| ᠲᠠᠴᠢᠷᠳᠡᠭ᠌ᠰᠠᠨ ᠲᠠᠯ᠎ᠠ ᠨᠤᠳᠤᠭ ᠢ ᠰᠡᠷᠭᠦᠭᠡᠬᠦ ᠨᠢ ᠤᠳᠤᠬᠠᠨ ᠤ ᠰᠤᠳᠤᠯᠭᠠᠨ ᠤ ᠴᠢᠭᠯᠡᠯ ᠤᠨ ᠨᠢᠭᠡ ᠨᠢ ᠪᠤᠯᠤᠨ᠎ᠠ᠃ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠠᠺᠠᠳᠧᠮᠢ ᠶᠢᠨ ᠠᠮᠢᠳᠤ ᠪᠤᠳᠠᠰ ᠤᠨ ᠰᠤᠳᠤᠯᠭᠠᠨ ᠤ ᠲᠠᠰᠤᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠭᠠᠵᠠᠷ ᠤᠨ ᠠᠮᠢ ᠠᠬᠤᠢ ᠶᠢᠨ | ᠰᠤᠳᠤᠯᠠᠭᠠᠨ ᠤ ᠲᠦᠪ ᠤᠨ ᠬᠢᠨ ᠲᠠᠴᠢᠷ ᠭᠠᠵᠠᠷ ᠳᠡᠭᠡᠷ᠎ᠡ ᠲᠠᠬᠢᠶ᠎ᠠ ᠲᠡᠵᠢᠭᠡᠬᠦ ᠨᠢ ᠵᠤᠬᠢᠬᠤ ᠬᠡᠮᠵᠢᠶᠡᠨ ᠳᠤ ᠲᠠᠯ᠎ᠠ ᠨᠤᠳᠤᠭ ᠤᠨ ᠲᠡᠴᠢᠷᠳᠡᠯ ᠢ ᠵᠤᠬᠢᠬᠤ ᠬᠡᠮᠵᠢᠶ᠎ᠡ ᠪᠠᠷ | ᠰᠠᠶᠢᠵᠢᠷᠠᠭᠤᠯᠬᠤ ᠦᠢᠯᠡᠳᠤᠯ ᠲᠠᠢ ᠪᠠᠶᠢᠬᠤ ᠶᠢ ᠤᠯᠵᠤ ᠮᠡᠳᠡᠵᠡᠢ᠃ ᠤᠷᠳᠤ ᠬᠤᠭᠤᠴᠠᠭ᠎ᠠ ᠪᠠᠷ ᠬᠡᠲᠦᠷᠡᠳᠡᠯ᠎ᠡ ᠮᠠᠯᠵᠢᠭᠰᠠᠨ ᠪᠠ ᠠᠭᠤᠷ ᠠᠮᠢᠰᠬᠤᠯ᠂ ᠪᠠᠶᠢᠭᠠᠯᠢ | ᠲᠤᠭᠤᠷᠢᠨ ᠤ ᠬᠤᠪᠢᠷᠠᠯᠳᠠ ᠵᠡᠷᠭᠡ ᠤᠯᠠᠨ ᠵᠦᠢᠯ ᠤᠨ ᠰᠢᠯᠳᠠᠭᠠᠨ ᠠᠴᠠ ᠪᠤᠯᠵᠤ ᠲᠠᠯ᠎ᠠ ᠨᠤᠳᠤᠭ ᠲᠠᠴᠢᠷᠳᠡᠵᠤ᠂ ᠮᠠᠯ ᠠᠵᠤ ᠠᠬᠤᠢ ᠪᠠ ᠠᠮᠢ ᠠᠬᠤᠢ ᠶᠢᠨ | ᠲᠣᠭᠲᠠᠪᠤᠷᠢᠲᠠᠢ ᠬᠦᠭᠵᠢᠯᠳᠡ ᠶᠢ ᠶᠡᠬᠡᠪᠡᠷ ᠨᠦᠯᠦᠭᠡᠯᠡᠵᠡᠢ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠮᠢᠳᠤ ᠪᠤᠳᠠᠰ ᠤᠨ ᠰᠤᠳᠤᠯᠭᠠᠨ ᠤ | ᠲᠠᠰᠤᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠭᠠᠵᠠᠷ ᠤᠨ ᠠᠮᠢ ᠠᠬᠤᠢ ᠶᠢᠨ ᠰᠤᠳᠤᠯᠠᠭᠠᠨ ᠤ ᠲᠦᠪ ᠪᠠᠶᠢᠭᠤᠯᠤᠭᠳᠠᠭᠰᠠᠨ ᠠᠴᠠ ᠨᠠᠭᠠᠰᠢ᠂ ᠬᠡᠳᠤᠨ ᠵᠢᠯ ᠤᠨ | ᠴᠢᠷᠮᠠᠶᠢᠯᠭ᠎ᠠ ᠪᠠᠷ ᠲᠠᠮᠵᠢᠵᠤ ᠲᠠᠴᠢᠷ ᠲᠠᠯ᠎ᠠ ᠳᠤ ᠵᠤᠬᠢᠬᠤ ᠬᠡᠮᠵᠢᠶᠡᠨ ᠤ ᠲᠠᠬᠢᠶ᠎ᠠ ᠲᠡᠵᠢᠬᠡᠬᠦ ᠨᠢ ᠲᠠᠯ᠎ᠠ ᠨᠤᠳᠤᠭ ᠤᠨ ᠤᠷᠭᠤᠮᠠᠯ ᠬᠤᠴᠢᠯᠭ᠎ᠠ ᠶᠢ ᠰᠠᠶᠢᠵᠢᠷᠠᠭᠤᠯᠬᠤ ᠪᠠ | ᠬᠦᠷᠤᠰᠤᠨ ᠤ ᠴᠢᠨᠠᠷ ᠢ ᠰᠠᠶᠢᠵᠢᠷᠠᠭᠤᠯᠬᠤ ᠳᠤ ᠠᠰᠢᠭᠳᠠᠢ ᠪᠠᠶᠢᠬᠤ ᠶᠢ ᠮᠡᠳᠡᠵᠡᠢ᠃ 2009 ᠤᠨ ᠠᠴᠠ ᠡᠬᠢᠯᠡᠨ ᠨᠢᠭᠡ ᠬᠡᠰᠡᠭ ᠲᠠᠴᠢᠷ ᠭᠠᠵᠠᠷ ᠲᠤ ᠲᠠᠬᠢᠶ᠎ᠠ | ᠲᠡᠵᠢᠭᠡᠭᠡᠳ ᠨᠤᠭᠤᠭᠠᠨ ᠪᠦᠷᠢᠳᠤ ᠪᠤᠯᠭᠠᠭᠰᠠᠨ ᠪᠠᠶᠢᠨ᠎ᠠ ᠭᠡᠵᠦ ᠮᠠᠯᠴᠢᠨ ᠨᠠᠰᠤᠨ᠋ᠤ᠋ᠷᠲᠤ ᠡᠨᠡ ᠲᠤᠬᠠᠢ ᠶᠠᠷᠢᠵᠤ ᠪᠠᠶᠢᠯ᠎ᠠ᠃ ᠲᠠᠯ᠎ᠠ ᠨᠤᠳᠤᠭ ᠲᠤ ᠲᠠᠬᠢᠶ᠎ᠠ ᠲᠡᠵᠢᠭᠡᠬᠦ ᠳᠤ | ᠡᠪᠡᠰᠤᠨ ᠤ ᠦᠷ᠎ᠠ ᠪᠠ ᠬᠤᠷᠤᠬᠠᠢ ᠨᠢ ᠲᠡᠬᠢᠶᠠᠨ ᠤ ᠬᠠᠮᠤᠭ ᠰᠠᠶᠢᠨ ᠲᠡᠵᠢᠭᠡᠯ ᠪᠤᠯᠵᠤ᠂ ᠲᠠᠬᠢᠶᠠᠨ ᠪᠠᠭᠠᠰᠤ ᠨᠢ ᠡᠪᠡᠰᠤᠨ ᠤ ᠬᠠᠮᠤᠭ ᠰᠠᠶᠢᠨ ᠪᠤᠷᠳᠤᠭᠤᠷ ᠪᠣᠯᠳᠠᠭ᠃ | ᠡᠶᠢᠮᠦᠷᠬᠦᠦ ᠤᠷᠴᠢᠯ ᠤᠨ ᠴᠢᠨᠠᠷ ᠲᠠᠢ ᠬᠦᠭᠵᠢᠯᠳᠡ ᠨᠢ ᠪᠡᠯᠡ ᠤᠷᠤᠭᠤᠯᠤᠯᠳᠠ ᠶᠢ ᠪᠠᠭᠠᠰᠠᠬᠭ᠍ᠰᠠᠨ ᠪᠦᠭᠡᠳ ᠠᠮᠢ ᠠᠬᠤᠢ ᠶᠢᠨ ᠬᠦᠭᠵᠢᠯᠳᠡ ᠳᠤ ᠠᠰᠢᠭᠳᠠᠢ | ᠨᠦᠬᠦᠴᠡᠯ ᠢ ᠬᠠᠩᠭᠠᠵᠠᠢ᠃ ᠰᠤᠳᠤᠯᠭᠠᠲᠠᠳ ᠤᠨ ᠬᠡᠯᠡᠬᠦ ᠳᠡᠭᠡᠨ᠂ ᠤᠤᠯ ᠳᠠᠭᠠᠨ ᠮᠤ᠋ ᠪᠦᠷᠢ ᠶᠢᠨ ᠤᠨᠠᠯᠲᠠ ᠨᠢ 50 ᠭᠷᠡᠮ ᠴᠦ ᠬᠦᠷᠬᠦ ᠦᠭᠡᠢ ᠡᠨᠡ ᠭᠠᠵᠠᠷ ᠲᠠᠬᠢᠶ᠎ᠠ | ᠲᠡᠵᠢᠭᠡᠭᠰᠡᠨ ᠤ ᠳᠠᠷᠠᠭ᠎ᠠ ᠤᠷᠭᠤᠮᠠᠯ ᠬᠤᠴᠢᠯᠭ᠎ᠠ ᠨᠢ ᠢᠯᠡᠷᠬᠡᠢ ᠰᠠᠶᠢᠵᠢᠷᠠᠭᠰᠠᠨ ᠪᠥᠭᠡᠳ᠂ ᠮᠤ᠋ ᠪᠦᠷᠢ ᠶᠢᠨ ᠤᠨᠠᠯᠳᠠ ᠨᠢ 800 ᠭᠠᠷᠤᠢ ᠵᠢᠩ ᠳᠤ ᠬᠦᠷᠴᠤ᠂ ᠵᠠᠷᠢᠮ | ᠤᠷᠭᠤᠮᠠᠯ ᠨᠢ 1 ᠮᠧᠲᠷ ᠭᠠᠷᠤᠢ ᠥᠨᠳᠥᠷ ᠤᠷᠭᠤᠭᠰᠠᠨ ᠪᠠᠶᠢᠯ᠎ᠠ ᠭᠡᠵᠡᠢ᠃ | | |