ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠣᠨᠴᠠ ᠬᠦᠴᠢᠷᠳᠡᠯᠲᠡᠢ ᠠᠵᠢᠯ ᠲᠥᠷᠥᠯ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ | ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠬᠦ ᠪᠠ | ᠪᠣᠯᠪᠠᠰᠤᠷᠠᠯ ᠬᠢᠬᠦ ᠡᠷᠴᠢᠮ ᠢ ᠴᠢᠩᠭᠠᠷᠠᠭᠤᠯᠬᠤ ᠪᠠᠷ ᠲᠣᠭᠲᠠᠪᠠ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ ᠨᠢ ᠲᠣᠬᠢᠷᠠᠭᠤᠯᠤᠨ ᠬᠡᠷᠡᠭᠯᠡᠵᠦ᠂ ᠪᠣᠳᠠᠲᠤ ᠴᠣᠭᠴᠠᠲᠤ ᠠᠵᠤ ᠠᠬᠤᠢ ᠶᠢᠨ | ᠬᠥᠭᠵᠢᠯᠲᠡ ᠶᠢ ᠨᠠᠩ ᠪᠦᠲᠦᠮᠵᠢᠲᠡᠢ ᠳᠡᠮᠵᠢᠬᠦ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 6 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ | ᠴᠢᠶᠠᠩ 4 ᠳ᠋ᠦ᠋ᠭᠡᠷ ᠰᠠᠷ᠎ᠠ ᠶᠢᠨ 6 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠨᠴᠠ | ᠬᠦᠴᠢᠷᠳᠡᠯᠲᠡᠢ ᠠᠵᠢᠯ ᠲᠥᠷᠥᠯ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠬᠦ ᠪᠠ ᠪᠣᠯᠪᠠᠰᠤᠷᠠᠯ | ᠬᠢᠬᠦ ᠡᠷᠴᠢᠮ ᠢ ᠴᠢᠩᠭᠠᠷᠠᠭᠤᠯᠬᠤ ᠪᠠᠷ ᠲᠣᠭᠲᠠᠪᠠ︔ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ ᠨᠢ ᠲᠣᠬᠢᠷᠠᠭᠤᠯᠤᠨ ᠬᠡᠷᠡᠭᠯᠡᠵᠦ᠂ | ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠶᠢ ᠨᠡᠩ ᠪᠦᠲᠦᠮᠵᠢᠲᠡᠶ ᠪᠠᠷ ᠳᠡᠮᠵᠢᠬᠦ ᠪᠠᠷ ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠵᠦᠢ ᠵᠣᠬᠢᠰᠲᠠᠢ ᠣᠷᠣᠨ | ᠪᠠᠶᠢᠷᠢ ᠳᠤ ᠪᠠᠶᠢᠭ᠎ᠠ ᠪᠣᠯᠪᠠᠴᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠶᠢᠨ ᠪᠤᠳᠤᠯᠢᠶᠠᠨᠲᠤ ᠴᠢᠨᠠᠷ ᠪᠣᠯᠣᠨ ᠲᠣᠭᠲᠠᠭᠤᠨ ᠪᠤᠰᠤ ᠴᠢᠨᠠᠷ | ᠬᠡᠴᠡᠭᠦᠳᠡᠵᠦ᠂ ᠵᠠᠷᠢᠮ ᠨᠢ ᠵᠢᠱᠢᠭᠰᠡᠨ ᠠᠴᠠ ᠳᠠᠪᠠᠵᠤ ᠪᠠᠶᠢᠨ᠎ᠠ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠤᠳᠠᠭᠠᠰᠢᠷᠠᠵᠤ᠂ ᠪᠦᠬᠦ ᠪᠥᠮᠪᠥᠷᠴᠡᠭ ᠤᠨ ᠠᠮᠤ | ᠪᠤᠳᠠᠭ᠎ᠠ᠂ ᠡᠨᠧᠷᠭᠢ ᠶᠢᠨ ᠰᠤᠷᠪᠤᠯᠵᠢ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠶᠡᠭᠡ ᠪᠠᠷ ᠬᠡᠯᠪᠡᠯᠵᠡᠵᠦ᠂ ᠤᠯᠤᠰ ᠤᠨ ᠳᠣᠲᠣᠭᠠᠳᠤ ᠶᠢᠨ | ᠬᠢᠵᠢᠭ ᠤᠨ ᠪᠠᠶᠢᠳᠠᠯ ᠣᠶᠢᠷ᠎ᠠ ᠶᠢᠨ ᠬᠤᠭᠤᠴᠠᠭᠠᠨ ᠳᠤ ᠤᠯᠠᠨ ᠭᠠᠵᠠᠷ ᠲᠤ ᠡᠭᠦᠰᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢᠯᠡᠳᠲᠡ | ᠨᠡᠮᠡᠭᠳᠡᠵᠦ᠂ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠳᠤ ᠵᠠᠷᠢᠮ ᠬᠢᠵᠠᠭᠠᠷᠯᠠᠯ ᠳᠤ ᠤᠴᠠᠷᠠᠵᠤ᠂ ᠪᠠᠭᠤᠷᠠᠯᠲᠠ ᠶᠢᠨ ᠰᠢᠨ᠎ᠡ ᠳᠠᠷᠤᠯᠲᠠ ᠤᠯᠠᠮ | ᠨᠢᠭᠡ ᠠᠯᠬᠤᠮ ᠨᠡᠮᠡᠭᠳᠡᠵᠦ ᠪᠠᠶᠢᠨ᠎ᠠ᠂ ᠡᠭᠦᠨ ᠳᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ ᠮᠥᠷᠲᠡᠭᠡᠨ ᠰᠢᠨ᠎ᠡ ᠠᠰᠠᠭᠤᠳᠠᠯ ᠰᠢᠨ᠎ᠡ ᠥᠷᠢᠰᠦᠯᠳᠦᠭᠡᠨ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠡᠷᠡᠮᠵᠢᠯᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠯᠡᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠤᠨ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠵᠠᠷᠢᠮ ᠢ ᠨᠢ ᠤᠷᠢᠳᠴᠢᠯᠠᠨ ᠬᠡᠷᠡᠭᠵᠢᠭᠦᠯᠵᠦ ᠪᠣᠯᠣᠨ᠎ᠠ᠃ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ | ᠲᠣᠪᠣᠶᠢᠮ᠎ᠠ ᠪᠠᠶᠢᠷᠢᠨ ᠳᠤ ᠲᠠᠯᠪᠢᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠳᠦᠯᠲᠡᠢ | ᠲᠥᠯᠥᠪᠯᠡᠵᠦ᠂ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ ᠦᠨᠡᠨ ᠬᠦ ᠲᠣᠭᠲᠠᠪᠤᠷᠢᠵᠢᠭᠤᠯᠤᠨ᠎ᠠ᠃ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ | ᠪᠠᠶᠢᠷᠢ ᠳᠤ ᠪᠠᠶᠢᠯᠭᠠᠬᠤ ᠶᠢ ᠪᠠᠲᠤᠯᠠᠬᠤ ᠳᠤ ᠭᠤᠣᠯᠳᠠᠭᠤ ᠠᠵᠢᠯ ᠣᠯᠭᠤᠬᠤ ᠪᠠ ᠪᠠᠷᠠᠭᠠᠨ ᠤ ᠦᠨ᠎ᠡ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ | ᠪᠡᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠠᠵᠢᠯ ᠣᠯᠭᠤᠯᠲᠠ ᠶᠢ ᠪᠠᠲᠤᠯᠠᠵᠤ᠂ ᠶᠡᠷᠦᠩᠬᠡᠶᠢᠯᠡᠭᠰᠡᠨ | ᠠᠷᠭ᠎ᠠ ᠪᠣᠳᠣᠯᠭ᠎ᠠ ᠶᠢ ᠬᠡᠷᠡᠭᠯᠡᠨ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠪᠠ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠠᠶᠢᠬᠤ ᠶᠢ ᠪᠠᠲᠤᠯᠠᠵᠤ᠂ ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃ ᠡᠯ᠎ᠡ ᠰᠠᠯᠠᠭ᠎ᠠ ᠮᠥᠴᠢᠷ ᠤᠳ ᠶᠡᠭᠡ | ᠲᠠᠯ᠎ᠠ ᠶᠢ ᠪᠣᠳᠣᠯᠬᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠡᠨᠲᠡ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠱᠠᠯᠠᠪᠳᠠᠨ ᠨᠠᠶᠢᠳᠠᠪᠤᠷᠢᠵᠢᠭᠤᠯᠬᠤ ᠶᠢᠨ | ᠬᠠᠮᠲᠤ᠂ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ ᠲᠦᠷᠦ ᠶᠢᠨ ᠪᠣᠳᠣᠯᠭ᠎ᠠ ᠶᠢᠨ ᠪᠡᠯᠡᠳᠬᠡᠯ ᠲᠥᠰᠥᠯ ᠢ ᠱᠠᠯᠠᠪᠳᠠᠨ ᠰᠤᠳᠤᠯᠵᠤ᠂ ᠵᠠᠬ᠎ᠠ ᠳᠡᠯᠭᠡᠭᠦᠷ ᠤᠨ | ᠵᠢᠱᠢᠯᠲᠡ ᠶᠢᠨ ᠲᠣᠭᠲᠠᠭᠤᠨ ᠪᠠᠶᠢᠳᠠᠯ ᠳᠤ ᠠᠰᠢᠭᠲᠠᠢ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠣᠭᠲᠠᠭᠠᠬᠤ ᠬᠡᠷᠡᠭᠲᠡᠢ᠃ ᠡᠯ᠎ᠡ ᠭᠠᠵᠠᠷ ᠣᠷᠣᠨ ᠪᠠᠰᠠ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠵᠡᠷᠭᠡ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠬᠤ | ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠵᠠᠷᠢᠮ ᠵᠠᠬ᠎ᠠ ᠳᠡᠯᠭᠡᠭᠦᠷ ᠤᠨ ᠭᠤᠣᠯ ᠴᠣᠭᠴᠠ ᠬᠦᠨᠳᠦ ᠨᠣᠴᠢᠲᠠᠢ ᠳᠠᠭᠠᠷᠢᠯᠲᠠ ᠳᠤ ᠤᠴᠠᠷᠠᠵᠤ᠂ ᠵᠠᠷᠢᠮ | ᠨᠢ ᠴᠢᠨᠠᠭᠰᠢᠯᠠᠭᠠᠳ ᠦᠢᠯᠡᠳᠪᠦᠷᠢᠯᠡᠯ ᠢᠶᠠᠨ ᠵᠣᠭᠰᠣᠭᠠᠵᠤ ᠠᠵᠢᠯ ᠢᠶᠠᠨ ᠵᠣᠭᠰᠣᠭᠠᠵᠤ ᠪᠠᠶᠢᠨ᠎ᠠ᠃ ᠡᠶᠢᠮᠦ ᠠᠴᠠ ᠡᠷᠬᠡᠪᠰᠢ ᠲᠣᠪᠣᠶᠢᠮ᠎ᠠ ᠬᠦᠴᠢᠷᠳᠡᠯ ᠳᠤ ᠴᠢᠭᠯᠡᠭᠦᠯᠦᠨ | ᠬᠦᠴᠢᠷᠳᠡᠯ ᠢ ᠰᠢᠢᠳᠪᠦᠷᠢᠯᠡᠬᠦ ᠪᠠ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠬᠤ ᠵᠡᠷᠭᠡ ᠪᠠᠲᠤᠯᠠᠪᠤᠷᠢ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ | ᠨᠢᠭᠡ ᠳᠤ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠠᠶᠠᠯᠠᠯ ᠵᠤᠭᠠᠴᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ | ᠵᠠᠮ ᠤᠨ ᠲᠡᠭᠡᠭᠡᠪᠦᠷᠢ ᠵᠡᠷᠭᠡ ᠣᠨᠴᠠ ᠬᠦᠴᠢᠷᠳᠡᠯ ᠲᠠᠢ ᠠᠵᠢᠯ ᠲᠥᠷᠥᠯ ᠳᠤ᠂ ᠡᠨᠡ ᠵᠢᠯ ᠤᠨ ᠬᠤᠶᠠᠳᠤᠭᠠᠷ ᠤᠯᠠᠷᠢᠯ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠵᠠᠷᠤᠳᠠᠯ ᠢ ᠲᠦᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠬᠦ ᠶᠢᠨ ᠬᠠᠮᠲᠤ ᠨᠢᠭᠡᠨᠲᠡ ᠬᠡᠷᠡᠭᠵᠢᠭᠦᠯᠦᠭᠰᠡᠨ ᠠᠵᠢᠯ ᠠᠯᠳᠠᠯᠲᠠ ᠪᠠ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢᠨ ᠬᠡᠪᠴᠢᠶ᠎ᠡ ᠶᠢ ᠢᠳᠡᠭᠡᠨ | ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠤᠨ ᠦᠢᠯᠡᠰ ᠠᠴᠠ ᠳᠡᠭᠡᠷ᠎ᠡ ᠳᠤᠷᠠᠳᠤᠭᠰᠠᠨ 5 ᠠᠵᠢᠯ ᠲᠦᠷᠦᠯ ᠳᠤ ᠬᠦᠷᠲᠡᠯ᠎ᠡ ᠥᠷᠭᠡᠳᠬᠡᠵᠦ᠂ ᠡᠳᠡᠭᠡᠷ | ᠠᠵᠢᠯ ᠲᠦᠷᠦᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠪᠡᠯᠡ ᠮᠥᠩᠭᠦᠨ ᠤ | ᠳᠠᠷᠤᠯᠲᠠ ᠶᠢ ᠬᠥᠩᠭᠡᠷᠡᠭᠦᠯᠦᠨ᠎ᠡ᠃ ᠬᠤᠶᠠᠷ ᠲᠤ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠱᠠᠲᠤᠴᠢ ᠴᠢᠨᠠᠷᠲᠠᠢ ᠪᠠᠷ | ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ ᠳᠠᠭᠠᠳᠬᠠᠯ ᠳᠤ ᠣᠷᠣᠯᠴᠠᠭᠰᠠᠨ ᠠᠵᠢᠯ | ᠠᠯᠳᠠᠭᠰᠠᠳ ᠲᠤ ᠠᠵᠢᠯ ᠠᠯᠳᠠᠯᠲᠠ ᠶᠢᠨ ᠨᠥᠬᠦᠪᠦᠷᠢ ᠮᠥᠩᠭᠦ ᠶᠢ ᠦᠷᠭᠦᠯᠵᠢᠯᠡᠨ ᠣᠯᠭᠤᠵᠤ᠂ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠨ ᠬᠥᠯᠥᠰᠦᠨ | ᠠᠵᠢᠯᠴᠢᠨ ᠳᠤ ᠲᠦᠷ ᠴᠠᠭ ᠤᠨ ᠠᠮᠢᠳᠤᠷᠠᠯ ᠤᠨ ᠨᠥᠬᠦᠪᠦᠷᠢ ᠣᠯᠭᠤᠨ᠎ᠠ᠃ ᠭᠤᠷᠪᠠ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠤ ᠬᠢᠨ | 60% ᠠᠴᠠ ᠬᠠᠮᠤᠭ ᠤᠨ ᠥᠨᠳᠥᠷ ᠲᠤ ᠪᠠᠨ 90% ᠪᠣᠯᠲᠠᠯ᠎ᠠ ᠳᠡᠭᠡᠭᠰᠢᠯᠡᠭᠦᠯᠵᠦ ᠪᠣᠯᠣᠨ᠎ᠠ︔ ᠣᠷᠣᠨ ᠨᠤᠲᠤᠭ ᠠᠴᠠ ᠠᠵᠢᠯ ᠠᠯᠳᠠᠯᠲᠠ ᠶᠢᠨ ᠳᠠᠭᠠᠳᠬᠠᠯ ᠤᠨ | ᠰᠠᠭᠤᠷᠢ ᠮᠥᠩᠭᠦᠨ ᠤ 4% ᠶᠢᠨ ᠦᠯᠡᠳᠡᠪᠦᠷᠢ ᠪᠠᠨ ᠭᠠᠷᠭᠠᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠬᠡᠷᠡᠭᠯᠡᠬᠦ ᠶᠢ ᠵᠥᠪᠰᠢᠶᠡᠷᠡᠬᠦ ᠶᠢᠨ | ᠬᠠᠮᠲᠤ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠲᠦᠷ ᠴᠠᠭ ᠬᠡᠪ ᠤᠨ ᠶᠣᠰᠣᠭᠠᠷ ᠡᠵᠡᠩᠨᠡᠵᠦ ᠳᠡᠶᠢᠯᠬᠦ ᠦᠭᠡᠢ ᠳᠤᠮᠳᠠ ᠵᠢᠵᠢᠭ ᠪᠢᠴᠢᠯ ᠠᠵᠤ | ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠣᠯᠭᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠲᠠᠬᠢᠨ ᠵᠢᠭᠡᠯᠡᠯᠭᠡ ᠵᠡᠷᠭᠡ ᠤᠯᠠᠨ ᠵᠦᠢᠯ ᠤᠨ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ | ᠨᠢ ᠲᠣᠬᠢᠷᠠᠭᠤᠯᠤᠨ ᠠᠮᠢᠳᠤᠯᠢᠭ ᠢᠶᠠᠷ ᠬᠡᠷᠡᠭᠯᠡᠵᠦ᠂ ᠶᠡᠷᠦᠩᠬᠡᠢ ᠬᠡᠮᠵᠢᠶ᠎ᠡ ᠪᠣᠯᠣᠨ ᠪᠦᠲᠦᠴᠡ ᠶᠢᠨ ᠳᠠᠪᠬᠤᠷ ᠴᠢᠳᠠᠮᠵᠢ ᠶᠢ ᠨᠡᠩ ᠰᠠᠶᠢᠨ ᠪᠠᠳᠠᠷᠠᠭᠤᠯᠵᠤ᠂ ᠪᠣᠳᠠᠲᠤ | ᠴᠣᠭᠴᠠᠲᠤ ᠠᠵᠤ ᠠᠬᠤᠢ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠬᠦ ᠬᠡᠷᠡᠭᠲᠡᠢ᠃ ᠨᠢᠭᠡ ᠳᠤ᠂ ᠵᠣᠭᠤᠰᠤᠨ ᠤ ᠲᠣᠭᠲᠠᠪᠤᠷᠢᠲᠠᠢ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠪᠠᠶᠢᠯᠭᠠᠬᠤ ᠶᠢ ᠪᠠᠲᠤᠯᠠᠨ᠎ᠠ᠃ ᠲᠠᠷᠢᠶᠠᠯᠠᠩ ᠢ | ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠲᠠᠬᠢᠨ ᠵᠢᠭᠡᠯᠡᠯᠭᠡ ᠶᠢ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ | ᠪᠠᠭᠠᠵᠢ ᠶᠢ ᠰᠠᠶᠢᠲᠤᠷ ᠬᠡᠷᠡᠭᠯᠡᠨ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠠᠷᠭ᠎ᠠ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠᠲᠤ | ᠠᠵᠤ ᠠᠬᠤᠢ ᠳᠤ ᠵᠦᠢ ᠵᠣᠬᠢᠰᠲᠠᠢ ᠪᠠᠷ ᠠᠰᠢᠭ ᠣᠯᠭᠤᠬᠤ ᠶᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ | ᠬᠡᠮᠵᠢᠶ᠎ᠡ ᠪᠠᠨ ᠨᠡᠮᠡᠭᠳᠡᠭᠦᠯᠬᠦ᠂ ᠬᠡᠪᠴᠢᠶ᠎ᠡ ᠪᠠᠨ ᠥᠷᠭᠡᠳᠬᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠤᠨ᠎ᠠ᠃ ᠬᠤᠶᠠᠷ ᠲᠤ᠂ ᠮᠥᠩᠭᠦᠨ ᠭᠦᠢᠯᠭᠡᠭᠡᠨ ᠢᠶᠠᠷ | ᠬᠡᠷᠡᠭᠯᠡᠭᠡ ᠶᠢ ᠳᠡᠮᠵᠢᠬᠦ ᠪᠠ ᠪᠦᠲᠦᠮᠵᠢᠲᠡᠶ ᠪᠡᠯᠡ ᠣᠷᠣᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠯᠡᠵᠦ᠂ ᠬᠤᠳᠠ ᠶᠢᠨ ᠰᠢᠨ᠎ᠡ ᠠᠷᠠᠳ ᠲᠤ ᠵᠣᠷᠢᠭᠤᠯᠤᠭᠰᠠᠨ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠬᠤ ᠬᠡᠷᠡᠭᠴᠡᠭᠡ ᠶᠢ ᠪᠠᠲᠤᠯᠠᠵᠤ᠂ | ᠦᠢᠯᠡᠳᠬᠡᠯ ᠤᠨ ᠦᠢᠯᠡᠰ ᠤᠨ ᠳᠤᠮᠳᠠ ᠤᠷᠳᠤ ᠬᠤᠭᠤᠴᠠᠭᠠᠨ ᠤ ᠵᠢᠭᠡᠯᠡᠯᠭᠡ ᠶᠢᠨ ᠨᠡᠯᠢᠶᠡᠳ ᠲᠦᠷᠭᠡᠨ ᠨᠡᠮᠡᠭᠳᠡᠬᠦ ᠶᠢ ᠠᠬᠢᠭᠤᠯᠤᠨ᠎ᠠ᠃ ᠭᠤᠷᠪᠠ ᠳᠤ᠂ | ᠭᠤᠣᠯᠳᠠᠯᠭ᠎ᠠ ᠲᠠᠢ ᠬᠦᠷᠢᠶ᠎ᠡ ᠪᠣᠯᠣᠨ ᠪᠠᠭᠤᠷᠠᠢ ᠭᠤᠭᠴᠤᠭ᠎ᠠ ᠶᠢᠨ ᠪᠡᠯᠡ ᠬᠤᠷᠠᠮᠳᠤᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ | ᠪᠠ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠬᠤᠶᠠᠷ ᠲᠤᠰᠬᠠᠢ ᠲᠦᠷᠦᠯ ᠤᠨ ᠲᠠᠬᠢᠨ ᠵᠢᠭᠡᠯᠡᠯᠭᠡ ᠶᠢ ᠪᠠᠶᠢᠭᠤᠯᠵᠤ᠂ ᠠᠷᠠᠳ ᠤᠨ ᠪᠠᠩᠬᠢ ᠠᠴᠠ ᠲᠤᠰ | ᠲᠤᠰ ᠵᠢᠭᠡᠯᠡᠯᠭᠡ ᠶᠢᠨ ᠡᠬᠡ ᠮᠥᠩᠭᠦ ᠳᠤ 60%᠂ 100% ᠶᠢᠨ ᠲᠠᠬᠢᠨ ᠵᠢᠭᠡᠯᠡᠯᠭᠡ ᠶᠢᠨ ᠳᠡᠮᠵᠢᠯᠭᠡ ᠬᠠᠩᠭᠠᠨ᠎ᠠ᠃ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠪᠠᠷ ᠳᠤᠮᠳᠠ ᠵᠢᠵᠢᠭ ᠪᠠᠩᠬᠢ ᠶᠢᠨ ᠬᠥᠷᠥᠩᠭᠡ ᠶᠢ ᠨᠥᠬᠦᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ | ᠴᠢᠳᠠᠪᠤᠷᠢ ᠶᠢ ᠨᠡᠮᠡᠭᠳᠡᠭᠦᠯᠦᠨ᠎ᠡ ᠭᠡᠵᠡᠢ᠃ |