ᠥᠪᠥᠷ ᠮᠣᠩᠭᠤᠯ ᠡᠨᠡ ᠬᠦ ᠨᠥᠬᠦᠪᠥᠷᠢ ᠶᠢᠨ ᠲᠠᠷᠬᠠᠭᠠᠯᠲᠠ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2022/4/6
                ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ᠂  ᠡᠳ᠋ ‍ᠤᠨ‌ᠵᠠᠰᠠᠭ ᠤᠨ ᠲᠢᠩᠬᠢᠮ ᠬᠠᠮᠲᠤᠷᠠᠨ ︽ᠬᠥᠳᠡᠭᠡ ᠲᠣᠰᠬᠤᠨ ᠤ ᠠᠶᠠᠨᠴᠢᠳ ‍ᠤᠨ‌ᠵᠦ᠋ᠭᠡᠭᠡᠪᠤᠷᠢ ᠶᠢᠨ ᠲᠦᠷᠢᠶᠡᠰᠦᠨ  ᠮᠠᠰᠢᠨ  ᠲᠡᠷᠭᠡᠨ ᠤ ᠠᠵᠢᠯ ᠲᠥᠷᠥᠯ ᠤᠨ ᠪᠣᠯᠪᠠᠰᠤᠷᠠᠭᠤᠯᠤᠭᠰᠠᠨ ᠲᠣᠰᠣᠨ ᠤ ᠦᠨ᠎ᠡ  ᠬᠠᠩᠰᠢ ᠶᠢᠨ ᠥᠭᠡᠷᠡᠴᠢᠯᠡᠯᠲᠡ ᠶᠢᠨ ᠡᠳ᠋ ᠤᠨ  ᠵᠠᠰᠠᠭ ᠤᠨ ᠨᠥᠬᠦᠪᠥᠷᠢ ᠪᠠᠯᠠ ᠮᠥᠩᠭᠦ ᠣᠯᠭᠤᠬᠤ ᠵᠢᠴᠢ  ᠨᠢᠭᠡᠳᠦᠯᠲᠡᠶ  ᠲᠥᠯᠥᠪᠯᠡᠬᠦ  ᠠᠵᠢᠯ ᠢ  ᠰᠠᠶᠢᠲᠤᠷ  ᠬᠢᠬᠦ  ᠲᠤᠬᠠᠶ  ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠥᠬᠦᠶ ᠪᠠᠯᠠ ᠮᠥᠩᠭᠦ ᠣᠯᠭᠤᠬᠤ ᠵᠢᠴᠢ ᠨᠢᠭᠡᠳᠦᠯᠲᠡᠶ  ᠲᠥᠯᠥᠪᠯᠡᠬᠦ  ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ ᠭᠡᠵᠦ ᠡᠯ᠎ᠡ ᠠᠶᠢᠮᠠᠭ ᠬᠤᠲᠠ ᠶᠢ ᠱᠠᠭᠠᠷᠳᠠᠪᠠ᠃           ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ  ᠠᠶᠢᠮᠠᠭ  ᠬᠤᠲᠠ  ᠠᠵᠢᠯ  ᠲᠥᠷᠥᠯ ᠤᠨ  ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠨᠥᠬᠦᠪᠥᠷᠢ  ᠪᠠᠯᠠ  ᠮᠥᠩᠭᠦ ᠣᠯᠭᠤᠬᠤ ᠲᠥᠰᠦᠯ ᠢ ᠲᠣᠭᠲᠠᠭᠠᠵᠤ᠂ ᠢᠯᠡ‌ᠨᠡᠶᠢᠲᠡᠯᠡᠬᠦ ᠲᠦᠷᠢᠮ ᠢ ᠪᠠᠷᠢᠮᠲᠠᠯᠠᠨ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ  ᠪᠠᠶᠢᠵᠤ᠂  ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠶᠢᠭᠤᠯᠤᠮᠵᠢᠳᠤ ᠲᠣᠰᠬᠤᠨ ᠳᠤ ᠠᠶᠠᠨᠴᠢᠳ ᠤᠨ ᠮᠠᠰᠢᠨ ᠲᠡᠷᠭᠡ ᠨᠡᠪᠲᠡᠷᠡᠭᠰᠡᠨ ᠦᠷ᠎ᠡ  ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ ᠵᠦᠭᠡᠭᠡᠪᠤᠷᠢ ᠶᠢᠨ ᠤᠷᠤᠭᠤᠲᠠᠯ ᠤᠨ ᠪᠡᠯᠡ ᠮᠥᠩᠭᠦ ᠶᠢ ᠬᠥᠳᠡᠭᠡ ᠲᠣᠰᠬᠤᠨ ᠤ ᠠᠶᠠᠨᠴᠢᠳ ᠤᠨ ᠵᠦᠭᠡᠭᠡᠪᠤᠷᠢ ᠶᠢᠨ ᠠᠵᠦ ᠦᠢᠯᠡᠰ ᠤᠨ ᠬᠥᠭᠵᠢᠯᠲᠡ ᠳᠤ ᠤᠷᠢᠳ ᠢᠶᠠᠷ ᠬᠡᠷᠡᠭᠯᠡᠵᠦ᠂ ︽ᠪᠤᠴᠠᠬᠤ ᠵᠠᠮ ᠨᠡᠪᠲᠡᠷᠡᠬᠦ ᠦᠭᠡᠢ︾ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠬᠦ ᠪᠡᠯᠡ ᠮᠥᠩᠭᠦ ᠶᠢ ᠠᠰᠢᠭᠯᠠᠨ ᠳᠠᠭᠠᠭᠤᠯᠢ ᠣᠳᠣᠨ ᠣᠷᠣᠨ ᠪᠠᠶᠢᠷᠢ ᠲᠣᠭᠲᠠᠭᠠᠬᠤ  ᠲᠣᠨᠤᠭ ᠲᠥᠬᠦᠭᠡᠷᠦᠮᠵᠢ ᠶᠢ 100  % ᠪᠠᠷ ᠤᠭᠰᠠᠷᠠᠵᠤ᠂ ᠬᠤᠲᠠ ᠬᠥᠳᠡᠭᠡ ᠵᠢᠨ‌ᠠᠶᠠᠨᠴᠢᠳ ᠤᠨ ᠵᠦᠭᠡᠭᠡᠪᠤᠷᠢ ᠶᠢᠨ ᠨᠡᠶᠢᠲᠡ ᠶᠢᠨ ᠮᠠᠰᠢᠨᠴᠢᠯᠠᠭᠰᠠᠨ ᠦᠭᠡᠷᠡᠴᠢᠯᠡᠯᠲᠡ᠂ ᠢᠯᠠᠩᠭᠤᠶ᠎ᠠ ᠰᠢᠨ᠎ᠡ ᠡᠨᠧᠷᠭᠢ  ᠶᠢᠨ ᠰᠢᠨᠡᠴᠢᠯᠡᠯᠲᠡ ᠶᠢᠨ ᠲᠠᠯ᠎ᠠ ᠪᠠᠷ ᠡᠩ ᠲᠡᠷᠢᠭᠦᠨ ᠳᠤ ᠳᠡᠮᠵᠢᠯᠭᠡ ᠦᠵᠡᠭᠦᠯᠦᠨ᠎ᠡ᠃ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ᠂  ᠬᠤᠲᠠ ᠵᠢᠨ‌ᠨᠡᠶᠢᠲᠡ ᠶᠢᠨ ᠮᠠᠰᠢᠨ  ᠲᠡᠷᠭᠡᠨ ᠤ  ᠡᠵᠡᠩᠨᠡᠯᠲᠡ ᠶᠢᠨ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠭᠰᠡᠨ ᠲᠣᠰᠣᠨ ᠤ ᠦᠨ᠎ᠡ ᠶᠢᠨ ᠨᠥᠬᠦᠪᠥᠷᠢ ᠶᠢᠨ ᠪᠠᠯᠠ ᠮᠥᠩᠭᠦ ᠶᠢᠨ ᠳᠣᠲᠣᠷᠠᠬᠢ 30 % ᠠᠴᠠ ᠪᠠᠭ᠎ᠠ‌ᠥᠬᠡᠶ ᠬᠡᠰᠡᠭ ᠢ ᠨᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ  ᠲᠡᠷᠭᠡ᠂  ᠬᠤᠲᠠ ᠶᠢᠨ  ᠨᠡᠶᠢᠲᠡ ᠶᠢᠨ ᠮᠠᠰᠢᠨ ᠲᠡᠷᠭᠡᠨ ᠤ ᠨᠥᠬᠦᠪᠥᠷᠢ ᠳᠤ ᠬᠡᠷᠡᠭᠯᠡᠨ᠎ᠡ ᠭᠡᠵᠡᠢ᠃     
ᠢᠷᠡᠯᠲᠡ᠄ ᠠᠷᠠᠳ ᠤᠨ ᠰᠦᠯᠵᠢᠶ᠎ᠡ