᠠᠷᠭᠠᠨ ᠠᠪᠬᠤ ᠪᠣᠢ︖ | A᠄ ᠣᠷᠣᠯᠴᠠᠭᠴᠢ ᠭᠠᠷᠭᠠᠨ ᠠᠪᠬᠤ ᠨᠥᠬᠦᠴᠡᠯ ᠳᠤ ᠨᠡᠶᠢᠴᠡᠭᠰᠡᠨ ᠦᠶ᠎ᠡ ᠳᠤ᠂ ᠰᠠᠷ᠎ᠠ ᠪᠠᠷ ᠭᠠᠷᠭᠠᠨ ᠠᠪᠬᠤ᠂ ᠡᠰᠡᠬᠦᠯ᠎ᠡ ᠤᠳᠠᠭ᠎ᠠ ᠬᠤᠪᠢᠶᠠᠬᠤ ᠪᠤᠶᠤ | ᠭᠠᠭᠴᠠ ᠤᠳᠠᠭ᠎ᠠ ᠪᠠᠷ ᠭᠠᠷᠭᠠᠨ ᠠᠪᠴᠤ ᠪᠣᠯᠣᠨ᠎ᠠ᠃ ᠬᠤᠳᠠᠯᠳᠤᠭᠠᠨ ᠤ ᠪᠠᠩᠬᠢ ᠬᠤᠪᠢ ᠬᠥᠮᠥᠨ ᠤ ᠰᠣᠩᠭᠤᠬᠤ ᠠᠷᠭ᠎ᠠ ᠢ ᠦᠨᠳᠦᠰᠦᠯᠡᠨ᠂ ᠬᠤᠪᠢ ᠬᠥᠮᠥᠨ ᠤ | ᠲᠠᠩᠰᠠᠨ ᠡᠷᠦᠭᠡ ᠶᠢᠨ ᠪᠡᠯᠡ ᠮᠥᠩᠭᠦ ᠶᠢ ᠣᠷᠣᠯᠴᠠᠭᠴᠢ ᠶᠢᠨ ᠬᠤᠪᠢ ᠬᠥᠮᠥᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠭᠡ ᠳᠤ | ᠰᠢᠯᠵᠢᠭᠦᠯᠦᠨ ᠣᠷᠣᠭᠤᠯᠤᠨ᠎ᠠ᠃ ᠣᠨᠴᠠᠭᠠᠶ ᠪᠠᠶᠢᠳᠠᠯ ᠳᠣᠣᠷ᠎ᠠ᠂ ᠵᠢᠱᠢᠶᠡᠯᠡᠪᠡᠯ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠬᠤ᠂ ᠭᠠᠳᠠᠭᠠᠳᠤ ᠳᠤ ᠭᠠᠷᠬᠤ | ᠪᠤᠶᠤ ᠬᠢᠯᠢ ᠠᠴᠠ ᠭᠠᠷᠴᠤ ᠨᠤᠲᠤᠭᠰᠢᠭᠰᠠᠨ ᠵᠡᠷᠭᠡ ᠪᠠᠶᠢᠳᠠᠯ ᠳᠤ ᠴᠤ ᠭᠠᠷᠭᠠᠨ ᠠᠪᠴᠤ ᠪᠣᠯᠣᠨ᠎ᠠ᠃ | | |